— ᠥᠪᠥᠷ ᠮᠣᠩᠭᠣᠯ᠎ᠤᠨ ᠡᠯᠡᠰᠦ᠎ᠶ᠋ᠢ ᠵᠠᠰᠠᠬᠤ ᠡᠮᠦᠨ᠎ᠡ ᠹᠷᠣᠨᠲ᠎ᠤᠨ ᠠᠵᠢᠭ᠍ᠯᠠᠯᠲᠠ
ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠪᠠᠷᠠᠭᠤᠨ ᠵᠠᠬ᠎ᠠ᠎ᠪᠡᠷ ᠰᠠᠯᠬᠢ ᠪᠠᠰᠠ ᠴᠤ᠌ ᠶᠡᠬᠡ᠂ ᠬᠡᠳᠡᠯ᠎ᠡ ᠡᠯᠡᠰᠦ ᠭᠡᠢᠰᠬᠦ ᠦᠭᠡᠢ ᠪᠣᠯᠵᠠᠶ᠃ ᠡᠪᠡᠰᠦᠨ ᠳᠦᠷᠪᠡᠯᠵᠢᠭᠡᠰᠦ ᠵᠢᠨ ᠲᠤᠳᠤᠷ᠎ᠠ ᠡᠴᠡ ᠤᠷᠭᠤᠨ ᠭᠠᠷᠴᠤ ᠢᠷᠡᠭᠰᠡᠨ ᠰᠢᠨ᠎ᠠ ᠡᠪᠡᠰᠦ ᠨᠢ ᠥᠩᠭᠡᠷᠡᠭ᠌ᠰᠡᠨ᠎ᠦ ᠲᠤᠬᠰᠢᠷᠠᠨ ᠤᠯᠠᠢᠷᠠᠵᠤ ᠪᠠᠢᠬᠰᠠᠨ ᠨᠡᠭᠦᠳᠡᠯ ᠡᠯᠡᠰᠦ᠎ᠶ᠋ᠢ ᠨᠢᠬᠡ ᠨᠢᠬᠡ ᠢᠮᠠᠬᠤ ᠪᠡᠷ ᠡᠢᠨ ᠬᠦ᠌ ᠳᠠᠷᠤᠵᠤ ᠨᠤᠮᠤᠬᠠᠳᠬᠠᠯᠠ᠃ ᠡᠨᠡ ᠪᠣᠯ ᠰᠠᠯᠬᠢᠨ᠎ᠤ ᠰᠠᠢᠨ ᠰᠠᠨᠠᠭ᠎ᠠ ᠪᠢᠰᠢ᠂ ᠬᠠᠷᠢᠨ ᠲᠤᠮᠤ ᠤᠯᠤᠰ᠎ᠤᠨ ᠡᠯᠡᠰᠦ᠎ᠶ᠋ᠢ ᠵᠠᠰᠠᠬᠤ ᠬᠦᠴᠦᠨ᠃
ᠲᠤᠮᠤ ᠤᠯᠤᠰ ᠡᠯᠡᠰᠦ᠎ᠶ᠋ᠢ ᠵᠠᠰᠠᠭ᠍ᠰᠠᠨ ᠨᠢ ᠤᠯᠤᠰ ᠤᠨ ᠵᠣᠷᠢᠭ ᠰᠠᠨᠠᠭ᠎ᠠ᠎ᠡᠴᠡ ᠡᠭᠦᠰᠴᠦ᠂ ᠲᠦᠮᠡᠨ ᠭᠠᠵᠠᠷ ᠤᠨ ᠡᠯᠡᠰᠦᠨ ᠲᠠᠯᠠᠢ ᠳ᠋ᠤ ᠪᠤᠳᠠᠳᠤ ᠠᠬᠤᠢ ᠪᠤᠯᠵᠤ ᠨᠠᠢᠳᠠᠪᠤᠷᠢᠵᠢᠭᠤᠯᠤᠬᠳᠠᠨᠠ᠃ ᠮᠠᠨ᠎ᠤ ᠤᠯᠤᠰ ᠤᠨ ᠴᠦᠯᠯᠡᠷᠭᠡᠭ᠌ᠵᠢᠯ ᠢ ᠵᠠᠰᠠᠬᠤ ᠭᠣᠣᠯ ᠲᠠᠢ᠌ᠨ᠎ᠦ ᠲᠠᠯᠠᠪᠤᠷ ᠪᠣᠯᠤᠭ᠍ᠰᠠᠨ᠎ᠤ ᠬᠤᠪᠢ ᠳᠤ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ ᠦᠨ ᠴᠢᠨᠠᠷᠲᠠᠢ ᠳᠠᠢᠯᠠᠯᠳᠤᠭᠠᠨ ᠤ᠋ 《ᠬᠣᠶᠠᠷ ᠬᠠᠭᠠᠰ》 ᠨᠢ ᠥᠪᠥᠷ ᠮᠣᠩᠭᠣᠯ᠎ᠳᠤ ᠪᠠᠢᠵᠤ᠂ ᠪᠦᠬᠦ᠌ ᠤᠯᠤᠰ᠎ᠤᠨ 60% ᠵᠢᠨ ᠠᠵᠢᠯ ᠨᠢ ᠴᠦ᠍ ᠥᠪᠥᠷ ᠮᠣᠩᠭᠣᠯ᠎ᠳᠤ ᠪᠤᠢ᠃ ᠣᠢᠷ᠎ᠠ᠎ᠶ᠋ᠢᠨ 3 ᠵᠢᠯ᠎ᠳᠦ ᠥᠪᠥᠷ ᠮᠣᠩᠭᠣᠯ 《ᠤᠮᠠᠷᠠᠲᠤ᠎ᠶ᠋ᠢᠨ ᠭᠤᠷᠪᠠᠨ ᠣᠷᠣᠨ 》 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠨᠡᠢᠲᠡ 9535.93 ᠲᠦᠮᠡᠨ ᠮᠥ᠍ ᠪᠡᠶᠡᠯᠡᠭᠦᠯᠵᠦ᠍᠂ ᠡᠭᠦᠨ᠎ᠳᠦ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠭ᠍ᠰᠠᠨ᠎ᠨᠢ 5272.79 ᠲᠦᠮᠡᠨ ᠮᠥ᠍ ᠪᠠᠢᠵᠤ᠂ ᠶᠡᠷᠦᠩᠬᠡᠶ ᠲᠠᠯᠠᠪᠠᠶ ᠪᠡᠷ᠎ᠢᠶᠡᠨ ᠪᠥᠬᠥ᠌ ᠤᠯᠤᠰ ᠲᠤ᠌ ᠲᠦᠷᠦᠬᠦᠯᠡᠪᠡ᠃
ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠪᠤᠭᠤᠮᠳᠠ ᠰᠢᠪᠲᠤᠯᠬᠤ᠌ ᠲᠡᠢᠯᠠᠯᠳᠤᠭᠠᠨ᠎ᠦ ᠠᠸ᠋ᠭ᠎ᠠ ᠲᠥᠰᠦᠪ᠎ᠢ ᠵᠢᠷᠤᠭ᠍ᠯᠠᠪᠠ
ᠬᠣᠷᠴᠢᠨ᠎ᠤ ᠲᠠᠯ᠎ᠠ ᠨᠤᠲᠤᠭ᠎ᠤᠨ ᠦᠩᠬᠡ ᠦᠵᠡᠮᠵᠢ ᠶᠠᠭ ᠰᠡᠷᠭᠦᠵᠦ᠍ ᠪᠤᠢ᠃
ᠡᠯᠡᠰᠦ᠎ᠶ᠋ᠢ ᠵᠠᠰᠠᠬᠤ《ᠰᠥᠨᠥᠭᠡᠯᠳᠠ ᠵᠢᠨ ᠳᠠᠢᠯᠠᠯᠳᠤᠭᠠᠨ》 ᠢ᠋ ᠦᠷᠨᠢᠬᠦᠯᠦᠭᠰᠡᠨ ᠬᠣᠷᠴᠢᠨ᠎ᠤ ᠡᠯᠡᠰᠦᠷᠬᠡᠭ ᠭᠠᠵᠠᠷ ᠤᠨ ᠭᠤᠤᠯ ᠬᠡᠰᠡᠭ ᠲᠤ᠌ ᠬᠡᠳᠦᠨ ᠵᠠᠭᠤᠨ ᠨᠠᠭᠤᠷ ᠴᠥᠭᠥᠷᠥᠮ ᠨᠤᠭᠤ ᠭᠠᠵᠠᠷᠲᠠᠷᠬᠠᠵᠤ᠂ ᠱᠢᠷ᠎ᠠ ᠡᠯᠡᠰᠦᠪᠦᠬᠦᠡ ᠢ ᠡᠵᠡᠷᠬᠡᠵᠦ ᠪᠠᠢᠭᠰᠠᠨ ᠪᠠᠢᠳᠠᠯ᠎ᠢ ᠲᠤᠢᠯᠪᠤᠷᠢᠳᠠᠢ ᠬᠤᠪᠢᠷᠠᠭᠤᠯᠪᠠ᠃ ᠤᠰᠤ ᠳᠤᠩᠭᠠᠯᠠᠭᠰᠢᠵᠦ ᠡᠪᠡᠰᠦ ᠨᠤᠭᠤᠭᠠᠷᠠᠵᠦ᠂ ᠤᠢ ᠰᠠᠭᠤᠬᠳᠠᠯ ᠳ᠋ᠠᠬᠢ ᠬᠣᠷᠴᠢᠨ᠎ᠤ ᠲᠠᠯ᠎ᠠ ᠨᠤᠲᠤᠭ᠎ᠤᠨ ᠦᠨᠭᠭᠡ ᠦᠵᠡᠮᠵᠢ ᠠᠭᠠᠵᠢᠮ᠎ᠢᠶᠠᠷ ᠰᠡᠷᠭᠦᠵᠤ ᠡᠬᠢᠯᠡᠪᠡ᠃
ᠬᠣᠷᠴᠢᠨ᠎ᠤ ᠡᠯᠡᠰᠦᠷᠬᠡᠭ ᠭᠠᠵᠠᠷ᠎ᠤᠨ ᠠᠮᠢ ᠠᠬᠤᠶ ᠦᠷᠭᠦᠯᠵᠢᠯᠡᠨ ᠰᠠᠢᠵᠢᠷᠠᠪᠠ᠃ 2023 ᠣᠨ᠎ᠤ 6 ᠰᠠᠷ᠎ᠠ᠎ᠳᠤ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠬᠤ ᠪᠠ 《 ᠤᠮᠠᠷᠠᠲᠤ᠎ᠶ᠋ᠢᠨ ᠭᠤᠷᠪᠠᠨ ᠣᠷᠣᠨ 》 ᠵᠡᠷᠭᠡ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠪᠠ᠃ ᠬᠤᠷᠠᠯ᠎ᠡᠴᠡ ᠬᠠᠲᠤᠨ ᠭᠤᠤᠯ᠎ᠤᠨ 《 ᠶᠡᠬᠡ ᠲᠤᠬᠤᠢ ᠤᠷᠤᠨ》 ᠤ᠋ ᠪᠣᠭᠣᠮᠲᠠ ᠱᠢᠪᠲᠤᠯᠬᠤ ᠳᠠᠢᠯᠠᠯᠳᠤᠭᠠᠨ᠂ ᠬᠣᠷᠴᠢᠨ ᠪᠣᠯᠤᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠰᠥᠨᠥᠭᠡᠯᠳᠠ ᠵᠢᠨ ᠳᠠᠢᠯᠠᠯᠳᠤᠭᠠᠨ᠂ ᠾᠸ ᠰᠢ᠎ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠳᠠᠭᠠᠤ᠎ᠵᠢᠨ ᠬᠣᠷᠢᠭ᠍ᠯᠠᠨ ᠴᠣᠬᠢᠬᠤ ᠳᠠᠢᠯᠠᠯᠳᠤᠭᠠᠨ ᠵᠡᠷᠭᠡ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠥᠪᠥᠷ ᠮᠣᠩᠭᠣᠯ 10 ᠱᠢᠬᠠᠮ ᠵᠢᠯ᠎ᠤᠨ ᠴᠠᠭ᠎ᠢ ᠬᠡᠷᠡᠭ᠌ᠰᠡᠵᠦ᠍᠂ 《 ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠲᠡᠮᠡᠴᠡᠨ ᠤᠯᠬᠤ᠎ᠪᠠᠷ ᠴᠢᠷᠮᠠᠢᠵᠤ ᠪᠣᠶ᠃
ᠥᠪᠥᠷ ᠮᠣᠩᠭᠣᠯ ᠵᠣᠬᠢᠶᠠᠨ ᠪᠠᠢᠭᠤᠯᠵᠤ ᠤᠳᠤᠷᠢᠳᠭᠤ ᠲᠣᠭ᠍ᠲᠡᠴᠡ᠎ᠶ᠋ᠢᠨ ᠱᠢᠨ᠎ᠡ᠎ᠶ᠋ᠢ ᠡᠭᠦᠳᠴᠦ᠍᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ᠎ᠤ ᠱᠦᠵᠢ᠎ᠪᠡᠷ ᠳᠤᠭᠤᠢᠯᠠᠩ᠎ᠤᠨ ᠳᠠᠷᠤᠭ᠎ᠠ ᠪᠣᠯᠭᠠᠭ᠍ᠰᠠᠨ 《ᠤᠮᠠᠷᠠᠲᠤ᠎ᠶ᠋ᠢᠨ ᠭᠤᠷᠪᠠᠨ ᠣᠷᠣᠨ 》 ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠤᠳᠤᠷᠢᠳᠭᠤ ᠳᠤᠭᠤᠢᠯᠠᠩ᠎ᠢ ᠪᠠᠢᠭᠤᠯᠵᠤ᠂ ᠡᠯ᠎ᠡ ᠠᠢᠮᠠᠭ ᠬᠣᠲᠠ᠂ ᠬᠣᠱᠢᠭᠤ ᠱᠢᠶᠠᠨ᠎ᠤ ᠨᠠᠮ ᠵᠠᠰᠠᠭ᠎ᠤᠨ ᠭᠤᠤᠯ ᠤᠳᠤᠷᠢᠳᠤᠯᠭ᠎ᠠ ᠡᠮᠦᠨ᠎ᠡ ᠨᠢ ᠤᠷᠤᠵᠤ ᠵᠢᠯᠣᠭᠣᠳᠤᠨ᠂ ᠡᠯ᠎ᠡ ᠰᠤᠮᠤ ᠱᠢᠶᠠᠩ ᠪᠠᠯᠭᠠᠰᠤ᠂ ᠭᠠᠴᠡᠭ᠎ᠠ ᠲᠣᠰᠭᠣᠨ《ᠳᠠᠢᠴᠢᠨ ᠪᠡᠬᠢᠯᠡᠯᠲᠡ》 ᠶ᠋ᠢ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠡᠮᠦᠨ᠎ᠡ ᠹᠷᠣᠨᠲ᠎ᠲᠤ ᠪᠠᠢᠭᠤᠯᠵᠤ᠂ 《ᠲᠠᠪᠤᠨ ᠱᠠᠲᠤᠨ᠎ᠤ ᠱᠦᠵᠢ 》 ᠡᠯᠡᠰᠦ᠎ᠵᠢ ᠵᠠᠰᠠᠬᠤ ᠵᠢ ᠠᠳᠬᠤᠬᠤ ᠠᠵᠢᠯ᠎ᠤᠨ ᠱᠢᠰᠲ᠋ᠧᠮ᠎ᠢ ᠪᠦᠷᠢᠯᠳᠦᠭᠦᠯᠪᠡ᠃
ᠥᠪᠥᠷ ᠮᠣᠩᠭᠣᠯ ᠣᠯᠠᠨ ᠡᠱᠢᠲᠦ ᠣᠷᠣᠭᠤᠯᠤᠯᠲᠠ᠎ᠶ᠋ᠢᠨ ᠲᠣᠭ᠍ᠲᠡᠴᠡ ᠵᠢᠨ ᠱᠢᠨ᠎ᠡ᠎ᠶ᠋ᠢ ᠡᠭᠦᠳᠴᠦ᠍ ᠂ ᠤᠯᠤᠰ᠎ᠤᠨ ᠣᠷᠣᠭᠤᠯᠤᠯᠲᠠ᠎ᠪᠠᠷ ᠭᠤᠤᠯ ᠪᠣᠯᠭᠠᠭ᠍ᠰᠠᠨ᠂ ᠣᠷᠣᠨ ᠨᠤᠲᠤᠭ᠎ᠤᠨ ᠢᠵᠢ ᠪᠥᠷᠢᠳᠦᠭᠦᠯᠦᠭᠰᠠᠨ ᠤᠷᠤᠭᠤᠯᠤᠯᠳᠠ ᠪᠡᠷ ᠬᠠᠪᠰᠤᠷᠤᠮᠵᠢ ᠪᠣᠯᠭᠠᠭ᠍ᠰᠠᠨ᠂ ᠪᠦᠬᠦ ᠨᠡᠢᠭᠡᠮᠦᠨᠬᠢᠨᠦ ᠥᠷᠭᠡᠨ᠎ᠢᠶᠡᠷ ᠣᠷᠣᠯᠴᠠᠭ᠍ᠰᠠᠨ 《 1 + N 》 ᠣᠯᠠᠨ ᠡᠱᠢᠵᠢᠭ᠌ᠰᠡᠨ ᠣᠷᠣᠭᠤᠯᠤᠯᠲᠠ᠎ᠶ᠋ᠢᠨ ᠲᠣᠭ᠍ᠲᠡᠴᠡ᠎ᠶ᠋ᠢ ᠰᠦᠪᠡᠭ᠌ᠴᠢᠯᠡᠨ ᠪᠠᠢᠭᠤᠯᠵᠤ᠂ ᠤᠯᠤᠰ᠎ᠤᠨ ᠲᠥᠷᠥᠯ ᠵᠦᠶ᠋ᠯ᠎ᠦᠨ ᠢᠵᠢ ᠪᠥᠷᠢᠳᠦᠭᠦᠯᠬᠦ᠌ ᠪᠠᠯᠠ ᠮᠥᠩᠭᠥ᠎ᠶ᠋ᠢ ᠪᠦᠬᠦᠨ ᠢ ᠥᠪᠡᠷᠲᠡᠭᠡᠨ ᠵᠠᠰᠠᠬᠤ ᠣᠷᠣᠨ᠎ᠡᠴᠡ ᠡᠭᠦᠷᠭᠡᠯᠡᠵᠦ᠍᠂ ᠠᠢᠮᠠᠭ ᠬᠣᠲᠠ ᠬᠣᠱᠢᠭᠤ ᠱᠢᠶᠠᠨ ᠲᠠᠷᠤᠭᠠᠰᠤ ᠦᠬᠡᠢ ᠪᠡᠷ ᠡᠯᠡᠰᠦ᠎ᠶ᠋ᠢ ᠵᠠᠰᠠᠬᠤ᠎ᠳᠤ ᠬᠦᠴᠦᠨ ᠨᠡᠮᠡᠷᠢᠯᠡᠪᠡ᠃
ᠤᠯᠠᠨ ᠲᠠᠯ᠎ᠠ ᠪᠡᠷ᠎ᠢᠶᠡᠨ ᠬᠠᠮᠲᠤᠷᠠᠯᠴᠠᠨ ᠬᠦᠴᠦᠯᠡᠵᠤ ᠡᠯᠡᠰᠦ᠎ᠵᠢ ᠵᠠᠰᠠᠵᠤ《ᠱᠢᠷ᠎ᠠ ᠯᠣᠣ》 ᠶ᠋ᠢ ᠨᠤᠭᠲᠤᠯᠠᠪᠠ
ᠤᠯᠠᠭᠠᠨᠪᠤᠬ᠎ᠠ ᠵᠢᠨ ᠡᠯᠡᠰᠦᠨ᠎ᠤ ᠬᠠᠮᠤᠭ᠎ᠤᠨ ᠭᠠᠢᠬᠠᠮᠱᠢᠭ᠍ᠲᠠᠢ ᠭᠠᠵᠠᠷ ᠨᠢ ᠯᠢᠦ ᠭᠤᠸᠠᠢᠱᠠ ᠲᠸᠤ ᠪᠠᠢᠬᠤ ᠶᠣᠰᠣᠲᠠᠢ᠃ ᠡᠨᠳᠡᠬᠢ ᠡᠯᠡᠰᠦᠨ ᠴᠥᠯ ᠨᠢ ᠬᠠᠲᠤᠨ ᠭᠤᠤᠯ ᠯᠤᠭ᠎ᠠ 《ᠭᠠᠷ ᠠᠳᠭᠤᠵᠤ》᠂ ᠬᠦᠮᠦᠰ᠎ᠤᠨ ᠰᠡᠬᠦᠳᠡᠷᠯᠡᠬᠦ ᠲᠤᠷᠠᠳᠠᠢ ᠥᠪᠥᠷ ᠮᠣᠩᠭᠣᠯ᠎ᠤᠨ ᠬᠠᠮᠤᠭ᠎ᠤᠨ ᠭᠣᠶᠣ 100 ᠦᠵᠡᠮᠵᠢ᠎ᠶ᠋ᠢᠨ ᠨᠢᠭᠡ ᠪᠣᠯᠵᠠᠶ᠃
ᠭᠡᠪᠡᠴᠦ᠍ ᠡᠨᠳᠡᠬᠢ ᠨᠢ ᠤᠤᠯ ᠳ᠋ᠠᠭᠠᠨ ᠦᠨᠡᠬᠡᠷ ᠲᠦᠭ᠌ᠰᠢᠭᠦᠷᠢ ᠲᠡᠶ ᠭᠠᠵᠠᠷ ᠤᠷᠤᠨ ᠪᠠᠢᠬᠰᠠᠨ ᠶᠤᠮ᠃ ᠤᠯᠠᠨ ᠵᠢᠯ᠎ᠦᠨ ᠲᠤᠷᠰᠢ ᠡᠨᠳᠡᠬᠢ ᠪᠤᠯ ᠡᠯᠡᠰᠦᠨ ᠴᠦᠯ᠎ᠦᠨ ᠬᠠᠳᠤᠨ ᠭᠣᠣᠯ᠎ᠳᠤ ᠲᠦᠷᠢᠨ ᠣᠷᠣᠬᠤ ᠭᠣᠣᠯ ᠪᠤᠯᠬᠤ ᠰᠠᠯᠬᠢ ᠡᠯᠡᠰᠦᠨ᠎ᠦ ᠠᠮᠠ ᠪᠠᠢᠵᠤ᠂ ᠵᠢᠯ ᠪᠦᠷᠢ 1800 ᠲᠦᠮᠡᠨ ᠲᠣᠨ ᠡᠯᠡᠰᠦ ᠱᠢᠪᠠᠷ ᠬᠠᠳᠤᠨ ᠭᠣᠣᠯ᠎ᠳᠤ ᠴᠢᠳᠭᠤᠳᠠᠭ ᠪᠠᠢᠵᠠᠢ᠃
ᠡᠳᠦᠭᠡ ᠡᠯᠡᠰᠦ ᠪᠣᠯᠤᠨ ᠬᠠᠲᠤᠨ ᠭᠤᠤᠯ᠎ᠤᠨ ᠠᠭᠤᠯᠵᠠᠷ ᠬᠡᠰᠡᠭ᠎ᠲᠤ ᠥᠨᠳᠥᠷ ᠲᠣᠮᠣ ᠲᠤᠷᠤᠭ ᠮᠣᠳᠣ ᠪᠣᠯᠤᠨ ᠪᠣᠭᠣᠨᠢ ᠪᠣᠳᠠ ᠮᠣᠳᠣ ᠵᠢᠭᠳᠡᠷᠡᠨ ᠤᠷᠭᠤᠵᠤ᠂ ᠬᠠᠲᠤᠨ ᠭᠤᠤᠯ᠎ᠤᠨ ᠡᠷᠭᠢ ᠳᠠᠭᠠᠤ᠎ᠵᠢᠨ ᠨᠡᠭᠦᠳᠡᠯ ᠡᠯᠡᠰᠦ ᠬᠠᠲᠤᠨ ᠭᠤᠤᠯ᠎ᠳᠤ ᠣᠷᠣᠬᠤ᠎ᠶ᠋ᠢ ᠬᠣᠷᠢᠭ᠍ᠯᠠᠵᠡᠢ᠃ 2025 ᠣᠨ᠎ᠳᠤ ᠤᠯᠠᠭᠠᠨᠪᠤᠬ᠎ᠠ ᠵᠢᠨ ᠡᠯᠡᠰᠦᠨ᠎ᠦ ᠬᠠᠲᠤᠨ ᠭᠤᠤᠯ᠎ᠳᠤ ᠤᠷᠤᠰ᠎ᠤᠨ ᠣᠷᠣᠬᠤ ᠡᠯᠡᠰᠦ ᠱᠢᠪᠠᠷ᠎ᠤᠨ ᠬᠡᠮᠵᠢᠶ᠎ᠡ 150 ᠲᠦᠮᠡᠨ ᠲᠣᠨ ᠪᠣᠯᠵᠤ ᠪᠠᠭᠤᠷᠠᠪᠠ᠃
ᠡᠨᠡᠬᠦ ᠬᠤᠪᠢᠷᠠᠯᠲᠠ᠎ᠶ᠋ᠢᠨ ᠠᠷᠤ᠎ᠳᠤ ᠵᠠᠰᠠᠭ ᠵᠠᠬᠢᠷᠭᠠᠨ᠎ᠤ ᠪᠡᠬᠢᠯᠡᠯᠲᠡ᠎ᠶ᠋ᠢ ᠡᠪᠳᠡᠭᠰᠡᠨ ᠠᠮᠢ ᠠᠬᠤᠶ᠎ᠶ᠋ᠢ ᠵᠠᠰᠠᠬᠤ ᠬᠣᠯᠪᠣᠭ᠎ᠠ ᠪᠤᠢ᠃ ᠪᠠᠶᠠᠨᠨᠠᠭᠤᠷ ᠬᠣᠲᠠ ᠪᠣᠯᠤᠨ ᠠᠯᠠᠱᠠ ᠠᠢᠮᠠᠭ᠎ᠤᠨ ᠠᠭᠤᠯᠵᠠᠷ᠎ᠲᠤ ᠪᠠᠢᠭ᠎ᠠ ᠯᠢᠦ ᠭᠤᠸᠠᠶ ᠱᠠ ᠳᠧᠦ᠍ᠶ᠋ᠢ ᠵᠠᠰᠠᠬᠤ᠎ᠶ᠋ᠢᠨ ᠲᠥᠯᠥᠭᠡ ᠬᠣᠶᠠᠷ ᠭᠠᠵᠠᠷ᠎ᠤᠨ᠎ᠬᠢᠨ ᠵᠠᠰᠠᠭ ᠵᠠᠬᠢᠷᠭᠠᠨ᠎ᠤ ᠣᠷᠣᠨ ᠪᠦᠰᠡ ᠵᠢᠨ ᠵᠠᠭᠠᠭ ᠱᠤᠭᠤᠮ᠎ᠢ ᠡᠪᠳᠡᠵᠦ᠍᠂ ᠨᠢᠭᠡᠳᠦᠯᠲᠡᠶ ᠠᠵᠢᠯᠯᠠᠭ᠎ᠠ ᠥᠷᠨᠢᠭᠦᠯᠵᠦ᠍᠂ ᠠᠯᠠᠱᠠ ᠠᠢᠮᠠᠭ᠎ᠡᠴᠡ ᠭᠠᠵᠠᠷ ᠱᠢᠷᠣᠶ ᠬᠠᠩᠭᠠᠵᠤ᠂ ᠪᠠᠶᠠᠨᠨᠠᠭᠤᠷ ᠬᠣᠲᠠ ᠬᠠᠷᠢᠭᠤᠴᠠᠨ ᠵᠠᠰᠠᠵᠤ᠂ ᠠᠮᠢ ᠠᠬᠤᠶ᠎ᠶ᠋ᠢᠨ ᠵᠠᠰᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠪᠡ᠃
ᠡᠨᠡ ᠪᠣᠯ ᠳᠤᠮᠳᠠᠳᠤ ᠤᠯᠤᠰ᠎ᠤᠨ ᠴᠦᠯᠯᠡᠷᠭᠡᠭ᠌ᠵᠢᠯ᠎ᠢ ᠵᠠᠰᠠᠭ᠍ᠰᠠᠨ《 ᠨᠢᠭᠡ ᠬᠥᠯᠭᠡ ᠱᠢᠳᠠᠷ᠎ᠠ 》 ᠵᠢᠨ ᠤᠶᠤᠨ ᠤᠬᠠᠭᠠᠨ᠎ᠤ ᠬᠤᠷᠢᠶᠠᠩᠭᠤᠢ ᠳᠦᠷᠰᠦ ᠪᠣᠯᠤᠨ᠎ᠠ᠃ ᠥᠪᠥᠷ ᠮᠣᠩᠭᠣᠯ ᠮᠤᠵᠢ ᠣᠷᠣᠨ ᠠᠯᠤᠰᠯᠠᠭ᠍ᠰᠠᠨ᠂ ᠠᠢᠮᠠᠭ ᠬᠣᠲᠠ ᠠᠯᠤᠰᠯᠠᠭ᠍ᠰᠠᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ ᠲᠣᠭ᠍ᠲᠡᠴᠡ᠎ᠶ᠋ᠢ ᠪᠠᠢᠭᠤᠯᠵᠤ᠂ ᠭᠠᠨᠰᠦ᠂ ᠱᠠᠨᠰᠢ ᠵᠡᠷᠭᠡ ᠣᠯᠠᠨ ᠭᠠᠵᠠᠷ᠎ᠯᠤᠭ᠎ᠠ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ ᠲᠣᠭ᠍ᠲᠠᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠪᠠᠨ ᠪᠠᠶᠠᠨᠨᠠᠭᠤᠷ᠂ ᠪᠤᠭᠤᠲᠤ ᠵᠡᠷᠭᠡ 5 ᠠᠢᠮᠠᠭ ᠬᠣᠲᠠ ᠬᠠᠲᠤᠨ ᠭᠤᠤᠯ᠎ᠤᠨ《 ᠶᠡᠬᠡ ᠲᠤᠬᠤᠢ ᠤᠷᠤᠨ》 ᠤ᠋ ᠠᠮᠢ ᠠᠬᠤᠶ᠎ᠶ᠋ᠢ ᠬᠠᠮᠲᠤ᠎ᠪᠠᠷ ᠵᠠᠰᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠳᠠᠷᠤᠭ᠎ᠠ ᠸᠠᠩ ᠵᠣᠣ ᠱᠧᠩ ᠄ 《ᠥᠪᠥᠷ ᠮᠣᠩᠭᠣᠯ ᠮᠤᠵᠢ᠎ᠶ᠋ᠢᠨ ᠬᠣᠭᠣᠷᠣᠨᠳᠣ᠂ ᠠᠢᠮᠠᠭ ᠬᠣᠲᠠ᠎ᠶ᠋ᠢᠨ ᠵᠠᠭᠠᠭ᠎ᠲᠤ ᠠᠮᠢ ᠠᠬᠤᠶ᠎ᠶ᠋ᠢᠨ ᠵᠠᠰᠠᠯᠲᠠ᠎ᠶ᠋ᠢ ᠨᠡᠢᠲᠡ 3000 ᠲᠦᠮᠡᠨ ᠮᠤ᠌᠎ᠡᠴᠡ ᠳᠡᠭᠡᠭ᠌ᠰᠢ ᠪᠡᠶᠡᠯᠡᠭᠦᠯᠪᠡ》 ᠭᠡᠪᠡ᠃
《ᠲᠤᠰ ᠲᠤᠰ ᠲᠠᠭᠠᠨ ᠪᠠᠢᠯᠳᠤᠵᠤ ᠪᠠᠢᠬᠰᠠᠨ》᠎ᠡᠴᠡ ᠪᠠᠨ《ᠬᠠᠮᠲᠤᠷᠠᠯᠴᠠᠨ ᠡᠯᠡᠰᠦ ᠵᠢ ᠵᠠᠰᠠᠬᠰᠠᠨ》 ᠬᠦᠷᠲᠡᠯ᠎ᠡ᠂ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ ᠨᠢ ᠳᠥᠭᠥᠮᠬᠡᠨ ᠬᠢᠯᠢ ᠵᠠᠭᠠᠭ ᠠᠯᠤᠰᠯᠠᠨ《ᠭᠠᠷ ᠠᠳᠭᠤᠬᠰᠠᠨ》ᠶᠠᠪᠤᠳᠠᠯ ᠪᠢᠰᠢ᠂ ᠬᠠᠷᠢᠨ ᠲᠠᠷᠠᠬᠠᠢ ᠪᠤᠲᠠᠷᠬᠠᠢ ᠬᠦᠴᠦᠨ ᠴᠢᠳᠠᠯ᠎ᠢ ᠨᠢᠭ᠍ᠲᠠᠷᠠᠭᠤᠯᠤᠭ᠍ᠰᠠᠨ ᠶᠠᠪᠤᠳᠠᠯ ᠪᠤᠯᠤᠨ᠎ᠠ ᠭᠡᠳᠡᠭ᠎ᠢ ᠥᠪᠥᠷ ᠮᠣᠩᠭᠣᠯ᠎ᠤᠨ ᠴᠦᠯᠯᠡᠷᠭᠡᠭ᠌ᠵᠢᠯ᠎ᠢ ᠵᠠᠰᠠᠭᠰᠠᠨ ᠦᠢᠯᠡᠳᠦᠯᠭᠡ ᠭᠡᠷᠡᠴᠢᠯᠡᠪᠠ᠃ ᠡᠨᠡ ᠪᠣᠯ ᠳᠤᠮᠳᠠᠳᠤ ᠤᠯᠤᠰ᠎ᠤᠨ ᠴᠦᠯᠯᠡᠷᠭᠡᠭ᠌ᠵᠢᠯ᠎ᠢ ᠵᠠᠰᠠᠬᠤ ᠪᠠᠢᠭᠤᠯᠤᠯ᠎ᠤᠨ ᠳᠠᠪᠠᠭᠤᠯᠢᠭ ᠪᠣᠯᠤᠨ᠎ᠠ᠃
ᠡᠯᠡᠰᠦ᠎ᠶ᠋ᠢ ᠵᠠᠰᠠᠵᠤ ᠣᠷᠣᠯᠭ᠎ᠠ᠎ᠪᠠᠨ ᠨᠡᠮᠡᠭ᠌ᠳᠡᠭᠦᠯᠦᠨ ᠠᠮᠢ ᠠᠬᠤᠶ᠎ᠪᠠᠷ ᠠᠷᠠᠳ᠎ᠢ ᠪᠠᠶᠠᠵᠢᠭᠤᠯᠪᠠ
ᠰᠥᠨᠢᠳ ᠪᠠᠷᠠᠭᠤᠨ ᠬᠣᠱᠢᠭᠤᠨ᠎ᠤ ᠮᠠᠯᠴᠢᠨ ᠭᠤᠤ᠎ᠠ᠎ᠵᠢᠨ ᠮᠠᠯᠵᠢᠯ᠎ᠤᠨ ᠲᠠᠯᠠᠪᠠᠶ᠎ᠳᠤ ᠡᠪᠡᠰᠦᠨ ᠭᠦᠷᠦᠮᠡᠯ ᠰᠦᠯᠵᠢᠬᠦ ᠮᠠᠱᠢᠨ ᠬᠦᠷᠴᠢᠭᠢᠨᠡᠨ ᠡᠷᠭᠢᠯᠳᠦᠵᠤ᠂ ᠰᠢᠷ᠎ᠠ ᠦᠩᠬᠡ ᠵᠢᠨ ᠡᠪᠡᠰᠦᠨ ᠬᠦᠷᠦᠮᠡᠯ᠎ᠤᠳ ᠨᠢᠬᠡ ᠨᠢᠬᠡ ᠡᠪᠬᠡᠮᠡᠯ ᠪᠤᠯᠵᠤ ᠪᠦᠳᠦᠵᠤ ᠭᠠᠷᠴᠤ ᠢᠷᠡᠨ᠎ᠡ ᠃
ᠬᠤᠯᠠᠨ ᠱᠢᠷᠭ᠎ᠠ ᠲᠠᠭ᠎ᠠ᠎ᠶ᠋ᠢᠨ ᠡᠯᠡᠰᠦᠨ᠎ᠦ ᠰᠥᠨᠥᠭᠡᠯᠳᠠ ᠵᠢᠨ ᠳᠠᠢᠯᠠᠯᠳᠤᠭᠠᠨ ᠡᠬᠢᠯᠡᠭ᠌ᠰᠡᠨ ᠠᠩᠬᠠᠨ᠎ᠤ ᠵᠢᠯ᠎ᠳᠦ ᠭᠤᠤ᠎ᠠ 6000 ᠮᠦ᠍ ᠪᠡᠯᠴᠢᠭᠡᠷᠲᠡᠬᠡᠨ ᠪᠡᠯᠴᠢᠭᠡᠷᠯᠡᠭᠦᠯᠬᠦ᠌᠎ᠶ᠋ᠢ ᠵᠣᠭ᠍ᠰᠣᠭᠠᠵᠤ᠂ ᠦᠬᠡᠷ ᠬᠤᠨᠢ᠎ᠪᠠᠨ ᠪᠦᠬᠦᠨ᠎ᠢ ᠬᠤᠳᠠᠯᠳᠤᠵᠤ᠂ ᠡᠪᠡᠰᠦᠨ ᠭᠦᠷᠦᠮᠡᠯ ᠰᠦᠯᠵᠢᠬᠦ ᠮᠠᠱᠢᠨ ᠬᠤᠳᠠᠯᠳᠤᠨ ᠠᠪᠬᠤ᠎ᠪᠠᠷ ᠭᠤᠶᠤᠴᠢᠯᠠᠪᠠ᠃ ᠡᠳᠡᠭᠡᠷ ᠲᠤᠲᠤᠷᠭᠠᠨ ᠰᠦᠷᠡᠯ᠎ᠦᠨ ᠬᠦᠷᠦᠮᠡᠯᠢ ᠡᠯᠡᠰᠦᠷᠬᠡᠭ ᠭᠠᠵᠠᠷ᠎ᠤᠨ ᠭᠦᠨ᠎ᠳᠦ ᠵᠥᠭᠡᠭᠡᠪᠦᠷᠢᠯᠡᠨ ᠠᠪᠠᠴᠢᠵᠤ᠂ ᠡᠯᠡᠰᠦ᠎ᠵᠢ ᠲᠤᠭᠲᠠᠪᠤᠷᠢᠵᠢᠭᠤᠯᠬᠤ ᠡᠪᠡᠰᠦᠨ ᠳᠥᠷᠪᠡᠯᠵᠢᠭᠡᠰᠦ ᠪᠣᠯᠭᠠᠪᠠ᠂ ᠡᠨᠡ ᠨᠢ ᠮᠦᠨ ᠴᠤ᠌ ᠲᠡᠳᠡᠨᠡᠢᠬᠢᠨᠤ ᠴᠢᠬᠤᠯᠠ ᠣᠷᠣᠯᠭ᠎ᠠ᠎ᠶ᠋ᠢᠨ ᠢᠷᠡᠯᠲᠡ ᠪᠣᠯᠵᠠᠶ᠃
ᠦᠶ᠎ᠡ ᠤᠯᠠᠷᠢᠨ ᠮᠠᠯᠵᠢᠵᠤ ᠠᠮᠢᠳᠤᠷᠠᠵᠤ ᠢᠷᠡᠭᠰᠡᠨ ᠭᠤᠸ᠎ᠠ ᠡᠯᠡᠰᠦ᠎ᠶ᠋ᠢ ᠵᠠᠰᠠᠬᠤ᠎ᠳᠤ ᠲᠦᠱᠢᠭ᠌ᠯᠡᠨ ᠵᠣᠭᠣᠰ ᠣᠯᠵᠤ ᠴᠢᠳᠠᠭ᠍ᠰᠠᠨ ᠨᠢ ᠥᠪᠥᠷ ᠮᠣᠩᠭᠣᠯ᠎ᠤᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠦᠭ᠌ᠰᠡᠨ 《ᠬᠦᠳᠡᠯᠮᠦᠷᠢ ᠪᠡᠷ ᠲᠡᠳᠬᠦᠮᠵᠢ᠎ᠶ᠋ᠢ ᠣᠷᠣᠯᠠᠭᠤᠯᠬᠤ》ᠲᠣᠭ᠍ᠲᠡᠴᠡ᠎ᠳᠤ ᠲᠦᠱᠢᠭ᠌ᠯᠡᠭ᠌ᠰᠡᠨ᠎ᠡᠴᠡ ᠪᠣᠯᠤᠭ᠍ᠰᠠᠨ ᠶᠤᠮ᠃
《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯ ᠠᠷᠠᠳ ᠲᠦᠮᠡᠨ᠎ᠦ ᠡᠯᠡᠰᠦ᠎ᠶ᠋ᠢ ᠵᠠᠰᠠᠬᠤ ᠳᠠᠢᠯᠠᠯᠳᠤᠭᠠᠨ ᠪᠣᠯᠤᠨ᠎ᠠ᠃ ᠥᠪᠥᠷ ᠮᠣᠩᠭᠣᠯ ᠥᠩᠭᠡᠷᠡᠭ᠌ᠰᠡᠨ᠎ᠦ 《ᠠᠵᠤ ᠠᠬᠤᠢᠯᠠᠯ ᠠᠵᠢᠯ ᠬᠢᠬᠦ᠂ ᠮᠠᠯᠴᠢᠨ ᠲᠠᠷᠢᠶᠠᠴᠢᠨ ᠬᠠᠷᠠᠵᠤ ᠰᠠᠭᠤᠬᠤ》 ᠤᠯᠠᠮᠵᠢᠯᠠᠯᠲᠤ ᠵᠠᠭ᠍ᠪᠤᠷ᠎ᠢ ᠡᠪᠳᠡᠵᠦ᠍᠂ ᠮᠠᠯᠴᠢᠨ ᠲᠠᠷᠢᠶᠠᠴᠢᠨ᠎ᠢ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠳᠤ ᠣᠷᠣᠯᠴᠠᠭᠤᠯᠬᠤ 《ᠬᠦᠳᠡᠯᠮᠦᠷᠢᠯᠡᠬᠦ᠎ᠪᠠᠷ ᠲᠡᠳᠬᠦᠮᠵᠢ᠎ᠶ᠋ᠢ ᠣᠷᠣᠯᠠᠭᠤᠯᠬᠤ》 ᠲᠣᠭ᠍ᠲᠡᠴᠡ᠎ᠶ᠋ᠢ ᠬᠡᠷᠡᠭ᠌ᠵᠢᠭᠦᠯᠵᠦ᠍᠂ ᠬᠥᠳᠡᠯᠮᠦᠷᠢ ᠦᠶ᠋ᠯᠡᠴᠢᠯᠡᠭᠡᠨ᠎ᠦ ᠬᠥᠯᠥᠰᠥ᠍ ᠣᠯᠭᠣᠮᠵᠢ ᠣᠯᠭᠣᠬᠤ ᠬᠡᠮᠵᠢᠶ᠎ᠡ ᠵᠢᠨ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠᠳ᠋ᠡᠬᠢ ᠡᠵᠡᠯᠡᠬᠦ ᠬᠠᠷᠢᠴᠠᠯ᠎ᠢ 10% ᠡᠴᠡ ᠳᠤᠤᠷ᠎ᠠ ᠪᠠᠢᠯᠭᠠᠵᠤ ᠪᠣᠯᠬᠤ ᠥᠬᠡᠶ ᠭᠡᠵᠦ᠍ ᠲᠣᠳᠣᠷᠬᠠᠢᠯᠠᠪᠠ᠃ ᠣᠳᠣᠬᠠᠨ᠎ᠳᠤ ᠥᠪᠥᠷ ᠮᠣᠩᠭᠣᠯ ᠨᠢᠭᠡᠨᠲᠡ ᠬᠥᠳᠡᠯᠮᠦᠷᠢ ᠬᠦᠴᠦᠨ᠎ᠦ ᠬᠥᠯᠥᠰᠥ᠍ ᠣᠯᠭᠣᠮᠵᠢ ᠵᠢ 28 ᠳ᠋ᠦᠩᠱᠢᠭᠤᠷ ᠲᠥᠭᠥᠷᠢᠭ ᠪᠠᠭᠤᠯᠭᠠᠵᠤ᠂ 21 ᠲᠦᠮᠡᠨ ᠮᠠᠯᠴᠢᠨ ᠲᠠᠷᠢᠶᠠᠴᠢᠨ ᠡᠯᠡᠰᠦ᠎ᠶ᠋ᠢ ᠵᠠᠰᠠᠬᠤ ᠳᠤᠮᠳᠠ ᠣᠷᠣᠯᠭ᠎ᠠ᠎ᠪᠠᠨ ᠨᠡᠮᠡᠭ᠌ᠳᠡᠭᠦᠯᠵᠠᠢ᠃
ᠡᠯᠡᠰᠦ᠎ᠶ᠋ᠢ ᠵᠠᠰᠠᠬᠤ ᠲᠠᠢ᠌ᠨ᠎ᠦ ᠲᠠᠯᠠᠪᠤᠷ ᠨᠢ ᠵᠥᠪᠬᠡᠨ ᠡᠯᠡᠰᠦᠷᠬᠡᠭ ᠭᠠᠵᠠᠷ᠎ᠲᠤ ᠪᠠᠢᠬᠤ ᠪᠢᠰᠢ᠂ ᠬᠤᠨᠢᠨ ᠬᠠᠱᠢᠶᠠᠨ᠎ᠳᠤ ᠴᠤ᠌ ᠡᠯᠡᠰᠦ ᠵᠢ ᠵᠠᠰᠠᠵᠤ ᠪᠤᠯᠤᠨ᠎ᠠ᠃
ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠮᠠᠯᠴᠢᠨ ᠱᠢᠨᠡᠪᠠᠶᠠᠷ ᠬᠣᠨᠢᠨ ᠰᠦᠷᠦᠭ ᠵᠢᠡᠨ《ᠳᠤᠷ᠎ᠠ᠎ᠪᠠᠷ᠎ᠨᠢ ᠲᠠᠯᠪᠢᠵᠤ ᠬᠠᠷᠢᠭᠤᠯᠵᠤ》ᠪᠠᠢᠭ᠍ᠰᠠᠨ᠎ᠡᠴᠡ᠎ᠪᠠᠨ《ᠳᠤᠭᠳᠠᠭᠠᠯ ᠶᠤᠰᠤᠭᠠᠷ ᠬᠠᠷᠢᠭᠤᠯᠬᠤ》ᠪᠣᠯᠵᠤ ᠬᠤᠪᠢᠷᠠᠪᠠ᠃ ᠲᠤᠬᠠᠶ᠎ᠶ᠋ᠢᠨ ᠭᠠᠵᠠᠷ᠎ᠤᠨ ᠬᠢᠨ 12 ᠮᠥ᠍ ᠨᠤᠲᠤᠭ ᠪᠡᠯᠴᠢᠭᠡᠷ᠎ᠲᠦ ᠨᠢᠭᠡ ᠬᠣᠨᠢ ᠲᠡᠵᠢᠭᠡᠬᠦ᠌᠎ᠶ᠋ᠢ ᠱᠠᠭᠠᠷᠳᠠᠵᠤ᠂ ᠲᠡᠷᠡ 3200 ᠮᠥ᠍ ᠪᠡᠯᠴᠢᠭᠡᠷ ᠲᠡᠭᠡᠨ ᠵᠦᠪᠬᠡᠨ 110 ᠬᠣᠨᠢ ᠬᠠᠷᠢᠭᠤᠯᠵᠤ ᠪᠤᠯᠤᠨ᠎ᠠ᠃
《ᠬᠡᠳᠦᠢᠪᠡᠷ ᠬᠣᠨᠢᠨ᠎ᠤ ᠲᠤᠭ᠎ᠠ ᠨᠢ ᠴᠥᠭᠡᠷᠡᠭᠰᠡᠨ ᠪᠣᠯᠪᠠᠴᠤ᠌ ᠣᠷᠣᠯᠭ᠎ᠠ ᠨᠢ ᠬᠠᠰᠤᠭ᠍ᠳᠠᠭ᠍ᠰᠠᠨ ᠦᠭᠡᠢ》᠃ ᠲᠡᠭᠦᠨ᠎ᠦ ᠲᠡᠵᠢᠭᠡᠭ᠌ᠰᠡᠨ ᠴᠠᠬᠠᠷ ᠬᠣᠨᠢ ᠪᠣᠯ ᠱᠢᠨ᠎ᠡ ᠡᠭᠦᠯᠳᠡᠷ᠎ᠤᠨ ᠬᠤᠨᠢ ᠪᠣᠯᠤᠨ᠎ᠠ᠂ ᠮᠢᠬᠠᠨ᠎ᠤ ᠭᠠᠷᠤᠯᠲᠠ᠂ ᠢᠬᠡᠷ᠎ᠡ ᠬᠤᠷᠠᠭ᠎ᠠ ᠲᠤᠰᠬᠤ ᠨᠣᠷᠮ᠎ᠠ ᠨᠢ ᠨᠠᠩ ᠥᠨᠳᠥᠷ ᠪᠠᠢᠵᠤ᠂ ᠡᠩ᠎ᠦᠨ ᠦᠶ᠎ᠡ᠎ᠳᠦ ᠨᠢᠭᠡ ᠬᠤᠷᠠᠭᠠᠬᠤᠳᠠᠯᠳᠤᠪᠠᠯ ᠲᠠᠷᠤᠢ ᠠᠷᠠᠴᠢᠯᠠᠨ ᠲᠡᠵᠢᠭᠡᠬᠦ᠌ ᠥᠪᠡᠷ᠎ᠦᠨ ᠥᠷᠲᠡᠭ᠎ᠵᠢᠡᠨ ᠣᠯᠵᠤ ᠠᠪᠴᠢᠷᠠᠳᠠᠭ᠂ ᠲᠡᠭᠡᠬᠦᠯᠡᠷ ᠨᠥᠭᠥᠭᠡ ᠨᠢᠭᠡ ᠬᠤᠷᠠᠭ᠎ᠠ᠎ᠨᠢ ᠳᠠᠷᠤᠶ ᠴᠡᠪᠡᠷ ᠣᠷᠣᠯᠭ᠎ᠠ ᠪᠣᠯᠤᠨ᠎ᠠ᠃
ᠠᠵᠤ ᠦᠢᠯᠡᠰ᠎ᠢ ᠳᠡᠰ ᠳᠡᠪᠱᠢᠬᠦᠯᠬᠦ᠎ᠶ᠋ᠢ ᠠᠬᠢᠭᠤᠯᠵᠤ᠂ ᠪᠡᠯᠴᠢᠭᠡᠷᠯᠡᠭᠦᠯᠬᠦ᠌ ᠬᠡᠪᠴᠢᠶ᠎ᠡ᠎ᠶ᠋ᠢ ᠪᠠᠭᠠᠰᠭᠠᠬᠤ ᠪᠣᠯ ᠨᠤᠲᠤᠭ ᠪᠡᠯᠴᠢᠭᠡᠷ᠎ᠦᠨ ᠲᠠᠭᠠᠭᠠᠴᠠ ᠡᠴᠡ ᠬᠡᠳᠦᠷᠡᠳᠡᠯ᠎ᠠ ᠮᠠᠯᠵᠢᠬᠤ᠎ᠶ᠋ᠢ ᠱᠢᠶ᠋ᠳᠪᠦᠷᠢᠯᠡᠬᠦ᠌᠎ᠶ᠋ᠢᠨ ᠵᠠᠩᠭᠢᠯᠠᠭ᠎ᠠ ᠪᠣᠯᠤᠨ᠎ᠠ᠃ 2025 ᠣᠨ᠎ᠳᠤ ᠥᠪᠥᠷ ᠮᠣᠩᠭᠣᠯ᠎ᠤᠨ ᠪᠠᠢᠭᠠᠯᠢᠯᠢᠭ ᠨᠤᠲᠤᠭ ᠪᠡᠯᠴᠢᠭᠡᠷ᠎ᠦᠨ ᠮᠠᠯ ᠪᠡᠯᠴᠢᠭᠡᠷ᠎ᠦᠨ ᠲᠡᠩᠴᠡᠭᠦᠷᠢ᠎ᠶ᠋ᠢᠨ ᠵᠢᠭᠠᠯᠲᠠ ᠲᠣᠭ᠎ᠠ ᠪᠠᠭᠤᠷᠠᠭᠠᠳ 10% ᠡᠴᠡ ᠳᠣᠷᠣᠭ᠍ᠰᠢ ᠪᠣᠯᠵᠠᠢ᠃
《ᠰᠠᠯᠬᠢ ᠡᠯᠡᠰᠦ ᠬᠥᠮᠦᠨ᠎ᠢ ᠦᠯᠳᠡᠬᠦ᠌》᠎ᠡᠴᠡ《ᠬᠥᠮᠦᠨ ᠰᠠᠯᠬᠢ ᠡᠯᠡᠰᠦ᠎ᠲᠡᠶ ᠲᠡᠮᠡᠴᠡᠭᠰᠡᠨ》 ᠬᠦᠷᠲᠡᠯ᠎ᠡ᠂ ᠥᠪᠥᠷ ᠮᠣᠩᠭᠣᠯ᠎ᠤᠨ ᠴᠦᠯᠯᠡᠷᠭᠡᠭ᠌ᠵᠢᠯ ᠢ ᠵᠠᠰᠠᠭ᠍ᠰᠠᠨ ᠦᠢᠯᠡᠳᠦᠯᠭᠡ ᠨᠢ ᠤᠯᠠᠨ ᠲᠦᠮᠡᠨ ᠢ᠋ ᠠᠮᠢ ᠠᠬᠤᠢ᠎ᠶ᠋ᠢᠨ ᠵᠠᠰᠠᠯᠲᠠ᠎ᠡᠴᠡ ᠠᠱᠢᠭ ᠬᠦᠷᠲᠡᠭᠡᠵᠦ᠍᠂ ᠬᠦᠰᠡᠯ ᠡᠷᠡᠮᠡᠯᠵᠡᠯ᠎ᠲᠡᠶ ᠪᠣᠯᠭᠠᠪᠠᠯ ᠰᠠᠶᠢ ᠤᠳᠠᠭᠠᠨ ᠳᠠᠭᠠᠭᠠᠮᠠᠭᠠᠢ ᠵᠠᠰᠠᠯᠲᠠ᠎ᠶ᠋ᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ ᠴᠢᠳᠠᠨ᠎ᠠ ᠭᠡᠳᠡᠭ ᠢ᠋ ᠭᠡᠷᠡᠴᠢᠯᠡᠪᠡ᠃ ᠡᠨᠡ ᠨᠢ ᠶᠠᠭ ᠳᠤᠮᠳᠠᠳᠤ ᠤᠯᠤᠰ᠎ᠤᠨ ᠴᠦᠯᠯᠡᠷᠭᠡᠭ᠌ᠵᠢᠯ᠎ᠢ ᠵᠠᠰᠠᠬᠤ ᠠᠷᠠᠳ ᠲᠦᠮᠡᠨ᠎ᠦ ᠲᠡᠪᠢᠰᠭᠡᠷ ᠦᠩᠭᠡ ᠬᠡᠯᠳᠡᠢ᠃
ᠡᠯᠡᠰᠦ ᠡᠴᠡ ᠠᠯᠳᠠ ᠰᠢᠷᠭᠠᠭᠠᠵᠤ ᠨᠣᠮᠢᠨ ᠨᠣᠭᠣᠭᠠᠨ ᠡᠴᠡ ᠣᠯᠠᠨ ᠳᠠᠪᠬᠤᠷ ᠠᠱᠢᠭ ᠬᠦᠷᠳᠡᠬᠦ ᠵᠢ ᠲᠠᠢᠴᠢᠯᠠᠪᠠ
《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠭᠣᠣᠯ ᠲᠠᠯᠠᠪᠤᠷ᠎ᠲᠤ 《ᠨᠣᠮᠢᠨ ᠨᠣᠭᠣᠭᠠᠨᠪᠤᠯᠭᠠᠬᠤ》᠎ᠨᠢ ᠠᠮᠢ ᠠᠬᠤᠢ᠎ᠶ᠋ᠢᠨ ᠵᠠᠰᠠᠯᠲᠠ᠎ᠶ᠋ᠢᠨ ᠡᠴᠦᠰ᠎ᠦᠨ ᠴᠡᠭ ᠪᠢᠰᠢ ᠪᠤᠯᠵᠤ᠂ ᠬᠠᠷᠢᠨ ᠤᠯᠠᠨ ᠳᠠᠪᠬᠤᠷ ᠦᠷ᠎ᠡ ᠠᠱᠢᠭ ᠬᠦᠷᠳᠡᠬᠦ ᠵᠢ ᠲᠠᠢᠴᠢᠯᠠᠬᠤ ᠰᠢᠨ᠎ᠡ ᠭᠠᠷᠤᠭ᠎ᠠ ᠪᠣᠯᠵᠠᠢ᠃ ᠠᠮᠢ ᠠᠬᠤᠶ᠎ᠶ᠋ᠢᠨ ᠲᠠᠩᠰᠠ᠂ ᠠᠵᠤ ᠠᠬᠤᠶ᠎ᠶ᠋ᠢᠨ ᠲᠠᠩᠰᠠ᠂ ᠨᠡᠢᠭᠡᠮ᠎ᠦᠨ ᠲᠠᠩᠰᠠ᠎ᠶ᠋ᠢ ᠵᠡᠷᠭᠡ᠎ᠪᠡᠷ ᠪᠤᠳᠤᠵᠤ᠂ ᠨᠣᠮᠢᠨ ᠨᠣᠭᠣᠭᠠᠨ᠎ᠡᠴᠡ ᠣᠯᠠᠨ ᠳᠠᠪᠬᠤᠷ ᠦᠷ᠎ᠡ ᠠᠰᠢᠬ ᠬᠦᠷᠳᠡᠬᠦ ᠵᠢ ᠳᠠᠢᠴᠢᠯᠠᠪᠠ᠃
ᠤᠷᠠᠳ᠎ᠤᠨ ᠡᠮᠦᠨᠡᠲᠦ ᠬᠣᠱᠢᠭᠤᠨ᠎ᠤ ᠰᠦᠵᠢ᠎ᠶ᠋ᠢᠨ ᠡᠯᠡᠰᠦᠨ᠎ᠳᠦ ᠭᠦᠨ ᠬᠥᠬᠡ ᠥᠩᠭᠡᠲᠡᠶ ᠬᠡᠷᠡᠯᠴᠢ ᠴᠡᠨᠡᠭ᠎ᠦᠨ ᠬᠠᠪᠲᠠᠰᠤ ᠡᠯᠡᠰᠦᠨ ᠳᠣᠪᠣᠴᠠᠭ ᠳᠡᠭᠡᠷ᠎ᠡ ᠵᠢᠭᠳᠡᠷᠡᠨ ᠳᠡᠯᠭᠡᠭ᠌ᠳᠡᠵᠦ᠍᠂ ᠨᠡᠬᠦᠳᠡᠯ ᠱᠢᠷ᠎ᠠ ᠡᠯᠡᠰᠦᠨ ᠳ᠋ᠤ ᠬᠤᠶᠠᠭ ᠡᠮᠦᠰᠬᠡᠵᠤ ᠣᠨᠢᠰᠤᠯᠠᠭᠠᠳ ᠲᠠᠯᠪᠢᠬᠰᠠᠨ ᠮᠡᠳᠦ ᠬᠠᠷᠠᠬᠳᠠᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ ᠬᠣᠩ ᠭᠤᠸᠠᠩ ᠢᠦᠶ᠂ ᠡᠯᠡᠰᠦ᠎ᠶ᠋ᠢ ᠵᠠᠰᠠᠬᠤ᠎ᠵᠢᠨ ᠵᠠᠩᠭᠢᠯᠠᠭ᠎ᠠ ᠨᠢ ᠡᠯᠡᠰᠦ᠎ᠶ᠋ᠢ ᠲᠣᠭ᠍ᠲᠠᠪᠤᠷᠢᠵᠢᠭᠤᠯᠬᠤ ᠪᠣᠯᠤᠨ᠎ᠠ᠂ ᠬᠡᠷᠡᠯᠴᠢ ᠴᠡᠨᠡᠭ᠎ᠦᠨ ᠬᠠᠪᠲᠠᠰᠤ ᠵᠢ ᠵᠢᠭ᠍ᠰᠠᠭᠠᠬᠤ ᠪᠣᠯ ᠲᠠᠷᠤᠢ ᠡᠯᠡᠰᠦ᠎ᠶ᠋ᠢ ᠲᠣᠭ᠍ᠲᠠᠪᠤᠷᠢᠵᠢᠭᠤᠯᠬᠤ ᠲᠣᠮᠣ ᠲᠤᠤᠷ ᠪᠣᠯᠤᠨ᠎ᠠ ᠬᠡᠵᠡᠢ᠃
ᠥᠪᠥᠷ ᠮᠣᠩᠭᠣᠯ ᠢᠨᠵᠧᠨᠧᠷᠢᠩ᠎ᠢ ᠠᠭᠤᠰᠤᠯᠴᠠᠭᠤᠯᠬᠤ ᠲᠣᠭ᠍ᠲᠡᠴᠡ᠎ᠵᠢᠨ ᠱᠢᠨ᠎ᠡ᠎ᠶ᠋ᠢ ᠡᠭᠦᠳᠴᠦ᠍᠂《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠪᠠ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂《ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ》᠎ᠶ᠋ᠢ ᠲᠦᠷᠦᠭᠦᠯᠡᠨ ᠬᠡᠷᠡᠭ᠌ᠵᠢᠭᠦᠯᠵᠦ᠍᠂ ᠨᠡᠢᠲᠡ 248 ᠲᠦᠮᠡᠨ ᠮᠥ᠍ ᠡᠯᠡᠰᠦ᠎ᠶ᠋ᠢ ᠵᠠᠰᠠᠵᠤ᠂ 2727 ᠲᠦᠮᠡᠨ ᠺᠢᠯᠦᠸᠠᠲ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ ᠵᠢ ᠤᠭᠰᠠᠷᠠᠪᠡ᠃
ᠠᠳᠠᠯᠢᠬᠠᠨ ᠡᠨᠡ ᠯᠣᠭᠢᠭ ᠨᠢ ᠣᠩᠨᠢᠭᠤᠳ ᠬᠣᠱᠢᠭᠤᠨ᠎ᠳᠤ《ᠵᠠᠮ᠎ᠢᠶᠠᠷ ᠡᠯᠡᠰᠦ᠎ᠶ᠋ᠢ ᠵᠠᠰᠠᠬᠤ》 ᠦᠢᠯᠡᠳᠦᠯᠭᠡ ᠪᠤᠯᠵᠤ ᠬᠤᠪᠢᠷᠠᠬᠰᠠᠨ ᠪᠠᠢᠨ᠎ᠠ᠃
《ᠵᠠᠮ᠎ᠢ ᠬᠠᠮᠢᠭ᠎ᠠ ᠬᠦᠷᠳᠡᠯ᠎ᠡ ᠵᠠᠰᠠᠪᠠᠯ᠂ ᠨᠣᠭᠣᠭᠠᠨ ᠦᠩᠭᠡ ᠲᠡᠨᠳᠡ ᠬᠦᠷᠳᠠᠯ᠎ᠠ ᠦᠷᠬᠦᠯᠵᠢᠯᠡᠨ᠎ᠡ᠃ ᠲᠤᠬᠠᠶ᠎ᠶ᠋ᠢᠨ ᠭᠠᠵᠠᠷ᠎ᠤᠨ ᠡᠯᠡᠰᠦ ᠵᠢ ᠳᠤᠭᠤᠯᠤᠭ᠍ᠰᠠᠨ 18 ᠵᠠᠰᠠᠮᠠᠯ ᠵᠠᠮ ᠨᠢ ᠬᠣᠷᠴᠢᠨ᠎ᠤ ᠡᠯᠡᠰᠦᠷᠬᠡᠭ ᠭᠠᠵᠠᠷ᠎ᠢ〈ᠬᠠᠭ᠎ᠠ ᠵᠦᠰᠦᠨ ᠲᠠᠰᠤᠯᠵᠤ〉᠂ ᠬᠥᠮᠦᠰ ᠳᠠᠬᠢᠨ ᠳᠥᠭᠥᠮ ᠲᠦᠷᠬᠡᠨ ᠵᠠᠮ ᠬᠠᠷᠢᠯᠴᠠᠭ᠎ᠠ᠎ᠶ᠋ᠢ ᠠᠱᠢᠭ᠍ᠯᠠᠨ ᠵᠠᠮ᠎ᠤᠨ ᠬᠣᠶᠠᠷ ᠬᠠᠵᠠᠭᠤ᠎ᠶ᠋ᠢᠨ ᠡᠯᠡᠰᠦᠷᠬᠡᠭ ᠭᠠᠵᠠᠷ᠎ᠢ ᠵᠠᠰᠠᠵᠤ᠂ ᠣᠯᠠᠨ ᠲᠦᠮᠡᠨ ᠶᠠᠪᠤᠵᠤ ᠰᠠᠭᠤᠬᠤ᠎ᠳᠤ ᠲᠥᠬᠥᠮ ᠪᠣᠯᠤᠭ᠍ᠰᠠᠨ᠎ᠢᠶᠠᠷ ᠪᠠᠷᠠᠬᠤ ᠥᠬᠡᠶ ᠡᠯᠡᠰᠦᠷᠬᠡᠭ ᠭᠠᠵᠠᠷ᠎ᠢ ᠴᠤ᠌ ᠪᠦᠲᠦᠮᠵᠢᠲᠡᠶ ᠵᠠᠰᠠᠪᠠ》 ᠭᠡᠵᠦ ᠣᠩᠨᠢᠭᠤᠳ ᠬᠣᠱᠢᠭᠤᠨ᠎ᠤ ᠨᠠᠮ᠎ᠤᠨ ᠬᠣᠷᠢᠶ᠎ᠠ ᠵᠢᠨ ᠱᠦᠵᠢ ᠮᠥᠩᠬᠡ ᠭᠡᠯᠡᠨ᠎ᠡ᠃
ᠡᠯᠡᠰᠦ᠎ᠶ᠋ᠢ ᠵᠠᠰᠠᠬᠤ ᠬᠡᠯᠬᠢᠶ᠎ᠡ ᠵᠢ ᠪᠠᠰᠠ ᠤᠷᠳᠤᠳᠬᠠᠵᠤ ᠪᠣᠯᠤᠨ᠎ᠠ᠃ ᠦᠦᠱᠢᠨ ᠬᠣᠱᠢᠭᠤᠨ᠎ᠤ ᠨᠢᠭᠡᠨ ᠠᠵᠤ ᠠᠬᠤᠢᠯᠠᠯ᠎ᠤᠨ ᠦᠢᠯᠡᠳᠪᠦᠷᠢ᠎ᠶ᠋ᠢᠨ ᠲᠠᠰᠤᠭ᠎ᠲᠤ ᠡᠯᠡᠰᠦᠨ ᠪᠤᠷᠭᠠᠰᠤ᠎ᠶ᠋ᠢᠨ ᠰᠠᠯᠠᠭ᠎ᠠ᠎ᠶ᠋ᠢ ᠪᠣᠯᠪᠠᠰᠤᠷᠠᠭᠤᠯᠵᠤ᠂ ᠠᠮᠢᠳᠤ ᠪᠣᠳᠠᠰ᠎ᠤᠨ ᠮᠥᠬᠥᠯᠢᠭ᠌ᠲᠦ ᠲᠦᠯᠡᠰᠢ ᠪᠣᠯᠭᠠᠪᠠ᠃
ᠦᠦᠱᠢᠨ ᠬᠣᠱᠢᠭᠤᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠬᠠᠰᠮᠦ᠋ᠷᠡᠨ᠄《ᠡᠯᠡᠰᠦᠨ ᠪᠤᠷᠭᠠᠰᠤ ᠵᠢ 3 ᠡᠴᠡ 5 ᠵᠢᠯ ᠤᠷᠭᠤᠭᠤᠯᠤᠭᠰᠠᠨ ᠤ᠋ ᠲᠠᠷᠠᠭ᠎ᠠ ᠭᠠᠵᠠᠷ ᠤ᠋ᠨ ᠭᠠᠳᠠᠷᠭᠤ ᠡᠴᠡ ᠲᠡᠭᠡᠭᠰᠢᠬᠢ ᠵᠢ ᠨᠢ ᠬᠠᠢᠴᠢᠯᠠᠵᠤ ᠠᠪᠤᠭᠠᠳ ᠤᠷᠭᠤᠭᠤᠯᠪᠠᠯ ᠰᠠᠶᠢ ᠡᠯᠡᠰᠦ᠎ᠶ᠋ᠢ ᠨᠠᠩ ᠰᠠᠢᠳᠤᠷ ᠲᠣᠭ᠍ᠲᠠᠪᠤᠷᠢᠵᠢᠭᠤᠯᠵᠤ ᠴᠢᠳᠠᠨ᠎ᠠ᠂ ᠥᠩᠭᠡᠷᠡᠭ᠌ᠰᠡᠨ᠎ᠳᠦ ᠬᠠᠢᠴᠢᠯᠠᠵᠤ ᠠᠪᠤᠭ᠍ᠰᠠᠨ ᠰᠠᠯᠠᠭ᠎ᠠ ᠮᠥᠴᠢᠷ ᠢ᠋ ᠰᠢᠢᠳᠪᠦᠷᠢᠯᠡᠬᠦ ᠨᠢ ᠨᠢᠬᠡᠨ ᠪᠡᠷᠭᠡ ᠠᠰᠠᠭᠤᠳᠠᠯ ᠪᠠᠢᠭᠰᠠᠨ ᠨᠢ ᠣᠲᠣ ᠨᠢᠭᠡᠨᠲᠡ ᠬᠠᠶᠠᠭ᠍ᠳᠠᠮᠠᠯ ᠪᠣᠳᠠᠰ᠎ᠢ ᠡᠷᠳᠡᠨᠢ ᠪᠣᠯᠭᠠᠨ ᠬᠤᠪᠢᠷᠠᠭᠤᠯᠤᠬᠰᠠᠨ ᠪᠠᠢᠨ᠎ᠠ》ᠭᠡᠪᠡ᠃
《 ᠨᠤᠭᠤᠭᠠᠷᠠᠭᠤᠯᠤᠬᠰᠠᠨ ᠪᠤᠯᠪᠠᠴᠤ ᠠᠰᠢᠭ ᠤᠷᠤᠯᠭ᠎ᠠ ᠦᠭᠡᠢ ᠪᠠᠢᠬᠰᠠᠨ》᠎ᠡᠴᠡ《ᠨᠤᠭᠤᠭᠠᠷᠠᠭᠤᠯᠤᠯᠳᠠ ᠪᠠᠶᠠᠵᠢᠯ ᠢ᠋ ᠵᠡᠷᠭᠡ ᠪᠡᠷ ᠪᠡᠶᠡᠯᠡᠬᠦᠯᠦᠭᠰᠡᠨ》ᠬᠦᠷᠳᠡᠯ᠎ᠡ᠂ ᠥᠪᠥᠷ ᠮᠣᠩᠭᠣᠯ᠎ᠤᠨ ᠴᠦᠯᠯᠡᠷᠭᠡᠭ᠌ᠵᠢᠯ᠎ᠢ ᠵᠠᠰᠠᠭ᠍ᠰᠠᠨ ᠦᠢᠯᠡᠳᠦᠯᠭᠡ ᠨᠢ ᠡᠯᠡᠰᠦᠷᠬᠡᠭ᠌ᠵᠢᠯ᠎ᠢ ᠵᠠᠰᠠᠬᠤ ᠨᠢ ᠳᠠᠷᠤᠭᠠᠰᠤ ᠪᠢᠰᠢ ᠬᠠᠷᠢᠨ ᠪᠡᠯᠡ ᠣᠷᠣᠭᠤᠯᠤᠯᠲᠠ ᠮᠥᠨ᠂ ᠨᠣᠭᠣᠭᠠᠷᠠᠭᠤᠯᠤᠯᠳᠠ ᠨᠢ ᠡᠴᠦᠰ᠎ᠦᠨ ᠴᠡᠭ ᠪᠢᠰᠢ ᠬᠠᠷᠢᠨ ᠡᠬᠢᠯᠡᠯᠲᠡ᠎ᠶ᠋ᠢᠨ ᠴᠡᠭ ᠮᠥᠨ ᠭᠡᠳᠡᠭ ᠢ᠋ ᠭᠡᠷᠡᠴᠢᠯᠡᠪᠡ᠃ ᠡᠨᠡ ᠪᠣᠯ ᠳᠤᠮᠳᠠᠳᠤ ᠤᠯᠤᠰ᠎ᠤᠨ ᠴᠦᠯᠯᠡᠷᠬᠡᠭ᠌ᠵᠢᠯ᠎ᠢ ᠵᠠᠰᠠᠵᠤ ᠬᠠᠮᠲᠤ ᠪᠠᠷ ᠠᠱᠢᠭ ᠬᠦᠷᠳᠡᠭᠰᠡᠨ ᠠᠨᠢᠰᠤ᠃
《ᠤᠯᠠᠨ ᠬᠥᠮᠦᠨ᠎ᠦ ᠬᠦᠴᠤ ᠪᠡᠷ ᠪᠠᠢᠯᠳᠤᠬᠤ ᠠᠷᠭ᠎ᠠ》 ᠡᠴᠡ《ᠤᠶᠤᠨᠳᠤ ᠡᠯᠡᠰᠦ᠎ᠶ᠋ᠢ ᠵᠠᠰᠠᠬᠤ》 ᠬᠦᠷᠲᠡᠯ᠎ᠡ
ᠮᠤᠤᠠᠤᠰᠤ᠎ᠶ᠋ᠢᠨ ᠡᠯᠡᠰᠦᠷᠬᠡᠭ ᠭᠠᠵᠠᠷ᠎ᠢ ᠵᠠᠰᠠᠬᠤ ᠠᠬᠤᠶ ᠲᠠᠯᠠᠪᠠᠶ᠎ᠳᠤ ᠬᠦᠷᠬᠦ᠎ᠳᠤ ᠲᠡᠮᠦᠷ ᠬᠦᠷᠵᠡ ᠪᠣᠯᠤᠨ ᠤᠯᠠᠨ ᠬᠥᠮᠦᠨ᠎ᠦ ᠪᠠᠷ᠎ᠠ ᠬᠠᠷᠠᠬᠳᠠᠬᠤ ᠦᠬᠡᠢ ᠪᠤᠯᠵᠤ᠂ ᠡᠯᠡᠰᠦ ᠵᠢ ᠵᠠᠰᠠᠬᠤ ᠬᠡᠯᠪᠡᠷᠢ ᠨᠢ ᠣᠲᠣ ᠶᠠᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠳᠠᠬᠢᠨ ᠲᠠᠢᠯᠪᠤᠷᠢᠯᠠᠬᠳᠠᠵᠤ ᠪᠤᠢ᠃
ᠬᠡᠮᠵᠢᠨ ᠵᠢᠷᠤᠬᠤ ᠵᠢᠯᠣᠭᠣᠴᠢ ᠦᠭᠡᠢ ᠨᠢᠰᠭᠡᠯ ᠠᠭᠠᠷ᠎ᠲᠤ ᠨᠢᠰᠴᠦ᠂ ᠡᠯᠡᠰᠦᠨ ᠳᠡᠭᠡᠭᠦᠷ ᠨᠠᠭᠠᠰᠢ ᠴᠠᠭᠠᠰᠢ ᠰᠦᠯᠵᠢᠯᠳᠦᠨ᠎ᠡ᠃ ᠤᠳᠠᠯ ᠦᠭᠡᠢ ᠡᠯᠡᠰᠦᠨ ᠳᠣᠪᠣᠴᠠᠭ᠎ᠤᠨ ᠥᠨᠳᠥᠷ ᠲᠣᠳᠣᠴᠠᠳᠤ ᠭᠤᠷᠪᠠᠨ ᠬᠡᠮᠵᠢᠯᠳᠦ ᠵᠢᠷᠤᠭ ᠺᠣᠮᠫᠢᠦ᠋ᠲ᠋ᠧᠷ ᠳᠡᠭᠡᠷ᠎ᠡ ᠢᠯᠡᠷᠡᠪᠡ᠃ ᠡᠨᠡ ᠬᠦ᠌ ᠮᠡᠷᠭᠡᠵᠢᠯ ᠨᠢ ᠬᠡᠮᠵᠢᠨ ᠵᠢᠷᠤᠬᠤ ᠦᠷ᠎ᠡ ᠪᠦᠲᠦᠮᠵᠢ᠎ᠶ᠋ᠢ 3 ᠳᠠᠬᠢᠨ ᠳᠡᠭᠡᠭ᠌ᠰᠢᠯᠡᠭᠦᠯᠵᠦ᠍᠂ ᠣᠨᠣᠪᠴᠢ᠎ᠶ᠋ᠢᠨ ᠬᠡᠮᠵᠢᠶ᠎ᠡ᠎ᠶ᠋ᠢ ᠰᠠᠨᠲ᠋ᠢᠮᠧᠲ᠋ᠷ᠎ᠤᠨ ᠲᠠᠰ ᠬᠦᠷᠲᠡᠯ᠎ᠡ ᠳᠡᠭᠡᠭ᠌ᠰᠢᠯᠡᠭᠦᠯᠵᠡᠶ᠃
ᠬᠦᠮᠦᠨ᠎ᠤ ᠬᠦᠴᠦ ᠵᠢ ᠨᠡᠩ ᠠᠷᠪᠢᠯᠠᠬᠰᠠᠨ ᠶᠠᠪᠤᠳᠠᠯ ᠬᠡᠪᠡᠯ ᠳᠣᠬᠢᠭᠤᠷ ᠲᠤᠯᠤᠭᠠᠨ ᠤᠳᠤ ᠠᠶᠠᠯᠠᠯ ᠵᠠᠯᠠᠬᠤ ᠱᠢᠰᠲ᠋ᠧᠮ᠎ᠢ ᠠᠴᠢᠶᠠᠯᠠᠭ᠍ᠰᠠᠨ ᠭᠤᠤ ᠭᠠᠷᠭᠠᠬᠤ ᠪᠠ ᠲᠠᠷᠢᠬᠤ ᠵᠢ ᠨᠢᠭᠡ ᠴᠤᠬ᠍ᠴᠠᠵᠢᠭᠤᠯᠤᠬ᠍ᠰᠠᠨ 3 ᠮᠠᠱᠢᠨ ᠵᠡᠷᠭᠡ᠎ᠪᠡᠷ ᠤᠷᠤᠭ᠍ᠰᠢᠯᠠᠵᠤ᠂ ᠡᠯᠡᠰᠦᠷᠬᠡᠭ ᠭᠠᠵᠠᠷ ᠳᠡᠭᠡᠷ᠎ᠡ ᠵᠤᠷᠪᠤᠰ ᠵᠤᠷᠪᠤᠰ ᠡᠮᠬᠢ ᠴᠡᠭ᠌ᠴᠡ᠎ᠲᠡᠶ ᠭᠤᠤ ᠮᠠᠯᠳᠠᠨ ᠳᠠᠯᠠᠩ ᠪᠤᠰᠬᠠᠵᠤ᠂ 4 ᠵᠢᠯᠣᠭᠣᠴᠢ ᠦᠭᠡᠢ ᠨᠢᠰᠭᠡᠯ ᠠᠭᠠᠷ ᠳᠡᠭᠡᠷ᠎ᠡ ᠡᠯᠡᠰᠦᠨ ᠬᠠᠯᠬᠠᠪᠴᠢ᠎ᠶ᠋ᠢ ᠲᠤᠬᠢᠷᠠᠭᠤᠯᠤᠨ ᠵᠥᠭᠡᠭᠡᠪᠦᠷᠢᠯᠡᠨᠠ᠃ ᠬᠥᠮᠦᠨ᠎ᠦ ᠬᠦᠴᠦ᠍᠎ᠪᠡᠷ ᠠᠵᠢᠯᠯᠠᠵᠤ ᠪᠠᠢᠬᠰᠠᠨ᠎ᠲᠠᠶ ᠬᠠᠷᠢᠴᠠᠭᠤᠯᠪᠠᠯ ᠡᠨᠡ ᠱᠢᠨ᠎ᠡ ᠮᠡᠷᠭᠡᠵᠢᠯ ᠨᠢ ᠠᠵᠢᠯ᠎ᠤᠨ ᠦᠷ᠎ᠠ ᠪᠦᠳᠦᠮᠵᠢ ᠵᠢ 50% ᠪᠡᠷ ᠳᠡᠭᠡᠭ᠌ᠰᠢᠯᠡᠭᠦᠯᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠥᠭᠡᠷᠡᠴᠢᠯᠡᠯᠲᠡ ᠬᠥᠭ᠌ᠵᠢᠯᠲᠡ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠶ᠋ᠯᠡᠰ᠎ᠦᠨ ᠭᠠᠵᠠᠷ᠎ᠤᠨ ᠳᠡᠳ᠋ ᠳᠠᠷᠤᠭ᠎ᠠ ᠬᠠᠨ ᠶᠢᠩ᠄《ᠥᠪᠥᠷ ᠮᠣᠩᠭᠣᠯ ᠡᠯᠡᠰᠦ ᠵᠢ ᠵᠠᠰᠠᠬᠤ ᠲᠡᠷᠢᠭᠦᠨ᠎ᠦ ᠬᠡᠷᠡᠭ᠌ᠯᠡᠭᠡᠨ᠎ᠦ ᠱᠢᠨ᠎ᠡ ᠮᠡᠷᠭᠡᠵᠢᠯ᠂ ᠱᠢᠨ᠎ᠡ ᠲᠣᠨᠣᠭ ᠲᠥᠬᠥᠭᠡᠷᠦᠮᠵᠢ᠎ᠶ᠋ᠢ ᠪᠥᠬᠥ᠌ ᠲᠠᠯ᠎ᠠ᠎ᠪᠠᠷ ᠳᠡᠯᠭᠡᠷᠡᠭᠦᠯᠵᠦ᠍᠂ 2025 ᠣᠨ᠎ᠳᠤ ᠮᠠᠱᠢᠨ᠎ᠢᠶᠠᠷ ᠡᠯᠡᠰᠦ ᠵᠢ ᠵᠠᠰᠠᠬᠤ ᠵᠢ ᠪᠦᠷᠬᠦᠬᠦᠯᠦᠭᠰᠡᠨ ᠨᠣᠷᠮ᠎ᠠ 54 % ᠳ᠋ᠤ ᠬᠥᠷᠴᠡᠢ》ᠭᠡᠪᠡ᠃
《ᠤᠯᠠᠨ ᠬᠥᠮᠦᠨ᠎ᠦ ᠬᠦᠴᠦ ᠪᠡᠷ ᠪᠠᠢᠯᠳᠤᠬᠤ ᠠᠷᠭ᠎ᠠ》ᠵᠢ ᠠᠪᠴᠤ ᠪᠠᠢᠭᠰᠠᠨ ᠡᠴᠡ《ᠣᠶᠤᠨᠳᠤ ᠡᠯᠡᠰᠦ᠎ᠶ᠋ᠢ ᠵᠠᠰᠠᠬᠤ》 ᠬᠦᠷᠲᠡᠯ᠎ᠡ᠂ ᠥᠪᠥᠷ ᠮᠣᠩᠭᠣᠯ᠎ᠤᠨ ᠴᠦᠯᠯᠡᠷᠭᠡᠭ᠌ᠵᠢᠯ᠎ᠢ ᠵᠠᠰᠠᠭ᠍ᠰᠠᠨ ᠦᠢᠯᠡᠳᠦᠯᠭᠡ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯ ᠡᠯᠡᠰᠦ᠎ᠶ᠋ᠢ ᠵᠠᠰᠠᠬᠤᠲᠤᠮᠳᠠᠬᠢ ᠴᠢᠮᠡᠭᠯᠡᠯ ᠡᠳ᠋ ᠲᠡᠳᠦᠢ ᠪᠢᠰᠢ᠂ ᠬᠠᠷᠢᠨ ᠡᠯᠡᠰᠦ᠎ᠶ᠋ᠢ ᠵᠠᠰᠠᠬᠤ᠎ᠶ᠋ᠢᠨ ᠬᠥᠳᠡᠯᠭᠡᠭᠦᠷ ᠮᠥᠨ ᠭᠡᠳᠡᠭ ᠢ᠋ ᠭᠡᠷᠡᠴᠢᠯᠡᠪᠡ᠃ ᠡᠨᠡ ᠪᠣᠯ ᠳᠤᠮᠳᠠᠳᠤ ᠤᠯᠤᠰ᠎ᠤᠨ ᠴᠦᠯᠯᠡᠷᠭᠡᠭ᠌ᠵᠢᠯ᠎ᠢ ᠵᠠᠰᠠᠬᠤ ᠱᠢᠨ᠎ᠡ᠎ᠶ᠋ᠢ ᠡᠭᠦᠳᠦᠭᠰᠡᠨ ᠮᠥᠨ ᠴᠢᠨᠠᠷ ᠪᠣᠯᠤᠨ᠎ᠠ᠃
ᠳᠡᠯᠡᠬᠡᠶ ᠳ᠋ᠠᠬᠢᠨ᠎ᠳᠤ ᠬᠠᠨᠳᠤᠵᠤ ᠳᠤᠮᠳᠠᠳᠤ ᠤᠯᠤᠰ᠎ᠤᠨ ᠲᠥᠰᠦᠯ ᠨᠢ ᠡᠷᠬᠢᠨ ᠲᠣᠭᠣᠷᠢᠨ᠎ᠤ ᠤᠯᠤᠰ ᠲᠤ᠌ ᠠᠱᠢᠭ ᠬᠦᠷᠲᠡᠭᠡᠪᠡ
ᠮᠣᠩᠭᠣᠯ ᠤᠯᠤᠰ᠎ᠤᠨ ᠵᠠᠰᠠᠭ ᠤᠨ ᠣᠷᠳᠣᠨ 2021 ᠣᠨ᠎ᠳᠤ《ᠠᠷᠪᠠᠨ ᠳ᠋ᠦᠩᠱᠢᠭᠤᠷ ᠰᠠᠭᠤᠷᠢ ᠮᠣᠳᠣ ᠲᠠᠷᠢᠬᠤ》 ᠲᠥᠯᠥᠪᠯᠡᠭᠡ᠎ᠶ᠋ᠢ ᠡᠬᠢᠯᠡᠭᠦᠯᠵᠦ᠍᠂ ᠴᠦᠯᠯᠡᠷᠭᠡᠭ᠌ᠵᠢᠯ᠎ᠢ ᠠᠷᠭᠠᠴᠡᠭᠠᠬᠤ ᠵᠢ ᠵᠣᠷᠢᠪᠠ᠃ ᠥᠪᠥᠷ ᠮᠣᠩᠭᠣᠯ᠎ᠤᠨ ᠬᠢᠨ ᠮᠣᠩᠭᠣᠯ ᠤᠯᠤᠰ᠎ᠤᠨ ᠡᠨᠡ ᠬᠦ᠌ ᠲᠥᠯᠥᠪᠯᠡᠭᠡ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍᠂ ᠲᠣᠰ ᠭᠠᠵᠠᠷ᠎ᠤᠨ ᠵᠢᠡᠨ ᠡᠯᠡᠰᠦ ᠵᠢ ᠵᠠᠰᠠᠭ᠍ᠰᠠᠨ ᠲᠤᠷᠱᠢᠯᠭ᠎ᠠ᠎ᠪᠠᠨ ᠮᠣᠩᠭᠣᠯ ᠤᠯᠤᠰ᠎ᠤᠨ ᠠᠮᠢ ᠠᠬᠤᠶ ᠪᠠᠨ ᠰᠡᠷᠭᠦᠭᠡᠬᠦ᠎ᠶ᠋ᠢ ᠳᠡᠮᠵᠢᠬᠦ᠌ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃
ᠣᠳᠣᠬᠠᠨ᠎ᠳᠤ ᠥᠪᠥᠷ ᠮᠣᠩᠭᠣᠯ ᠨᠢᠭᠡᠨᠳᠡ ᠮᠣᠩᠭᠣᠯ ᠤᠯᠤᠰ᠎ᠲᠤ ᠨᠡᠢ᠌ᠳᠡ 1170 ᠭᠠᠷᠤᠢ ᠲᠦᠮᠡᠨ ᠰᠠᠭᠤᠷᠢ ᠴᠢᠬᠢ ᠮᠣᠳᠣ ᠭᠠᠷᠭᠠᠭ᠍ᠰᠠᠨ ᠪᠥᠭᠡᠳ《ᠤᠮᠠᠷᠠᠲᠤ᠎ᠶ᠋ᠢᠨ ᠭᠤᠷᠪᠠᠨ ᠣᠷᠣᠨ》᠎ᠤ᠋ ᠢᠨᠵᠧᠨᠧᠷᠢᠩ ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠭᠣᠣᠯ ᠲᠠᠢᠨ᠎ᠤ ᠲᠠᠯᠠᠪᠤᠷ᠎ᠲᠤ ᠤᠯᠠᠨ ᠤᠯᠤᠰ ᠤᠨ ᠪᠣᠯᠪᠠᠰᠤᠷᠠᠯ᠎ᠤᠨ ᠠᠩᠬᠢ ᠡᠷᠬᠢᠯᠡᠵᠦ᠍᠂ ᠮᠣᠩᠭᠣᠯ ᠤᠯᠤᠰ᠎ᠲᠤ ᠳᠤᠮᠳᠠᠳᠤ ᠤᠯᠤᠰ᠎ᠤᠨ ᠲᠤᠷᠱᠢᠯᠭ᠎ᠠ᠎ᠶ᠋ᠢ ᠤᠯᠠᠮᠵᠢᠯᠠᠪᠠ᠃
ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ᠎ᠤᠨ ᠡᠪᠡᠰᠦᠨ ᠳᠥᠷᠪᠡᠯᠵᠢᠭᠡᠰᠦ ᠡᠴᠡ ᠮᠣᠩᠭᠣᠯ ᠤᠯᠤᠰ ᠤᠨ ᠡᠮᠦᠨᠡᠲᠦ ᠬᠡᠰᠡᠭ᠎ᠦᠨ ᠮᠢᠩᠭᠠᠨ ᠲᠦᠮᠡᠨ ᠮᠣᠳᠣ ᠬᠦᠷᠲᠡᠯ᠎ᠡ᠂ ᠥᠪᠥᠷ ᠮᠣᠩᠭᠣᠯ᠎ᠤᠨ ᠴᠦᠯᠯᠡᠷᠭᠡᠭ᠌ᠵᠢᠯ᠎ᠢ ᠵᠠᠰᠠᠭ᠍ᠰᠠᠨ ᠦᠢᠯᠡᠳᠦᠯᠭᠡ ᠨᠢ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠳᠤᠮᠳᠠᠳᠤ ᠤᠯᠤᠰ ᠤᠨ ᠲᠥᠰᠦᠯ ᠨᠢ ᠥᠪᠡᠷ᠎ᠢ᠎ᠪᠡᠨ ᠭᠡᠷᠡᠯᠳᠦᠭᠦᠯᠦᠭ᠌ᠰᠡᠨᠢᠶᠡᠷ ᠪᠠᠷᠠᠬᠤ ᠦᠭᠡᠢ ᠨᠡᠩ ᠴᠤ᠌ ᠳᠡᠯᠡᠬᠡᠢ ᠳ᠋ᠠᠬᠢᠨ ᠢ ᠭᠡᠷᠡᠯᠳᠦᠬᠦᠯᠦᠭᠰᠡᠨ ᠪᠠᠢᠨ᠎ᠠ ᠬᠡᠳᠡᠭ ᠢ᠋ ᠭᠡᠷᠡᠴᠢᠯᠡᠪᠡ᠃ ᠡᠨᠡ ᠨᠢ ᠶᠠᠭ ᠳᠤᠮᠳᠠᠳᠤ ᠤᠯᠤᠰ᠎ᠤᠨ ᠴᠦᠯᠯᠡᠷᠬᠡᠭ᠌ᠵᠢᠯ᠎ᠢ ᠵᠠᠰᠠᠬᠰᠠᠨ ᠤᠯᠠᠨ ᠤᠯᠤᠰ᠎ᠤᠨ ᠡᠬᠦᠷᠬᠡᠯᠡᠯ ᠪᠣᠯᠤᠨ᠎ᠠ᠃