ᠤᠯᠤᠰ ᠤ᠋ᠨ ᠨᠡᠢᠲᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ᠋ ᠰᠠᠢᠲᠤᠷ ᠰᠤᠷᠴᠤ ᠡᠷᠡᠮᠡᠭᠡᠢᠯᠡᠨ ᠳᠠᠪᠰᠢᠬᠰᠠᠨ ᠥᠯᠢᠭᠡᠷ ᠢ᠋ ᠰᠠᠢᠲᠤᠷ ᠶᠠᠷᠢᠨ᠎ᠠ
2026-06-12 10:00:16
ᠵᠣᠬᠢᠶᠠᠭ᠍ᠴᠢ᠄
ᠯᠢ ᠺᠸ ᠱᠢᠨ
ᠣᠩᠱᠢᠭ᠍ᠰᠠᠨ ᠣᠳᠠᠭ᠎ᠠ᠄
★★★☆☆

《ᠦᠨᠳᠦᠰᠦᠲᠡᠨ ᠤ᠋ ᠪᠦᠯᠬᠦᠮᠳᠡᠯ ᠪᠣᠯ ᠶᠡᠷᠦ᠍ ᠡᠴᠡ ᠬᠡᠢ ᠬᠣᠭᠣᠰᠣᠨ ᠤᠷᠢᠶ᠎ᠠ ᠪᠤᠰᠤ᠂ ᠬᠠᠷᠢᠨ ᠴᠢᠰᠤᠨ ᠳ᠋ᠤ ᠱᠢᠩᠭᠡᠭ᠌ᠰᠡᠨ ᠬᠠᠢᠷ᠎ᠠ ᠰᠡᠳᠭᠢᠯᠭᠡ ᠪᠣᠯᠬᠤ ᠶᠤᠮ ᠁》 ᠲᠠᠪᠤᠨ ᠰᠠᠷ᠎ᠠ ᠶ᠋ᠢᠨ ᠬᠥᠯᠥᠨ ᠪᠤᠢ᠌ᠷ ᠤ᠋ᠨ ᠲᠠᠯ᠎ᠠ ᠨᠤᠲᠤᠭ ᠬᠦᠭᠡᠷᠡᠨ ᠨᠣᠭᠣᠭᠠᠷᠠᠵᠤ᠂ ᠬᠠᠢᠯᠠᠷ ᠨᠢᠭᠡᠳᠦᠭᠡᠷ ᠳᠤᠮᠳᠠᠳᠤ ᠰᠤᠷᠭᠠᠭᠤᠯᠢ ᠶ᠋ᠢᠨ ᠮᠡᠳᠡᠭᠦᠯᠦᠯᠲᠡ  ᠵᠢᠨ ᠲᠢᠩᠬᠢᠮ ᠳ᠋ᠤ ᠠᠯᠠᠭ᠎ᠠ ᠲᠠᠱᠢᠬᠤ ᠳᠠᠭᠤᠨ ᠨᠢᠵᠢᠭᠢᠨᠡᠨ᠎ᠡ᠃ ᠬᠥᠯᠥᠨ ᠪᠣᠢᠷ ᠬᠣᠲᠠ ᠶ᠋ᠢᠨ ᠰᠤᠷᠭᠠᠨ ᠬᠥᠮᠦᠵᠢᠯ ᠤ᠋ᠨ ᠲᠣᠪᠴᠢᠶ᠎ᠠ ᠡᠴᠡ ᠭᠤᠤᠯᠯᠠᠨ ᠡᠷᠭᠢᠯᠡᠭ᠌ᠰᠡᠨ 《ᠬᠠᠢᠯᠠᠷ ᠨᠢᠭᠡᠳᠦᠭᠡᠷ ᠳᠤᠮᠳᠠᠳᠤ ᠬᠤᠨᠳᠠᠭᠠᠲᠤ》 ᠲᠠᠪᠤᠳᠤᠭᠠᠷ ᠬᠤᠭᠤᠴᠠᠭᠠᠨ ᠤ᠋ ᠶᠠᠷᠢᠶ᠎ᠠ ᠢᠯᠡᠳᠭᠡᠯ ᠤ᠋ᠨ ᠤᠷᠤᠯᠳᠤᠭᠠᠨ ᠡᠨᠳᠡ ᠬᠥᠷ ᠬᠥᠭ᠌ᠵᠢᠶᠡᠨᠲᠡᠶ ᠡᠬᠢᠯᠡᠪᠡ᠃ ᠲᠣᠰ ᠤᠳᠠᠭᠠᠨ ᠤ᠋ ᠤᠷᠤᠯᠳᠤᠭᠠᠨ ᠨᠢ 《ᠵᠢᠯᠤᠭᠤ ᠰᠤᠨᠭᠭᠠᠨ ᠤᠷᠤᠬᠰᠢᠯᠠᠵᠤ·ᠡᠷᠡᠮᠡᠭᠡᠢᠯᠡᠨ ᠳᠠᠪᠰᠢᠬᠰᠠᠨ ᠥᠯᠢᠭᠡᠷ ᠢ᠋ ᠰᠠᠢᠲᠤᠷ ᠶᠠᠷᠢᠬᠤ》 ᠭᠤᠤᠯ ᠰᠡᠳᠦᠪ ᠤ᠋ᠨ ᠲᠣᠭᠣᠷᠢᠨ ᠳ᠋ᠤ᠂ ᠪᠥᠬᠥ᠌ ᠬᠣᠲᠠ ᠶ᠋ᠢᠨ ᠡᠯ᠎ᠡ ᠬᠣᠱᠢᠭᠤ ᠬᠣᠲᠠ ᠶ᠋ᠢᠨ ᠲᠣᠭᠣᠷᠢᠭ ᠤ᠋ᠨ ᠤᠤᠯ ᠨᠢ ᠦᠨᠳᠦᠰᠦᠲᠡᠨ ᠤ᠋ ᠬᠡᠯᠡ ᠪᠡᠷ ᠬᠢᠴᠢᠶᠡᠯᠯᠡᠵᠦ᠍ ᠪᠠᠢᠬᠰᠠᠨ ᠠᠩᠬ᠎ᠠ ᠵᠡᠷᠭᠡ ᠶ᠋ᠢᠨ ᠳᠤᠮᠳᠠᠳᠤ ᠰᠤᠷᠭᠠᠭᠤᠯᠢ ᠶ᠋ᠢᠨ ᠤᠷᠤᠯᠳᠤᠭᠠᠨ ᠳ᠋ᠤ ᠤᠷᠤᠯᠴᠠᠬᠰᠠᠳ ᠨᠢᠭᠡ ᠲᠠᠩᠬᠢᠮ ᠳ᠋ᠤ ᠴᠤᠭ᠍ᠯᠠᠷᠠᠪᠠ᠃

ᠤᠷᠤᠯᠳᠤᠭᠠᠨ ᠤ᠋ ᠲᠠᠯᠠᠪᠤᠷ ᠲᠦ᠍᠂ ᠤᠷᠤᠯᠴᠠᠬᠰᠠᠳ ᠴᠤᠭ ᠵᠢᠪᠬᠤᠭ᠎ᠠ ᠲᠡᠭᠦᠯᠳᠡᠷ ᠪᠠᠢᠵᠤ᠂ ᠨᠠᠮ ᠪᠠᠢᠭᠤᠯᠤᠭ᠍ᠳᠠᠭ᠍ᠰᠠᠨ 105 ᠵᠢᠯ ᠤ᠋ᠨ ᠤᠢ᠂ ᠤᠯᠠᠭᠠᠨ ᠴᠡᠷᠢᠭ ᠤ᠋ᠨ ᠤᠷᠳᠤ ᠵᠠᠮ ᠤ᠋ᠨ ᠠᠶᠠᠨ ᠲᠠᠢ᠌ᠨ ᠤ᠋ ᠢᠯᠠᠯᠲᠠ ᠣᠯᠤᠭ᠍ᠰᠠᠨ 90 ᠵᠢᠯ ᠤ᠋ᠨ ᠤᠢ ᠵᠢᠴᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠶ᠋ᠢᠨ ᠵᠢᠯ ᠤ᠋ᠨ ᠴᠠᠭ ᠦᠶ᠎ᠡ ᠶ᠋ᠢᠨ ᠠᠬᠤᠢ ᠪᠠᠢᠳᠠᠯ  ᠢ᠋ ᠴᠢᠩᠭ᠎ᠠ ᠡᠵᠡᠮᠳᠡᠵᠦ᠍᠂ ᠵᠠᠭᠤᠨ ᠵᠢᠯ ᠤ᠋ᠨ ᠶᠡᠬᠡ ᠨᠠᠮ ᠤ᠋ᠨ ᠴᠤᠭ ᠵᠢᠪᠬᠤᠭ᠎ᠠ ᠵᠢ ᠮᠠᠭ᠍ᠲᠠᠨ ᠳᠠᠭᠤᠯᠠᠬᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ᠂ ᠮᠣᠩᠭᠣᠯ ᠮᠤᠷᠢᠨ ᠤ᠋ ᠵᠣᠷᠢᠭ ᠰᠠᠨᠠᠭ᠎ᠠ ᠵᠢ ᠪᠠᠳᠠᠷᠠᠭᠤᠯᠬᠤ᠂ ᠬᠦᠴᠢᠷ ᠢ᠋ ᠲᠤᠭᠤᠯᠤᠨ ᠪᠡᠷᠬᠡ ᠵᠢ ᠳᠠᠪᠠᠬᠤ ᠲᠡᠮᠡᠴᠡᠯ ᠤ᠋ᠨ ᠤᠬᠠᠮᠰᠠᠷ ᠢ᠋ ᠦᠢᠯᠡᠳᠦᠯᠭᠡᠵᠢᠭᠦᠯᠬᠦ᠌ ᠵᠡᠷᠭᠡ ᠶ᠋ᠢᠨ ᠲᠣᠭᠣᠷᠢᠨ ᠳ᠋ᠤ ᠶᠠᠷᠢᠶ᠎ᠠ ᠢᠯᠡᠳᠭᠡᠯ ᠬᠢᠵᠡᠭᠡᠪᠠ᠃ ᠤᠷᠤᠯᠳᠤᠭᠠᠨ ᠳ᠋ᠤ ᠤᠷᠤᠯᠴᠠᠬᠰᠠᠳ ᠤᠷᠤᠰᠤᠮ᠎ᠠ ᠰᠠᠢᠬᠠᠨ ᠤᠯᠤᠰ ᠤ᠋ᠨ ᠨᠡᠢᠲᠡᠮ ᠬᠡᠷᠡᠭᠯᠡᠬᠦ ᠦᠬᠡ ᠬᠡᠯᠡ ᠪᠡᠷ ᠱᠢᠨ᠎ᠡ ᠴᠠᠭ ᠦᠶ᠎ᠡ ᠶ᠋ᠢᠨ ᠬᠢᠯᠢ ᠬᠢᠵᠠᠭᠠᠷ ᠤ᠋ᠨ ᠰᠤᠷᠤᠭ᠍ᠴᠢᠳ ᠤ᠋ᠨ ᠨᠠᠮ ᠢ᠋ᠶ᠋ᠡᠨ ᠬᠠᠢᠷᠠᠯᠠᠵᠤ ᠤᠯᠤᠰ ᠢ᠋ᠶ᠋ᠡᠨ ᠬᠠᠢᠷᠠᠯᠠᠬᠤ ᠬᠠᠢᠷ᠎ᠠ ᠰᠡᠳᠬᠢᠯᠭᠡ ᠵᠢᠴᠢ ᠡᠷᠡᠮᠡᠬᠡᠢᠯᠡᠨ ᠤᠷᠤᠭ᠍ᠰᠢᠯᠠᠬᠤ ᠡᠷᠡᠰ ᠪᠠᠲᠤ ᠢᠲᠡᠭᠡᠯ ᠵᠣᠷᠢᠭ᠎ᠵᠢᠡᠨ ᠲᠤᠳᠤᠷᠠᠭᠤᠯᠤᠨ᠎ᠠ᠃

ᠬᠤᠷᠴᠠ ᠱᠢᠷᠦᠭᠦᠨ ᠮᠥᠷᠥᠢᠴᠡᠭᠡᠨ ᠢ᠋ᠶ᠋ᠡᠷ ᠳᠠᠮᠵᠢᠨ᠂ ᠱᠢᠨ᠎ᠡ ᠪᠠᠷᠭᠤ ᠵᠡᠭᠦᠨ ᠬᠣᠱᠢᠭᠤᠨ ᠤ᠋ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠶ᠋ᠢᠨ ᠰᠤᠷᠤᠬᠴᠢ ᠨᠠᠢᠷᠰᠠᠭ ᠮᠠᠩᠯᠠᠢᠯᠠᠪᠠ᠃ ᠤᠷᠤᠯᠳᠤᠭᠠᠨ ᠤ᠋ ᠳᠠᠷᠠᠭ᠎ᠠ᠂ ᠲᠡᠷᠡ᠄ 《ᠡᠨᠡ ᠬᠦ᠌ ᠲᠠᠢᠰᠠᠨ ᠳᠡᠭᠡᠷ᠎ᠡ ᠵᠣᠭ᠍ᠰᠣᠵᠤ᠂ ᠪᠢᠳᠡᠨ ᠤ᠋ ᠲᠡᠮᠡᠴᠡᠯ ᠤ᠋ᠨ ᠦᠯᠢᠭᠡᠷ ᠢ᠋ ᠶᠠᠷᠢᠬᠤ ᠨᠢ ᠨᠠᠳᠠ ᠳ᠋ᠤ ᠪᠦᠯᠬᠦᠮᠳᠡᠯ ᠤ᠋ᠨ ᠬᠦᠴᠦᠨ ᠢ᠋ ᠭᠦᠨ ᠮᠡᠳᠡᠷᠡᠭᠦᠯᠪᠡ᠃ ᠡᠨᠡ ᠬᠦ᠌ ᠢᠷᠠᠭᠤ ᠠᠯᠳᠠᠷ ᠨᠢ ᠮᠢᠨᠦ᠍ ᠦᠰᠦᠨ ᠪᠣᠢᠵᠢᠯᠲᠠ ᠵᠢ ᠭᠡᠷᠡᠴᠢᠯᠡᠵᠦ᠍ ᠪᠠᠢᠨ᠎ᠠ᠂ ᠪᠢ ᠦᠷᠭᠦᠯᠵᠢᠯᠡᠨ ᠤᠯᠤᠰ ᠤ᠋ᠨ ᠨᠡᠢᠲᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ᠋ ᠰᠠᠢᠲᠤᠷ ᠰᠤᠷᠤᠯᠴᠠᠵᠤ᠂ ᠦᠨᠳᠦᠰᠦᠲᠡᠨ ᠤ᠋ ᠪᠦᠯᠬᠦᠮᠳᠡᠯ ᠤ᠋ᠨ ᠦᠢᠯᠡᠳᠦᠯᠭᠡᠵᠢᠭᠦᠯᠦᠭ᠌ᠴᠢ ᠪᠣᠯᠬᠤ ᠪᠡᠷ ᠴᠢᠷᠮᠠᠢᠵᠤ᠂ ᠦᠨᠳᠦᠰᠦᠲᠡᠨ᠎ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ ᠳᠤᠮᠳᠠ ᠵᠠᠯᠠᠭᠤ ᠨᠠᠰᠤᠨ ᠤ᠋ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ》 ᠭᠡᠵᠤ ᠰᠡᠳᠬᠢᠯ ᠲᠤᠭᠳᠤᠯᠤᠨ ᠭᠡᠯᠡᠨ᠎ᠠ᠃

ᠬᠠᠢᠯᠠᠷ ᠨᠢᠭᠡᠳᠦᠭᠡᠷ ᠳᠤᠮᠳᠠᠳᠤ ᠰᠤᠷᠭᠠᠭᠤᠯᠢ ᠶ᠋ᠢᠨ ᠬᠢᠴᠢᠶᠡᠯ ᠬᠥᠮᠦᠵᠢᠯ ᠤ᠋ᠨ ᠰᠠᠯᠠᠭᠠᠨ ᠤ᠋ ᠳᠠᠷᠤᠭ᠎ᠠ ᠪᠦᠦ ᠸᠧᠢ ᠳ᠋ᠦᠩ᠂ ᠲᠤᠰ ᠤᠳᠠᠭᠠᠨ ᠤ᠋ ᠤᠷᠤᠯᠳᠤᠭᠠᠨ ᠢ᠋ ᠡᠷᠬᠢᠯᠡᠭ᠌ᠰᠡᠨ ᠨᠢ ᠶᠣᠰᠣ ᠰᠤᠷᠲᠠᠬᠤᠨ ᠢ᠋ᠶ᠋ᠡᠷ ᠬᠥᠮᠦᠨ ᠢ᠋ ᠬᠥᠮᠦᠵᠢᠭᠦᠯᠬᠦ᠌ ᠦᠨᠳᠦᠰᠦᠨ ᠡᠭᠦᠷᠭᠡ ᠵᠢ ᠤᠯᠠᠮ ᠴᠢᠨᠠᠭ᠍ᠰᠢᠳᠠ ᠨᠠᠢᠳᠠᠪᠤᠷᠢᠵᠢᠭᠤᠯᠵᠤ᠂ ᠰᠤᠷᠤᠭ᠍ᠴᠢᠳ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡᠨ ᠤ᠋ ᠢᠯᠡᠳᠭᠡᠬᠦ᠌ ᠴᠢᠳᠠᠪᠤᠷᠢ ᠵᠢ ᠳᠡᠭᠡᠭ᠌ᠰᠢᠯᠡᠭᠦᠯᠵᠦ᠍᠂ ᠤᠯᠤᠰ ᠢ᠋ᠶ᠋ᠡᠨ ᠬᠠᠢᠷᠠᠯᠠᠬᠤ ᠦᠵᠡᠯ ᠤ᠋ᠨ ᠬᠠᠢᠷ᠎ᠠ ᠰᠡᠳᠭᠢᠯᠭᠡ ᠵᠢ ᠵᠤᠵᠠᠭᠠᠳᠭᠠᠵᠤ᠂ ᠰᠤᠷᠤᠭ᠍ᠴᠢᠳ ᠲᠦ᠍ ᠬᠡᠯᠡᠨ ᠤ᠋ ᠢᠯᠡᠳᠭᠡᠯ ᠪᠠ ᠦᠵᠡᠯ ᠰᠠᠨᠠᠭᠠᠨ ᠤ᠋ ᠰᠣᠯᠢᠯᠴᠠᠭᠠᠨ ᠤ᠋ ᠰᠢᠯᠢᠳᠡᠭ ᠲᠠᠪᠴᠠᠩ ᠬᠠᠩᠭᠠᠵᠤ᠂ ᠤᠯᠤᠰ ᠤ᠋ᠨ ᠨᠡᠢᠲᠡᠮ ᠬᠡᠷᠡᠭᠯᠡᠬᠦ ᠦᠬᠡ ᠬᠡᠯᠡ ᠵᠢ ᠴᠢᠷᠮᠠᠢᠨ ᠰᠤᠷᠤᠯᠴᠠᠬᠤ᠂ ᠰᠠᠢᠲᠤᠷ ᠬᠡᠯᠡᠬᠦ᠂ ᠰᠠᠢᠲᠤᠷ ᠬᠡᠷᠡᠭ᠌ᠯᠡᠬᠦ᠌ ᠭᠦᠨ ᠵᠤᠵᠠᠭᠠᠨ ᠰᠤᠷᠭᠠᠭᠤᠯᠢ ᠶ᠋ᠢᠨ ᠬᠦᠷᠢᠶᠡᠨ ᠤ᠋ ᠠᠭᠤᠷ ᠠᠮᠢᠰᠭᠤᠯ ᠢ᠋ ᠪᠤᠢ ᠪᠣᠯᠭᠠᠬᠤ ᠶ᠋ᠢᠨ ᠲᠥᠯᠥᠭᠡ ᠶᠤᠮ ᠭᠡᠪᠡ᠃

ᠡᠨᠡ ᠵᠢᠯ ᠡᠴᠡ ᠨᠠᠭᠠᠰᠢ᠂ ᠱᠢᠨ᠎ᠡ ᠪᠡᠷ ᠵᠠᠰᠠᠪᠤᠷᠢ ᠣᠷᠣᠭᠤᠯᠤᠭ᠍ᠰᠠᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠬᠠᠤᠯᠢ》 ᠵᠢ ᠬᠡᠷᠡᠭ᠌ᠵᠢᠭᠦᠯᠬᠦ᠌ ᠵᠢ ᠳᠠᠭᠠᠯᠳᠤᠨ᠂ ᠬᠥᠯᠥᠨ ᠪᠣᠢᠷ ᠬᠣᠲᠠ ᠶ᠋ᠢᠨ ᠰᠤᠷᠭᠠᠨ ᠬᠥᠮᠦᠵᠢᠯ ᠤ᠋ᠨ ᠱᠢᠰᠲ᠋ᠧᠮ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ ᠢ᠋ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠵᠢ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠢ᠋ ᠴᠢᠩᠭᠠᠳᠭᠠᠬᠤ ᠲᠠᠢ ᠨᠢᠭ᠍ᠲᠠ ᠤᠶᠠᠯᠳᠤᠭᠤᠯᠵᠤ᠂ ᠢᠳᠡᠪᠬᠢᠲᠡᠶ ᠦᠷ᠎ᠡ ᠪᠦᠲᠦᠮᠵᠢ ᠤᠯᠪᠠ᠃ ᠲᠠᠷᠠᠭᠠᠴᠢ ᠪᠡᠷ᠂ ᠬᠥᠯᠥᠨ ᠪᠣᠢᠷ ᠬᠣᠲᠠ ᠶ᠋ᠢᠨ ᠬᠢᠨ ᠰᠠᠭᠤᠷᠢ ᠱᠢᠨᠵᠢᠯᠡᠭᠡᠨ ᠤ᠋ ᠶᠠᠰᠤ ᠴᠢᠨᠠᠷ ᠢ᠋ ᠦᠷᠭᠦᠯᠵᠢᠯᠡᠨ ᠪᠡᠬᠢᠵᠢᠭᠦᠯᠵᠦ᠍᠂ ᠬᠥᠮᠦᠨ ᠬᠥᠮᠦᠵᠢᠭᠦᠯᠬᠦ᠌ ᠠᠷᠭ᠎ᠠ ᠬᠡᠯᠪᠡᠷᠢ ᠶ᠋ᠢᠨ ᠥᠭᠡᠷᠡᠴᠢᠯᠡᠯᠲᠡ ᠵᠢ ᠭᠦᠨᠵᠡᠭᠡᠢᠷᠡᠭᠦᠯᠦᠨ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠲᠦᠪᠱᠢᠨ ᠢ᠋ ᠳᠠᠬᠢᠨ ᠱᠢᠨ᠎ᠡ ᠳᠡᠭ᠌ᠲᠡᠷ ᠲᠦ᠍ ᠭᠠᠷᠭᠠᠵᠤ᠂ ᠱᠢᠨ᠎ᠡ ᠵᠢ ᠡᠭᠦᠳᠬᠦ᠌ ᠦᠶ᠋ᠯᠡᠳᠦᠯᠭᠡ ᠳᠤᠮᠳᠠ ᠰᠣᠶᠣᠯ ᠤ᠋ᠨ ᠤᠯᠠᠮᠵᠢᠯᠠᠯ᠂ ᠦᠨᠳᠦᠰᠦᠲᠡᠨ ᠤ᠋ ᠪᠦᠯᠬᠦᠮᠳᠡᠯ ᠬᠢᠭᠡᠳ ᠰᠤᠷᠤᠭ᠍ᠴᠢᠳ ᠤ᠋ᠨ ᠦᠰᠦᠨ ᠪᠣᠢᠵᠢᠯᠲᠠ ᠠᠭᠤᠰᠤᠯᠴᠠᠬᠰᠠᠨ ᠠᠮᠢᠳᠤᠯᠢᠭ ᠵᠢᠷᠤᠭ ᠢ᠋ ᠵᠢᠷᠤᠭ᠍ᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号