ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ ᠤ᠋ ᠪᠠᠶᠠᠷ ᠣᠢᠷᠠᠳᠴᠤ ᠯᠤᠤᠳᠤ ᠤᠩᠭᠤᠴᠠᠨ ᠤ᠋ ᠤᠷᠤᠯᠳᠤᠭᠠᠨ ᠶᠠᠪᠤᠭᠳᠠᠵᠤ ᠡᠬᠢᠯᠡᠯ᠎ᠠ᠃ ᠭᠤᠸᠠᠩᠳᠦ᠋ᠩ ᠮᠤᠵᠢ᠎ᠶ᠋ᠢᠨ 200 ᠭᠠᠷᠤᠶ ᠯᠤᠸ᠋ᠲᠤ ᠣᠩᠭᠣᠴᠠᠨ᠎ᠤ ᠤᠷᠤᠯᠳᠤᠭᠠᠨ ᠨᠢ 《ᠤᠷᠤᠯᠳᠤᠭᠠᠨ+ ᠴᠤᠭ᠍ᠯᠠᠭ᠎ᠠ ᠮᠠᠢᠮᠠᠶ + ᠢᠳᠡᠵᠦ ᠬᠤᠨᠤᠬᠤ》 ᠱᠢᠶᠠᠨ᠎ᠤ ᠬᠡᠪᠴᠢᠶᠡᠨ᠎ᠦ ᠬᠡᠷᠡᠭ᠌ᠯᠡᠭᠡ ᠵᠢᠨ ᠬᠡᠯᠬᠢᠶ᠎ᠡ᠎ᠶ᠋ᠢ ᠪᠤᠢ ᠪᠤᠯᠭᠠᠪᠠ; ᠬᠠᠢᠨᠠᠨ᠎ᠤ ᠳ᠋ᠢᠩ ᠠᠨ ᠨᠢ ᠽᠦᠩᠽᠢ ᠵᠢ 《ᠴᠢᠯᠥᠭᠡᠲᠦ ᠠᠷᠠᠯᠵᠢᠶᠠᠨ᠎ᠤ ᠭᠠᠷᠠᠮ᠎ᠤᠨ ᠠᠮᠲᠠᠲᠤ ᠢᠳᠡᠭᠡᠨ᠎ᠦ IP》 ᠪᠣᠯᠭᠠᠵᠤ᠂ ᠰᠣᠶᠣᠯ ᠵᠢᠭᠤᠯᠴᠢᠯᠠᠯ᠎ᠤᠨ ᠬᠠᠯᠠᠭᠤᠨ ᠥᠷᠨᠢᠯᠲᠡ ᠭᠠᠷᠭᠠᠪᠠ᠃ ᠯᠤᠸ᠋ᠲᠤ ᠣᠩᠭᠣᠴᠠᠨ ᠤ᠋ ᠤᠷᠤᠯᠳᠤᠭᠠᠨ᠂ ᠽᠦᠩᠽᠢ᠎ᠶ᠋ᠢᠨ ᠠᠩᠬᠢᠯᠤᠮ᠎ᠠ ᠦᠨᠦᠷ ᠡᠴᠡ ᠰᠣᠶᠣᠯ ᠵᠢᠭᠤᠯᠴᠢᠯᠠᠯ ᠬᠦᠷᠲᠡᠯ᠎ᠡ᠂ ᠱᠢᠶᠠᠨ᠎ᠤ ᠬᠡᠪᠴᠢᠶᠡᠨ᠎ᠦ ᠬᠡᠷᠡᠭ᠌ᠯᠡᠭᠡ ᠵᠢᠨ ᠦᠵᠡᠭᠳᠡᠯ ᠪᠠᠢᠳᠠᠯ ᠰᠢᠨᠡᠳᠴᠤ᠂ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃
ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠨᠢ ᠪᠦᠬᠦ᠌ ᠤᠯᠤᠰ᠎ᠤᠨ GDP ᠶ᠋ᠢᠨ 40% ᠱᠢᠬᠠᠮ᠎ᠢ ᠡᠵᠡᠯᠡᠵᠦ᠍᠂ ᠱᠢᠶᠠᠨ᠎ᠤ ᠬᠡᠪᠴᠢᠶᠡᠨ᠎ᠦ ᠬᠡᠷᠡᠭ᠌ᠯᠡᠭᠡ ᠨᠢ ᠨᠢᠭᠡᠨᠲᠡ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠴᠢᠬᠤᠯᠠ ᠬᠦᠴᠦᠨ ᠪᠣᠯᠤᠭ᠍ᠰᠠᠨ ᠪᠠᠢᠨ᠎ᠠ᠃ ᠱᠢᠶᠠᠨ᠎ᠤ ᠬᠡᠪᠴᠢᠶᠠᠨ ᠤ᠋ ᠬᠡᠷᠡᠭ᠌ᠯᠡᠭᠡ᠎ᠶ᠋ᠢ ᠦᠨᠡᠨ ᠬᠦ᠌ ᠬᠥᠭ᠌ᠵᠢᠭᠡᠭ᠌ᠰᠡᠨ 《ᠵᠠᠩᠭᠢᠯᠠᠭ᠎ᠠ᠎ᠶ᠋ᠢᠨ ᠬᠤᠪᠢᠰᠤᠭ᠍ᠴᠢ》 ᠪᠣᠯ ᠬᠡᠷᠡᠭ᠌ᠯᠡᠭᠡ ᠵᠢᠨ ᠦᠵᠡᠭᠳᠡᠯ ᠪᠠᠢᠳᠠᠯ᠎ᠤᠨ ᠱᠢᠨ᠎ᠡ ᠡᠭᠦᠳᠦᠯᠲᠡ ᠮᠥᠨ᠃ ᠬᠡᠷᠡᠭ᠌ᠯᠡᠭᠡ ᠵᠢᠨ ᠦᠵᠡᠭᠳᠡᠯ ᠪᠠᠢᠳᠠᠯ ᠨᠢ ᠵᠥᠪᠬᠡᠨ ᠬᠤᠳᠠᠯᠳᠤᠭᠠᠯᠠᠬᠤ ᠣᠷᠣᠨ ᠵᠠᠶ ᠲᠡᠳᠦᠶ ᠪᠢᠰᠢ᠂ ᠨᠠᠩ ᠴᠤ᠌ ᠤᠷᠮ᠎ᠠ ᠰᠡᠳᠭᠢᠯᠭᠡ᠎ᠶ᠋ᠢ ᠬᠥᠭ᠌ᠵᠢᠭᠡᠬᠦ᠌᠂ ᠪᠡᠶᠡᠴᠢᠯᠡᠨ ᠣᠢᠯᠠᠭᠠᠬᠤ᠂ ᠬᠡᠷᠡᠭ᠌ᠴᠡᠭᠡ᠎ᠶ᠋ᠢ ᠬᠥᠭ᠌ᠵᠢᠭᠡᠬᠦ᠌ ᠲᠠᠯᠠᠪᠤᠷ ᠪᠣᠯᠤᠭ᠍ᠰᠠᠨ ᠪᠠᠢᠨ᠎ᠠ᠃ ᠡᠳᠦᠭᠡ᠂ ᠬᠡᠷᠡᠭ᠌ᠯᠡᠭ᠌ᠴᠢᠳ ᠲᠤᠬᠠᠢ᠎ᠶ᠋ᠢᠨ ᠭᠠᠵᠠᠷ᠎ᠤᠨ ᠰᠣᠶᠣᠯ ᠢ᠋ ᠰᠤᠨᠢᠷᠬᠠᠵᠤ᠂ ᠣᠨᠴᠠᠭᠠᠢ ᠪᠡᠶᠡᠴᠢᠯᠡᠨ ᠤᠢᠯᠠᠭᠠᠯᠳᠠ ᠵᠢᠨ ᠲᠦᠯᠦᠭᠡ ᠲᠣᠭᠠᠴᠡᠭ᠎ᠠ ᠬᠢᠬᠦ᠌ ᠳᠤᠷᠠᠲᠠᠢ ᠪᠤᠯᠤᠭᠰᠠᠨ ᠪᠠᠢᠨ᠎ᠠ᠃ ᠱᠢᠨ᠎ᠡ ᠦᠵᠡᠭᠳᠡᠯ ᠪᠠᠢᠳᠠᠯ ᠨᠢ ᠱᠢᠶᠠᠨ᠎ᠤ ᠬᠡᠪᠴᠢᠶᠠᠨ ᠤ᠋ ᠬᠡᠷᠡᠭ᠌ᠯᠡᠭᠡ᠎ᠶ᠋ᠢ ᠬᠥᠭ᠌ᠵᠢᠭᠡᠪᠡ᠃
ᠦᠵᠡᠭ᠌ᠳᠡᠯ ᠪᠠᠢᠳᠠᠯ ᠨᠢ 《ᠵᠠᠩᠭᠢᠯᠠᠭ᠎ᠠ᠎ᠶ᠋ᠢᠨ ᠬᠤᠪᠢᠰᠤᠭ᠍ᠴᠢ》 ᠪᠣᠯᠤᠭ᠍ᠰᠠᠨ ᠤ᠋ ᠰᠢᠯᠳᠠᠭᠠᠨ ᠨᠢ ᠲᠡᠷᠡ᠎ᠬᠦ ᠨᠡᠮᠡᠭ᠌ᠳᠡᠯ᠎ᠦᠨ ᠵᠠᠬ᠎ᠠ ᠳᠡᠯᠭᠡᠭᠦᠷ᠎ᠢ ᠡᠭᠦᠳᠴᠦ᠍ ᠴᠢᠳᠠᠬᠤ᠎ᠳᠤ ᠪᠠᠢᠨ᠎ᠠ᠃ ᠵᠧᠵᠢᠶᠠᠩ᠎ᠤᠨ ᠫᠠᠨ ᠠᠨ ᠳ᠋ᠤ᠂ ᠭᠠᠬᠠᠶ ᠵᠢᠨ ᠮᠢᠬ᠎ᠠ ᠵᠢᠨ ᠳᠠᠢᠯᠠᠯᠭ᠎ᠠ᠂ ᠴᠠᠭᠠᠨ ᠰᠠᠷ᠎ᠠ᠎ᠶ᠋ᠢᠨ ᠪᠤᠤᠪᠤ᠎ᠪᠠᠷ ᠬᠡᠷᠡᠭ᠌ᠯᠡᠭᠡᠨ᠎ᠦ ᠬᠡᠯᠬᠢᠶ᠎ᠡ᠎ᠶ᠋ᠢ ᠪᠦᠷᠢᠯᠳᠦᠭᠦᠯᠪᠡ; ᠠᠨᠾᠦ᠋ᠢ᠎ᠶ᠋ᠢᠨ ᠴᠢᠩ ᠶᠠᠩ᠎ᠳᠤ᠂ ᠲᠣᠰᠭᠣᠨ᠎ᠤ ᠲᠡᠦᠬᠡ᠎ᠶ᠋ᠢᠨ ᠣᠷᠳᠣᠨ᠎ᠳᠤ ᠨᠡᠭᠡᠭᠡᠭ᠌ᠰᠡᠨ 《ᠬᠠᠭᠤᠴᠢᠨ ᠵᠡᠭᠡᠯᠢ ᠲᠣᠰᠭᠣᠨ᠎ᠤ ᠺᠤᠹᠸ》 ᠨᠢ ᠵᠢᠭᠤᠯᠴᠢᠯᠠᠭᠰᠠᠳ᠎ᠤᠨ ᠲᠤᠭᠤᠷᠢᠬᠤ ᠴᠠᠭ ᠢ᠋ 1 ᠴᠠᠭ᠎ᠡᠴᠡ 3 ᠴᠠᠭ ᠪᠣᠯᠲᠠᠯ᠎ᠠ ᠤᠷᠲᠤᠳᠭᠠᠵᠤ᠂ ᠬᠠᠵᠠᠭᠤ ᠳ᠋ᠡᠬᠢ ᠪᠤᠰᠤᠳ ᠬᠤᠭᠤᠯᠠᠨ ᠭᠠᠵᠠᠷ ᠤ᠋ᠨ ᠬᠤᠳᠠᠯᠳᠤᠭ᠎ᠠ ᠵᠢ ᠰᠠᠢᠨ ᠪᠤᠯᠭᠠᠪᠠ ᠁ ᠵᠢᠭᠤᠯᠴᠢᠯᠠᠭᠰᠠᠳ ᠬᠤᠭᠤᠯᠠ ᠤᠮᠳᠠ ᠵᠢ ᠵᠤᠷᠢᠵᠤ ᠢᠷᠡᠭᠰᠡᠨ ᠪᠢᠰᠢ ᠪᠠᠢᠵᠤ ᠮᠡᠳᠡᠨ᠎ᠠ᠂ ᠪᠠᠶᠠᠷ ᠤ᠋ᠨ ᠡᠳᠦᠷ ᠤ᠋ᠨ ᠠᠭᠤᠷ ᠠᠮᠢᠰᠬᠤᠯ ᠳ᠋ᠤ ᠰᠤᠭᠳᠤᠭᠤᠷᠠᠨ᠎ᠠ; ᠨᠢᠭᠡᠨ ᠴᠤᠮᠤ ᠺᠤᠹᠸ ᠨᠢ ᠬᠠᠴᠢᠨ ᠰᠤᠨᠢᠨ ᠪᠢᠰᠢ ᠪᠤᠯᠪᠠᠴᠤ 《ᠲᠣᠯᠣᠭᠠᠢ ᠥᠨᠳᠡᠢᠪᠡᠯ ᠠᠭᠤᠯᠠᠨ ᠤ᠋ ᠦᠵᠡᠮᠵᠢ ᠵᠢ ᠤᠯᠵᠤ ᠦᠵᠡᠬᠦ》 ᠰᠠᠢᠬᠠᠨ ᠤᠷᠴᠢᠨ ᠨᠢ ᠬᠦᠮᠦᠰ ᠤ᠋ᠨ ᠠᠯᠬᠤᠭ᠎ᠠ ᠵᠢ ᠤᠳᠠᠭᠠᠰᠢᠷᠠᠭᠤᠯᠵᠤ᠂ ᠪᠠᠰᠠ ᠭᠠᠷᠤᠨ ᠠᠶ᠎ᠠ᠎ᠪᠠᠷ ᠬᠡᠳᠦᠨ ᠨᠤᠲᠤᠭ᠎ᠤᠨ ᠣᠨᠴᠠ ᠭᠠᠷᠤᠯᠲᠠ᠎ᠶ᠋ᠢ ᠠᠪᠴᠤ᠌ ᠮᠡᠳᠡᠨ᠎ᠠ᠃ ᠡᠲᠡᠭᠡᠷ ᠦᠵᠡᠭᠳᠡᠯ ᠪᠠᠢᠳᠠᠯ ᠨᠢ ᠨᠤᠲᠤᠭ ᠤᠰᠤ ᠪᠣᠯᠤᠨ ᠡᠳᠦᠷ ᠲᠤᠲᠤᠮ᠎ᠤᠨ ᠠᠮᠢᠳᠤᠷᠠᠯ᠎ᠡᠴᠡ ᠤᠷᠭᠤᠨ ᠭᠠᠷᠴᠤ᠌ ᠢᠷᠡᠮᠡᠨᠵᠢᠨ ᠰᠠᠶᠢ ᠥᠷᠨᠢᠭᠦᠨ ᠪᠠᠳᠠᠷᠠᠩᠭᠤᠶ ᠠᠮᠢᠵᠢᠷᠠᠯ᠎ᠤᠨ ᠬᠦᠴᠦᠨ᠎ᠲᠡᠶ ᠪᠣᠯᠵᠣ ᠴᠢᠳᠠᠨ᠎ᠠ᠃ ᠱᠢᠶᠠᠨ᠎ᠤ ᠬᠡᠪᠴᠢᠶᠡᠨ᠎ᠦ ᠬᠡᠷᠡᠭ᠌ᠯᠡᠭᠡ᠎ᠶ᠋ᠢᠨ ᠨᠡᠮᠡᠭ᠌ᠳᠡᠯ᠎ᠦᠨ ᠠᠷᠤ᠎ᠳᠤ᠂ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠵᠡᠷᠭᠡ᠎ᠪᠡᠷ ᠠᠬᠢᠭᠤᠯᠪᠠ᠃
ᠦᠵᠡᠭᠳᠡᠯ ᠪᠠᠢᠳᠠᠯ ᠱᠢᠨᠡᠳᠦᠨ ᠬᠤᠪᠢᠷᠠᠬ᠍ᠰᠠᠨ ᠨᠢ ᠲᠦᠷᠦ᠍᠎ᠶ᠋ᠢᠨ ᠪᠤᠳᠤᠯᠭ᠎ᠠ᠎ᠶ᠋ᠢᠨ ᠲᠤᠯᠭᠠᠭᠤᠷᠢᠯᠠᠯ᠎ᠡᠴᠡ ᠰᠠᠯᠵᠤ ᠴᠢᠳᠠᠬᠤ ᠦᠭᠡᠢ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠲᠦᠷᠦᠭᠦᠬᠡᠨ ᠳᠠᠷᠤᠮᠠᠯᠯᠠᠨ ᠲᠠᠷᠬᠠᠭᠠᠭ᠍ᠰᠠᠨ 《ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠬᠦ᠌ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ》᠎ᠳ᠋ᠤ᠂ ᠱᠢᠶᠠᠨ᠎ᠤ ᠬᠡᠪᠴᠢᠶᠡᠨ᠎ᠦ ᠬᠤᠳᠠᠯᠳᠤᠭᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ ᠭᠡᠵᠦ᠍ ᠳᠤᠷᠠᠳᠴᠠᠢ; ᠡᠭᠦᠨ᠎ᠡᠴᠡ ᠡᠮᠦᠨ᠎ᠡ ᠣᠯᠠᠨ ᠰᠠᠯᠠᠭ᠎ᠠ ᠮᠥᠴᠢᠷ 《ᠬᠡᠷᠡᠭ᠌ᠯᠡᠭᠡ ᠵᠢᠨ ᠱᠢᠨ᠎ᠡ ᠦᠵᠡᠭᠳᠡᠯ ᠪᠠᠢᠳᠠᠯ᠎ᠢ ᠪᠣᠶ ᠪᠣᠯᠭᠠᠵᠤ ᠬᠡᠷᠡᠭ᠌ᠯᠡᠭᠡ ᠵᠢᠨ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠬᠤ ᠲᠤᠬᠠᠶ ᠠᠷᠭ᠎ᠠ ᠬᠡᠮᠵᠢᠶ᠎ᠡ》᠎ᠶ᠋ᠢ ᠨᠡᠢᠲᠡᠯᠡᠵᠦ᠍᠂ ᠢᠳᠡᠭᠡᠨ ᠤᠮᠳᠠᠭᠠᠨ᠂ ᠪᠠᠷᠠᠭᠠᠨ᠎ᠤ ᠭᠦᠶ᠋ᠯᠭᠡᠭᠡ᠎ᠶ᠋ᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠬᠦ᠌ ᠪᠠ ᠱᠢᠨ᠎ᠡ ᠦᠵᠡᠭᠳᠡᠯ ᠪᠠᠢᠳᠠᠯ᠎ᠢ ᠡᠭᠦᠳᠬᠦ᠌᠎ᠶ᠋ᠢ ᠵᠣᠷᠢᠭ᠍ᠵᠢᠭᠤᠯᠪᠠ; 《ᠪᠠᠭ᠎ᠠ ᠮᠥᠷᠲᠡᠭᠡᠨ ᠭᠣᠶᠣ》 ᠦᠵᠡᠭ᠌ᠳᠡᠯ ᠪᠠᠢᠳᠠᠯ᠎ᠢ ᠱᠢᠯᠭᠠᠷᠠᠭᠤᠯᠬᠤ᠂ 《ᠠᠷᠠᠯᠵᠢᠶ᠎ᠠ ᠰᠣᠶᠣᠯ ᠵᠢᠭᠤᠯᠴᠢᠯᠠᠯ ᠲᠠᠷᠢᠶᠠᠯᠠᠩ ᠪᠡᠶ᠎ᠡ᠎ᠶ᠋ᠢᠨ ᠲᠠᠮᠢᠷ ᠠᠷᠢᠬᠢ》 ᠶ᠋ᠢ ᠠᠭᠤᠰᠤᠯᠴᠠᠭᠤᠯᠬᠤ ᠲᠥᠰᠦᠯ᠎ᠢ ᠣᠯᠠᠨ ᠭᠠᠵᠠᠷ᠎ᠲᠤ ᠲᠦᠷᠭᠡᠳᠭᠡᠨ ᠨᠠᠢᠳᠠᠪᠤᠷᠢᠵᠢᠭᠤᠯᠵᠤ᠂ ᠱᠢᠨ᠎ᠡ ᠬᠡᠷᠡᠭ᠌ᠯᠡᠭᠡ ᠵᠢᠨ ᠤᠷᠤᠯᠳᠤᠭᠠᠨ᠎ᠤ ᠵᠠᠮ᠎ᠢ ᠨᠡᠭᠡᠭᠡᠪᠡ ᠁ ᠲᠥᠷᠥ᠎ᠶ᠋ᠢᠨ ᠪᠣᠳᠣᠯᠭ᠎ᠠ᠎ᠶ᠋ᠢᠨ ᠪᠤᠤᠬᠢᠶ᠎ᠠ᠎ᠪᠠᠷ ᠱᠢᠶᠠᠨ᠎ᠤ ᠬᠡᠪᠴᠢᠶᠡᠨ᠎ᠦ ᠬᠡᠷᠡᠭ᠌ᠯᠡᠭᠡ ᠵᠢᠨ ᠦᠵᠡᠭᠳᠡᠯ ᠪᠠᠢᠳᠠᠯ ᠤ᠋ᠨ ᠱᠢᠨ᠎ᠡ᠎ᠶ᠋ᠢ ᠡᠭᠦᠳᠬᠦ᠌᠎ᠳᠦ ᠲᠣᠳᠣᠷᠬᠠᠶ ᠵᠠᠮ ᠱᠤᠭᠤᠮ ᠲᠣᠭ᠍ᠲᠠᠭᠠᠵᠤ ᠥᠭ᠌ᠪᠡ᠃
ᠱᠢᠶᠠᠨ᠎ᠤ ᠬᠡᠪᠴᠢᠶᠡᠨ᠎ᠦ ᠬᠡᠷᠡᠭ᠌ᠯᠡᠭᠡ ᠵᠢᠨ ᠦᠵᠡᠭᠳᠡᠯ ᠪᠠᠢᠳᠠᠯ ᠤᠯᠠᠨ ᠭᠠᠵᠠᠷ ᠲᠤ᠌ ᠳᠠᠪᠬᠤᠴᠠᠬᠰᠠᠨ ᠠᠰᠠᠭᠤᠳᠠᠯ ᠮᠥᠨ ᠬᠦ᠌ ᠣᠷᠣᠱᠢᠵᠤ ᠪᠠᠢᠬᠤ᠎ᠶ᠋ᠢ ᠴᠤ᠌ ᠣᠯᠵᠤ ᠬᠠᠷᠠᠬᠤ ᠬᠡᠷᠡᠭ᠌ᠲᠡᠶ᠃ ᠵᠠᠷᠢᠮ ᠭᠠᠵᠠᠷ᠎ᠤᠨ ᠬᠢᠨ ᠮᠥᠨ ᠯᠡ 《ᠮᠢᠩ ᠴᠢᠩ᠎ᠦᠨ ᠵᠡᠭᠡᠯᠢ》 ᠭᠠᠷᠭᠠᠵᠤ ᠪᠠᠢᠨ᠎ᠠ; ᠵᠠᠷᠢᠮ ᠭᠠᠵᠠᠷ ᠨᠢ 《ᠰᠦᠯᠵᠢᠶᠡᠨ᠎ᠦ ᠨᠡᠷᠡᠲᠦ ᠦᠵᠡᠮᠵᠢ᠎ᠶ᠋ᠢᠨ ᠴᠡᠭ ᠭᠠᠷᠭᠠᠵᠤ》 ᠂ 《ᠨᠢᠭᠡ ᠴᠠᠭ᠎ᠤᠨ ᠬᠠᠯᠠᠮᠱᠢᠯ》 ᠢ᠋ 《ᠢᠮᠠᠭ᠍ᠲᠠ᠎ᠶ᠋ᠢᠨ ᠬᠠᠯᠠᠮᠱᠢᠯ》 ᠪᠣᠯᠭᠠᠵᠤ ᠴᠢᠳᠠᠬᠤ ᠦᠭᠡᠶ ᠪᠠᠢᠨ᠎ᠠ᠃
ᠱᠢᠶᠠᠨ᠎ᠤ ᠬᠡᠪᠴᠢᠶᠡᠨ᠎ᠦ ᠬᠡᠷᠡᠭ᠌ᠯᠡᠭᠡ ᠵᠢᠨ ᠲᠠᠲᠠᠬᠤ ᠬᠦᠴᠦᠨ ᠨᠢ ᠵᠢᠭᠤᠯᠴᠢᠯᠠᠭᠰᠠᠳ ᠢ᠋ ᠳᠠᠬᠢᠭᠠᠳ ᠢᠷᠡᠭᠦᠯᠬᠦ 《ᠱᠢᠯᠲᠠᠭᠠᠨ》ᠲᠠᠶ ᠪᠣᠯᠭᠠᠬᠤ᠎ᠳᠤ ᠪᠠᠢᠨ᠎ᠠ᠃ ᠱᠢᠯᠲᠠᠭᠠᠨ ᠨᠢᠭᠡ ᠪᠦᠷᠢ᠎ᠶ᠋ᠢ ᠦᠵᠡᠭᠳᠡᠯ ᠪᠠᠢᠳᠠᠯ ᠪᠣᠯᠭᠠᠨ ᠬᠢᠵᠦ᠍᠂ ᠦᠵᠡᠭᠳᠡᠯ ᠪᠠᠢᠳᠠᠯ ᠨᠢᠭᠡ ᠪᠦᠷᠢ᠎ᠶ᠋ᠢ ᠳᠠᠳᠠᠬᠤ ᠬᠦᠴᠦᠨ ᠲᠠᠢ ᠪᠣᠯᠭᠠᠪᠠᠯ᠂ ᠱᠢᠶᠠᠨ᠎ᠤ ᠬᠡᠪᠴᠢᠶᠡᠨ᠎ᠦ ᠬᠡᠷᠡᠭ᠌ᠯᠡᠭᠡ ᠳᠠᠷᠤᠢ ᠦᠨᠳᠦᠰᠦ ᠰᠠᠭᠤᠷᠢ ᠲᠠᠢ ᠪᠤᠯᠵᠤ ᠴᠢᠳᠠᠨ᠎ᠠ᠃ ᠦᠵᠡᠭᠳᠡᠯ ᠪᠠᠢᠳᠠᠯ ᠤ᠋ᠨ ᠱᠢᠨ᠎ᠡ᠎ᠶ᠋ᠢ ᠡᠭᠦᠳᠬᠦ᠌᠎ᠪᠡᠷ ᠲᠤᠯᠭᠠᠭᠤᠷᠢᠯᠠᠬᠤ ᠴᠡᠭ ᠪᠣᠯᠭᠠᠪᠠᠯ᠂ ᠱᠢᠶᠠᠨ᠎ᠤ ᠬᠡᠪᠴᠢᠶᠡᠨ᠎ᠦ ᠬᠡᠷᠡᠭ᠌ᠯᠡᠭᠡ ᠯᠠᠪᠲᠠᠶ ᠥᠪᠡᠷ᠎ᠦᠨ ᠠᠢᠵᠠᠮ᠎ᠲᠠᠢ ᠪᠤᠯᠵᠤ ᠴᠢᠳᠠᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)