— ᠶᠡᠷᠦᠩᠬᠡᠢ ᠱᠦᠵᠢ ᠰᠢ ᠵᠢᠨ ᠫᠢᠩ᠎ᠦᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠲᠤᠬᠠᠢ ᠴᠢᠬᠤᠯᠠ ᠥᠭᠦᠯᠡᠯᠲᠡ ᠨᠢ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ ᠵᠢ ᠬᠦᠳᠦᠯᠦᠨ ᠳᠠᠭᠠᠭᠤᠯᠪᠠ
《ᠬᠦᠳᠡᠭᠡ ᠠᠵᠤ ᠠᠬᠤᠢ ᠵᠢᠨ ᠬᠦᠴᠦᠷᠬᠡᠭ ᠤᠯᠤᠰ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠤᠨ ᠦᠨᠳᠦᠰᠦ ᠰᠠᠭᠤᠷᠢ ᠮᠥᠨ》᠃ ᠶᠡᠷᠦᠩᠬᠡᠢ ᠱᠦᠵᠢ ᠰᠢ ᠵᠢᠨ ᠫᠢᠩ᠂ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ ᠪᠠᠢᠬᠤ ᠦᠭᠡᠢ ᠪᠣᠯ ᠪᠦᠬᠦᠢᠯᠡ ᠣᠳᠣᠬᠢᠴᠢᠯᠠᠭ᠍ᠰᠠᠨ ᠬᠦᠴᠦᠷᠬᠡᠭ ᠤᠯᠤᠰ ᠪᠠᠢᠵᠤ ᠴᠢᠳᠠᠬᠤ ᠦᠭᠡᠢ; ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠪᠠᠢᠬᠤ ᠦᠭᠡᠢ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ ᠪᠦᠬᠦ᠌ ᠲᠠᠯ᠎ᠠ᠎ᠶ᠋ᠢᠨ ᠪᠢᠰᠢ ᠶᠤᠮ ᠭᠡᠵᠤ ᠵᠢᠭᠠᠵᠤ ᠭᠠᠷᠭᠠᠵᠠᠢ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠢ ᠲᠦᠷᠭᠡᠳᠭᠡᠨ ᠪᠦᠳᠦᠬᠡᠨ ᠪᠠᠢᠭᠤᠯᠬᠤ᠎ᠶ᠋ᠢ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠳᠦᠬᠡᠨ ᠪᠠᠢᠭᠤᠯᠬᠤ ᠴᠢᠬᠤᠯᠠ ᠪᠠᠢᠷᠢᠨ᠎ᠳᠤ ᠲᠠᠯᠪᠢᠵᠤ᠂ ᠬᠥᠳᠡᠭᠡ ᠠᠵᠤ ᠠᠬᠤᠢ᠎ᠶ᠋ᠢᠨ ᠣᠳᠣᠬᠢᠴᠢᠯᠠᠯᠲᠠ ᠪᠣᠯᠤᠨ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠬᠥᠳᠡᠭᠡ ᠲᠣᠰᠭᠣᠨ᠎ᠤ ᠡᠬᠡ ᠭᠠᠵᠠᠷ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠠᠵᠤ ᠦᠢᠯᠡᠰ ᠬᠥᠭ᠌ᠵᠢᠭ᠌ᠰᠡᠨ᠂ ᠬᠥᠳᠡᠭᠡ ᠲᠣᠰᠭᠣᠨ ᠦᠵᠡᠰᠭᠦᠯᠡᠩᠲᠦ ᠰᠠᠢᠬᠠᠨ᠂ ᠲᠠᠷᠢᠶᠠᠴᠢᠳ ᠪᠠᠶᠠᠵᠢᠭ᠍ᠰᠠᠨ ᠰᠠᠢ᠌ᠨ ᠰᠠᠢᠬᠠᠨ ᠵᠢᠷᠤᠭ ᠲᠥᠰᠦᠪ ᠳᠠᠰᠤᠷᠠᠯᠳᠠ ᠦᠬᠡᠢ ᠳᠡᠯᠭᠡᠭ᠌ᠳᠡᠪᠡ᠃
ᠠᠸ᠋ᠭ᠎ᠠ ᠵᠢᠷᠤᠭ ᠲᠥᠰᠦᠪ᠎ᠢ ᠵᠢᠷᠤᠭ᠍ᠯᠠᠵᠤ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠬᠥᠭ᠌ᠵᠢᠯᠲᠡ᠎ᠶ᠋ᠢ ᠲᠦᠷᠭᠡᠳᠭᠡᠪᠡ
ᠰᠤᠷᠪᠤᠯᠵᠢᠯᠠᠭ᠍ᠴᠢ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠎ᠡᠴᠡ ᠣᠢᠯᠠᠭᠠᠭ᠍ᠰᠠᠨ᠎ᠢᠶᠠᠷ᠂ 6 ᠰᠠᠷ᠎ᠠ᠎ᠶ᠋ᠢᠨ 6 ᠤ᠋ ᠡᠳᠦᠷ᠎ᠦᠨ 17 ᠴᠠᠭ ᠪᠣᠯᠲᠠᠯ᠎ᠠ᠂ ᠪᠥᠬᠥ᠌ ᠤᠯᠤᠰ᠎ᠲᠤ ᠨᠢᠭᠡᠨᠲᠡ 2 ᠳ᠋ᠦᠩᠱᠢᠭᠤᠷ ᠮᠥ᠍ ᠵᠣᠨ᠎ᠤ ᠠᠮᠤ ᠪᠤᠳᠠᠭ᠎ᠠ ᠪᠣᠭᠣᠳᠠᠶ ᠬᠤᠷᠢᠶᠠᠵᠤ᠂ ᠬᠤᠷᠢᠶᠠᠯᠲᠠ᠎ᠶ᠋ᠢᠨ ᠠᠬᠢᠴᠠ 58.87 % ᠳ᠋ᠤ ᠬᠦᠷᠴᠡᠶ᠃ ᠠᠨᠾᠦ᠋ᠢ ᠵᠢᠨ ᠪᠤᠭᠤᠳᠠᠢ᠎ᠶ᠋ᠢᠨ ᠬᠤᠷᠢᠶᠠᠯᠲᠠ᠎ᠶ᠋ᠢᠨ ᠠᠬᠢᠴᠠ ᠠᠷᠪᠠᠨ ᠤ᠋ ᠶᠢᠰᠦᠨ ᠬᠤᠪᠢ ᠬᠠᠭᠠᠰ᠎ᠢ ᠳᠠᠪᠠᠵᠤ᠂ ᠾᠧᠨᠠᠨ ᠤ᠋ ᠬᠢᠨ ᠠᠷᠪᠠᠨ ᠤ᠋ ᠶᠢᠰᠦᠨ ᠬᠤᠪᠢ ᠳ᠋ᠤ ᠬᠦᠷᠴᠤ᠂ ᠵᠢᠶᠠᠩᠰᠦ ᠵᠢᠨ ᠬᠢᠨ ᠠᠷᠪᠠᠨ ᠤ᠋ ᠲᠠᠪᠤᠨ ᠬᠤᠪᠢ ᠬᠠᠭᠠᠰ᠎ᠢ ᠳᠠᠪᠠᠵᠤ᠂ ᠱᠠᠨᠰᠢ᠂ ᠱᠠᠨᠳᠦ᠋ᠩ ᠤ᠋ᠨ ᠬᠢᠨ ᠠᠷᠪᠠᠨ ᠤ᠋ ᠬᠣᠶᠠᠷ ᠬᠤᠪᠢ ᠬᠠᠭᠠᠰ᠎ᠢ ᠳᠠᠪᠠᠵᠤ᠂ ᠾᠧᠪᠧᠢ᠂ ᠱᠠᠨ ᠰᠢ ᠪᠠᠷᠤᠭ ᠠᠷᠪᠠᠨ ᠤ᠋ ᠨᠢᠭᠡ ᠬᠤᠪᠢ ᠱᠢᠬᠠᠮ ᠳ᠋ᠤ ᠬᠦᠷᠴᠠᠢ᠃
ᠳᠡᠯᠡᠬᠡᠢ ᠳ᠋ᠠᠬᠢᠨ᠎ᠢ ᠪᠠᠷᠠᠯᠠᠬᠤᠶ᠎ᠠ᠂ ᠨᠢᠭᠡ ᠤᠯᠤᠰ ᠬᠦᠴᠦᠷᠬᠡᠭ᠌ᠵᠢᠶᠡ ᠭᠡᠪᠡᠯ ᠡᠷᠬᠡᠪᠰᠢ ᠬᠦᠴᠦᠷᠬᠡᠭ ᠶᠡᠬᠡ ᠬᠥᠳᠡᠭᠡ ᠠᠵᠤ ᠠᠬᠤᠢ᠎ᠪᠠᠷ ᠲᠤᠯᠭᠠᠭᠤᠷᠢᠯᠠᠯ ᠪᠣᠯᠭᠠᠬᠤ ᠬᠡᠷᠡᠭ᠌ᠲᠡᠢ᠃ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠳᠦᠭᠡᠨ ᠪᠠᠢᠭᠤᠯᠬᠤ᠎ᠳᠤ᠂ ᠬᠥᠳᠡᠭᠡ ᠠᠵᠤ ᠠᠬᠤᠢ ᠪᠣᠯ ᠰᠠᠭᠤᠷᠢ ᠪᠣᠯᠬᠤ᠎ᠪᠠᠷ ᠪᠠᠷᠠᠬᠤ ᠦᠭᠡᠢ ᠲᠤᠯᠭᠠᠭᠤᠷᠢᠯᠠᠯ ᠮᠥᠨ᠂ ᠨᠡᠩ ᠴᠤ᠌ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠢᠯᠡᠷᠡᠭᠦᠯᠵᠦ᠍ ᠪᠠᠢᠳᠠᠭ᠃
ᠣᠳᠣᠬᠠᠨ᠎ᠳᠤ᠂ ᠬᠦᠳᠡᠭᠡ ᠠᠵᠤ ᠠᠬᠤᠢ ᠬᠥᠳᠡᠭᠡ ᠲᠣᠰᠭᠣᠨ ᠪᠣᠯ ᠮᠥᠨ ᠯᠡ ᠮᠠᠨ᠎ᠤ ᠤᠯᠤᠰ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢᠨ ᠳᠤᠲᠠᠭᠤᠳᠠᠯ ᠪᠣᠯᠤᠭ᠍ᠰᠠᠭᠠᠷ ᠪᠠᠢᠨ᠎ᠠ᠃ ᠱᠢᠨ᠎ᠡ ᠴᠠᠭ ᠦᠶ᠎ᠡ᠎ᠳᠦ ᠤᠷᠤᠭ᠍ᠰᠠᠨ᠎ᠤ ᠳᠠᠷᠠᠭ᠎ᠠ᠂ ᠨᠠᠮ᠎ᠤᠨ ᠲᠥᠪ ᠬᠣᠷᠢᠶ᠎ᠠ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠤ ᠤᠯᠠᠮᠵᠢᠯᠠᠯ᠎ᠢ ᠪᠠᠷᠢᠮᠲᠠᠯᠠᠵᠤ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠡᠴᠡ ᠨᠠᠭᠠᠱᠢᠬᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠡᠴᠡ ᠨᠠᠭᠠᠱᠢᠬᠢ ᠠᠵᠢᠯ᠎ᠤᠨ ᠰᠠᠭᠤᠷᠢᠨ ᠳᠡᠭᠡᠷ᠎ᠡ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠵᠡᠷᠭᠡ᠎ᠪᠡᠷ ᠳᠠᠮᠵᠢᠭᠤᠯᠤᠨ᠂ ᠬᠢᠵᠠᠭᠠᠷ᠎ᠲᠠᠶ ᠡᠬᠢ ᠪᠠᠶᠠᠯᠢᠭ᠎ᠢᠶᠠᠷ 14 ᠳ᠋ᠦᠩᠱᠢᠭᠤᠷ ᠭᠠᠷᠤᠶ ᠬᠥᠮᠦᠨ ᠠᠮᠠ᠎ᠶ᠋ᠢᠨ ᠬᠣᠭᠣᠯᠠ ᠢᠳᠡᠬᠦ᠌ ᠠᠰᠠᠭᠤᠳᠠᠯ᠎ᠢ ᠲᠣᠭ᠍ᠲᠠᠭᠤᠨ᠎ᠢᠶᠠᠷ ᠱᠢᠶ᠋ᠳᠪᠦᠷᠢᠯᠡᠵᠦ᠍᠂ ᠪᠥᠬᠥ᠌ ᠲᠠᠷᠢᠶᠠᠴᠢᠳ ᠲᠤᠢᠯ᠎ᠤᠨ ᠶᠠᠳᠠᠭᠤ ᠬᠦᠴᠢᠷᠳᠡᠯ᠎ᠡᠴᠡ ᠠᠩᠭᠢᠵᠢᠷᠠᠵᠤ᠂ ᠴᠢᠨᠡᠭᠡᠯᠢᠭ ᠨᠡᠢᠭᠡᠮ᠎ᠳᠦ ᠵᠡᠷᠭᠡ᠎ᠪᠡᠷ ᠣᠷᠣᠵᠤ᠂ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ ᠯᠤᠲᠤ ᠶᠡᠬᠡ ᠠᠮᠵᠢᠯᠲᠠ ᠤᠯᠪᠠ᠃ ᠡᠭᠦᠨ᠎ᠦ ᠬᠠᠮᠲᠤ᠂ ᠬᠥᠮᠦᠨ ᠳᠤᠮᠳᠠᠴᠢ᠎ᠶ᠋ᠢᠨ ᠡᠬᠢ ᠪᠠᠶᠠᠯᠢᠭ ᠬᠦᠷᠦᠯᠴᠡᠬᠦ᠌ ᠦᠭᠡᠢ᠂ ᠰᠠᠭᠤᠷᠢ ᠨᠢᠮᠭᠡᠨ᠂ ᠲᠡᠦᠬᠡᠨ ᠥᠷᠢᠲᠦᠯ ᠨᠡᠯᠢᠶᠡᠳ ᠤᠯᠠᠨ ᠵᠡᠷᠭᠡ ᠱᠢᠯᠲᠠᠭᠠᠨ᠎ᠡᠴᠡ ᠪᠤᠯᠵᠤ᠂ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠰᠠᠭᠤᠳᠠᠯ ᠨᠢ ᠮᠥᠨ ᠯᠡ ᠨᠢᠭᠡᠨ ᠪᠠᠭᠤᠷᠠᠢ ᠭᠣᠭ᠍ᠴᠣᠭ᠎ᠠ ᠪᠤᠯᠵᠤ᠂ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠠ ᠲᠠᠢ ᠬᠠᠷᠢᠴᠠᠭᠤᠯᠪᠠᠯ᠂ ᠬᠥᠳᠡᠭᠡ ᠠᠵᠤ ᠠᠬᠤᠶ ᠵᠢᠨ ᠣᠳᠣᠬᠢᠴᠢᠯᠠᠯᠲᠠ ᠢᠯᠡᠳᠲᠡ ᠬᠣᠴᠣᠷᠴᠤ᠌ ᠪᠠᠢᠨ᠎ᠠ᠃
《ᠣᠳᠣᠬᠢᠴᠢᠯᠠᠭ᠍ᠰᠠᠨ ᠬᠥᠭ᠌ᠵᠢᠯᠲᠡ᠎ᠶ᠋ᠢᠨ ᠣᠷᠣᠨ ᠵᠠᠢ᠎ᠶ᠋ᠢ ᠥᠷᠭᠡᠳᠭᠡᠬᠦ᠌᠎ᠳᠦ᠂ ᠬᠥᠳᠡᠭᠡ ᠠᠵᠤ ᠠᠬᠤᠢ ᠬᠥᠳᠡᠭᠡ ᠲᠣᠰᠭᠣᠨ ᠪᠣᠯ ᠶᠡᠬᠡ ᠦᠢᠯᠡᠰ᠎ᠢ ᠪᠦᠲᠦᠭᠡᠵᠦ᠍ ᠴᠢᠳᠠᠬᠤ ᠥᠷᠭᠡᠨ ᠠᠭᠤᠳᠠᠮ ᠣᠷᠣᠨ ᠵᠠᠢ ᠪᠣᠯᠤᠨ᠎ᠠ᠃ ᠬᠡᠳᠦᠨ ᠳ᠋ᠦᠩᠱᠢᠭᠤᠷ ᠲᠠᠷᠢᠶᠠᠴᠢᠨ ᠪᠦᠬᠦᠯᠢ ᠴᠣᠭ᠍ᠴᠠ᠎ᠪᠠᠷ᠎ᠢᠶᠠᠨ ᠣᠳᠣᠬᠢᠴᠢᠯᠠᠯᠲᠠ᠎ᠳᠤ ᠣᠷᠣᠪᠠᠯ᠂ ᠯᠤᠲᠤ ᠶᠡᠬᠡ ᠡᠭᠦᠳᠦᠨ ᠪᠦᠲᠦᠭᠡᠬᠦ᠌ ᠬᠥᠳᠡᠯᠭᠡᠬᠦ ᠡᠨᠧᠷᠭᠢ ᠪᠠ ᠬᠡᠷᠡᠭ᠌ᠯᠡᠭᠡᠨ᠎ᠦ ᠲᠠᠯᠳᠠ ᠴᠢᠳᠠᠪᠤᠷᠢ᠎ᠶ᠋ᠢ ᠪᠠᠳᠠᠷᠠᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ᠌ ᠪᠣᠯᠤᠨ᠎ᠠ》 ᠭᠡᠵᠤ 2022 ᠣᠨ᠎ᠤ 12 ᠰᠠᠷ᠎ᠠ᠎ᠳᠤ ᠬᠤᠷᠠᠯᠳᠤᠭ᠍ᠰᠠᠨ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠪᠠ᠃
ᠥᠨᠳᠥᠷ᠎ᠲᠦ ᠵᠣᠭ᠍ᠰᠣᠨ ᠠᠯᠤᠰ᠎ᠢ ᠪᠡᠷᠡᠯᠠᠭᠰᠠᠨ ᠱᠢᠨᠵᠢᠯᠡᠬᠦ᠌ ᠤᠬᠠᠭᠠᠨᠴᠢ ᠲᠥᠯᠥᠪᠵᠢᠭᠦᠯᠭᠡ ᠨᠢ ᠬᠥᠳᠡᠭᠡ ᠠᠵᠤ ᠠᠬᠤᠶ ᠵᠢᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ ᠠᠷᠭ᠎ᠠ ᠵᠠᠮ᠎ᠢ ᠲᠣᠳᠣᠷᠬᠠᠶ ᠵᠢᠭᠠᠵᠤ ᠥᠭ᠌ᠴᠠᠢ᠃
ᠶᠡᠷᠦᠩᠬᠡᠶ ᠱᠦᠵᠢ ᠰᠢ ᠵᠢᠨ ᠫᠢᠩ᠎ᠦᠨ ᠵᠢᠯᠣᠭᠣᠳᠣᠯᠭ᠎ᠠ ᠶᠣᠰᠣᠭᠠᠷ᠂ ᠮᠠᠨ᠎ᠤ ᠤᠯᠤᠰ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ ᠱᠢᠨ᠎ᠡ ᠳᠡᠭ᠌ᠲᠡᠷ᠎ᠲᠦ ᠭᠠᠷᠴᠤ᠌᠂ ᠠᠮᠤ ᠪᠤᠳᠠᠭᠠᠨ᠎ᠤ ᠤᠨᠠᠯᠲᠠ ᠬᠣᠶᠠᠷ ᠵᠢᠯ ᠳᠠᠷᠠᠭᠠᠯᠠᠨ 1.4 ᠲᠦᠮᠡᠨ ᠳ᠋ᠦᠩᠱᠢᠭᠤᠷ ᠵᠢᠩ᠎ᠡᠴᠡ ᠳᠡᠭᠡᠭ᠌ᠰᠢ᠎ᠳᠦ ᠲᠣᠭ᠍ᠲᠠᠪᠤᠷᠢᠵᠢᠵᠤ᠂ ᠮᠢᠬ᠎ᠠ ᠥᠨᠳᠡᠭᠡ ᠰᠦ᠂ ᠤᠰᠤᠨ ᠭᠠᠷᠤᠯᠲᠠ᠂ ᠵᠢᠮᠢᠰ ᠢᠳᠡᠱᠢᠨ ᠨᠣᠭᠣᠭ᠎ᠠ᠎ᠶ᠋ᠢᠨ ᠬᠠᠩᠭᠠᠯᠭ᠎ᠠ ᠨᠠᠩ ᠭᠦᠶ᠋ᠴᠡᠳ ᠪᠣᠯᠪᠠ᠃ ᠲᠠᠷᠢᠶᠠᠴᠢᠳ᠎ᠤᠨ ᠣᠷᠣᠯᠭ᠎ᠠ ᠦᠷᠭᠦᠯᠵᠢᠯᠡᠨ ᠨᠡᠮᠡᠭ᠌ᠳᠡᠵᠦ᠍᠂ ᠠᠷᠠᠳ᠎ᠢ ᠪᠠᠶᠠᠵᠢᠭᠤᠯᠬᠤ ᠠᠵᠤ ᠦᠶ᠋ᠯᠡᠰ ᠥᠷᠨᠢᠨ ᠬᠥᠭ᠌ᠵᠢᠵᠦ᠍᠂ ᠬᠥᠳᠡᠭᠡ ᠲᠣᠰᠭᠣᠨ᠎ᠤ ᠣᠷᠴᠢᠨ ᠲᠣᠭᠣᠷᠢᠨ ᠤᠷᠤᠰᠢᠨ ᠰᠠᠭᠤᠷᠢᠰᠢᠬᠤ ᠳ᠋ᠤ ᠨᠡᠩ ᠲᠤᠬᠢᠷᠠᠮᠵᠢᠳᠠᠢ ᠪᠣᠯᠪᠠ᠃
ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠲᠤᠳᠭᠠᠪᠠ
ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠪᠣᠯ ᠱᠢᠨ᠎ᠡ ᠴᠠᠭ ᠦᠶ᠎ᠡ᠎ᠳᠦ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠶ᠋ᠢᠨ ᠴᠢᠬᠤᠯᠠ ᠡᠭᠦᠷᠭᠡ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠂ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠬᠤ ᠪᠥᠭᠡᠳ ᠪᠣᠳᠠᠲᠠᠢ ᠠᠵᠢᠯ᠎ᠤᠨ ᠭᠠᠷᠳᠡᠬᠤ ᠴᠡᠭ ᠪᠣᠯᠤᠨ᠎ᠠ ᠭᠡᠵᠤ ᠴᠢᠬᠤᠯᠠᠴᠢᠯᠠᠵᠠᠢ᠃
ᠱᠠᠨᠰᠢ᠎ᠶ᠋ᠢᠨ ᠠᠯᠮᠤᠷᠠᠳ᠎ᠡᠴᠡ ᠱᠢᠨᠵᠢᠶᠠᠩ᠎ᠤᠨ ᠦᠵᠦᠮ ᠬᠦᠷᠲᠡᠯ᠎ᠡ᠂ ᠭᠤᠸᠠᠩᠳᠦ᠋ᠩ᠎ᠦᠨ ᠪᠡᠷᠴᠢᠭᠢᠷ ᠯᠣᠣ᠎ᠶ᠋ᠢᠨ ᠨᠢᠳᠦ᠍ᠡᠴᠡ ᠱᠠᠨᠳᠦ᠋ᠩ᠎ᠦᠨ ᠠᠨᠠᠷ ᠬᠦᠷᠲᠡᠯ᠎ᠡ᠂ ᠡᠯ᠎ᠡ ᠭᠠᠵᠠᠷ᠎ᠤᠨ ᠬᠢᠨ ᠤᠨᠴᠠᠯᠢᠬ᠍ᠳᠤ ᠠᠵᠤ ᠦᠢᠯᠡᠰ᠎ᠦᠨ ᠲᠦᠷᠭᠡᠨ ᠬᠥᠭ᠌ᠵᠢᠯᠲᠡ᠎ᠶ᠋ᠢ ᠠᠬᠢᠭᠤᠯᠵᠤ᠂ ᠱᠢᠶᠠᠨ᠎ᠤ ᠬᠡᠪᠴᠢᠶᠠᠨ ᠤ᠋ ᠠᠵᠤ ᠠᠬᠤᠢ᠎ᠶ᠋ᠢᠨ ᠬᠥᠭ᠌ᠵᠢᠯᠲᠡ᠎ᠳᠦ ᠠᠮᠢᠵᠢᠷᠠᠯ᠎ᠤᠨ ᠬᠦᠴᠦᠨ ᠨᠡᠮᠡᠷᠢᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ ᠡᠯ᠎ᠡ ᠭᠠᠵᠠᠷᠤᠨᠬᠢᠨᠦ 210 ᠳᠠᠪᠠᠭᠤᠯᠢᠭᠳᠤ ᠤᠨᠴᠠᠯᠢᠬ᠍ᠳᠤ ᠠᠵᠤ ᠦᠶ᠋ᠯᠡᠰ᠎ᠦᠨ ᠪᠦᠯᠦᠭ᠌ᠵᠢᠯ᠂ 250 ᠣᠲᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠶ᠋ᠯᠡᠰ᠎ᠦᠨ ᠬᠦᠷᠢᠶᠡᠯᠡᠩ᠂ 1098 ᠲᠠᠷᠢᠶᠠᠯᠠᠩ᠎ᠤᠨ ᠠᠵᠤ ᠦᠶ᠋ᠯᠡᠰ᠎ᠦᠨ ᠬᠦᠴᠦᠷᠬᠡᠭ ᠪᠠᠯᠭᠠᠰᠤ᠎ᠶ᠋ᠢᠨ ᠲᠥᠷᠥᠯ ᠵᠦᠶ᠋ᠯ ᠪᠠᠢᠭᠤᠯᠬᠤ᠎ᠶ᠋ᠢ ᠳᠡᠮᠵᠢᠵᠦ᠍᠂ ᠨᠢᠭᠡ ᠪᠦᠯᠦᠭ ᠠᠯᠮᠤᠷᠠᠳ ᠤ᠋ᠨ ᠲᠣᠰᠭᠣᠨ᠂ ᠳᠠᠯᠳᠠᠸ᠋ ᠵᠢᠨ ᠱᠢᠶᠠᠩ ᠵᠡᠷᠭᠡ ᠲᠤᠰᠭᠠᠶ ᠲᠣᠰᠭᠣᠨ ᠪᠠᠯᠭᠠᠰᠤ᠎ᠶ᠋ᠢ ᠪᠠᠢᠭᠤᠯᠪᠠ᠃ ᠣᠳᠣᠬᠠᠨ᠎ᠳᠤ᠂ ᠪᠥᠬᠥ᠌ ᠤᠯᠤᠰ᠎ᠤᠨ ᠱᠢᠶᠠᠨ᠎ᠤ ᠱᠠᠲᠤᠨ᠎ᠡᠴᠡ ᠳᠡᠭᠡᠭ᠌ᠰᠢᠬᠢ ᠲᠠᠷᠢᠶᠠᠯᠠᠩ᠎ᠤᠨ ᠳᠠᠭᠠᠭᠤᠯᠤᠭ᠍ᠴᠢ ᠠᠵᠤ ᠠᠬᠤᠢᠯᠠᠯ 9.4 ᠲᠦᠮᠡ᠎ᠳᠦ ᠬᠦᠷᠴᠦ᠍᠂ ᠡᠭᠦᠨ᠎ᠳᠦ ᠤᠯᠤᠰ᠎ᠤᠨ ᠲᠠᠰ᠎ᠤᠨ ᠳᠠᠭᠠᠭᠤᠯᠤᠭ᠍ᠴᠢ ᠠᠵᠤ ᠠᠬᠤᠢᠯᠠᠯ 2250 ᠳ᠋ᠤ ᠬᠦᠷᠴᠡᠶ᠃
ᠬᠥᠳᠡᠭᠡ ᠠᠵᠤ ᠠᠬᠤᠶ ᠵᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠵᠢᠨ ᠬᠤᠷᠴᠠ ᠵᠡᠪᠰᠡᠭ ᠪᠤᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠪᠤᠯᠤᠨᠠ᠃ ᠲᠠᠷᠢᠶᠠᠯᠠᠩ ᠪᠣᠯ ᠤᠯᠠᠮᠵᠢᠯᠠᠯᠲᠤ ᠠᠵᠤ ᠦᠢᠯᠡᠰ ᠮᠥᠨ᠂ ᠤᠳᠤ ᠪᠠᠰᠠ ᠲᠡᠷᠢᠭᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠶᠡᠬᠡ ᠬᠡᠮᠵᠢᠶ᠎ᠡ᠎ᠪᠡᠷ ᠬᠡᠷᠡᠭ᠌ᠯᠡᠬᠦ᠌ ᠠᠵᠤ ᠦᠢᠯᠡᠰ ᠮᠥᠨ᠃
ᠤᠢ᠍ᠢᠷ᠎ᠠ᠎ᠶ᠋ᠢᠨ ᠵᠢᠯ᠎ᠡᠴᠡ᠂ ᠮᠠᠨ᠎ᠤ ᠤᠯᠤᠰ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠲᠦᠷᠢᠮ᠎ᠦᠨ ᠱᠢᠨ᠎ᠡ᠎ᠶ᠋ᠢ ᠡᠭᠦᠳᠬᠦ᠌᠎ᠶ᠋ᠢ ᠬᠠᠮᠵᠢᠯᠴᠠᠨ ᠠᠬᠢᠭᠤᠯᠵᠤ᠂ ᠱᠢᠨ᠎ᠡ ᠬᠦᠷᠢᠶ᠎ᠠ ᠱᠢᠨ᠎ᠡ ᠤᠷᠤᠯᠳᠤᠭᠠᠨ᠎ᠤ ᠵᠠᠮ᠎ᠢ ᠨᠡᠭᠡᠭᠡᠵᠦ᠍᠂ ᠱᠢᠨ᠎ᠡ ᠬᠥᠳᠡᠯᠭᠡᠬᠦ᠌ ᠡᠨᠧᠷᠭᠢ ᠱᠢᠨ᠎ᠡ ᠳᠠᠪᠠᠭᠤᠯᠢᠭ᠎ᠢ ᠪᠤᠢ ᠪᠣᠯᠭᠠᠵᠤ᠂ ᠲᠣᠭ᠎ᠠ ᠬᠡᠮᠵᠢᠶᠡᠨ᠎ᠦ ᠱᠢᠪᠲᠤᠯᠤᠯᠲᠠ ᠪᠣᠯᠤᠨ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠲᠦᠷᠭᠡᠨ ᠪᠡᠶᠡᠯᠡᠭᠦᠯᠪᠡ᠃
ᠣᠳᠣᠬᠠᠨ᠎ᠳᠤ ᠮᠠᠨ᠎ᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠶᠡᠷᠦᠩᠬᠡᠢ᠎ᠳᠡᠭᠡᠨ ᠨᠢᠭᠡᠨᠲᠡ ᠳᠡᠯᠡᠬᠡᠢ᠎ᠶ᠋ᠢᠨ ᠨᠢᠭᠡᠳᠦᠭᠡᠷ ᠡᠩᠨᠡᠭᠡᠨ᠎ᠳᠦ ᠣᠷᠣᠵᠤ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠪᠱᠢᠯᠳᠠ᠎ᠶ᠋ᠢᠨ ᠬᠤᠪᠢ ᠨᠡᠮᠡᠷᠢ᠎ᠶ᠋ᠢᠨ ᠨᠤᠷᠮ᠎ᠠ 64 % ᠵᠢ ᠳᠠᠪᠠᠵᠤ᠂ ᠠᠵᠤ ᠦᠢᠯᠡᠰ᠎ᠦᠨ ᠬᠥᠭ᠌ᠵᠢᠯᠲᠡ᠎ᠶ᠋ᠢ ᠲᠤᠢᠯ᠎ᠤᠨ ᠶᠡᠬᠡᠪᠡᠷ ᠠᠬᠢᠭᠤᠯᠤᠭ᠍ᠰᠠᠨ ᠪᠠᠢᠨ᠎ᠠ᠃
ᠣᠢᠷ᠎ᠠ᠎ᠳᠤ ᠨᠡᠢᠲᠡᠯᠡᠭ᠌ᠰᠡᠨ 《ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠬᠦ᠌ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠲᠥᠯᠥᠪᠵᠢᠭᠦᠯᠭᠡ》 ᠨᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠳᠡᠭᠡ ᠠᠵᠤ ᠠᠬᠤᠢ᠎ᠶᠢᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠶᠠᠪᠤᠳᠠᠯ᠎ᠢ ᠨᠡᠩ ᠲᠣᠪᠣᠢᠮ᠎ᠠ ᠪᠠᠢᠯᠳᠤᠬᠤ ᠪᠣᠳᠣᠯᠭ᠎ᠠ᠎ᠶ᠋ᠢᠨ ᠪᠠᠢᠷᠢᠨ᠎ᠳᠤ ᠲᠠᠯᠪᠢᠭ᠍ᠰᠠᠨ ᠪᠥᠭᠡᠳ ᠬᠥᠳᠡᠭᠡ ᠠᠵᠤ ᠠᠬᠤᠢ᠎ᠶᠢᠨ ᠬᠦᠷᠢᠶᠡᠨ᠎ᠳᠡᠬᠢ ᠱᠢᠨ᠎ᠡ᠎ᠪᠡᠷ ᠮᠠᠨᠳᠤᠭᠰᠠᠨ ᠠᠵᠤ ᠦᠢᠯᠡᠰ ᠪᠠ ᠢᠷᠡᠭᠡᠳᠦᠶ᠎ᠶ᠋ᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠎ᠶ᠋ᠢ ᠠᠩᠬ᠎ᠠ ᠤᠳᠠᠭ᠎ᠠ ᠳᠤᠷᠠᠳᠤᠨ ᠭᠠᠷᠭᠠᠵᠠᠶ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠳᠪᠦᠷᠢᠯᠡᠯ᠎ᠦᠨ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠬᠤ᠎ᠶ᠋ᠢ ᠳᠠᠭᠠᠯᠳᠤᠨ᠂ ᠬᠥᠳᠡᠭᠡ ᠠᠵᠤ ᠠᠬᠤᠢ᠎ᠶᠢᠨ ᠠᠵᠤ ᠦᠢᠯᠡᠰ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠲᠦᠷᠭᠡᠨ ᠬᠥᠭ᠌ᠵᠢᠯᠲᠡ᠎ᠶ᠋ᠢ ᠤᠭ᠍ᠲᠤᠨ ᠠᠪᠴᠢᠷᠠᠬᠤ ᠪᠣᠯᠤᠨ᠎ᠠ᠃
ᠤᠢ᠍ᠢᠷ᠎ᠠ᠎ᠶ᠋ᠢᠨ ᠵᠢᠯ᠎ᠡᠴᠡ᠂ ᠡᠯ᠎ᠡ ᠭᠠᠵᠠᠷ᠎ᠤᠨ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠤᠨᠴᠠᠯᠢᠬ᠍ᠳᠤ ᠨᠤᠲᠤᠭ᠎ᠤᠨ ᠠᠵᠤ ᠦᠢᠯᠡᠰ᠎ᠢ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭ᠎ᠠ᠂ ᠬᠥᠳᠡᠭᠡ ᠲᠣᠰᠭᠣᠨ᠎ᠤ ᠰᠡᠯᠡᠭᠦᠴᠡᠯ ᠵᠡᠷᠭᠡ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ᠎ᠶ᠋ᠢᠨ ᠬᠡᠯᠪᠡᠷᠢ ᠥᠷᠨᠢᠨ ᠬᠥᠭ᠌ᠵᠢᠪᠡ᠃ ᠡᠳᠦᠭᠡ᠂ ᠬᠥᠳᠡᠭᠡ ᠲᠣᠰᠭᠣᠨ᠎ᠳᠤ ᠬᠦᠷᠴᠦ᠍ ᠠᠷᠠᠳ᠎ᠤᠨ ᠤᠯᠠᠮᠵᠢᠯᠠᠯᠲᠦ ᠰᠠᠭᠤᠴᠠ᠎ᠶᠢᠨ ᠪᠠᠭᠤᠳᠠᠯ᠎ᠳᠤ ᠰᠠᠭᠤᠬᠤ᠂ ᠠᠮᠲᠠᠲᠤ ᠢᠳᠡᠭᠡᠨ ᠢᠳᠡᠬᠦ᠌᠂ ᠣᠨᠴᠠ ᠭᠠᠷᠤᠯᠲᠠ ᠬᠤᠳᠠᠯᠳᠤᠨ ᠠᠪᠬᠤ ᠨᠢ ᠨᠢᠭᠡᠨᠲᠡ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠱᠢᠨ᠎ᠡ ᠤᠷᠤᠰᠭᠠᠯ ᠪᠣᠯᠵᠠᠢ᠃
ᠱᠢᠨ᠎ᠡ ᠦᠵᠡᠮᠵᠢ᠎ᠶ᠋ᠢ ᠬᠠᠮᠲᠤ᠎ᠪᠠᠷ ᠵᠢᠷᠤᠭ᠍ᠯᠠᠵᠤ ᠬᠥᠳᠡᠭᠡ ᠲᠣᠰᠭᠣᠨ᠎ᠢ ᠨᠠᠩ ᠡᠶ᠎ᠡ ᠵᠤᠬᠢᠴᠠᠨᠭᠭᠤᠢ ᠦᠵᠡᠰᠭᠦᠯᠡᠨᠭᠲᠦ ᠰᠠᠢᠬᠠᠨ ᠪᠣᠯᠭᠠᠨ᠎ᠠ
ᠵᠣᠨ᠎ᠤ ᠡᠬᠢᠨ᠎ᠤ ᠨᠠᠷᠠᠠ ᠮᠠᠨᠳᠤᠬᠤ᠎ᠡᠴᠡ ᠡᠮᠦᠨ᠎ᠡ᠂ ᠠᠨᠾᠦ᠋ᠢ ᠮᠤᠵᠢ᠎ᠶ᠋ᠢᠨ ᠯᠢᠦ ᠠᠨ ᠬᠣᠲᠠ᠎ᠶ᠋ᠢᠨ᠎ᠶ᠋ᠢᠨ ᠵᠠᠶ ᠱᠢᠶᠠᠨ᠎ᠤ ᠬᠤᠸᠠ ᠱ᠌ᠢ ᠱᠢᠶᠠᠩ᠎ᠤᠨ ᠴᠠᠫᠸᠩ ᠲᠣᠰᠭᠣᠨ᠎ᠤ ᠠᠷᠠᠳ ᠱᠢᠶᠤᠤ ᡁᠢ ᠳ᠋ᠤᠤ ᠲᠣᠰᠭᠣᠨ᠎ᠤ ᠵᠠᠬ᠎ᠠ᠎ᠳᠤ ᠢᠷᠡᠵᠦ᠍ ᠴᠡᠪᠡᠷᠯᠡᠭᠡ ᠬᠢᠵᠦ᠍᠂ ᠠᠩᠬᠠᠷᠤᠯ᠎ᠢᠶᠠᠨ ᠲᠥᠪᠯᠡᠷᠡᠭᠦᠯᠦᠨ ᠠᠵᠢᠯᠯᠠᠵᠤ ᠪᠠᠢᠭ᠎ᠠ ᠳᠦᠷᠢ ᠪᠠᠢᠳᠠᠯ᠎ᠳ᠋ᠤᠨᠢ ᠬᠠᠨᠤᠮᠵᠢᠲᠠᠢ ᠢᠨᠢᠶᠡᠮᠰᠦᠭᠯᠡᠯ ᠲᠤᠳᠤᠷᠠᠨ᠎ᠠ᠃
2022 ᠣᠨ᠎ᠤ ᠨᠢᠭᠡᠨ ᠤᠳᠠᠭ᠎ᠠ᠎ᠶᠢᠨ ᠡᠨᠳᠡᠯ᠎ᠳᠦ ᠱᠢᠶᠤᠤ ᡁᠢ ᠳ᠋ᠤᠤ᠎ᠶ᠋ᠢᠨ ᠨᠢᠭᠡ ᠭᠠᠷ ᠨᠢ ᠬᠦᠨᠳᠦ ᠱᠢᠷᠬᠠᠲᠤᠵᠠᠶ᠃ ᠲᠣᠰᠭᠣᠨ᠎ᠤ ᠬᠢᠨ ᠡᠨᠡ ᠬᠦ᠌ ᠪᠠᠢᠳᠠᠯ᠎ᠢ ᠲᠡᠷᠡ ᠳᠠᠷᠤᠶᠳᠤᠨᠢ ᠬᠢᠨᠠᠨ ᠬᠡᠮᠵᠢᠵᠦ᠍᠂ ᠲᠡᠭᠦᠨ᠎ᠢ ᠬᠠᠪᠰᠤᠷᠤᠨ ᠲᠡᠳᠬᠦᠵᠦ᠍ ᠬᠢᠨᠠᠨ ᠬᠡᠮᠵᠢᠬᠦ᠌ ᠡᠷᠦᠬᠡ᠎ᠳᠦ ᠣᠷᠣᠭᠤᠯᠤᠭ᠍ᠰᠠᠨ ᠪᠥᠭᠡᠳ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠭᠤᠶᠤᠴᠢᠯᠠᠨ ᠮᠡᠳᠡᠭᠦᠯᠦᠭ᠌ᠰᠡᠨ ᠪᠠᠢᠨ᠎ᠠ᠃ ᠡᠮᠨᠡᠯᠭᠡ᠎ᠡᠴᠡ ᠭᠠᠷᠤᠭ᠍ᠰᠠᠨ᠎ᠤ ᠳᠠᠷᠠᠭ᠎ᠠ ᠪᠠᠰᠠ ᠲᠡᠭᠦᠨ᠎ᠳᠦ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ ᠲᠣᠬᠢᠷᠠᠭᠤᠯᠵᠤ ᠥᠭ᠌ᠪᠡ᠂ ᠣᠳᠣ ᠱᠢᠶᠣᠤ ᡁᠢ ᠳ᠋ᠤᠤ᠎ᠶ᠋ᠢᠨ ᠠᠮᠢᠳᠤᠷᠠᠯ ᠨᠢᠭᠡᠨᠲᠡ ᠵᠥᠪ ᠵᠠᠮ᠎ᠳᠠᠭᠠᠨ ᠣᠷᠣᠵᠠᠶ᠃
2025 ᠣᠨ ᠪᠣᠯ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠡᠭᠦᠷᠭᠡ᠎ᠶ᠋ᠢ ᠪᠡᠶᠡᠯᠡᠭᠦᠯᠦᠭ᠌ᠰᠡᠨ᠎ᠦ ᠳᠠᠷᠠᠭᠠᠬᠢ 5 ᠵᠢᠯ᠎ᠦᠨ ᠱᠢᠯᠵᠢᠯᠲᠡ᠎ᠶ᠋ᠢᠨ ᠬᠤᠭᠤᠴᠠᠭᠠᠨ᠎ᠤ ᠡᠴᠦᠰ᠎ᠦᠨ ᠨᠢᠭᠡ ᠵᠢᠯ ᠪᠣᠯᠤᠨ᠎ᠠ᠂ ᠡᠨᠡ ᠵᠢᠯ ᠪᠣᠯ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠠᠵᠢᠯ᠎ᠢ ᠥᠷᠨᠢᠭᠦᠯᠬᠦ᠌ ᠠᠩᠬᠠᠨ᠎ᠤ ᠵᠢᠯ ᠪᠣᠯᠤᠨ᠎ᠠ᠃
2025 ᠣᠨ᠎ᠤ ᠰᠡᠭᠦᠯᠴᠢ᠎ᠪᠡᠷ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ᠃ ᠶᠡᠷᠦᠩᠬᠡᠢ ᠱᠦᠵᠢ ᠰᠢ ᠵᠢᠨ ᠫᠢᠩ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌ ᠲᠤᠬᠠᠢ ᠴᠢᠬᠤᠯᠠ ᠵᠢᠭᠠᠪᠤᠷᠢ ᠥᠭ᠌ᠴᠦ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠪᠠᠢ᠌ᠩᠭᠤᠵᠢᠬ᠍ᠰᠠᠨ ᠬᠠᠪᠰᠤᠷᠤᠨ ᠲᠡᠳᠬᠦᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠨᠢᠭᠡᠳᠦᠯᠲᠡᠢ ᠲᠥᠯᠥᠪᠵᠢᠭᠦᠯᠦᠨ ᠬᠡᠷᠡᠭ᠌ᠵᠢᠭᠦᠯᠬᠦ᠌᠎ᠳᠦ ᠣᠷᠣᠭᠤᠯᠵᠤ᠂ ᠬᠡᠪᠴᠢᠶᠡᠵᠢᠯ᠎ᠦᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠢᠬᠤ ᠪᠠ ᠶᠠᠳᠠᠭᠤᠷᠠᠬᠤ ᠪᠤᠯᠤᠮᠵᠢ ᠦᠭᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠡᠨᠡ ᠵᠢᠯ᠎ᠦᠨ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠎ᠳᠤ ᠪᠠᠢᠩᠭᠤ᠎ᠶ᠋ᠢᠨ ᠪᠥᠭᠡᠳ ᠨᠠᠷᠢᠯᠢᠭ ᠣᠨᠣᠴᠠᠲᠠᠶ᠎ᠪᠠᠷ ᠬᠠᠪᠰᠤᠷᠤᠨ ᠲᠡᠳᠬᠦᠬᠦ᠌᠎ᠶ᠋ᠢ ᠬᠡᠷᠡᠭ᠌ᠵᠢᠭᠦᠯᠬᠦ᠌ ᠲᠤᠬᠠᠶ ᠠᠩᠬ᠎ᠠ ᠤᠳᠠᠭ᠎ᠠ ᠱᠢᠰᠲ᠋ᠧᠮ᠎ᠦᠨ ᠴᠢᠨᠠᠷᠲᠠᠶ ᠪᠠᠢᠷᠢᠯᠠᠭᠤᠯᠤᠯᠲᠠ ᠬᠢᠵᠡᠶ; 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠤᠯᠤᠮᠵᠢ᠎ᠶ᠋ᠢ ᠰᠡᠷᠭᠡᠢᠯᠡᠬᠦ᠌ ᠪᠠᠢᠩᠭᠤᠵᠢᠭ᠍ᠰᠠᠨ ᠲᠣᠭ᠍ᠲᠡᠴᠡ᠎ᠶ᠋ᠢ ᠨᠢᠭᠡᠳᠦᠯᠲᠡᠢ ᠲᠥᠯᠥᠪᠵᠢᠭᠦᠯᠦᠨ ᠪᠠᠢᠭᠤᠯᠬᠤ ᠵᠡᠷᠭᠡ ᠠᠷᠭ᠎ᠠ ᠬᠡᠮᠵᠢᠶ᠎ᠡ᠎ᠶ᠋ᠢ ᠲᠣᠳᠣᠷᠬᠠᠢ ᠳᠤᠷᠠᠳᠴᠠᠢ ᠁ ᠠᠯᠢ ᠤᠯᠠᠨ ᠪᠠᠢᠷᠢᠯᠠᠭᠤᠯᠤᠯᠲᠠ ᠨᠢ ᠨᠠᠮ᠎ᠤᠨ ᠲᠥᠪ ᠬᠣᠷᠢᠶ᠎ᠠ᠎ᠶᠢᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌ ᠡᠷᠡᠰ ᠵᠣᠷᠢᠭ᠎ᠢ ᠢᠯᠡᠷᠡᠭᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠡᠯ᠎ᠡ ᠭᠠᠵᠠᠷ᠎ᠤᠨ᠎ᠬᠢᠨ 《ᠮᠢᠩᠭ᠎ᠠ ᠲᠦᠮᠡ᠎ᠶ᠋ᠢᠨ ᠢᠨᠵᠧᠨᠧᠷᠢᠩ》᠎ᠤ᠋ᠨ ᠲᠤᠷᠱᠢᠯᠭ᠎ᠠ᠎ᠶ᠋ᠢ ᠭᠦᠨᠵᠡᠭᠡᠶ ᠰᠤᠷᠤᠯᠴᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠳᠡᠭᠡ ᠲᠣᠰᠭᠣᠨ᠎ᠤ ᠣᠷᠣᠱᠢᠨ ᠰᠠᠭᠤᠷᠢᠱᠢᠬᠤ ᠣᠷᠴᠢᠨ ᠨᠦᠭᠦᠴᠡᠯ᠎ᠢ ᠰᠠᠢᠵᠢᠷᠠᠭᠤᠯᠵᠤ᠂ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠪᠠ᠃
ᠬᠥᠳᠡᠭᠡ ᠲᠣᠰᠭᠣᠨ᠎ᠤ ᠠᠷᠢᠭᠤᠨ ᠴᠡᠪᠡᠷ ᠵᠣᠷᠯᠣᠩ᠎ᠢ ᠲᠦᠭᠡᠮᠡᠯᠵᠢᠭᠦᠯᠦᠭ᠌ᠰᠡᠨ ᠨᠣᠷᠮ᠎ᠠ᠎ᠶ᠋ᠢ 77% ᠣᠷᠴᠢᠮ᠎ᠳᠤ ᠬᠦᠷᠭᠡᠵᠦ᠍᠂ ᠠᠮᠢᠳᠤᠷᠠᠯ᠎ᠤᠨ ᠪᠣᠬᠢᠷ ᠤᠰᠤ᠎ᠶ᠋ᠢ ᠵᠠᠰᠠᠭ᠍ᠰᠠᠨ ᠨᠣᠷᠮ᠎ᠠ᠎ᠶ᠋ᠢ 55% ᠳ᠋ᠤ ᠬᠦᠷᠭᠡᠪᠡ; ᠬᠥᠳᠡᠭᠡ ᠲᠣᠰᠭᠣᠨ᠎ᠤ ᠵᠠᠰᠠᠮᠠᠯ ᠵᠠᠮ᠎ᠤᠨ ᠪᠥᠬᠥ᠌ ᠣᠷᠳᠣᠨ᠎ᠢ 464 ᠲᠦᠮᠡᠨ ᠺᠢᠯᠣᠮᠧᠲ᠋ᠷ᠎ᠢ ᠳᠠᠪᠠᠵᠤ᠂ ᠲᠦᠭᠡᠭᠡᠯ ᠤᠰᠤᠨ᠎ᠤ ᠲᠦᠭᠡᠮᠡᠯᠵᠢᠭ᠌ᠰᠡᠨ ᠨᠣᠷᠮ᠎ᠠ 96% ᠳ᠋ᠤ ᠬᠦᠷᠴᠦ᠍᠂ ᠵᠠᠰᠠᠭ ᠵᠠᠬᠢᠷᠭᠠᠨ᠎ᠤ ᠲᠣᠰᠭᠣᠨ᠎ᠤ 5G ᠶ᠋ᠢᠨ ᠨᠡᠪᠲᠡᠷᠡᠭ᠌ᠰᠡᠨ ᠨᠣᠷᠮ᠎ᠠ 95% ᠶ᠋ᠢ ᠳᠠᠪᠠᠪᠠ; ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢ ᠡᠮᠴᠢᠯᠡᠭᠡᠨ᠎ᠦ ᠳᠠᠭᠠᠳᠭᠠᠯ᠎ᠤᠨ ᠲᠣᠭ᠍ᠲᠠᠭ᠍ᠰᠠᠨ ᠴᠡᠭ᠎ᠲᠤ ᠣᠷᠣᠭᠤᠯᠤᠭ᠍ᠰᠠᠨ ᠵᠠᠰᠠᠭ ᠵᠠᠬᠢᠷᠭᠠᠨ᠎ᠤ ᠲᠣᠰᠭᠣᠨ᠎ᠤ ᠬᠠᠷᠢᠴᠠᠯ᠎ᠨᠢ 98% ᠡᠴᠡ ᠳᠡᠭᠡᠭ᠌ᠰᠢ᠎ᠳᠦ ᠬᠦᠷᠴᠦ᠍᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠣᠨᠣᠱᠢᠯᠠᠨ ᠡᠮᠨᠡᠬᠦ᠌ ᠬᠡᠮᠵᠢᠶ᠎ᠡ᠎ᠶ᠋ᠢᠨ ᠡᠵᠡᠯᠡᠬᠦ᠌ ᠬᠠᠷᠢᠴᠠᠯ᠎ᠨᠢ 52.6% ᠳ᠋ᠤ ᠬᠥᠷᠪᠡ ᠁
ᠬᠦᠳᠡᠭᠡ ᠠᠵᠤ ᠠᠬᠤᠢ᠎ᠶᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠪᠣᠯ ᠨᠢᠭᠡᠨ ᠤᠷᠳᠤ ᠬᠤᠭᠤᠴᠠᠭᠠᠨ᠎ᠤ ᠪᠥᠭᠡᠳ ᠪᠡᠷᠬᠡ ᠬᠠᠲᠠᠭᠤᠵᠢᠯᠲᠠᠢ ᠲᠡᠦᠬᠡᠲᠦ ᠡᠭᠦᠷᠭᠡ ᠮᠥᠨ᠂ ᠱᠠᠳᠤ ᠬᠤᠪᠢᠶᠠᠨ ᠯᠠᠪᠳᠠᠭᠤᠨ ᠪᠠᠲᠤᠲᠠᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠱᠢᠨᠲᠠᠷᠠᠰᠢ ᠦᠭᠡᠢ ᠴᠢᠷᠮᠠᠢᠬᠤ ᠬᠡᠷᠡᠭ᠌ᠲᠡᠢ᠄
2027 ᠣᠨ ᠪᠣᠯᠬᠤ᠎ᠳᠤ᠂ ᠬᠦᠳᠡᠭᠡ ᠠᠵᠤ ᠠᠬᠤᠢ᠎ᠶᠢᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠢᠯᠡᠳᠲᠡ ᠠᠬᠢᠴᠠ᠎ᠲᠠᠶ ᠪᠣᠯᠭᠠᠨ᠎ᠠ᠃ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠠᠵᠢᠯ ᠮᠥᠨ ᠴᠢᠨᠠᠷ᠎ᠤᠨ ᠠᠬᠢᠴᠠ᠎ᠲᠠᠶ ᠪᠤᠯᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠱᠢᠨ᠎ᠡ ᠳᠡᠭ᠌ᠲᠡᠷ᠎ᠲᠦ ᠭᠠᠷᠤᠨ᠎ᠠ;
2035 ᠣᠨ ᠪᠣᠯᠬᠤ᠎ᠳᠤ᠂ ᠬᠦᠳᠡᠭᠡ ᠠᠵᠤ ᠠᠬᠤᠢ᠎ᠶᠢᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠨ᠎ᠠ᠃ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠠᠵᠢᠯ ᠱᠢᠢᠳᠪᠦᠷᠢᠲᠦ ᠴᠢᠨᠠᠷᠲᠠᠢ ᠠᠬᠢᠴᠠ᠎ᠲᠠᠶ ᠪᠤᠯᠵᠤ᠂ ᠬᠥᠳᠡᠭᠡ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠬᠥᠳᠡᠭᠡ ᠲᠣᠰᠭᠣᠨ ᠤᠳᠤ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ;
ᠲᠤᠰ ᠵᠠᠭᠤᠨ᠎ᠤ ᠳᠤᠮᠳᠠᠴᠢ ᠪᠣᠯᠬᠤ᠎ᠳᠤ᠂ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠨ᠎ᠡ᠃ ᠬᠣᠲᠠ ᠬᠥᠳᠡᠭᠡ᠎ᠶ᠋ᠢ ᠪᠥᠬᠥ᠌ ᠲᠠᠯ᠎ᠠ᠎ᠪᠠᠷ ᠠᠭᠤᠰᠤᠯᠴᠠᠭᠤᠯᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠵᠤ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠦᠨ᠎ᠡ ᠁
ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ ᠠᠷᠠᠳ ᠲᠦᠮᠡᠨ ᠯᠠᠪᠳᠠᠭᠤᠨ ᠪᠠᠲᠤᠲᠠᠢ᠎ᠪᠠᠷ ᠴᠥᠬᠥᠷᠡᠰᠢ ᠦᠬᠡᠢ ᠲᠡᠮᠡᠴᠡᠵᠦ᠍᠂ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠢ ᠲᠦᠷᠭᠡᠳᠭᠡᠨ ᠪᠦᠳᠦᠬᠡᠨ ᠪᠠᠢᠭᠤᠯᠬᠤ ᠬᠠᠷᠠᠯᠲᠠ ᠪᠣᠯᠤᠨ ᠪᠠᠢᠷᠢᠯᠠᠭᠤᠯᠤᠯᠲᠠ᠎ᠶ᠋ᠢ ᠯᠠᠪᠳᠠᠭᠤᠨ ᠪᠠᠲᠤᠲᠠᠢ ᠠᠵᠢᠯᠯᠠᠭ᠎ᠠ ᠪᠣᠯᠭᠠᠵᠤ᠂ ᠬᠦᠰᠡᠯ ᠡᠷᠡᠮᠡᠯᠵᠡᠯ᠎ᠲᠦ ᠬᠡᠭᠡᠷ᠎ᠡ ᠲᠠᠯ᠎ᠠ ᠨᠢ ᠱᠢᠨ᠎ᠡ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠠᠢ᠌ᠨ ᠰᠠᠢᠬᠠᠨ ᠢᠷᠡᠭᠡᠳᠦᠢ ᠨᠢ ᠬᠥᠮᠦᠰ᠎ᠢ ᠬᠦᠰᠡᠨ ᠡᠷᠡᠮᠡᠯᠵᠡᠭᠦᠯᠬᠦ᠌ ᠪᠣᠯᠤᠨ᠎ᠠ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ)