6 ᠰᠠᠷ᠎ᠠ᠎ᠶᠢᠨ 2᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠪᠥᠬᠥ ᠣᠷᠣᠨ᠎ᠤ ᠰᠤᠷᠭᠠᠭᠤᠯᠢ᠎ᠶᠢᠨ ᠮᠠᠰᠢᠨ ᠲᠡᠷᠭᠡ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯ᠎ᠤᠨ ᠬᠤᠷᠠᠯ ᠬᠤᠷᠠᠯᠳᠤᠭᠤᠯᠵᠤ᠂ ᠰᠤᠷᠭᠠᠭᠤᠯᠢ᠎ᠶᠢᠨ ᠮᠠᠰᠢᠨ ᠲᠡᠷᠭᠡ᠎ᠶᠢᠨ ᠠᠮᠤᠷ ᠲᠦᠪᠰᠢᠨ ᠡᠵᠡᠩᠨᠡᠯᠲᠡ ᠵᠢᠨ ᠠᠵᠢᠯ᠎ᠢ ᠠᠬᠢᠭᠤᠯᠤᠬᠰᠠᠨ ᠪᠠᠢᠨ᠎ᠠ᠃
ᠬᠤᠷᠠᠯ᠎ᠠᠴᠠ᠂ 《ᠣᠷᠣᠨ ᠨᠤᠲᠤᠭ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠶᠡᠷᠦᠩᠬᠡᠢ ᠬᠠᠷᠢᠭᠤᠴᠠᠯᠭ᠎ᠠ᠎ᠶᠢ ᠡᠭᠦᠷᠭᠡᠯᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠣᠰ ᠲᠣᠰ᠎ᠤᠨ ᠬᠠᠷᠢᠭᠤᠴᠠᠯᠭ᠎ᠠ᠎ᠶᠢ ᠡᠭᠦᠷᠭᠡᠯᠡᠵᠦ᠂ ᠰᠤᠷᠭᠠᠭᠤᠯᠢ᠎ᠶᠢᠨ ᠮᠠᠰᠢᠨ ᠲᠡᠷᠭᠡ᠎ᠶᠢᠨ ᠡᠵᠡᠩᠨᠡᠯᠲᠡ᠎ᠶᠢᠨ ᠨᠢᠭᠡᠴᠡ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠬᠦ》 ᠬᠠᠷᠢᠭᠤᠴᠠᠯᠭ᠎ᠠ᠎ᠶᠢᠨ ᠰᠢᠰᠲᠧᠮ᠎ᠢ ᠴᠢᠩᠭᠠᠳᠬᠠᠵᠤ᠂ ᠬᠣᠰᠢᠭᠤ ᠰᠢᠶᠠᠨ᠎ᠤ ᠨᠠᠮ ᠵᠠᠰᠠᠭ᠂ ᠡᠯ᠎ᠡ ᠰᠠᠯᠠᠭ᠎ᠠ ᠮᠥᠴᠢᠷ᠂ ᠰᠤᠷᠭᠠᠭᠤᠯᠢ(ᠬᠡᠦᠬᠡᠳ᠎ᠦᠨ ᠴᠡᠴᠡᠷᠯᠢᠭ)᠂ ᠰᠤᠷᠭᠠᠭᠤᠯᠢ᠎ᠶᠢᠨ ᠮᠠᠰᠢᠨ ᠲᠡᠷᠭᠡ᠎ᠶᠢᠨ ᠡᠵᠡᠩᠨᠡᠯᠲᠡ᠎ᠶᠢᠨ ᠨᠢᠭᠡᠴᠢ ᠪᠣᠯᠣᠨ ᠵᠢᠯᠣᠭᠣᠴᠢ ᠵᠡᠷᠭᠡ ᠲᠠᠪᠤᠨ ᠱᠠᠲᠤᠨ᠎ᠤ ᠠᠮᠤᠷ ᠲᠦᠪᠰᠢᠨ᠎ᠦ ᠠᠵᠢᠯ᠎ᠤᠨ ᠳᠤᠤᠷᠵᠢᠯᠢ ᠪᠦᠷᠢᠨᠰᠢᠭᠦᠯᠵᠦ᠂ ᠬᠠᠮᠳᠦ ᠪᠡᠷ ᠠᠳᠬᠤᠵᠤ ᠬᠠᠮᠲᠤ ᠪᠠᠷ ᠬᠠᠮᠢᠶᠠᠷᠬᠤ ᠠᠵᠢᠯ᠎ᠤᠨ ᠬᠠᠮᠳᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ᠃ ᠰᠤᠷᠤᠭ᠍ᠴᠢ ᠵᠥᠭᠡᠭᠡᠪᠦᠷᠢᠯᠡᠬᠦ ᠮᠠᠰᠢᠨ ᠲᠡᠷᠭᠡ ᠶᠢᠨ ᠵᠥᠪᠰᠢᠶᠡᠷᠡᠯ ᠪᠣᠯᠣᠨ ᠬᠢᠨᠠᠨ ᠵᠥᠪᠰᠢᠶᠡᠷᠡᠵᠦ ᠳᠠᠩᠰᠠᠯᠠᠭᠤᠯᠬᠤ ᠳᠦᠷᠢᠮ ᠢ ᠴᠢᠩᠭ᠎ᠠ ᠪᠠᠢᠭᠤᠯᠵᠤ᠂ ᠰᠤᠷᠤᠭ᠍ᠴᠢ ᠵᠥᠭᠡᠭᠡᠪᠦᠷᠢᠯᠡᠬᠦ ᠮᠠᠰᠢᠨ ᠲᠡᠷᠭᠡ᠎ᠶᠢᠨ ᠡᠵᠡᠩᠨᠡᠯᠲᠡ ᠶᠢᠨ ᠵᠠᠭᠪᠤᠷ᠎ᠢ ᠵᠢᠷᠤᠮᠵᠢᠭᠤᠯᠤᠨ᠂ ᠵᠠᠰᠠᠭ ᠤᠨ ᠣᠷᠳᠣᠨ᠎ᠡᠴᠠ ᠰᠤᠷᠤᠭ᠍ᠴᠢ ᠵᠥᠭᠡᠭᠡᠪᠦᠷᠢᠯᠡᠬᠦ ᠮᠠᠰᠢᠨ ᠲᠡᠷᠭᠡ᠎ᠶᠢᠨ ᠦᠢᠯᠡᠴᠢᠯᠡᠭᠡ ᠬᠠᠩᠭᠠᠬᠤ᠂ ᠺᠣᠮᠫᠠᠨᠢᠴᠢᠯᠠᠭᠰᠠᠨ ᠲᠤᠰᠬᠠᠢ ᠡᠵᠡᠩᠨᠡᠯᠲᠡ᠂ ᠰᠤᠷᠭᠠᠭᠤᠯᠢ᠎ᠶᠢᠨ ᠥᠪᠡᠰᠦᠪᠠᠨ ᠪᠡᠯᠡᠳᠬᠡᠭᠰᠡᠨ ᠰᠤᠷᠤᠭ᠍ᠴᠢ ᠵᠥᠭᠡᠭᠡᠪᠦᠷᠢᠯᠡᠬᠦ ᠮᠠᠰᠢᠨ ᠲᠡᠷᠭᠡ ᠵᠡᠷᠭᠡ ᠵᠠᠭᠪᠤᠷ᠎ᠢ ᠲᠤᠬᠠᠢ ᠶᠢᠨ ᠭᠠᠵᠠᠷ ᠣᠷᠣᠨ ᠤ ᠪᠠᠢᠳᠠᠯ ᠳ᠋ᠠᠭᠠᠨ ᠳᠤᠬᠢᠷᠠᠭᠤᠯᠤᠨ ᠡᠵᠡᠩᠨᠡᠬᠦ ᠬᠡᠷᠡᠭᠳᠡᠢ ᠬᠡᠵᠦ ᠱᠠᠭᠠᠷᠳᠠᠪᠠ᠃
ᠬᠤᠷᠠᠯ ᠠ᠋ᠴᠠ᠂ ᠰᠤᠷᠭᠠᠨ ᠬᠥᠮᠦᠵᠢᠯ᠂ ᠳᠣᠲᠣᠭᠠᠳᠤ ᠶ᠋ᠢ ᠬᠠᠮᠠᠭᠠᠯᠠᠬᠤ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠎ᠦᠳ ᠬᠠᠮᠲᠤᠷᠠᠨ ᠲᠤᠰ ᠭᠠᠵᠠᠷ᠎ᠤᠨ ᠰᠤᠷᠭᠠᠭᠤᠯᠢ ᠶ᠋ᠢᠨ ᠮᠠᠰᠢᠨ ᠲᠡᠷᠭᠡ ᠶ᠋ᠢᠨ ᠠᠮᠤᠷ ᠲᠦᠪᠰᠢᠨ ᠢ᠋ᠶ᠋ᠡᠷ ᠡᠵᠡᠩᠨᠡᠵᠦ ᠪᠠᠢᠭ᠎ᠠ ᠪᠠᠢᠳᠠᠯ᠎ᠳᠤ ᠲᠤᠰᠬᠠᠢ ᠪᠠᠢᠴᠠᠭᠠᠠ ᠴᠡᠭᠴᠡᠯᠡᠯᠲᠡ ᠬᠢᠵᠦ᠂ ᠵᠠᠮ ᠳᠡᠭᠡᠷᠡᠬᠢ ᠬᠠᠤᠯᠢ ᠬᠡᠷᠡᠭᠵᠢᠭᠦᠯᠦᠯᠲᠡ ᠪᠠ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠶ᠋ᠢ ᠴᠢᠩᠭᠠᠳᠬᠠᠵᠤ᠂ ᠰᠤᠷᠭᠠᠭᠤᠯᠢ ᠶ᠋ᠢᠨ ᠮᠠᠰᠢᠨ ᠲᠡᠷᠭᠡ ᠶ᠋ᠢᠨ ᠬᠥᠮᠥᠨ᠎ᠦ ᠲᠣᠭ᠎ᠠ ᠠ᠋ᠴᠠ ᠬᠡᠲᠦᠷᠡᠬᠦᠯᠦᠨ ᠵᠦᠬᠡᠬᠡᠪᠦᠷᠢᠯᠡᠭᠰᠡᠨ᠂ ᠬᠤᠷᠳᠤᠴᠠ ᠬᠡᠲᠦᠷᠡᠭᠰᠡᠨ᠂ ᠶᠠᠳᠠᠷᠠᠯ ᠳᠠᠢ ᠪᠡᠷ ᠲᠡᠷᠭᠡ ᠵᠢᠯᠣᠭᠣᠳᠤᠭᠰᠠᠨ ᠵᠡᠷᠭᠡ ᠬᠠᠤᠯᠢ ᠪᠤᠰᠤ ᠲᠡᠭᠡᠭᠡᠪᠦᠷᠢ ᠶ᠋ᠢᠨ ᠮᠠᠰᠢᠨ ᠲᠡᠷᠭᠡ᠎ᠪᠡᠷ ᠰᠤᠷᠤᠭ᠍ᠴᠢᠳ ᠢ᠋ ᠲᠤᠰᠴᠤ ᠬᠦᠷᠭᠡᠬᠦ ᠵᠡᠷᠭᠡ ᠬᠠᠤᠯᠢ ᠠ᠋ᠴᠠ ᠵᠥᠷᠢᠴᠡᠭᠰᠡᠨ ᠠᠵᠢᠯᠯᠠᠭ᠎ᠠ ᠶ᠋ᠢ ᠭᠣᠣᠯᠳᠠᠯᠭᠠᠲᠠᠢᠪᠠᠢᠴᠠᠭᠠᠨ ᠰᠢᠢᠳᠪᠦᠷᠢᠯᠡᠬᠦ ᠬᠡᠷᠡᠭᠲᠡᠢ᠃ ᠰᠣᠷᠣᠭ᠍ᠴᠢ᠂ ᠵᠢᠯᠣᠭᠣᠴᠢ᠂ ᠮᠠᠰᠢᠨ ᠲᠡᠷᠭᠡ ᠵᠢᠨ ᠬᠠᠮᠢᠶᠠᠷᠤᠯᠲᠠ᠎ᠶᠢᠨ ᠠᠵᠢᠯᠲᠠᠨ᠂ ᠭᠡᠷ᠎ᠦᠨ ᠠᠬᠠᠮᠠᠳ᠎ᠲᠤ ᠬᠠᠨᠳᠤᠭᠤᠯᠤᠨ ᠰᠤᠷᠭᠠᠭᠤᠯᠢ᠎ᠶᠢᠨ ᠮᠠᠰᠢᠨ ᠲᠡᠷᠭᠡ᠎ᠶᠢᠨ ᠠᠮᠤᠷ ᠲᠦᠪᠰᠢᠨ᠎ᠦ ᠮᠡᠳᠡᠯᠭᠡ᠂ ᠡᠨᠳᠡᠯ᠎ᠦᠨ ᠬᠡᠷᠡᠭ᠎ᠦᠨ ᠵᠢᠱ᠌ᠢᠶ᠎ᠡ ᠪᠠ ᠪᠠᠴᠢᠮ ᠪᠠᠢᠳᠠᠯ᠎ᠢ ᠠᠷᠭᠠᠴᠠᠭᠠᠬᠤ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠬᠡᠷᠡᠭᠲᠡᠢ᠃ ᠪᠠᠴᠢᠮ ᠪᠠᠢᠳᠠᠯ᠎ᠢ ᠠᠷᠭᠠᠴᠠᠭᠠᠨ ᠰᠡᠷᠭᠡᠢᠯᠡᠬᠦ ᠪᠠ ᠵᠢᠵᠢᠭᠦᠷᠯᠡᠨ ᠰᠠᠬᠢᠬᠤ᠎ᠶᠢ ᠴᠢᠩᠭᠠᠷᠠᠭᠤᠯᠤᠨ᠂ ᠰᠤᠷᠭᠠᠭᠤᠯᠢ᠎ᠶᠢᠨ ᠮᠠᠰᠢᠨ ᠲᠡᠷᠭᠡ᠎ᠶᠢᠨ ᠵᠢᠷᠤᠮᠵᠢᠯ᠎ᠲᠠᠢ ᠠᠮᠤᠷ ᠲᠦᠪᠰᠢᠨ᠎ᠢᠶᠡᠷ ᠠᠵᠢᠯᠯᠠᠬᠤ᠎ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃