ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶ᠋ᠢᠨ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠦᠷᠭᠦᠯᠵᠢᠯᠡᠨ ᠪᠦᠷᠢᠨᠰᠢᠬᠦᠯᠵᠦ᠂ ᠪᠠᠢᠴᠠᠭᠠᠬᠤ ᠪᠠᠢᠭᠤᠯᠭ᠎ᠠ ᠬᠢᠭᠡᠳ ᠠᠵᠤ ᠠᠬᠤᠢᠯᠠᠯ᠎ᠤᠨ ᠵᠠᠶ᠎ᠶ᠋ᠢ ᠣᠢᠷᠠᠲᠤᠭᠤᠯᠵᠤ᠂ ᠰᠠᠭᠠᠳ ᠦᠭᠡᠢ ᠨᠡᠪᠲᠡᠷᠡᠯᠴᠡᠬᠦ᠌ ᠠᠷᠭ᠎ᠠ ᠵᠠᠮ᠎ᠢ ᠰᠢᠯᠤᠭᠤᠳᠬᠠᠬᠤ ᠵᠢᠨ ᠲᠤᠯᠠᠳᠠ᠂ ᠤᠢᠷ᠎ᠠ ᠵᠢᠨ ᠡᠳᠦᠷ ᠬᠥᠬᠡᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠬᠦᠬᠡᠬᠣᠲᠠ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠬᠤᠯᠪᠤᠭ᠎ᠠ᠎ᠲᠠᠶ ᠬᠠᠮᠲᠤᠷᠠᠨ ᠪᠠᠢᠴᠠᠭᠠᠬᠤ ᠠᠵᠢᠯ᠎ᠤᠨ ᠨᠡᠭᠡᠭᠡᠯᠲᠡ᠎ᠶ᠋ᠢᠨ ᠡᠳᠦᠷ᠎ᠦᠨ ᠠᠵᠢᠯᠯᠠᠭ᠎ᠠ ᠡᠷᠬᠢᠯᠡᠵᠦ ᠂ ᠬᠡᠰᠡᠭ ᠤᠯᠤᠰ ᠲᠦᠷᠦ ᠶ᠋ᠢᠨ ᠵᠥᠪᠯᠡᠯᠭᠡᠨ᠎ᠦ ᠭᠡᠱᠢᠭᠦᠨ᠂ ᠠᠵᠤ ᠠᠬᠤᠢᠯᠠᠯ᠎ᠤᠨ ᠲᠥᠯᠥᠭᠡᠯᠡᠭ᠌ᠴᠢ ᠵᠢ ᠤᠷᠢᠵᠤ ᠪᠠᠢᠴᠠᠭᠠᠬᠤ ᠪᠠᠢᠭᠤᠯᠭ᠎ᠠ ᠳ᠋ᠸ᠋ ᠭᠦᠨᠵᠡᠭᠡᠢᠷᠡᠬᠦᠯᠦᠨ ᠪᠠᠢᠴᠠᠭᠠᠬᠤ ᠠᠵᠢᠯ ᠢ ᠤᠢᠯᠠᠭᠠᠭᠤᠯᠵᠠᠢ᠃ ᠮᠦᠨ ᠲᠤᠬᠳᠠᠴᠠ ᠳ᠋ᠸ᠋ ᠭᠠᠷ ᠤ᠋ᠨ ᠦᠰᠦᠭ ᠵᠢᠷᠤᠵᠤ ᠲᠤᠬᠳᠠᠬᠤ᠂ ᠪᠤᠳᠤᠯ ᠰᠠᠨᠠᠯ ᠵᠢᠡᠨ ᠰᠤᠯᠢᠯᠴᠠᠬᠤ᠂ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠬᠦ᠌ ᠠᠷᠭ᠎ᠠ ᠮᠠᠶᠢᠭ ᠵᠢᠡᠷ ᠲᠠᠮᠵᠢᠨ᠂ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ᠎ᠢ ᠬᠠᠮᠲᠤ᠎ᠪᠠᠷ ᠪᠠᠢᠭᠤᠯᠤᠨ ᠰᠢᠯᠢᠳᠡᠭᠵᠢᠬᠦᠯᠵᠦ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠵᠠᠢ᠃
ᠬᠤᠷᠠᠯ᠎ᠳᠤ ᠣᠷᠣᠯᠴᠠᠭ᠍ᠰᠠᠳ ᠪᠠᠢᠴᠠᠭᠠᠬᠤ ᠬᠣᠷᠢᠶᠠᠨ᠎ᠳᠤ ᠬᠦᠷᠴᠦ᠍᠂ 12309 ᠪᠠᠢᠴᠠᠭᠠᠬᠤ ᠠᠵᠢᠯ ᠤ᠋ᠨ ᠦᠢᠯᠡᠴᠢᠯᠡᠭᠡᠨ᠎ᠦ ᠲᠥᠪ᠂ 《ᠪᠠᠢᠴᠠᠭᠠᠬᠤ ᠠᠵᠢᠯ ᠪᠠ ᠠᠵᠤ ᠠᠬᠤᠢᠯᠠᠯ᠎ᠤᠨ ᠠᠭᠤᠯᠵᠠᠯᠲᠠ᠎ᠶ᠋ᠢᠨ ᠲᠢᠩᠬᠢᠮ》᠂ 《ᠵᠤᠯᠠ ᠨᠠᠰᠤᠨ ᠳ᠋ᠸ᠋ ᠦᠯᠦ ᠬᠦᠷᠦᠭᠰᠡᠳ ᠲᠦ᠍ ᠬᠤᠯᠪᠤᠬᠳᠠᠬᠰᠠᠨ ᠶᠠᠯᠠᠳᠤ ᠠᠵᠢᠯᠯᠠᠭ᠎ᠠ ᠵᠢ ᠪᠠᠢᠴᠠᠭᠠᠬᠤ ᠠᠵᠢᠯ》 ᠤ᠋ᠨ ᠬᠠᠤᠯᠢ᠎ᠪᠠᠷ ᠵᠠᠰᠠᠬᠤ ᠬᠥᠮᠦᠵᠢᠯ᠎ᠦᠨ ᠰᠠᠭᠤᠷᠢᠨ ᠵᠡᠷᠭᠡ ᠴᠢᠳᠠᠮᠵᠢᠳᠤ ᠣᠷᠣᠨ ᠪᠦᠰᠡ᠎ᠶ᠋ᠢ ᠲᠤᠬᠠᠢ᠎ᠶ᠋ᠢᠨ ᠭᠠᠵᠠᠷ᠎ᠲᠤᠨᠢ ᠲᠣᠭᠣᠷᠢᠨ ᠦᠵᠡᠪᠡ᠃
ᠬᠦᠬᠡᠬᠤᠳᠠ᠎ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ᠂ ᠬᠦᠬᠡᠬᠤᠳᠠ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠬᠤᠯᠪᠤᠭ᠎ᠠ ᠡᠴᠨ 《ᠬᠥᠬᠡᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠪᠠ ᠬᠥᠬᠡᠬᠣᠲᠠ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠬᠤᠯᠪᠤᠭ᠎ᠠ ᠵᠢᠨ ᠬᠠᠤᠯᠢ ᠪᠡᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠬᠦᠯᠬᠦ ᠳ᠋ᠸ᠋ ᠦᠢᠯᠡᠴᠢᠯᠡᠨ ᠪᠠᠳᠤᠯᠠᠬᠤ ᠬᠠᠮᠵᠢᠯᠴᠠᠭᠠᠨ ᠤ᠋ ᠲᠤᠬᠳᠠᠴᠠ》 ᠳ᠋ᠤ ᠭᠠᠷᠤᠨ ᠥᠰᠥᠭ ᠵᠢᠷᠤᠪᠠ᠃ ᠬᠠᠮᠵᠢᠯᠴᠠᠬᠤ ᠲᠣᠭ᠍ᠲᠠᠴᠠ ᠨᠢ ᠬᠥᠬᠡᠬᠣᠲᠠ᠎ᠶ᠋ᠢᠨ ᠵᠠᠬ᠎ᠠ ᠳᠡᠯᠭᠡᠭᠦᠷᠴᠢᠯᠡᠭ᠌ᠰᠡᠨ᠂ ᠬᠠᠤᠯᠢ ᠪᠡᠷ ᠵᠠᠰᠠᠭᠰᠠᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠠᠢᠭᠤᠯᠬᠤ ᠬᠠᠷᠠᠯᠲᠠ᠎ᠲᠠᠶ ᠨᠢᠭ᠍ᠲᠠ ᠤᠶᠠᠯᠳᠤᠨ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠡᠪᠡᠷᠱᠢᠶᠡᠯ᠂ ᠡᠵᠡᠩᠨᠡᠯᠲᠡ᠎ᠶ᠋ᠢᠨ ᠲᠦᠭ᠌ᠵᠢᠷᠡᠯ᠂ ᠬᠠᠤᠯᠢ ᠪᠡᠷ ᠵᠠᠰᠠᠬᠤ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠢᠩᠭᠤᠵᠢᠭ᠍ᠰᠠᠨ ᠬᠣᠯᠪᠣᠭ᠎ᠠ ᠠᠪᠬᠤ᠂ ᠬᠣᠯᠪᠣᠭᠠᠯᠠᠨ ᠪᠠᠢᠴᠠᠭᠠᠨ ᠰᠤᠳᠤᠯᠤᠯᠲᠠ ᠬᠢᠬᠦ᠂ ᠲᠤᠬᠠᠢᠯᠠᠭ᠍ᠰᠠᠨ ᠠᠵᠢᠯ᠎ᠤᠨ ᠰᠣᠯᠢᠯᠴᠠᠭ᠎ᠠ ᠬᠢᠵᠦ᠍ ᠬᠠᠮᠵᠢᠯᠴᠠᠬᠤ ᠠᠵᠢᠯ᠎ᠤᠨ ᠵᠠᠭ᠍ᠪᠤᠷ᠎ᠢ ᠪᠠᠢᠭᠤᠯᠵᠠᠢ᠃