ᠰᠤᠷᠭᠠᠨ ᠬᠦᠮᠦᠵᠢᠯ᠎ᠤᠨ ᠤᠢᠯᠠᠰ ᠲᠸ᠋ ᠵᠢᠳᠬᠦᠭᠰᠡᠨ ᠤᠨ ᠵᠢᠯ᠎ᠤᠳ ᠮᠢᠨᠦ
2026-06-12 10:57:26
ᠵᠣᠬᠢᠶᠠᠭ᠍ᠴᠢ᠄
ᠪᠤᠷᠵᠤᠤ
ᠣᠩᠱᠢᠭ᠍ᠰᠠᠨ ᠣᠳᠠᠭ᠎ᠠ᠄
★★★☆☆

ᠡᠪᠦᠭᠡᠨ ᠪᠢ ᠪᠤᠯ ᠤᠤᠯ᠎ᠤᠨ ᠵᠤᠤ ᠤᠳᠠ ᠠᠢᠮᠠᠭ᠎ᠤᠨ ᠮᠠᠩᠬᠠᠨ ᠨᠤᠲᠤᠭ ᠤᠩᠨᠢᠭᠤᠳ ᠬᠤᠰᠢᠭᠤᠨ᠎ᠤ ᠠᠰᠢᠬᠠᠨ ᠰᠤᠮᠤ ᠪᠠᠷ ᠨᠤᠲᠤᠭ ᠲᠠᠢ ᠪᠢᠯᠡ᠃ ᠤᠨ ᠲᠤᠭᠠᠯᠠᠯ᠎ᠤᠨ 1951 ᠤᠨ᠂ ᠴᠠᠭᠠᠭᠴᠢᠨ ᠲᠠᠤᠯᠠᠢ ᠵᠢᠯ᠎ᠤᠨ ᠯᠠ ᠰᠠᠷ᠎ᠠ ᠳ᠋ᠤ ᠲᠤᠰ ᠨᠤᠲᠤᠭ᠎ᠤᠨ ᠡᠩ᠎ᠤᠨ ᠨᠢᠭᠡᠨ ᠮᠠᠯᠴᠢᠨ᠎ᠤ ᠭᠡᠷ ᠲᠸ᠋ ᠮᠡᠨᠳᠦᠯᠡᠪᠡ᠃ ᠡᠯᠦᠨᠴᠡ᠂ ᠬᠤᠯᠤᠨᠴᠠ ᠵᠢᠨ ᠦᠶ᠎ᠡ ᠡᠴᠡ ᠪᠠᠨ ᠤᠷᠭ᠎ᠠ ᠪᠠᠨ ᠠᠳᠬᠤᠭᠰᠠᠨ ᠮᠠᠯᠴᠢᠨ ᠶᠤᠮ᠃ ᠡᠪᠦᠭᠡᠨ ᠮᠢᠨᠦ ᠪᠡᠶ᠎ᠡ ᠪᠤᠯ ᠡᠭᠡᠯ ᠵᠢᠷ᠎ᠤᠨ ᠪᠢᠴᠢᠭᠲᠡᠨ᠂ ᠳᠤᠮᠳᠠᠳᠤ ᠰᠤᠷᠭᠠᠭᠤᠯᠢ ᠵᠢᠨ ᠦᠨᠳᠦᠷ ᠳᠡᠰ᠎ᠤᠨ ᠪᠠᠭᠰᠢ ᠵᠢᠨ ᠴᠤᠯᠠ ᠲᠠᠢ᠃ ᠠᠩᠬ᠎ᠠ ᠳᠤᠮᠳᠠᠳᠤ ᠵᠢᠨ ᠰᠤᠷᠤᠯᠭ᠎ᠠ ᠪᠠᠨ ᠲᠡᠭᠦᠰᠭᠡᠵᠦ ᠠᠳᠠᠯ ᠭᠡᠷ ᠲᠠᠬᠡᠨ ᠪᠤᠴᠠᠭᠠᠳ ᠠᠲᠠᠷ ᠬᠡᠭᠡᠷ᠎ᠡ ᠨᠤᠲᠤᠭ ᠲᠠᠭᠠᠨ ᠠᠳᠤᠭᠤ ᠮᠠᠯ ᠵᠢᠠᠨ ᠮᠠᠯᠵᠢᠵᠤ ᠪᠠᠢᠪᠠ᠃


downLoad-20260612113347.jpg


1973 ᠤᠨ ᠪᠤᠯᠬᠤ ᠳ᠋ᠤ 《ᠵᠤᠤ ᠤᠳᠠ ᠠᠢᠮᠠᠭ᠎ᠤᠨ ᠯᠢᠨᠳ᠋ᠦ᠋ᠩ ᠳ᠋ᠡᠬᠢ ᠪᠠᠭᠰᠢ ᠵᠢᠨ ᠰᠤᠷᠭᠠᠭᠤᠯᠢ》 ᠨᠢ ᠰᠤᠷᠤᠭᠴᠢ ᠡᠯᠰᠡᠬᠦ ᠪᠠᠷ ᠪᠤᠯᠬᠤ ᠳ᠋ᠤ᠂ ᠨᠠᠮ ᠵᠠᠰᠠᠭ᠎ᠤᠨ ᠡᠨᠡᠷᠢᠯ ᠬᠠᠢᠷ᠎ᠠ᠂ ᠠᠷᠠᠳ ᠲᠦᠮᠡᠨ᠎ᠤ ᠨᠠᠢᠳᠠᠯᠭ᠎ᠠ ᠪᠠᠷ ᠡᠮᠨᠢᠭ᠎ᠤᠨ ᠨᠢᠷᠤᠭᠤᠨ ᠡᠴᠡ ᠡᠷᠳᠡᠮ᠎ᠤᠨ ᠨᠢᠷᠤᠭᠤᠨ ᠳ᠋ᠤ ᠭᠠᠷᠬᠤ ᠪᠠᠷ 《ᠯᠢᠨᠳ᠋ᠦ᠋ᠩ ᠳ᠋ᠡᠬᠢ ᠪᠠᠭᠰᠢ ᠵᠢᠨ ᠰᠤᠷᠭᠠᠭᠤᠯᠢ》 ᠵᠢᠨ ᠰᠤᠷᠤᠭᠴᠢ ᠪᠤᠯᠵᠤ᠂ 1975 ᠤᠨ᠎ᠳᠤ ᠰᠢᠯᠢᠳᠡᠭ ᠬᠢᠷᠢ ᠪᠦᠲᠦᠮᠵᠢ ᠪᠠᠷ ᠰᠤᠷᠤᠯᠭ᠎ᠠ ᠪᠠᠨ ᠲᠡᠭᠦᠰᠭᠡᠵᠦ᠂ ᠳᠡᠭᠡᠷ᠎ᠠ ᠱᠠᠲᠤᠨ᠎ᠤ ᠨᠢᠭᠡᠳᠦᠯᠲᠡᠢ ᠳᠤᠬᠢᠷᠠᠭᠤᠯᠭ᠎ᠠ ᠵᠢ ᠳᠠᠭᠠᠵᠤ ᠪᠠᠭᠠᠷᠢᠨ ᠵᠡᠭᠦᠨ ᠬᠤᠰᠢᠭᠤᠨ᠎ᠤ ᠮᠤᠩᠭᠤᠯ ᠳᠤᠮᠳᠠᠳᠤ ᠰᠤᠷᠭᠠᠭᠤᠯᠢ᠎ᠳᠤ ᠬᠤᠪᠢᠶᠠᠭᠳᠠᠨ᠂ ᠢᠷᠠᠭᠤ ᠠᠯᠳᠠᠷᠲᠠᠢ ᠠᠷᠠᠳ᠎ᠤᠨ ᠪᠠᠭᠰᠢ ᠵᠢᠨ ᠠᠵᠢᠯ ᠵᠢᠠᠨ ᠭᠠᠷᠳᠠᠨ ᠡᠬᠢᠯᠡᠭᠦᠯᠦᠭᠰᠡᠨ ᠪᠢᠯᠡ᠃

ᠵᠢᠭᠠᠨ ᠰᠤᠷᠭᠠᠬᠤ ᠠᠵᠢᠯ ᠪᠤᠯ ᠨᠢᠭᠡᠨ ᠪᠡᠶ᠎ᠡ ᠪᠠᠨ ᠳᠠᠭᠠᠭᠠᠭᠰᠠᠨ ᠰᠢᠨᠵᠢᠯᠡᠬᠦ ᠤᠬᠠᠭᠠᠨ ᠮᠥᠨ᠂ ᠬᠢᠴᠢᠶᠡᠯ ᠵᠢᠭᠠᠭᠴᠢ ᠪᠠᠭᠰᠢ ᠡᠷᠬᠡᠪᠰᠢ ᠲᠤᠰ ᠬᠢᠴᠢᠶᠡᠯ ᠲᠦᠷᠦᠯ ᠵᠢᠠᠨ ᠨᠠᠷᠢᠨ ᠨᠢᠮᠪᠠᠢ ᠰᠢᠨᠵᠢᠯᠡᠨ ᠰᠤᠳᠤᠯᠵᠤ ᠪᠠᠢᠬᠤ ᠴᠢᠬᠤᠯᠠᠲᠠᠢ ᠪᠦᠭᠡᠳ ᠬᠡᠯᠡ ᠪᠢᠴᠢᠭ᠎ᠤᠨ ᠬᠢᠴᠢᠶᠡᠯ᠎ᠤᠨ ᠪᠤᠳᠠᠲᠤ ᠤᠨᠴᠠᠯᠢᠭ᠎ᠢ ᠦᠨᠳᠦᠰᠦᠯᠡᠨ 《ᠤᠩᠰᠢᠬᠤ᠂ ᠪᠢᠴᠢᠬᠦ᠂ ᠴᠡᠭᠡᠵᠢᠯᠡᠬᠦ᠂ ᠲᠠᠢᠯᠪᠤᠷᠢᠯᠠᠬᠤ》 ᠵᠡᠷᠭᠡ ᠰᠠᠭᠤᠷᠢ ᠮᠡᠳᠡᠯᠭᠡ ᠵᠢᠨ ᠵᠦᠢᠯ᠎ᠢ ᠵᠠᠪᠠᠯ ᠴᠢᠩᠭ᠎ᠠ ᠪᠠᠷᠢᠮᠲᠠᠯᠠᠨ ᠨᠠᠷᠢᠨ ᠬᠢᠨᠠᠮᠠᠭᠠᠢ ᠵᠢᠭᠠᠨ ᠰᠤᠷᠭᠠᠬᠤ ᠴᠢᠬᠤᠯᠠᠲᠠᠢ ᠪᠢᠯᠡ᠃


downLoad-20260612113329.jpg


1975 — 1996 ᠤᠨ ᠬᠦᠷᠲᠡᠯᠡᠬᠢ ᠬᠤᠷᠢᠨ ᠵᠢᠯ ᠳ᠋ᠤ ᠪᠢ ᠳᠦᠷᠪᠡ ᠤᠳᠠᠭ᠎ᠠ ᠳᠡᠭᠡᠳᠦ ᠳᠤᠮᠳᠠᠳᠤ ᠵᠢᠨ ᠠᠩᠬᠢ ᠵᠢ ᠲᠡᠭᠦᠰᠭᠡᠵᠦ᠂ ᠮᠢᠨᠦ ᠵᠢᠭᠠᠭᠰᠠᠨ ᠬᠡᠯᠡ ᠪᠢᠴᠢᠭ᠎ᠤᠨ ᠬᠢᠴᠢᠶᠡᠯ ᠨᠢ ᠳᠦᠷᠪᠡ ᠤᠳᠠᠭ᠎ᠠ ᠤᠯᠤᠰ᠎ᠤᠨ ᠰᠢᠯᠭᠠᠯᠲᠠ ᠳ᠋ᠤ ᠲᠡᠭᠰᠢᠳᠭᠡᠯ ᠬᠤᠪᠢ ᠪᠠᠷ ᠵᠢᠠᠨ ᠤᠯᠠᠭᠠᠨᠬᠠᠳᠠ ᠬᠤᠲᠠ ᠳ᠋ᠠᠭᠠᠨ ᠡᠮᠦᠨ᠎ᠡ ᠭᠤᠷᠪᠠ᠎ᠳᠤ ᠤᠷᠤᠵᠤ᠂ ᠬᠤᠷᠢᠨ ᠵᠢᠯ᠎ᠤᠨ ᠳᠤᠷᠰᠢ ᠮᠢᠨᠦ ᠡᠷᠬᠢᠯᠡᠭᠰᠡᠨ ᠠᠩᠬᠢ ᠡᠴᠡ ᠮᠠᠰᠢ ᠤᠯᠠᠨ ᠰᠤᠷᠤᠭᠴᠢᠳ ᠶᠡᠬᠡ ᠰᠤᠷᠭᠠᠭᠤᠯᠢ ᠳ᠋ᠤ ᠰᠢᠯᠭᠠᠨ ᠤᠷᠤᠭᠰᠠᠨ ᠪᠦᠭᠡᠳ ᠬᠥᠭᠵᠢᠯᠲᠤ᠂ ᠤᠶᠤᠨᠴᠢᠮᠡᠭ᠂ ᠵᠤᠤ ᠢᠤᠢ ᠶᠢᠩ ᠵᠡᠷᠭᠡ ᠨᠢᠭᠡ ᠪᠦᠯᠦᠭ ᠰᠢᠯᠢᠳᠡᠭ ᠰᠤᠷᠤᠯᠭᠠᠲᠠᠳ ᠤᠷᠤᠨ᠎ᠤ ᠭᠠᠳᠠᠨᠠᠬᠢ ᠶᠡᠬᠡ ᠰᠤᠷᠭᠠᠭᠤᠯᠢ᠎ᠳᠤ ᠰᠢᠯᠭᠠᠨ ᠤᠷᠤᠵᠤ᠂ ᠯᠢᠨᠳ᠋ᠦ᠋ᠩ᠎ᠤᠨ ᠮᠤᠩᠭᠤᠯ ᠳᠤᠮᠳᠠᠳᠤ ᠰᠤᠷᠭᠠᠭᠤᠯᠢ ᠵᠢᠨ ᠰᠤᠷᠤᠭᠴᠢᠳ ᠤᠷᠤᠨ᠎ᠤ ᠭᠠᠳᠠᠨᠠᠬᠢ ᠶᠡᠬᠡ ᠰᠤᠷᠭᠠᠭᠤᠯᠢ ᠳ᠋ᠤ ᠰᠢᠯᠭᠠᠨ ᠤᠷᠤᠵᠤ ᠳᠡᠢᠯᠬᠦ ᠦᠭᠡᠢ ᠪᠠᠢᠭᠰᠠᠨ ᠬᠤᠴᠤᠷᠤᠩᠭᠤᠢ ᠪᠠᠢᠳᠠᠯ᠎ᠢ ᠬᠤᠪᠢᠷᠠᠭᠤᠯᠪᠠ᠃ ᠳᠡᠭᠡᠳᠦ ᠳᠤᠮᠳᠠᠳᠤ ᠵᠢᠨ ᠠᠩᠬᠢ ᠵᠢᠨ ᠬᠢᠴᠢᠶᠡᠯ᠎ᠢ ᠵᠢᠭᠠᠵᠤ ᠪᠠᠢᠭᠰᠠᠨ ᠬᠤᠭᠤᠴᠠᠭᠠᠨ ᠳ᠋ᠤ᠂ ᠪᠢ ᠬᠤᠲᠠ ᠵᠢᠨ ᠰᠤᠷᠤᠭᠴᠢᠳ᠎ᠤᠨ ᠪᠤᠳᠠᠲᠤ ᠪᠠᠢᠳᠠᠯ᠎ᠢ ᠦᠨᠳᠦᠰᠦᠯᠡᠨ᠂ 《ᠬᠤᠲᠠ ᠵᠢᠨ ᠰᠤᠷᠤᠭᠴᠢᠳ ᠬᠡᠷᠬᠢᠨ ᠬᠢᠴᠢᠶᠡᠯ᠎ᠤᠨ ᠭᠠᠳᠠᠭᠤᠷᠬᠢ ᠴᠠᠭ ᠵᠢᠠᠨ ᠠᠰᠢᠭᠯᠠᠨ ᠰᠤᠷᠤᠯᠴᠠᠬᠤ ᠳᠤᠬᠠᠢ》 ᠭᠡᠬᠦ ᠦᠭᠦᠯᠡᠯ ᠪᠢᠴᠢᠵᠦ᠂ ᠬᠤᠵᠢᠮ ᠨᠢ ᠦᠪᠠᠷᠳᠡᠭᠡᠨ ᠵᠠᠰᠠᠬᠤ ᠤᠷᠤᠨ᠎ᠤ 《ᠵᠢᠭᠠᠨ ᠰᠤᠷᠭᠠᠯᠲᠠ ᠵᠢᠨ ᠰᠤᠳᠤᠨ ᠦᠭᠦᠯᠡᠯ᠎ᠤᠨ ᠲᠡᠭᠦᠪᠦᠷᠢ》 ᠳ᠋ᠤ ᠰᠤᠩᠭᠤᠭᠳᠠᠪᠠ᠃ 《ᠲᠤᠷᠭᠠᠨ ᠵᠢᠯᠤᠭᠤ》 ᠰᠡᠳᠬᠦᠯ᠎ᠳᠤ ᠮᠢᠨᠦ ᠭᠠᠷᠭᠠᠭᠰᠠᠨ ᠬᠡᠳᠦᠨ ᠬᠤᠪᠢ ᠳᠡᠭᠡᠳᠦ ᠭᠤᠷᠪᠠ ᠵᠢᠨ ᠮᠤᠩᠭᠤᠯ ᠬᠡᠯᠡᠨ᠎ᠤ ᠰᠤᠷᠢᠯᠲᠠ ᠵᠢᠨ ᠰᠡᠳᠦᠪ᠎ᠢ ᠨᠡᠢᠲᠡᠯᠡᠵᠡᠢ᠃ 1985 ᠤᠨ᠎ᠳᠤ ᠤᠯᠠᠭᠠᠨᠬᠠᠳᠠ ᠬᠤᠲᠠ ᠵᠢᠨ ᠳᠡᠭᠡᠳᠦ ᠭᠤᠷᠪᠠ ᠵᠢᠨ ᠬᠡᠯᠡ ᠪᠢᠴᠢᠭ᠎ᠤᠨ ᠵᠢᠭᠠᠨ ᠵᠢᠯᠤᠭᠤᠳᠬᠤ ᠳᠤᠭᠤᠢᠯᠠᠩ᠎ᠤᠨ ᠬᠡᠰᠢᠭᠦᠨ ᠪᠤᠯᠪᠠ᠃

ᠵᠢᠭᠠᠨ ᠰᠤᠷᠭᠠᠬᠤ ᠠᠵᠢᠯ ᠳ᠋ᠠᠭᠠᠨ ᠳᠤᠪᠤᠢᠮ᠎ᠠ ᠠᠮᠵᠢᠯᠲᠠ ᠤᠯᠤᠭᠰᠠᠨ ᠡᠴᠡ 1984 ᠤᠨ᠎ᠳᠤ ᠪᠠᠭᠠᠷᠢᠨ ᠵᠡᠭᠦᠨ ᠬᠤᠰᠢᠭᠤᠨ᠎ᠤ ᠵᠠᠰᠠᠭ᠎ᠤᠨ ᠤᠷᠳᠤᠨ᠂ ᠰᠤᠷᠭᠠᠨ ᠬᠦᠮᠦᠵᠢᠯ᠎ᠤᠨ ᠳᠤᠪᠴᠢᠶᠠᠨ ᠡᠴᠡ ᠤᠯᠭᠤᠭᠰᠠᠨ 《ᠵᠢᠱ᠌ᠢᠶᠡᠴᠢ ᠵᠢᠭᠠᠨ ᠰᠤᠷᠭᠠᠭᠴᠢ》 ᠵᠢᠨ ᠬᠥᠬᠢᠭᠦᠯᠦᠯ᠎ᠢ ᠬᠦᠷᠲᠡᠵᠦ᠂ 1987 ᠤᠨ᠎ᠳᠤ ᠤᠯᠠᠭᠠᠨᠬᠠᠳᠠ ᠬᠤᠲᠠ ᠵᠢᠨ ᠵᠠᠰᠠᠭ᠎ᠤᠨ ᠤᠷᠳᠤᠨ᠂ ᠰᠤᠷᠭᠠᠨ ᠬᠦᠮᠦᠵᠢᠯ᠎ᠤᠨ ᠳᠤᠪᠴᠢᠶᠡᠨ ᠡᠴᠡ ᠤᠯᠭᠤᠭᠰᠠᠨ 《ᠰᠢᠯᠢᠳᠡᠭ ᠵᠢᠭᠠᠨ ᠰᠤᠷᠭᠠᠭᠴᠢ》 ᠵᠢᠨ ᠬᠥᠬᠢᠭᠦᠯᠦᠯ᠎ᠢ ᠬᠦᠷᠲᠡᠵᠦ᠂ 1994 ᠤᠨ᠎ᠳᠤ ᠪᠠᠭᠠᠷᠢᠨ ᠵᠡᠭᠦᠨ ᠬᠤᠰᠢᠭᠤᠨ᠎ᠤ 《ᠬᠡᠯᠡ ᠪᠢᠴᠢᠭ ᠵᠢᠠᠨ ᠰᠤᠷᠴᠤ ᠬᠡᠷᠡᠭᠯᠡᠭᠰᠡᠨ ᠵᠢᠱ᠌ᠢᠶᠡᠴᠢ》 ᠪᠠᠷ ᠰᠤᠩᠭᠤᠭᠳᠠᠪᠠ᠃


downLoad-20260612113413.jpg


1953 ᠤᠨ᠎ᠳᠤ ᠪᠠᠢᠭᠤᠯᠤᠭᠳᠠᠭᠰᠠᠨ ᠡᠴᠡ ᠪᠠᠨ 1996 ᠤᠨ ᠪᠤᠯᠲᠠᠯ᠎ᠠ᠂ ᠯᠢᠨᠳ᠋ᠦ᠋ᠩ᠎ᠤᠨ ᠮᠤᠩᠭᠤᠯ ᠳᠤᠮᠳᠠᠳᠤ ᠰᠤᠷᠭᠠᠭᠤᠯᠢ ᠨᠢ ᠲᠦᠴᠢ ᠭᠠᠷᠤᠢ ᠵᠢᠯ᠎ᠳᠤ ᠳᠡᠭᠡᠳᠦ ᠳᠤᠮᠳᠠᠳᠤ ᠵᠢᠨ ᠠᠩᠬᠢ᠂ ᠠᠩᠬ᠎ᠠ ᠳᠤᠮᠳᠠᠳᠤ ᠵᠢᠨ ᠠᠩᠭᠢ ᠪᠠ ᠪᠠᠭ᠎ᠠ ᠰᠤᠷᠭᠠᠭᠤᠯᠢ ᠲᠠᠢ ᠪᠠᠨ ᠨᠢᠭᠡ ᠰᠤᠷᠭᠠᠭᠤᠯᠢ ᠵᠢᠨ ᠬᠦᠷᠢᠶᠡᠨ᠎ᠳᠤ ᠰᠢᠬᠠᠯᠳᠤᠨ ᠬᠢᠴᠢᠶᠡᠯᠯᠡᠵᠦ ᠪᠠᠢᠪᠠ᠃ 1996 ᠤᠨ ᠪᠤᠯᠬᠤ ᠳ᠋ᠤ ᠳᠡᠭᠡᠷ᠎ᠠ ᠱᠠᠲᠤᠨ᠎ᠤ ᠵᠢᠭᠠᠪᠤᠷᠢ ᠵᠢ ᠦᠨᠳᠦᠰᠦᠯᠡᠨ᠂ ᠮᠤᠩᠭᠤᠯ ᠪᠠᠭ᠎ᠠ ᠰᠤᠷᠭᠠᠭᠤᠯᠢ ᠵᠢ ᠰᠠᠯᠭᠠᠨ ᠡᠷᠬᠢᠯᠡᠬᠦ ᠪᠠᠷ ᠪᠤᠯᠵᠤ᠂ᠪᠠᠭᠠᠷᠢᠨ ᠵᠡᠭᠦᠨ ᠬᠤᠰᠢᠭᠤᠨ᠎ᠤ ᠵᠠᠰᠠᠭ᠎ᠤᠨ ᠤᠷᠳᠤᠨ ᠪᠠ ᠰᠤᠷᠭᠠᠨ ᠬᠦᠮᠦᠵᠢᠯ᠎ᠤᠨ ᠳᠤᠪᠴᠢᠶᠡᠨ ᠡᠴᠡ ᠡᠨᠡ ᠬᠦ᠌ ᠬᠦᠴᠢᠷ ᠲᠡᠢ ᠮᠦᠷᠲᠡᠭᠡᠨ ᠬᠦᠨᠳᠦ ᠴᠢᠬᠤᠯᠠ ᠡᠭᠦᠷᠭᠡ ᠵᠢ ᠨᠠᠳᠠ ᠳ᠋ᠤ ᠳᠤᠰᠢᠶᠠᠨ ᠥᠭᠪᠡ᠃ ᠤᠷᠤᠨ ᠨᠤᠲᠤᠭ᠎ᠤᠨ ᠵᠢᠠᠨ ᠰᠤᠷᠭᠠᠨ ᠬᠦᠮᠦᠵᠢᠯ ᠳ᠋ᠤ ᠦᠨᠡᠨᠴᠢ ᠰᠢᠳᠤᠷᠭᠤ ᠪᠠᠢᠬᠤ ᠭᠠᠭᠴᠠ ᠰᠡᠳᠭᠢᠯᠭᠡ ᠵᠢ ᠡᠪᠦᠷᠯᠡᠨ ᠬᠦᠨᠳᠦ ᠴᠢᠬᠤᠯᠠ ᠡᠭᠦᠷᠭᠡ ᠵᠢ ᠳᠤᠷᠠᠲᠠᠶ᠎ᠠ ᠬᠦᠯᠢᠶᠡᠨ ᠠᠪᠴᠤ᠂ ᠰᠤᠷᠭᠠᠭᠤᠯᠢ ᠪᠠᠢᠭᠤᠯᠬᠤ ᠠᠵᠢᠯ ᠳ᠋ᠠᠭᠠᠨ ᠡᠳᠦᠷᠵᠢᠨ ᠰᠦᠨᠢᠵᠢᠨ ᠴᠢᠷᠮᠠᠢᠵᠤ᠂ ᠤᠬᠤᠷᠬᠠᠨ ᠵᠢᠯ ᠬᠠᠭᠠᠰ᠎ᠤᠨ ᠬᠤᠭᠤᠴᠠᠭᠠᠨ ᠳ᠋ᠤ ᠰᠢᠨ᠎ᠡ ᠰᠤᠷᠭᠠᠭᠤᠯᠢ ᠪᠠᠨ ᠪᠦᠲᠦᠭᠡᠨ ᠪᠠᠢᠭᠤᠯᠵᠤ ᠳᠠᠭᠤᠰᠬᠠᠨ᠂ 1998 ᠤᠨ᠎ᠤ 9 ᠰᠠᠷ᠎ᠠ ᠵᠢᠨ 1᠎ᠤ᠋ ᠡᠳᠦᠷ ᠰᠢᠨ᠎ᠡ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠳ᠋ᠤ᠂ ᠮᠤᠩᠭᠤᠯ ᠪᠠᠭ᠎ᠠ ᠰᠤᠷᠭᠠᠭᠤᠯᠢ ᠵᠢᠨ ᠪᠦᠬᠦ ᠪᠠᠭᠰᠢ ᠰᠤᠷᠤᠭᠴᠢᠳ ᠰᠢᠨ᠎ᠡ ᠰᠤᠷᠭᠠᠭᠤᠯᠢ ᠵᠢᠨ ᠬᠦᠷᠢᠶ᠎ᠡ᠂ ᠳᠤᠬᠢᠯᠢᠭ ᠰᠠᠢᠬᠠᠨ ᠬᠢᠴᠢᠶᠡᠯ᠎ᠤᠨ ᠲᠠᠩᠬᠢᠮ ᠳ᠋ᠤ ᠬᠢᠴᠢᠶᠡᠯ ᠰᠤᠷᠤᠯᠭ᠎ᠠ ᠪᠠᠨ ᠡᠬᠢᠯᠡᠭᠦᠯᠵᠦ᠂ ᠲᠦᠴᠢ ᠭᠠᠷᠤᠢ ᠵᠢᠯ ᠳᠤᠮᠳᠠᠳᠤ ᠰᠤᠷᠭᠠᠭᠤᠯᠢ ᠲᠠᠢ ᠬᠤᠯᠢᠯᠳᠤᠨ ᠬᠢᠴᠢᠶᠡᠯᠯᠡᠵᠦ ᠪᠠᠢᠭᠰᠠᠨ ᠲᠡᠦᠬᠡ ᠵᠢ ᠡᠴᠦᠰᠯᠡᠭᠦᠯᠪᠡ᠃ ᠡᠨᠡ ᠬᠦ᠌ ᠢᠷᠠᠭᠤ ᠠᠯᠳᠠᠷᠲᠠᠢ ᠡᠭᠦᠷᠭᠡ ᠵᠢ ᠠᠮᠵᠢᠯᠲᠠ ᠲᠠᠢ ᠪᠡᠶᠡᠯᠡᠭᠦᠯᠦᠭᠰᠡᠨ ᠵᠢᠠᠷ᠂ 1998 ᠤᠨ᠎ᠳᠤ ᠤᠯᠠᠭᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠂ ᠰᠤᠷᠭᠠᠨ ᠬᠦᠮᠦᠵᠢᠯ᠎ᠤᠨ ᠳᠤᠪᠴᠢᠶᠠᠨ ᠡᠴᠡ 《ᠭᠠᠪᠢᠶ᠎ᠠ ᠲᠡᠮᠲᠡᠭᠯᠡᠬᠦ》 ᠱᠠᠩᠨᠠᠯ ᠤᠯᠭᠤᠪᠠ᠃

ᠮᠤᠩᠭᠤᠯ ᠪᠠᠭ᠎ᠠ ᠰᠤᠷᠭᠠᠭᠤᠯᠢ ᠳ᠋ᠤ ᠠᠵᠢᠯᠯᠠᠵᠤ ᠪᠠᠢᠭ᠎ᠠ ᠬᠤᠭᠤᠴᠠᠭᠠᠨ ᠳ᠋ᠠᠭᠠᠨ ᠡᠬᠡᠨᠡᠷ ᠲᠡᠢ ᠪᠠᠨ ᠬᠠᠪᠰᠤᠷᠤᠯᠴᠠᠨ᠂ ᠪᠠᠭ᠎ᠠ ᠰᠤᠷᠭᠠᠭᠤᠯᠢ ᠵᠢᠨ ᠬᠢᠴᠢᠶᠡᠯ ᠲᠦᠷᠦᠯ᠎ᠳᠤ ᠳᠤᠬᠢᠷᠠᠯᠴᠠᠬᠤ ᠵᠢᠭᠠᠬᠤ ᠪᠠᠭᠠᠵᠢ 《ᠤᠯᠠᠨ ᠬᠡᠷᠡᠭᠴᠡᠭᠡᠳᠦ ᠡᠷᠭᠢᠭᠦᠯᠭᠡᠲᠦ ᠰᠠᠮᠪᠠᠷ᠎ᠠ》 ᠵᠢ ᠦᠢᠯᠡᠳᠦᠨ ᠪᠦᠲᠦᠭᠡᠵᠦ᠂ 《ᠡᠷᠭᠢᠭᠦᠯᠭᠡᠲᠦ ᠰᠠᠮᠪᠠᠷ᠎ᠠ》 ᠵᠢᠨ ᠵᠠᠭᠪᠤᠷ ᠳᠦᠷᠰᠦ ᠪᠠ ᠬᠡᠷᠡᠭᠯᠡᠬᠦ ᠲᠠᠢᠯᠪᠤᠷᠢ ᠵᠢ 《ᠦᠪᠦᠷ ᠮᠤᠩᠭᠤᠯ᠎ᠤᠨ ᠰᠤᠷᠭᠠᠨ ᠬᠦᠮᠦᠵᠢᠯ》 ᠰᠡᠳᠬᠦᠯ ᠳ᠋ᠤ ᠨᠡᠢᠲᠡᠯᠡᠭᠰᠡᠨ ᠡᠴᠡ ᠳᠤᠬᠠᠢ ᠵᠢᠨ ᠦᠶ᠎ᠠ ᠳ᠋ᠤ ᠠᠯᠠᠱᠠ᠂ ᠪᠠᠶᠠᠠᠨᠠᠭᠤᠷ ᠵᠡᠷᠭᠡ ᠠᠢᠮᠠᠭ᠎ᠤᠨ ᠨᠠᠯᠢᠶᠡᠳ ᠤᠯᠠᠨ ᠪᠠᠭ᠎ᠠ ᠰᠤᠷᠭᠠᠭᠤᠯᠢ ᠨᠤᠭᠤᠳ ᠲᠤᠰ 《ᠡᠷᠭᠢᠭᠦᠯᠭᠡᠲᠦ ᠰᠠᠮᠪᠠᠷ᠎ᠠ》 ᠵᠢ ᠬᠡᠷᠡᠭᠯᠡᠭᠰᠡᠨ ᠵᠢᠠᠨ ᠮᠡᠳᠡᠭᠳᠡᠪᠡ᠃ ᠪᠠᠭ᠎ᠠ ᠰᠤᠷᠭᠠᠭᠤᠯᠢ ᠳ᠋ᠤ ᠠᠵᠢᠯᠯᠠᠵᠤ ᠪᠠᠢᠬᠤ ᠳ᠋ᠠᠭᠠᠨ ᠪᠠᠭᠠᠴᠤᠳ ᠬᠡᠦᠬᠡᠳ᠎ᠤᠨ ᠳᠤᠷ᠎ᠠ ᠰᠤᠨᠢᠷᠬᠠᠯ᠎ᠳᠤ ᠨᠡᠢᠴᠡᠬᠦ 《ᠠᠷᠪᠠᠨ ᠬᠤᠶᠠᠷ ᠵᠢᠯ᠎ᠤᠨ ᠠᠮᠢᠲᠠᠨ᠎ᠢ ᠳᠦᠷᠰᠦᠯᠢᠭ ᠬᠡᠯᠡᠬᠦ》᠂ 《ᠠᠮᠠᠨ ᠬᠦᠵᠦᠭᠦᠦ ᠵᠢᠨ ᠢᠷᠦᠭᠡᠯ》 ᠵᠡᠷᠭᠡ ᠱᠤᠭ ᠶᠦᠮᠦᠷ ᠵᠤᠬᠢᠶᠠᠯ ᠪᠢᠴᠢᠵᠦ᠂ 《ᠦᠪᠦᠷ ᠮᠤᠩᠭᠤᠯ᠎ᠤᠨ ᠵᠠᠯᠠᠭᠤᠴᠤᠳ》᠂ 《ᠴᠤᠮᠤᠷᠯᠢᠭ》 ᠵᠡᠷᠭᠡ ᠰᠡᠳᠬᠦᠯ ᠳ᠋ᠤ ᠨᠡᠢᠲᠡᠯᠡᠭᠦᠯᠦᠭᠰᠡᠨ ᠶᠤᠮ᠃


downLoad-20260612113307.jpg


ᠨᠠᠰᠤ ᠵᠢᠯ᠎ᠤᠨ ᠬᠠᠷᠠᠭ᠎ᠠ ᠪᠠᠷ᠂ 2002 ᠤᠨ᠎ᠳᠤ ᠬᠤᠰᠢᠭᠤᠨ᠎ᠤ ᠵᠢᠭᠠᠬᠤ ᠵᠢ ᠰᠤᠳᠤᠯᠬᠤ ᠭᠡᠷ ᠲᠸ᠋ ᠠᠵᠢᠯ ᠰᠢᠯᠵᠢᠵᠦ᠂ ᠪᠦᠬᠦ ᠬᠤᠰᠢᠭᠤᠨ᠎ᠤ ᠮᠤᠩᠭᠤᠯ ᠵᠢᠠᠷ ᠬᠢᠴᠢᠶᠡᠯᠯᠡᠬᠦ ᠳᠤᠮᠳᠠᠳᠤ ᠰᠤᠷᠭᠠᠭᠤᠯᠢ ᠵᠢᠨ ᠬᠡᠯᠡ ᠪᠢᠴᠢᠭ᠎ᠤᠨ ᠵᠢᠭᠠᠨ ᠰᠤᠷᠭᠠᠯᠲᠠ ᠵᠢᠨ ᠳᠤᠬᠠᠢ ᠠᠵᠢᠯ᠎ᠢ ᠬᠢᠵᠦ ᠪᠠᠢᠭᠠᠳ 2010 ᠤᠨ᠎ᠳᠤ ᠠᠵᠢᠯ᠎ᠤᠨ ᠠᠮᠠᠷᠠᠯᠲᠠ ᠪᠠᠨ ᠠᠪᠴᠤ ᠠᠷᠤ ᠭᠡᠷ ᠲᠡᠭᠡᠨ ᠪᠤᠴᠠᠪᠠ᠃ ᠠᠵᠢᠯ ᠳᠡᠭᠡᠷ᠎ᠡ ᠪᠠᠢᠬᠤ ᠳ᠋ᠠᠭᠠᠨ ᠠᠯᠢᠪᠠ ᠪᠦᠬᠦᠨ ᠵᠢᠠᠨ ᠵᠢᠭᠠᠨ ᠰᠤᠷᠭᠠᠯᠲᠠ ᠳᠡᠭᠡᠷ᠎ᠡ ᠲᠠᠯᠪᠢᠵᠤ᠂ ᠪᠢᠴᠢᠭ ᠵᠢᠭᠠᠵᠤ ᠬᠦᠮᠦᠨ ᠬᠦᠮᠦᠵᠢᠭᠦᠯᠬᠦ ᠵᠢ ᠲᠦᠮᠡᠨ ᠶᠠᠪᠤᠳᠠᠯ᠎ᠤᠨ ᠲᠡᠷᠢᠭᠦᠨ ᠵᠢᠠᠷ ᠦᠵᠡᠵᠦ ᠪᠠᠢᠪᠠ᠃ ᠠᠵᠢᠯ᠎ᠤᠨ ᠠᠮᠠᠷᠠᠯᠲᠠ ᠪᠠᠨ ᠠᠪᠤᠭᠰᠠᠨ᠎ᠤ ᠳᠠᠷᠠᠭ᠎ᠠ ᠮᠤᠩᠭᠤᠯ ᠦᠨᠳᠦᠰᠦᠲᠡᠨ᠎ᠤ ᠪᠠᠨ ᠲᠡᠦᠬᠡ ᠰᠤᠶᠤᠯ᠂ ᠠᠵᠤ ᠠᠮᠢᠳᠤᠷᠠᠯ᠂ ᠵᠠᠩ ᠦᠢᠯᠡ ᠵᠡᠷᠭᠡ ᠳ᠋ᠤ ᠠᠩᠬᠠᠷᠤᠯ ᠲᠠᠯᠪᠢᠵᠤ᠂ ᠬᠥᠳᠡᠭᠡ ᠨᠤᠲᠤᠭ᠎ᠤᠨ ᠮᠠᠯᠴᠢᠳ᠎ᠤᠨ ᠦᠨᠡᠨ ᠠᠮᠢᠳᠤᠷᠠᠯ᠎ᠢ ᠬᠠᠷᠠᠭᠤᠯᠤᠭᠰᠠᠨ ᠬᠡᠳᠦᠨ ᠨᠤᠮ ᠪᠢᠴᠢᠵᠦ᠂ ᠪᠠᠰᠠ ᠲᠡᠦᠬᠡ ᠵᠢᠨ ᠦᠨ᠎ᠡ ᠴᠡᠨ᠎ᠡ ᠲᠡᠢ ᠬᠤᠶᠠᠷ ᠨᠤᠮ ᠮᠤᠩᠭᠤᠯᠴᠢᠯᠠᠵᠤ᠂ ᠤᠩᠰᠢᠭᠴᠢᠳ ᠲᠠᠭᠠᠨ ᠡᠷᠭᠦᠨ ᠳᠡᠪᠰᠢᠭᠦᠯᠪᠠ᠃ ᠡᠭᠦᠨ ᠳ᠋ᠤ 《ᠮᠠᠯ ᠲᠡᠵᠢᠭᠡᠪᠦᠷᠢ ᠡᠴᠡ ᠡᠭᠦᠰᠦᠯ ᠲᠡᠢ ᠮᠢᠩᠭ᠎ᠠ ᠯᠠᠩ᠎ᠤᠨ ᠵᠦᠢᠷ ᠰᠡᠴᠡᠨ ᠦᠭᠡ》 ᠭᠡᠬᠦ ᠨᠤᠮ ᠵᠢᠠᠨ 2012 ᠤᠨ᠎ᠳᠤ ᠦᠪᠦᠷ ᠮᠤᠩᠭᠤᠯ᠎ᠤᠨ ᠠᠷᠠᠳ᠎ᠤᠨ ᠬᠡᠪᠯᠡᠯ᠎ᠤᠨ ᠬᠤᠷᠢᠶᠠᠨ ᠡᠴᠡ ᠬᠡᠪᠯᠡᠭᠦᠯᠪᠡ; 《ᠬᠥᠬᠡᠬᠤᠲᠠ ᠵᠢᠨ ᠲᠡᠦᠬᠡ ᠰᠤᠶᠤᠯ᠎ᠤᠨ ᠮᠥᠷᠳᠡᠯᠭᠡ》 ᠭᠡᠬᠦ ᠴᠢᠮᠡᠭᠡᠯᠡᠯ ᠵᠢᠠᠨ 2014 ᠤᠨ᠎ᠤ 4 ᠰᠠᠷ᠎ᠠ ᠳ᠋ᠤ 《ᠦᠪᠦᠷ ᠮᠤᠩᠭᠤᠯ᠎ᠤᠨ ᠡᠳᠦᠷ᠎ᠤᠨ ᠰᠤᠨᠢᠨ》 ᠳ᠋ᠤ ᠨᠡᠢᠲᠡᠯᠡᠭᠦᠯᠪᠡ; 《ᠲᠠᠪᠤᠨ ᠬᠤᠰᠢᠭᠤ ᠮᠠᠯ᠎ᠤᠨ ᠠᠷᠠᠴᠢᠯᠠᠭ᠎ᠠ ᠵᠢᠨ ᠰᠤᠶᠤᠯ》 ᠭᠡᠬᠦ ᠨᠤᠮ ᠵᠢᠠᠨ 2016 ᠤᠨ᠎ᠳᠤ ᠦᠪᠦᠷ ᠮᠤᠩᠭᠤᠯ᠎ᠤᠨ ᠠᠷᠠᠳ᠎ᠤᠨ ᠬᠡᠪᠯᠡᠯ᠎ᠤᠨ ᠬᠤᠷᠢᠶᠠᠨ ᠡᠴᠡ ᠬᠡᠪᠯᠡᠭᠦᠯᠪᠡ; 《ᠮᠤᠩᠭᠤᠯᠴᠤᠳ᠎ᠤᠨ ᠴᠠᠭᠠᠨ ᠢᠳᠡᠭᠡᠨ》 ᠭᠡᠬᠦ ᠨᠤᠮ ᠵᠢᠠᠨ 2021 ᠤᠨ᠎ᠳᠤ ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠡᠪᠯᠡᠯ᠎ᠤᠨ ᠬᠤᠷᠢᠶᠠᠨ ᠡᠴᠡ ᠬᠡᠪᠯᠡᠭᠦᠯᠵᠦ᠂ ᠲᠤᠰ ᠨᠤᠮ ᠨᠢ ᠦᠪᠦᠷ ᠮᠤᠩᠭᠤᠯ᠎ᠤᠨ ᠤᠯᠠᠮᠵᠢᠯᠠᠯᠲᠤ ᠰᠤᠶᠤᠯ᠎ᠤᠨ ᠳᠡᠯᠭᠡᠷᠡᠭᠦᠯᠦᠯᠲᠡ ᠵᠢᠨ ᠨᠤᠮ᠎ᠤᠨ ᠬᠦᠮᠦᠷᠭᠡ ᠳ᠋ᠤ ᠤᠷᠤᠪᠠ᠃

ᠮᠢᠨᠦ ᠤᠷᠴᠢᠭᠤᠯᠤᠭᠰᠠᠨ ᠵᠤᠬᠢᠶᠠᠯ ᠭᠡᠪᠡᠯ᠂ ᠯᠢᠤ ᠰᠢ ᠮᠢᠨ᠎ᠤ ᠪᠢᠴᠢᠭᠰᠡᠨ 《ᠶᠡᠬᠡ ᠯᠢᠶᠤᠤ ᠤᠯᠤᠰ᠎ᠤᠨ ᠶᠢᠰᠦᠨ ᠬᠠᠭᠠᠨ》 (ᠨᠡᠢᠲᠡ ᠭᠤᠷᠪᠠᠨ ᠳᠡᠪᠲᠡᠷ) ᠢ᠋ 2014 ᠤᠨ᠎ᠳᠤ ᠦᠪᠦᠷ ᠮᠤᠩᠭᠤᠯ᠎ᠤᠨ ᠠᠷᠠᠳ᠎ᠤᠨ ᠬᠡᠪᠯᠡᠯ᠎ᠤᠨ ᠬᠤᠷᠢᠶᠠᠨ ᠡᠴᠡ ᠬᠡᠪᠯᠡᠭᠦᠯᠦᠨ ᠳᠠᠷᠬᠠᠭᠠᠪᠠ᠃ ᠠᠮᠸᠷᠢᠺᠠ ᠵᠢᠨ ᠾᠸᠨ᠋ᠳᠡᠷᠢᠺᠠ ᠸᠢᠯᠢᠶᠠᠨ ᠸᠠᠨᠠᠯᠤᠨ᠎ᠤ ᠵᠤᠬᠢᠶᠠᠭᠰᠠᠨ 《ᠬᠦᠮᠦᠨ ᠲᠦᠷᠦᠯᠬᠢᠲᠡᠨ᠎ᠤ ᠳᠤᠪᠴᠢ ᠲᠡᠦᠬᠡ》 ᠭᠡᠬᠦ ᠨᠤᠮ᠎ᠢ ᠮᠤᠩᠭᠤᠯᠴᠢᠯᠠᠵᠤ᠂ 2023 ᠤᠨ᠎ᠳᠤ ᠦᠪᠦᠷ ᠮᠤᠩᠭᠤᠯ᠎ᠤᠨ ᠠᠷᠠᠳ᠎ᠤᠨ ᠬᠡᠪᠯᠡᠯ᠎ᠤᠨ ᠬᠤᠷᠢᠶᠠᠨ ᠡᠴᠡ ᠬᠡᠪᠯᠡᠭᠦᠯᠦᠨ ᠳᠠᠷᠬᠠᠭᠠᠪᠠ᠃ 2014 ᠤᠨ᠎ᠳᠤ ᠦᠪᠦᠷ ᠮᠤᠩᠭᠤᠯ᠎ᠤᠨ ᠨᠠᠰᠤᠲᠠᠢᠴᠤᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠨᠡᠢᠭᠡᠮᠯᠢᠭ᠎ᠤᠨ ᠬᠡᠰᠢᠭᠦᠨ ᠪᠤᠯᠵᠤ᠂ ᠤᠯᠠᠨ ᠤᠳᠠᠭᠠᠨ᠎ᠤ ᠤᠷᠠᠨ ᠪᠢᠴᠢᠯᠭᠡ ᠵᠢᠨ ᠦᠵᠡᠰᠭᠦᠯᠡᠩ᠎ᠳᠤ ᠪᠦᠲᠦᠭᠡᠯ ᠵᠢᠠᠨ ᠳᠡᠪᠰᠢᠭᠦᠯᠪᠠ᠃ ᠡᠭᠦᠨ᠎ᠳᠤ 2018 ᠤᠨ᠎ᠳᠤ ᠮᠢᠨᠦ ᠨᠢᠭᠡᠨ ᠤᠷᠠᠨ ᠪᠢᠴᠢᠯᠭᠡ ᠵᠢᠨ ᠪᠦᠲᠦᠭᠡᠯ 《ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ ᠵᠢᠨ ᠠᠯᠲᠠᠠᠠᠤᠷᠭᠢᠯ᠎ᠤᠨ ᠪᠢᠴᠢᠭ᠎ᠤᠨ ᠬᠦᠷᠢᠶᠡᠯᠡᠩ》 ᠳ᠋ᠤ ᠰᠤᠩᠭᠤᠭᠳᠠᠪᠠ᠃

ᠥᠯᠥᠭᠡᠢ ᠨᠤᠲᠤᠭ ᠵᠤᠤ ᠤᠳᠠ ᠵᠢᠨ ᠰᠤᠷᠭᠠᠨ ᠬᠦᠮᠦᠵᠢᠯ᠎ᠤᠨ ᠦᠢᠯᠡᠰ ᠲᠸ᠋᠂ ᠠᠷᠠᠳ᠎ᠤᠨ ᠪᠠᠭᠰᠢ ᠵᠢᠨ ᠠᠯᠪᠠᠨ ᠳ᠋ᠤ ᠭᠤᠴᠢᠨ ᠵᠢᠷᠭᠤᠭᠠᠨ ᠵᠢᠯ ᠮᠠᠬᠠᠷᠠᠨ ᠵᠢᠳᠬᠦᠭᠰᠡᠨ ᠠᠵᠢᠯ ᠦᠢᠯᠡᠰ᠎ᠤᠨ ᠵᠠᠮ ᠮᠦᠷ᠂ ᠤᠯᠤᠭᠰᠠᠨ ᠦᠴᠦᠬᠡᠨ ᠠᠮᠵᠢᠯᠲᠠ ᠪᠦᠲᠦᠮᠵᠢ ᠪᠠᠨ ᠡᠢᠨ ᠬᠦ᠌ ᠬᠤᠷᠢᠶᠠᠩᠭᠤᠢᠯᠠᠵᠤ᠂ ᠦᠵᠡᠬᠦ ᠮᠡᠷᠭᠡᠳ᠂ ᠦᠶ᠎ᠡ ᠵᠢᠨ ᠠᠬ᠎ᠠ ᠳᠡᠭᠦᠦ᠂ ᠦᠷ᠎ᠡ ᠬᠤᠢᠴᠢᠰ ᠲᠠᠭᠠᠨ ᠳᠤᠷᠠᠰᠤᠮᠵᠢ ᠪᠤᠯᠭᠠᠬᠤ ᠵᠢ ᠰᠠᠨᠠᠪᠠ᠂ ᠭᠡᠭᠡᠨ ᠮᠡᠯᠮᠡᠢ ᠳ᠋ᠠᠭᠡᠨ ᠲᠤᠯᠢᠳᠠᠮᠤ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号