ᠦᠨᠢ ᠬᠤᠯᠡ ᠵᠢᠨ ᠡᠬᠡᠰᠢᠭᠯᠡᠨᠭᠳᠤ ᠦᠯᠢᠬᠡᠷ ᠤᠷᠠᠯᠢᠭ᠎ᠤᠨ ᠤᠯᠠᠮᠵᠢᠯᠠᠯ ᠵᠠᠯᠭᠠᠮᠵᠢᠯᠠᠯ
2026-06-12 11:25:51
ᠵᠣᠬᠢᠶᠠᠭ᠍ᠴᠢ᠄
ᠳᠤᠷᠡᠨ ᠡᠦ ᠰᠢᠦ ᠮᠸᠢ
ᠣᠩᠱᠢᠭ᠍ᠰᠠᠨ ᠣᠳᠠᠭ᠎ᠠ᠄
★★★☆☆

ᠵᠠᠷᠤᠳ ᠬᠤᠰᠢᠭᠤᠨ ᠤ᠋ ᠲᠤᠯᠤᠳᠤᠭᠠᠷ ᠪᠠᠭ᠎ᠠ ᠰᠤᠷᠭᠠᠭᠤᠯᠢ ᠶ᠋ᠢᠨ ᠪᠤᠳᠠᠰ ᠤ᠋ᠨ ᠪᠤᠰᠤ ᠰᠤᠶᠤᠯ ᠤ᠋ᠨ ᠦᠪ᠎ᠤᠨ ᠬᠢᠴᠢᠶᠡᠯ ᠤ᠋ᠨ ᠲᠢᠩᠭᠢᠮ ᠠ᠋ᠴᠠ ᠢᠷᠠᠭᠤ ᠰᠠᠢᠬᠠᠨ ᠬᠦᠭᠵᠢᠮ ᠡᠭᠡᠰᠢᠭᠯᠡᠵᠤ᠂ ᠰᠤᠷᠤᠭ᠍ᠴᠢᠳ ᠴᠢᠩᠭᠢᠨᠠᠮ᠎ᠠ ᠬᠤᠭᠤᠯᠠᠢ ᠪᠡᠷ ᠦᠯᠢᠬᠡᠷ ᠪᠠ ᠲᠠᠭᠠᠷᠢᠯᠴᠠᠭ᠎ᠠ ᠬᠤᠯᠪᠤᠭ᠎ᠠ ᠪᠤᠯᠪᠠᠰᠤᠷᠠᠵᠤ ᠪᠠᠢᠯ᠎ᠠ᠃ ᠲᠦᠷᠪᠡᠨ ᠤᠳᠠᠰᠤᠳᠤ ᠬᠤᠭᠤᠷ᠂ ᠭᠡᠩᠭᠡᠷᠭᠡ᠂ ᠲᠤᠪᠰᠢᠭᠤᠷ᠂ ᠱᠠᠭ᠎ᠠ ᠵᠡᠷᠭᠡ ᠬᠦᠭᠵᠢᠮᠳᠡᠬᠦᠷ ᠵᠢᠡᠷ ᠬᠦᠭ ᠨᠡᠢᠯᠡᠭᠦᠯᠦᠨ  ᠬᠦᠭᠵᠢᠮᠳᠡᠵᠤ᠂ ᠱᠤᠭ ᠶᠦᠮᠦᠷᠯᠢᠭ ᠦᠭᠡ ᠶᠠᠷᠢᠶ᠎ᠠ ᠪᠡᠷ ᠲᠠᠭᠠᠷᠢᠯᠴᠠᠭ᠎ᠠ ᠬᠤᠯᠪᠤᠭ᠎ᠠ ᠶᠠᠷᠢᠬᠤ ᠨᠢ ᠬᠦᠮᠦᠰ ᠤ᠋ᠨ ᠠᠩᠬᠠᠷᠤᠯ ᠢ᠋ ᠦᠪᠡᠷ ᠤ᠋ᠨ ᠡᠷᠭᠡ ᠦᠭᠡᠢ ᠲᠠᠳᠠᠨ᠎ᠠ᠃ 《 ᠪᠢ ᠡᠨᠳᠡ ᠦᠯᠢᠭᠡᠷ ᠬᠤᠯᠪᠤᠭ᠎ᠠ ᠵᠢᠭᠠᠭᠠᠳ 17 ᠵᠢᠯ ᠤ᠋ᠨ ᠨᠢᠭᠤᠷ ᠢ᠋ ᠦᠵᠡᠵᠤ ᠪᠠᠢᠨ᠎ᠠ᠂ ᠮᠠᠨ ᠤ᠋ ᠰᠤᠷᠤᠭ᠍ᠴᠢᠳ ᠦᠯᠢᠭᠡᠷ ᠬᠤᠯᠪᠤᠭ᠎ᠠ ᠳ᠋ᠠᠭᠠᠨ ᠮᠠᠰᠢ ᠲᠤᠷᠠᠲᠠᠢ᠃ ᠭᠠᠷᠠᠭ ᠪᠤᠯᠭᠠᠨ ᠲᠦᠷᠪᠡ ᠤᠳᠠᠭ᠎ᠠ ᠬᠢᠴᠢᠶᠡᠯ ᠤᠷᠤᠳᠠᠭ ᠁ 》 ᠭᠡᠵᠦ ᠵᠢᠯᠤᠭᠤᠳᠤᠭ᠍ᠴᠢ ᠪᠠᠭ᠍ᠰᠢ ᠱᠦ᠍ ᠭᠤᠸᠠᠩ ᠪᠠᠶᠠᠷᠳᠠᠢᠬᠠᠨ ᠬᠡᠯᠡᠨ᠎ᠡ᠃


QQ20260612-102914.png


ᠮᠣᠩᠭᠣᠯ ᠦᠨᠳᠦᠰᠦᠲᠡᠨ᠎ᠦ ᠬᠣᠪᠣᠷ ᠨᠠᠨᠳᠢᠨ ᠪᠣᠳᠠᠰ᠎ᠤᠨ ᠪᠤᠰᠤ ᠰᠣᠶᠣᠯ᠎ᠤᠨ ᠥᠪ ᠪᠤᠶᠤ ᠳᠠᠭᠤᠷᠢᠯᠢᠭ᠋᠎ᠤᠨ ᠦᠨᠡᠲᠦ ᠡᠷᠳᠡᠨᠢ ᠪᠣᠯᠤᠭᠰᠠᠨ᠎ᠤ ᠬᠤᠪᠢ᠎ᠳᠤ᠂ ᠦᠯᠢᠭᠡᠷ ᠤᠷᠠᠯᠢᠭ᠋ ᠨᠢ ᠵᠠᠷᠤᠳ ᠬᠣᠰᠢᠭᠤᠨ᠎ᠳᠤ ᠰᠢᠰᠲᠸᠮᠲᠦ ᠴᠢᠨᠠᠷᠲᠠᠢ ᠬᠠᠮᠠᠭᠠᠯᠠᠯᠲᠠ ᠪᠠ ᠰᠢᠨ᠎ᠡ ᠡᠭᠦᠳᠦᠯᠲᠡ᠎ᠶᠢᠨ ᠴᠢᠨᠠᠷᠲᠠᠢ ᠬᠥᠭᠵᠢᠯᠲᠡ᠎ᠲᠠᠢ ᠪᠣᠯᠵᠠᠢ᠃ ᠲᠤᠬᠠᠢ  ᠶ᠋ᠢᠨ ᠭᠠᠵᠠᠷ᠎ᠤᠨ ᠭᠢᠨ 《ᠳᠤᠮᠳᠠᠳᠤ ᠤᠯᠤᠰ᠎ᠤᠨ ᠳᠠᠭᠤᠷᠢᠯᠢᠭ᠋᠎ᠤᠨ ᠦᠯᠦᠬᠡᠢ 》 ᠵᠢᠨ ᠠᠭᠤᠯᠬᠤᠨ᠎ᠳᠤ ᠰᠠᠭᠤᠷᠢᠯᠠᠨ᠂ ᠣᠯᠠᠨ ᠵᠦᠢᠯ᠎ᠦᠨ ᠠᠷᠭ᠎ᠠ ᠬᠡᠮᠵᠢᠶ᠎ᠡ ᠶ᠋ᠢ ᠵᠡᠷᠭᠡ᠎ᠪᠡᠷ ᠬᠡᠷᠡᠭᠯᠡᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠬᠢ ᠪᠠᠶᠠᠯᠢᠭ᠋  ᠢ᠋ ᠠᠮᠢᠯᠠᠭᠤᠯᠵᠤ᠂ ᠲᠠᠯ᠎ᠠ ᠨᠤᠲᠤᠭ᠎ᠤᠨ ᠳᠠᠭᠤᠷᠢᠯᠢᠭ᠎ᠤᠨ ᠰᠢᠨ᠎ᠡ ᠠᠮᠢᠯᠠᠯ  ᠢ᠋ ᠪᠤᠶ ᠪᠤᠯᠭᠠᠬ᠍ᠰᠠᠨ ᠪᠠᠢᠨ᠎ᠠ᠃ ᠵᠠᠷᠤᠳ ᠬᠣᠰᠢᠭᠤᠨ᠎ᠤ ᠭᠢᠨ ᠤᠯᠠᠮᠵᠢᠯᠠᠯ᠎ᠤᠨ ᠵᠢᠭ᠍ᠰᠠᠭᠠᠯ᠎ᠤᠨ ᠭᠠᠵᠠᠷ᠎ᠢᠶᠠᠨ ᠪᠡᠬᠢᠵᠢᠭᠦᠯᠵᠦ᠂ ᠪᠦᠭᠦ ᠤᠯᠤᠰ᠎ᠤᠨ ᠠᠩᠬᠠᠳᠠᠭ᠍ᠴᠢ ᠦᠯᠢᠬᠡᠷ ᠤᠷᠠᠯᠢᠭ᠎ᠤᠨ ᠮᠦᠽᠧᠢ᠂ ᠤᠯᠠᠮᠵᠢᠯᠠᠯ᠎ᠤᠨ ᠰᠠᠭᠤᠷᠢᠨ᠎ᠢ ᠪᠠᠢᠭᠤᠯᠵᠤ᠂ ᠶᠡᠬᠡ ᠬᠡᠮᠵᠢᠶᠡᠨ᠎ᠦ ᠲᠠᠭᠤ ᠳᠦᠷᠰᠦ ᠰᠢᠩᠭᠡᠭᠡᠯᠲᠡ ᠵᠢᠴᠢ ᠰᠤᠷᠪᠤᠯᠵᠢ ᠪᠢᠴᠢᠭ ᠮᠠᠲᠧᠷᠢᠶᠠᠯ᠎ᠢ ᠬᠠᠳᠠᠭᠠᠯᠠᠵᠤ᠂ ᠰᠣᠶᠣᠯ᠎ᠤᠨ ᠰᠤᠳᠠᠰᠤ᠎ᠶᠢᠨ ᠰᠠᠭᠤᠷᠢ᠎ᠶᠢ ᠪᠠᠲᠤ ᠴᠣᠭᠴᠠᠯᠠᠵᠦ᠂ ᠡᠭᠦᠨ᠎ᠦ ᠬᠠᠮᠲᠤ ᠴᠢᠳᠠᠪᠤᠷᠢᠲᠠᠨ᠎ᠢ ᠬᠥᠮᠥᠵᠢᠭᠦᠯᠬᠦ᠎ᠶᠢ ᠭᠦᠨᠵᠡᠭᠡᠢᠷᠡᠭᠦᠯᠪᠡ᠃ᠰᠤᠷᠭᠠᠭᠤᠯᠢ᠎ᠶᠢᠨ ᠬᠦᠷᠢᠶᠡᠨ᠎ᠦ ᠬᠢᠴᠢᠶᠡᠯ᠂ ᠪᠠᠭ᠍ᠰᠢ ᠱᠠᠪᠢ᠎ᠶᠢᠨ ᠤᠯᠠᠮᠵᠢᠯᠠᠯ᠎ᠤᠨ ᠵᠠᠭᠪᠤᠷ᠎ᠲᠤ ᠲᠦᠰᠢᠭᠯᠡᠨ ᠰᠢᠨ᠎ᠡ ᠬᠦᠴᠦᠨ᠎ᠢ ᠬᠥᠮᠥᠵᠢᠭᠦᠯᠵᠦ᠂ ᠬᠥᠳᠡᠭᠡ ᠪᠠᠭᠤᠬᠤ᠂ ᠰᠤᠷᠭᠠᠭᠤᠯᠢ᠎ᠶᠢᠨ ᠬᠦᠷᠢᠶᠡᠨ᠎ᠳᠦ ᠣᠴᠢᠬᠤ᠂ ᠦᠵᠡᠮᠵᠢ᠎ᠶᠢᠨ ᠣᠷᠣᠨ᠎ᠳᠤ ᠣᠴᠢᠵᠤ ᠦᠵᠡᠭᠦᠯᠦᠨ ᠲᠣᠭᠯᠠᠬᠤ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠬᠦ᠎ᠶᠢᠨ ᠬᠠᠮᠲᠤ ᠴᠠᠭ ᠦᠶ᠎ᠡ᠎ᠶᠢᠨ ᠭᠣᠣᠯ ᠰᠡᠳᠦᠪᠲᠦ ᠰᠢᠨ᠎ᠡ᠎ᠶᠢ ᠡᠭᠦᠳᠬᠦ ᠵᠣᠬᠢᠶᠠᠨ ᠪᠦᠲᠦᠭᠡᠯᠭᠡ᠎ᠲᠠᠢ ᠨᠢᠭ᠍ᠲᠠ ᠤᠶᠠᠯᠳᠤᠭᠤᠯᠤᠨ᠂ ᠤᠯᠠᠮᠵᠢᠯᠠᠯᠲᠤ ᠳᠠᠭᠤᠷᠢᠯᠢᠭ᠋᠎ᠲᠤ ᠰᠢᠨ᠎ᠡ ᠠᠭᠤᠯᠤᠭᠳᠠᠬᠤᠨ᠎ᠢ ᠨᠡᠮᠡᠷᠢᠯᠡᠪᠡ᠃ ᠰᠢᠷᠢᠰ ᠠᠷᠭ᠎ᠠ ᠬᠡᠮᠵᠢᠶ᠎ᠡ ᠨᠢ ᠬᠠᠮᠠᠭᠠᠯᠠᠬᠤ ᠪᠠ ᠠᠮᠢᠳᠤᠯᠢᠭ᠋ ᠪᠤᠯᠭᠠᠬᠤ᠎ᠶᠢ ᠬᠠᠮᠲᠤ ᠳ᠋ᠤᠨᠢ ᠬᠠᠷᠠᠭᠠᠯᠵᠠᠵᠤ᠂ ᠦᠯᠢᠬᠡᠷ ᠤᠷᠠᠯᠢᠭ᠎ᠢ ᠣᠯᠠᠨ ᠲᠦᠮᠡᠨ᠎ᠲᠠᠢ ᠣᠢᠷᠠᠲᠤᠭᠤᠯᠵᠤ᠂ ᠦᠨᠳᠦᠰᠦᠲᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠮᠢᠳᠤᠯᠢᠭ᠋ ᠤᠯᠠᠮᠵᠢᠯᠠᠯ᠎ᠳᠤ ᠰᠢᠯᠢᠳᠡᠭ ᠬᠡᠪ ᠳᠠᠭᠤᠷᠢᠶᠠᠯ ᠬᠠᠩᠭᠠᠭᠰᠠᠨ ᠪᠠᠢᠨ᠎ᠠ᠃


QQ20260612-102931.png


ᠵᠠᠷᠤᠳ ᠬᠤᠰᠢᠭᠤ ᠬᠤᠷᠢᠨ ᠵᠢᠯ ᠤ᠋ᠨ ᠡᠮᠦᠨ᠎ᠡ ᠠ᠋ᠴᠠ ᠡᠬᠢᠯᠡᠨ ᠪᠤᠳᠠᠰ ᠤ᠋ᠨ ᠪᠤᠰᠤ ᠰᠤᠶᠤᠯ ᠤ᠋ᠨ ᠦᠪ ᠢ᠋ ᠰᠤᠷᠭᠠᠭᠤᠯᠢ ᠶ᠋ᠢᠨ ᠬᠦᠷᠢᠶᠡᠨ ᠳ᠋ᠥ ᠤᠷᠤᠭᠤᠯᠬᠤ ᠠᠵᠢᠯ ᠢ᠋ ᠦᠷᠨᠢᠭᠦᠯᠵᠦ᠂ ᠰᠤᠷᠤᠭ᠍ᠴᠢᠳ ᠲᠣ᠌ ᠤᠯᠠᠮᠵᠢᠯᠠᠯᠳᠤ ᠰᠤᠶᠤᠯ ᠢ᠋ ᠤᠢᠯᠠᠭᠠᠭᠤᠯᠤᠨ ᠮᠡᠳᠡᠷᠡᠭᠦᠯᠵᠦ᠂ ᠰᠤᠷᠤᠭ᠍ᠴᠢᠳ ᠤ᠋ᠨ ᠤᠯᠠᠮᠵᠢᠯᠠᠯᠳᠤ ᠰᠤᠶᠤᠯ ᠢ᠋ᠶ᠋ᠠᠨ ᠬᠠᠢᠷᠠᠯᠠᠬᠤ ᠰᠡᠳᠬᠢᠯᠭᠡ ᠶ᠋ᠢ ᠬᠦᠭᠵᠢᠭᠡᠵᠦ᠂ ᠤᠯᠠᠮᠵᠢᠯᠠᠯᠳᠤ ᠰᠤᠶᠤᠯ ᠢ᠋ ᠬᠠᠮᠠᠭᠠᠯᠠᠬᠤ ᠠᠵᠢᠯ ᠢ᠋ ᠴᠢᠬᠤᠯᠠᠴᠢᠯᠠᠭᠰᠠᠭᠠᠷ ᠢᠷᠡᠵᠠᠢ᠃ ᠵᠠᠷᠤᠳ ᠬᠤᠰᠢᠭᠤᠨ ᠤ᠋ ᠲᠤᠯᠤᠳᠤᠭᠠᠷ ᠪᠠᠭ᠎ᠠ ᠰᠤᠷᠭᠠᠭᠤᠯᠢ ᠶ᠋ᠢᠨ ᠦᠯᠢᠭᠡᠷ ᠬᠤᠯᠪᠤᠭ᠎ᠠ ᠶ᠋ᠢᠨ ᠤᠨᠴᠠᠯᠢᠭ᠍ᠳᠤ ᠠᠩᠭᠢ ᠨᠢ 2006 ᠤᠨ ᠳ᠋ᠥ ᠪᠠᠢᠭᠤᠯᠤᠭᠳᠠᠭᠰᠠᠨ ᠠ᠋ᠴᠠ ᠨᠠᠭᠠᠰᠢ᠂ ᠨᠢᠭᠡᠨᠲᠠ 1000 ᠭᠠᠷᠤᠢ ᠰᠤᠷᠤᠭ᠍ᠴᠢ ᠶ᠋ᠢ ᠬᠦᠮᠦᠵᠢᠭᠦᠯᠵᠤ᠂ ᠡᠬᠦᠨ ᠳ᠋ᠥ 50 ᠭᠠᠷᠤᠢ ᠰᠤᠷᠤᠭ᠍ᠴᠢ ᠡᠨᠡ ᠬᠦ᠌ ᠲᠤᠰᠬᠠᠢ ᠮᠡᠷᠭᠡᠵᠢᠯ ᠢ᠋ᠶ᠋ᠠᠷ ᠶᠡᠭᠡ ᠰᠤᠷᠭᠠᠭᠤᠯᠢ ᠳ᠋ᠥ ᠲᠠᠪᠰᠢᠵᠤ᠂ ᠵᠠᠷᠢᠮ ᠨᠢ ᠲᠦᠪ ᠲᠧᠯᠸᠢᠰ ᠤ᠋ᠨ ᠲᠠᠪᠴᠠᠩ ᠢ᠋ᠶ᠋ᠠᠷ ᠲᠠᠮᠵᠢᠨ ᠪᠦᠬᠦ ᠤᠯᠤᠰ ᠤ᠋ᠨ ᠦᠵᠡᠭᠴᠢᠳ ᠲᠠᠢ ᠵᠤᠯᠭᠠᠵᠤ᠂ 2012 ᠤᠨ ᠠ᠋ᠴᠠ ᠡᠬᠢᠯᠡᠨ ᠤᠯᠤᠰ᠂ ᠤᠷᠤᠨ᠂ ᠬᠤᠳᠠ ᠶ᠋ᠢᠨ ᠲᠡᠰ ᠤ᠋ᠨ ᠤᠷᠤᠯᠳᠤᠭᠠᠨ ᠳ᠋ᠥ ᠤᠷᠤᠯᠴᠠᠵᠤ᠂ ᠡᠯ᠎ᠡ ᠲᠦᠷᠦᠯ ᠤ᠋ᠨ ᠱᠠᠩᠨᠠᠯ ᠬᠦᠬᠢᠬᠦᠯᠦᠯ 30 ᠭᠠᠷᠤᠢ ᠤᠳᠠᠭ᠎ᠠ ᠬᠦᠷᠳᠡᠪᠡ᠃ 2024 ᠤᠨ ᠳ᠋ᠥ᠂ ᠱᠦ᠍ ᠭᠤᠸᠠᠩ ᠪᠠᠭ᠍ᠰᠢ ᠶ᠋ᠢᠨ ᠵᠢᠯᠤᠭᠤᠳᠤᠭᠰᠠᠨ《ᠰᠠᠷᠠ ᠲᠠᠢ ᠵᠤᠯᠭᠠᠶ᠎ᠠ》ᠭᠡᠬᠦ ᠬᠤᠯᠪᠤᠭ᠎ᠠ ᠨᠢ ᠠᠷᠪᠠᠨ ᠨᠢᠭᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠪᠠᠭᠠᠴᠤᠳ ᠬᠡᠦᠬᠡᠳ᠎ᠦᠨ ᠳᠠᠭᠤᠷᠢᠯᠢᠭ᠋᠎ᠤᠨ ᠦᠵᠡᠭᠦᠯᠭᠡ᠎ᠶᠢᠨ ᠲᠣᠭᠯᠠᠯᠲᠠ᠎ᠳᠤ ᠰᠣᠩᠭᠣᠭᠳᠠᠵᠦ᠂ ᠭᠠᠷᠤᠭ᠎ᠠ ᠬᠦᠢᠴᠡᠳ ᠭᠠᠨᠵᠤᠭ᠎ᠠ ᠲᠦᠭᠦᠷᠡᠩ ᠤᠯᠵᠠ ᠲᠠᠢ ᠤᠮᠤᠭᠲᠠᠢ ᠤᠷᠤᠭᠰᠢᠯᠠᠵᠤ᠂ ᠬᠤᠭᠤᠷ ᠴᠤᠭᠤᠷ ᠤ᠋ᠨ ᠡᠭᠡᠰᠢᠭ ᠢ᠋ᠶ᠋ᠠᠷ ᠬᠡᠤᠬᠡᠳ ᠤ᠋ᠨ ᠰᠡᠳᠬᠢᠯ ᠢ᠋ ᠤᠮᠳᠠᠯᠠᠵᠤ᠂ ᠤᠯᠠᠮᠵᠢᠯᠠᠯᠳᠤ ᠰᠤᠶᠤᠯ ᠢ᠋ᠶ᠋ᠠᠨ ᠤᠯᠠᠮᠵᠢᠯᠠᠨ ᠬᠦᠭᠵᠢᠭᠦᠯᠵᠦ ᠶᠠᠪᠤᠨ᠎ᠠ᠃


QQ20260612-103002.png


2025 ᠤᠨ ᠤ᠋ 11 ᠰᠠᠷ᠎ᠠ ᠳ᠋ᠥ᠂ ᠲᠥᠪ᠎ᠤᠨ ᠤᠬᠠᠭᠤᠯᠬᠤ ᠬᠡᠯᠲᠡᠰ ᠤ᠋ᠨ ᠠᠯᠪᠠᠨ ᠲᠢᠩᠬᠢᠮ 2023 ᠣᠨ᠎ᠠᠴᠠ 2024 ᠣᠨ ᠪᠣᠯᠲᠠᠯᠠᠬᠢ ᠪᠥᠬᠥ ᠤᠯᠤᠰ᠎ᠤᠨ ᠰᠣᠶᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠡᠷᠡᠭᠦᠯ ᠬᠠᠮᠠᠭᠠᠯᠠᠯ᠎ᠤᠨ 《ᠭᠤᠷᠪᠠ᠎ᠶᠢ ᠬᠥᠳᠡᠭᠡ᠎ᠳᠤ ᠪᠠᠭᠤᠯᠭᠠᠬᠤ》ᠠᠵᠢᠯᠯᠠᠭ᠎ᠠ᠎ᠶᠢᠨ ᠰᠢᠯᠢᠳᠡᠭ ᠪᠦᠯᠬᠦᠮ ᠨᠡᠶ᠋ᠢᠲᠡ ᠵᠢᠴᠢ ᠦᠢᠯᠡᠴᠢᠯᠡᠭᠡᠨ᠎ᠦ ᠵᠢᠱ᠌ᠢᠶᠡᠴᠢ᠎ᠶᠢᠨ ᠨᠡᠷᠡᠰ᠎ᠢ ᠨᠡᠢᠲᠡᠯᠡᠪᠡ᠃ ᠡᠭᠦᠨ᠎ᠳᠦ᠂ ᠵᠠᠷᠤᠳ ᠬᠣᠰᠢᠭᠤᠨ᠎ᠤ ᠦᠯᠢᠭᠡᠷ ᠤᠷᠠᠯᠢᠭ᠋᠎ᠤᠨ ᠪᠦᠯᠬᠦᠮ 《2024 ᠣᠨ᠎ᠤ ᠪᠥᠬᠥ ᠤᠯᠤᠰ᠎ᠤᠨ 〈 ᠭᠤᠷᠪᠠ᠎ᠶᠢ ᠬᠥᠳᠡᠭᠡ ᠪᠠᠭᠤᠯᠭᠠᠬᠤ 〉 ᠠᠵᠢᠯᠯᠠᠭ᠎ᠠ᠎ᠶᠢᠨ ᠰᠢᠯᠢᠳᠡᠭ ᠬᠠᠮᠳᠤ ᠨᠢᠬᠡᠴᠢ 》 ᠭᠡᠬᠦ ᠢᠷᠠᠭᠤ ᠠᠯᠳᠠᠷ᠎ᠢ ᠭᠥᠷᠳᠡᠪᠡ᠃ 《ᠤᠯᠠᠮᠵᠢᠯᠠᠯᠲᠤ ᠰᠤᠶᠤᠯ ᠤᠷᠠᠯᠢᠭ᠋ ᠢ᠋ᠶ᠋ᠠᠨ ᠠᠷᠠᠳ ᠤᠯᠠᠨ᠎ᠳᠦ ᠬᠦᠷᠭᠡᠵᠦ᠂ ᠦᠯᠢᠭᠡᠷ ᠬᠤᠯᠪᠤᠭ᠎ᠠ ᠪᠡᠷ ᠲᠥᠷᠥ᠎ᠶᠢᠨ ᠪᠣᠳᠣᠯᠭ᠎ᠠ᠎ᠶᠢ ᠤᠬᠠᠭᠤᠯᠵᠤ ᠴᠢᠳᠠᠭᠰᠠᠨ ᠳ᠋ᠠᠭᠠᠨ ᠪᠢᠳᠠᠨ ᠠᠵᠢᠯᠯᠠᠬᠤ ᠲᠤᠳᠤᠮ ᠤᠷᠮ᠎ᠠ ᠪᠠᠬᠠᠲᠠᠢ ᠪᠤᠯᠵᠤ ᠪᠠᠢᠨ᠎ᠠ》ᠭᠡᠵᠦ ᠦᠯᠢᠭᠡᠷ ᠤᠷᠠᠯᠢᠭ᠋᠎ᠤᠨ ᠪᠦᠯᠬᠦᠮ ᠤ᠋ᠨ ᠲᠠᠷᠤᠭ᠎ᠠ ᠲᠠᠪᠬᠤᠷᠪᠠᠶᠠᠷ ᠪᠠᠶᠠᠷᠯᠠᠨ ᠤᠮᠤᠭᠰᠢᠨ᠎ᠠ᠃

ᠵᠠᠷᠤᠳ ᠬᠤᠰᠢᠭᠤᠨ ᠤ᠋ ᠦᠯᠢᠭᠡᠷ ᠤᠷᠠᠯᠢᠭ᠋ ᠤ᠋ᠨ ᠪᠦᠯᠭᠦᠮ ᠨᠢ 2003 ᠤᠨ ᠳ᠋ᠥ ᠪᠠᠢᠭᠤᠯᠤᠭᠳᠠᠭᠰᠠᠨ ᠠ᠋ᠴᠠ ᠨᠠᠭᠠᠰᠢ᠂ ᠮᠠᠯᠵᠢᠬᠤ ᠲᠠᠷᠢᠶᠠᠯᠠᠬᠤ ᠤᠷᠤᠨ ᠳ᠋ᠥ ᠬᠦᠷᠴᠤ᠂ ᠦᠯᠢᠭᠡᠷ ᠬᠤᠯᠪᠤᠭ᠎ᠠ ᠶ᠋ᠢᠨ ᠲᠤᠭᠯᠠᠯᠲᠠ ᠪᠡᠷ ᠨᠠᠮ᠎ᠤᠨ ᠲᠠᠭᠤᠨ ᠪᠠ ᠬᠠᠢᠷ᠎ᠠ ᠬᠠᠯᠠᠮᠵᠢᠯᠠᠯ᠎ᠢ ᠲᠠᠮᠵᠢᠭᠤᠯᠤᠨ᠂ ᠰᠢᠨᠵᠢᠯᠡᠬᠦ ᠤᠬᠠᠭᠠᠨ ᠰᠣᠶᠣᠯ᠎ᠤᠨ ᠮᠡᠳᠡᠯᠭᠡ᠎ᠶᠢ ᠲᠦᠭᠡᠮᠡᠯᠵᠢᠭᠦᠯᠵᠦ᠂ ᠮᠠᠯᠴᠢᠨ ᠲᠠᠷᠢᠶᠠᠴᠢᠨ᠎ᠤ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠭᠰᠠᠨ᠎ᠢᠶᠠᠷ ᠪᠠᠷᠠᠬᠤ ᠦᠭᠡᠢ᠂ ᠨᠠᠩ ᠴᠤ᠌ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠵᠤ᠂ ᠦᠯᠢᠭᠡᠷ ᠬᠤᠯᠪᠤᠭ᠎ᠠ ᠶ᠋ᠢᠨ ᠤᠯᠠᠮᠵᠢᠯᠠᠯᠳᠤ ᠰᠤᠶᠤᠯ ᠤ᠋ᠨ ᠬᠦᠳᠡᠭᠡ ᠨᠤᠳᠤᠭ ᠲᠣ᠌ ᠤᠯᠠᠮᠵᠢᠯᠠᠨ ᠲᠡᠯᠭᠡᠷᠡᠬᠦ ᠶ᠋ᠢ ᠠᠬᠢᠭᠤᠯᠤᠭᠰᠠᠨ ᠪᠠᠢᠨ᠎ᠠ᠃ ᠦᠯᠢᠭᠡᠷ ᠤᠷᠠᠯᠢᠭ᠋ ᠤ᠋ᠨ ᠪᠦᠯᠭᠦᠮ ᠨᠢ ᠡᠬᠢᠨ ᠳ᠋ᠡᠭᠡᠨ ᠭᠤᠷᠪᠠᠬᠠᠨ ᠭᠡᠰᠢᠭᠦᠨ ᠲᠠᠢ ᠪᠠᠢᠪᠠ᠂ ᠤᠳᠤᠬᠠᠨ ᠳ᠋ᠥ ᠬᠦᠳᠡᠭᠡ ᠲᠤᠰᠬᠤᠨ ᠤ᠋ ᠦᠯᠢᠭᠡᠷ ᠬᠤᠯᠪᠤᠭ᠎ᠠ ᠳ᠋ᠥ ᠪᠠᠬᠠᠲᠠᠢ ᠬᠦᠮᠦᠰ ᠢ᠋ ᠡᠯᠰᠡᠵᠤ᠂ 20 ᠭᠠᠷᠤᠢ ᠭᠡᠰᠢᠬᠦᠨ ᠲᠠᠢ ᠪᠤᠯᠵᠠᠢ᠃ ᠪᠦᠯᠬᠦᠮ ᠨᠢ 《 ᠵᠠᠩᠵᠤᠨ ᠬᠤᠶᠠᠭᠯᠠᠬᠤ 》᠂ 《 ᠲᠠᠯ᠎ᠠ ᠨᠤᠳᠤᠭ ᠤ᠋ᠨ ᠠᠮᠢᠨ ᠰᠠᠬᠢᠶ᠎ᠠ 》᠂ 《 ᠨᠠᠮ ᠤ᠋ᠨ ᠰᠠᠢᠨ ᠺᠠᠳ᠋ᠷ ᠨᠢᠦ ᠢᠥ᠍ᠢ ᠿᠦ᠍ 》᠂ 《 ᠨᠠᠮ ᠤ᠋ᠨ ᠬᠤᠷᠢᠳᠤᠭᠠᠷ ᠶᠡᠭᠡ ᠬᠤᠷᠠᠯ ᠤ᠋ᠨ ᠵᠤᠷᠢᠭ᠋ ᠰᠠᠨᠠᠭ᠎ᠠ ᠶ᠋ᠢ ᠰᠤᠷᠤᠯᠴᠠᠶ᠎ᠠ 》 ᠵᠡᠷᠭᠡ 40 ᠭᠠᠷᠤᠢ ᠦᠯᠢᠭᠡᠷ ᠬᠤᠯᠪᠤᠭ᠎ᠠ ᠶ᠋ᠢᠨ ᠪᠦᠳᠦᠭᠡᠯ ᠢ᠋ ᠵᠤᠬᠢᠶᠠᠨ ᠪᠦᠳᠦᠭᠡᠵᠤ᠂ ᠨᠡᠢᠲᠡ 1000 ᠭᠠᠷᠤᠢ ᠤᠳᠠᠭ᠎ᠠ ᠲᠤᠭᠯᠠᠯᠲᠠ ᠭᠠᠷᠭᠠᠵᠤ᠂ ᠭᠡᠰᠢᠭ᠂ ᠰᠠᠴᠤᠷᠠᠯᠳᠤ᠂ ᠴᠤᠯᠮᠤᠨ᠂ ᠬᠠᠢ ᠶᠢᠩ ᠵᠡᠷᠭᠡ ᠵᠠᠯᠠᠭᠤ ᠨᠢᠭᠡ ᠦᠶ᠎ᠡ ᠶ᠋ᠢᠨ ᠬᠤᠭᠤᠷᠴᠢ ᠵᠢ ᠬᠦᠮᠦᠵᠢᠭᠦᠯᠪᠡ᠃ ᠵᠠᠷᠤᠳ ᠬᠤᠰᠢᠭᠤᠨ ᠤ᠋ ᠦᠯᠢᠭᠡᠷ ᠤᠷᠠᠯᠢᠭ᠋ ᠤ᠋ᠨ ᠪᠦᠯᠭᠦᠮ ᠨᠢ ᠦᠨᠳᠦᠰᠦᠨ ᠱᠠᠳᠤ ᠪᠡᠷ ᠬᠦᠨᠵᠡᠭᠡᠢᠷᠡᠨ ᠤᠯᠠᠨ ᠲᠦᠮᠡᠨᠴᠢ ᠰᠤᠶᠤᠯ ᠤᠷᠠᠯᠢᠭ᠋ ᠢ᠋ ᠢᠳᠡᠪᠬᠢᠲᠠᠢ ᠦᠷᠨᠢᠭᠦᠯᠬᠦ ᠶ᠋ᠢᠨ ᠬᠠᠮᠳᠤ᠂ ᠪᠡᠭᠡᠵᠢᠩ ᠬᠤᠳᠠ᠂ ᠰᠧᠴᠤᠸᠠᠨ ᠮᠤᠵᠢ᠂ ᠱᠠᠨᠳᠦ᠋ᠩ ᠮᠤᠵᠢ᠂ ᠵᠧᠵᠢᠶᠠᠩ ᠮᠤᠵᠢ᠂ ᠾᠧᠪᠧᠢ ᠮᠤᠵᠢ᠂ ᠬᠤᠪᠧᠢ ᠮᠤᠵᠢ ᠴᠢᠨᠠᠭᠰᠢᠯᠠᠪᠠᠯ ᠮᠤᠩᠭᠤᠯ ᠤᠯᠤᠰ ᠵᠡᠷᠭᠡ ᠭᠠᠵᠠᠷ ᠤᠷᠤᠨ ᠢ᠋ᠶ᠋ᠠᠷ ᠬᠦᠷᠴᠤ᠂ ᠲᠤᠭᠯᠠᠯᠲᠠ ᠭᠠᠷᠭᠠᠨ ᠰᠤᠶᠤᠯ ᠤ᠋ᠨ ᠰᠤᠯᠢᠯᠴᠠᠭ᠎ᠠ ᠬᠢᠵᠦ᠂ ᠵᠠᠷᠤᠳ ᠤ᠋ᠨ ᠦᠯᠢᠭᠡᠷ ᠤᠷᠠᠯᠢᠭ᠋ ᠤ᠋ᠨ ᠷᠢᠳᠢ ᠰᠢᠳᠢ ᠶ᠋ᠢ ᠨᠡᠩ ᠤᠯᠠᠨ ᠬᠦᠮᠦᠨ ᠳ᠋ᠥ ᠰᠤᠨᠢᠷᠬᠠᠭᠤᠯᠵᠤ᠂ ᠦᠯᠢᠭᠡᠷ ᠤ᠋ᠨ ᠨᠤᠳᠤᠭ ᠵᠠᠷᠤᠳ ᠤ᠋ᠨ ᠰᠠᠢᠬᠠᠨ ᠠᠯᠳᠠᠷ ᠢ᠋ ᠲᠠᠯᠡᠬᠡᠢ ᠲᠠᠶᠠᠭᠠᠷ ᠲᠣ᠌ ᠲᠠᠭᠤᠷᠢᠰᠤᠭᠤᠯᠬᠤ ᠶ᠋ᠢ ᠵᠤᠷᠢᠭ᠍ᠰᠠᠨ ᠪᠠᠢᠨ᠎ᠠ᠃


QQ20260612-103021.png


ᠵᠠᠷᠤᠳ ᠬᠣᠰᠢᠭᠤᠨ᠎ᠤ ᠰᠣᠶᠣᠯ᠎ᠤᠨ ᠣᠷᠳᠣᠨ ᠨᠢ ᠵᠠᠷᠤᠳ ᠬᠣᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠳ᠋ᠠᠢᠲ᠋ᠠ ᠶ᠋ᠢᠨ ᠬᠥᠮᠥᠷᠭᠡ᠎ᠶᠢᠨ ᠵᠢᠵᠢᠭ ᠫᠷᠣᠭ᠌ᠷᠠᠮ᠎ᠢ ᠡᠬᠦᠳᠦᠨ ᠪᠠᠢᠭᠤᠯᠪᠠ᠃ ᠤᠳᠤᠬᠠᠨ ᠳ᠋ᠥ᠂ ᠵᠠᠷᠤᠳ ᠬᠤᠰᠢᠭᠤᠨ ᠤ᠋ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠢᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ ᠶ᠋ᠢᠨ ᠲᠣᠭᠠᠴᠢᠯᠠᠭᠰᠠᠨ ᠲᠠᠩᠰᠠ ᠡᠪᠬᠡᠮᠡᠯ ᠢ᠋ ᠡᠮᠬᠢᠳᠭᠡᠨ ᠰᠦᠯᠵᠢᠶᠡᠨ ᠲᠡᠭᠡᠷ᠎ᠡ ᠭᠠᠷᠭᠠᠬᠤ ᠠᠵᠢᠯ ᠶᠠᠭ ᠡᠷᠴᠢᠮᠲᠠᠢ ᠶᠠᠪᠤᠭᠳᠠᠵᠤ ᠪᠠᠢᠨ᠎ᠠ᠃ 《ᠮᠠᠨ ᠤ᠋ ᠵᠢᠵᠢᠭ ᠫᠷᠣᠭ᠌ᠷᠠᠮ᠎ᠳᠤ ᠦᠯᠢᠭᠡᠷ ᠬᠤᠯᠪᠤᠭ᠎ᠠ ᠶ᠋ᠢᠨ ᠲᠠᠨᠢᠯᠴᠠᠭᠤᠯᠭ᠎ᠠ᠂ ᠦᠯᠢᠭᠡᠷ ᠬᠤᠯᠪᠤᠭ᠎ᠠ ᠶ᠋ᠢᠨ ᠤᠯᠠᠮᠵᠢᠯᠠᠭ᠍ᠴᠢ ᠶ᠋ᠢᠨ ᠲᠠᠨᠢᠯᠴᠠᠭᠤᠯᠭ᠎ᠠ᠂ ᠤᠷᠤᠯᠳᠤᠭᠠᠨ ᠲᠤᠭᠯᠠᠯᠲᠠ ᠵᠡᠷᠭᠡ ᠠᠭᠤᠯᠭ᠎ᠠ ᠲᠤᠬᠢᠷᠠᠭᠤᠯᠵᠤ᠂ ᠬᠦᠮᠦᠰ ᠭᠠᠷ ᠤᠳᠠᠰᠤᠨ ᠲᠡᠭᠡᠷ᠎ᠡ ᠨᠢᠭᠡᠯᠡ ᠲᠤᠪᠴᠢᠳᠠᠪᠠᠯ ᠡᠳᠡᠭᠡᠷ ᠠᠭᠤᠯᠭ᠎ᠠ ᠵᠢ ᠪᠦᠬᠦᠨ ᠢ᠋ ᠦᠵᠡᠴᠢᠬᠡᠨ᠎ᠡ᠂ ᠵᠠᠷᠤᠳ ᠤ᠋ᠨ ᠤᠯᠠᠮᠵᠢᠯᠠᠯᠳᠤ ᠰᠤᠶᠤᠯ ᠢ᠋ᠶ᠋ᠠᠨ ᠤᠯᠠᠨ ᠳ᠋ᠥ ᠲᠡᠯᠭᠡᠨ ᠦᠵᠡᠭᠦᠯᠦᠶ᠎ᠡ ᠭᠡᠰᠡᠨ ᠵᠤᠷᠢᠯᠭ᠎ᠠ ᠪᠡᠷ ᠲᠤᠰ ᠳ᠋ᠠᠢᠲ᠋ᠠ ᠬᠦᠮᠦᠷᠭᠡ ᠶ᠋ᠢ ᠪᠠᠢᠭᠤᠯᠤᠭᠰᠠᠨ ᠶᠤᠮ》 ᠭᠡᠵᠦ ᠵᠠᠷᠤᠳ ᠬᠣᠰᠢᠭᠤᠨ᠎ᠤ ᠰᠣᠶᠣᠯ᠎ᠤᠨ ᠣᠷᠳᠣᠨ ᠤ᠋ ᠠᠵᠢᠯᠳᠠᠨ ᠰᠠᠷᠠᠨ᠎ᠠ ᠬᠡᠯᠡᠯ᠎ᠠ᠃ ᠡᠬᠦᠨ ᠤ᠋ ᠬᠠᠮᠳᠤ᠂ ᠤᠷᠴᠢᠮ ᠤ᠋ᠨ ᠵᠢᠯ ᠠ᠋ᠴᠠ᠂ ᠵᠠᠷᠤᠳ ᠬᠣᠰᠢᠭᠤᠨ᠎ᠤ ᠰᠣᠶᠣᠯ᠎ᠤᠨ ᠣᠷᠳᠣᠨ ᠨᠢ ᠦᠯᠢᠭᠡᠷ ᠬᠤᠯᠪᠤᠭ᠎ᠠ ᠶ᠋ᠢᠨ ᠰᠤᠶᠤᠯ ᠤ᠋ᠨ ᠲᠤᠭᠠᠴᠢᠯᠠᠭᠰᠠᠨ ᠬᠠᠮᠠᠭᠠᠯᠠᠯᠲᠠ ᠶ᠋ᠢ ᠠᠬᠢᠭᠤᠯᠵᠤ᠂ ᠠᠵᠢᠯᠳᠠᠳ ᠢ᠋ᠶ᠋ᠡᠨ ᠵᠤᠬᠢᠶᠠᠨ ᠪᠠᠢᠭᠤᠯᠵᠤ᠂ ᠭᠠᠴᠠᠭ᠎ᠠ ᠰᠤᠮᠤ ᠪᠡᠷ ᠬᠦᠷᠴᠤ᠂ ᠠᠬᠠᠮᠠᠳ ᠤᠷᠠᠯᠢᠭ᠍ᠴᠢᠳ ᠢ᠋ ᠰᠤᠷᠪᠤᠯᠵᠢᠯᠠᠵᠤ᠂ ᠲᠠᠭᠤ ᠳᠦᠷᠰᠦ ᠰᠢᠩᠭᠡᠭᠡᠯᠲᠡ᠎ᠶᠢᠨ ᠮᠠᠲᠧᠷᠢᠶᠠᠯ ᠢ᠋ ᠴᠤᠭᠯᠠᠭᠤᠯᠤᠨ ᠡᠮᠬᠢᠳᠬᠡᠵᠦ᠂ ᠣᠲᠣ᠌ ᠦᠶ᠎ᠡ᠎ᠶᠢᠨ ᠮᠡᠷᠭᠡᠵᠢᠯ ᠢ᠋ᠶ᠋ᠡᠷ ᠤᠯᠠᠮᠵᠢᠯᠠᠯᠳᠤ ᠤᠷᠠᠯᠢᠭ᠋᠎ᠢ ᠲᠡᠮᠳᠡᠭᠯᠡᠨ ᠠᠪᠴᠤ᠂ ᠬᠤᠢᠴᠢ ᠦᠶ᠎ᠡ ᠳ᠋ᠡᠭᠡᠨ ᠰᠣᠨᠣᠰᠤᠭᠤᠰᠢᠲᠠᠢ᠂ ᠦᠵᠡᠭᠦᠰᠢᠲᠠᠢ᠂ ᠰᠤᠳᠤᠯᠵᠤ ᠪᠣᠯᠬᠤᠢᠴᠠ ᠰᠣᠶᠣᠯ᠎ᠤᠨ ᠬᠦᠷᠦᠨᠭᠭᠡ ᠵᠢ ᠦᠯᠡᠳᠡᠭᠡᠵᠦ ᠦᠭᠬᠦ ᠪᠡᠷ ᠴᠢᠷᠮᠠᠢᠵᠤ ᠪᠠᠢᠨ᠎ᠠ᠃


ᠵᠠᠭᠤᠨ ᠳᠠᠮᠵᠢᠭᠳᠠᠬᠤ ᠵᠠᠷᠤᠳ ᠨᠤᠳᠤᠭ᠎ᠤᠨ ᠦᠯᠢᠭᠡᠷ᠎ᠤᠷᠠᠯᠢᠭ

                                          ᠳᠤᠷᠡᠨ ᠡᠦ ᠰᠢᠦ ᠮᠸᠢ

ᠵᠠᠷᠤᠳ ᠬᠤᠰᠢᠭᠤ ᠪᠤᠯ 《ᠲᠤᠮᠳᠠᠳᠤ ᠤᠯᠤᠰ ᠤ᠋ᠨ ᠦᠯᠢᠭᠡᠷ ᠤ᠋ᠨ ᠨᠤᠳᠤᠭ 》 ᠭᠡᠰᠡᠨ ᠰᠠᠢᠬᠠᠨ ᠠᠯᠳᠠᠷᠲᠠᠢ ᠶᠤᠮ᠃ ᠬᠠᠭᠤᠴᠢᠨ ᠶᠠᠷᠢᠶᠡᠨ ᠳ᠋ᠥ 《 ᠭᠤᠷᠪᠠᠨ ᠵᠠᠷᠤᠳ ᠶᠠᠪᠤᠪᠠᠯ ᠨᠢᠭᠡ ᠨᠢ ᠬᠤᠭᠤᠷᠴᠢ 》 ᠭᠡᠳᠡᠭ᠂ ᠵᠠᠷᠤᠳ ᠨᠤᠳᠤᠭ ᠤ᠋ᠨ ᠤᠷᠠᠯᠢᠭ᠋ ᠤ᠋ᠨ ᠲᠤᠷᠭᠠᠨ ᠬᠦᠷᠦᠰᠦᠨ ᠳ᠋ᠥ ᠫᠠᠵᠠᠢ᠂ ᠮᠤᠤᠡᠦ᠋ᠬᠢᠨ᠂ ᠯᠤᠤᠽᠡᠷ ᠮᠡᠳᠤ ᠶ᠋ᠢᠨ ᠦᠢ ᠤᠯᠠᠨ ᠬᠤᠭᠤᠷ ᠤᠷᠠᠯᠢᠭ᠋ ᠤ᠋ᠨ ᠶᠡᠭᠡ ᠪᠠᠭᠰᠢᠳᠠᠨ ᠴᠤᠯᠭᠤᠷᠠᠨ ᠭᠠᠷᠴᠤ᠂ ᠰᠣᠶᠣᠯ ᠤᠷᠠᠯᠢᠭ᠋᠎ᠤᠨ ᠲᠡᠦᠬᠡᠨ᠎ᠳᠦ ᠡᠷᠬᠢᠮ ᠨᠠᠨᠳᠢᠨ ᠦᠪ ᠬᠥᠷᠥᠩᠭᠡ ᠦᠯᠡᠳᠡᠭᠡᠭᠰᠡᠨ ᠶᠤᠮ᠃


QQ20260612-102948.png


ᠣᠢᠷ᠎ᠠ᠎ᠶᠢᠨ ᠵᠢᠯ᠎ᠡᠴᠡ᠂ ᠵᠠᠷᠤᠳ ᠬᠣᠰᠢᠭᠤᠨ᠎ᠤ ᠬᠢᠨ ᠦᠯᠢᠭᠡᠷ ᠬᠤᠯᠪᠤᠭ᠎ᠠ ᠶ᠋ᠢᠨ ᠰᠤᠶᠤᠯ᠎ᠢ ᠤᠯᠠᠮᠵᠢᠯᠠᠨ ᠬᠦᠭᠵᠢᠭᠦᠯᠬᠦ᠎ᠶᠢ ᠠᠬᠢᠭᠤᠯᠵᠤ᠂ ᠲᠡᠭᠡᠷ᠎ᠡ ᠵᠠᠭᠤᠨ ᠤ᠋ ᠶᠡᠷᠡᠭᠡᠳ ᠤᠨ ᠠ᠋ᠴᠠ ᠬᠤᠭᠤᠷ ᠤ᠋ᠨ ᠦᠯᠢᠭᠡᠷ᠎ᠤᠨ ᠰᠤᠶᠤᠯ ᠢ᠋ᠶ᠋ᠠᠨ ᠠᠪᠤᠷᠠᠨ ᠬᠠᠮᠠᠭᠠᠯᠠᠶ᠎ᠠ ᠭᠡᠵᠤ ᠤᠷᠢᠶᠡᠯᠡᠵᠤ ᠪᠠᠢᠭᠰᠠᠨ ᠢ᠋ᠶ᠋ᠠᠨ ᠤᠳᠤ ᠪᠤᠯᠬᠤ ᠳ᠋ᠥ᠂ ᠦᠯᠢᠭᠡᠷ ᠬᠤᠯᠪᠤᠭ᠎ᠠ ᠨᠢ ᠰᠤᠷᠭᠠᠭᠤᠯᠢ ᠶ᠋ᠢᠨ ᠬᠢᠴᠢᠶᠡᠯ ᠳ᠋ᠥ ᠤᠷᠤᠵᠤ᠂ ᠬᠦᠳᠡᠭᠡ ᠲᠤᠰᠬᠤᠨ ᠮᠠᠯᠵᠢᠬᠤ ᠤᠷᠤᠨ ᠳ᠋ᠥ ᠦᠷᠭᠡᠨ ᠢ᠋ᠶ᠋ᠠᠷ ᠲᠡᠯᠭᠡᠷᠡᠵᠤ᠂ ᠤᠯᠤᠰ ᠤ᠋ᠨ ᠲᠣᠳᠤᠭᠠᠳᠤ ᠭᠠᠳᠠᠭᠠᠳᠤ ᠶ᠋ᠢᠨ ᠤᠷᠠᠯᠢᠭ᠋ ᠤ᠋ᠨ ᠲᠠᠢᠰᠠᠨ᠎ᠠ ᠬᠡᠷᠡᠯ ᠬᠢᠯᠪᠠᠭ᠎ᠠ ᠪᠠᠨ ᠰᠠᠴᠤᠷᠠᠭᠤᠯᠵᠤ᠂ 《ᠠᠮᠠ ᠲᠠᠮᠵᠢᠨ ᠤᠯᠠᠮᠵᠢᠯᠠᠭᠳᠠᠭᠰᠠᠨ ᠲᠤᠤᠯᠢᠰ 》 ᠨᠢ ᠰᠢᠨ᠎ᠡ ᠴᠠᠭ ᠦᠶ᠎ᠡ᠎ᠳᠦ ᠰᠢᠨ᠎ᠡ ᠠᠮᠢᠵᠢᠷᠠᠯ᠎ᠤᠨ ᠬᠦᠴᠦᠨ ᠢ᠋ᠶ᠋ᠠᠨ ᠬᠦᠭᠵᠢᠭᠡᠵᠤ ᠪᠠᠢᠨ᠎ᠠ᠃

ᠤᠢᠯᠠᠭᠠᠭᠰᠠᠨ ᠢ᠋ᠶ᠋ᠠᠷ᠂ ᠵᠠᠷᠤᠳ ᠬᠤᠰᠢᠭᠤᠨ ᠳ᠋ᠥ ᠪᠤᠳᠠᠰ ᠤ᠋ᠨ ᠪᠣᠰᠤ ᠰᠣᠶᠣᠯ᠎ᠤᠨ ᠦᠪ ᠪᠤᠯᠬᠤ ᠦᠯᠢᠭᠡᠷ ᠬᠤᠯᠪᠤᠭ᠎ᠠ ᠶ᠋ᠢᠨ ᠲᠦᠯᠦᠭᠡᠯᠡᠭᠴᠢ ᠴᠢᠨᠠᠷᠲᠠᠢ ᠤᠯᠠᠮᠵᠢᠯᠠᠭ᠍ᠴᠢ ᠨᠡᠢᠲᠡ 29 ᠬᠦᠮᠦᠨ ᠪᠠᠢᠨ᠎ᠠ᠃ ᠡᠬᠦᠨ ᠳ᠋ᠥ᠂ ᠤᠯᠤᠰ ᠤ᠋ᠨ ᠲᠡᠰ ᠤ᠋ᠨ ᠤᠯᠠᠮᠵᠢᠯᠠᠭ᠍ᠴᠢ 1᠂ ᠦᠪᠡᠷᠳᠡᠭᠡᠨ ᠵᠠᠰᠠᠬᠤ ᠤᠷᠤᠨ ᠤ᠋ ᠲᠡᠰ ᠤ᠋ᠨ ᠤᠯᠠᠮᠵᠢᠯᠠᠭ᠍ᠴᠢ 3᠂ ᠬᠤᠳᠠ ᠶ᠋ᠢᠨ ᠲᠡᠰ ᠤ᠋ᠨ ᠤᠯᠠᠮᠵᠢᠯᠠᠭ᠍ᠴᠢ 3᠂ ᠬᠤᠰᠢᠭᠤᠨ ᠤ᠋ ᠲᠡᠰ ᠤ᠋ᠨ ᠤᠯᠠᠮᠵᠢᠯᠠᠭ᠍ᠴᠢ 22 ᠪᠠᠢᠨ᠎ᠠ᠃ ᠪᠤᠳᠠᠰ ᠤ᠋ᠨ ᠪᠤᠰᠤ ᠰᠤᠶᠤᠯ ᠤ᠋ᠨ ᠦᠪ᠎ᠤᠨ ᠤᠯᠠᠮᠵᠢᠯᠠᠭ᠍ᠴᠢ ᠶ᠋ᠢ ᠬᠦᠮᠦᠵᠢᠬᠦᠯᠬᠦ ᠠ᠋ᠴᠠ ᠭᠠᠳᠠᠨ᠎ᠠ᠂ ᠵᠠᠷᠤᠳ ᠬᠣᠰᠢᠭᠤᠨ᠎ᠤ ᠬᠢᠨ ᠪᠠᠰᠠ ᠠᠷᠠᠳ ᠤ᠋ᠨ ᠤᠷᠠᠯᠢᠭ᠍ᠴᠢᠳ ᠤ᠋ᠨ ᠨᠡᠢᠭᠡᠮᠯᠢᠭ ᠪᠠᠢᠭᠤᠯᠬᠤ ᠶ᠋ᠢ ᠢᠳᠡᠪᠬᠢᠲᠠᠢ ᠲᠡᠮᠵᠢᠵᠤ᠂ 《ᠲᠦᠷᠪᠡᠨ ᠤᠳᠠᠰᠤᠳᠤ ᠬᠤᠭᠤᠷ ᠤ᠋ᠨ ᠬᠦᠭᠵᠢᠮ᠂ ᠬᠤᠷᠴᠢᠨ ᠤ᠋ ᠦᠯᠢᠭᠡᠷᠳᠤ ᠠᠷᠠᠳ ᠤ᠋ᠨ ᠲᠠᠭᠤᠤ ᠶ᠋ᠢ ᠬᠠᠮᠠᠭᠠᠯᠠᠨ ᠤᠯᠠᠮᠵᠢᠯᠠᠬᠤ ᠰᠠᠭᠤᠷᠢᠨ 》 ᠢ᠋ ᠪᠠᠢᠭᠤᠯᠵᠤ᠂ 《 ᠫᠠᠵᠠᠢ ᠬᠤᠨᠳᠠᠭᠠᠳᠤ 》 ᠬᠤᠯᠪᠤᠭ᠎ᠠ ᠶ᠋ᠢᠨ ᠤᠷᠤᠯᠳᠤᠭᠠᠨ᠂ 《 ᠬᠤᠷᠴᠢᠨ ᠬᠤᠨᠳᠠᠭᠠᠳᠤ 》 ᠦᠯᠢᠭᠡᠷ ᠤ᠋ᠨ ᠤᠷᠤᠯᠳᠤᠭᠠᠨ᠂ ᠤᠷᠠᠨ ᠰᠠᠢᠠᠬ᠍ᠨ ᠤ᠋ ᠦᠳᠡᠰᠢᠯᠡᠭᠡ ᠵᠡᠷᠭᠡ ᠶ᠋ᠢ ᠵᠤᠬᠢᠶᠠᠨ ᠪᠠᠢᠭᠤᠯᠵᠤ᠂ ᠯᠦᠪᠧᠢ ᠪᠠᠯᠭᠠᠰᠤᠨ ᠤ᠋ ᠦᠯᠢᠭᠡᠷ ᠤ᠋ᠨ ᠮᠦᠽᠧᠢ᠂ ᠪᠠᠶᠠᠷᠳᠤᠬᠤᠰᠢᠭᠤ ᠪᠠᠯᠭᠠᠰᠤᠨ ᠤ᠋ ᠲᠦᠪᠰᠢᠨ ᠭᠠᠴᠠᠭ᠎ᠠ ᠶ᠋ᠢᠨ ᠫᠠᠵᠠᠢ ᠬᠤᠭᠤᠷᠴᠢ ᠶ᠋ᠢᠨ ᠦᠵᠡᠭᠦᠯᠭᠡ ᠶ᠋ᠢᠨ ᠤᠷᠳᠤᠨ ᠵᠡᠷᠭᠡ ᠶ᠋ᠢ ᠪᠦᠳᠦᠭᠡᠨ ᠪᠠᠢᠭᠤᠯᠵᠤ᠂ ᠦᠯᠢᠭᠡᠷ ᠬᠤᠯᠪᠤᠭ᠎ᠠ ᠶ᠋ᠢᠨ ᠰᠤᠶᠤᠯ ᠤ᠋ᠨ ᠤᠴᠢ ᠶ᠋ᠢ ᠪᠠᠳᠠᠷᠠᠭᠠᠵᠤ᠂ ᠤᠯᠠᠮᠵᠢᠯᠠᠯᠳᠤ ᠰᠤᠶᠤᠯ ᠤ᠋ᠨ ᠦᠶ᠎ᠡ ᠶ᠋ᠢᠨ ᠦᠶ᠎ᠡ ᠳ᠋ᠥ ᠤᠯᠠᠮᠵᠢᠯᠠᠭᠳᠠᠨ ᠬᠦᠭᠵᠢᠬᠦ ᠳ᠋ᠥ ᠰᠢᠮᠡᠳᠤ ᠬᠦᠷᠦᠰᠤ ᠬᠠᠩᠭᠠᠵᠤ ᠦᠭ᠌ᠴᠤ ᠪᠠᠢᠨ᠎ᠠ᠃

2025 ᠣᠨ᠎ᠤ 10 ᠰᠠᠷ᠎ᠠ᠎ᠳᠤ᠂ ᠵᠠᠷᠤᠳ ᠬᠣᠰᠢᠭᠤᠨ᠎ᠤ ᠤᠯᠤᠰ ᠲᠥᠷᠥ᠎ᠶᠢᠨ ᠵᠥᠪᠯᠡᠯᠭᠡᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠨ ᠵᠠᠯᠭᠠᠮᠵᠢᠯᠠᠬᠤ ᠠᠵᠢᠯ᠎ᠤᠨ ᠠᠵᠢᠯ ᠲᠥᠷᠥᠯ᠎ᠦᠨ ᠵᠥᠪᠯᠡᠯᠭᠡᠨ᠎ᠦ ᠬᠤᠷᠠᠯ  ᠢ᠋ ᠡᠷᠬᠢᠯᠡᠨ ᠬᠤᠷᠠᠯᠳᠤᠭᠤᠯᠵᠤ᠂《ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠬᠠᠮᠠᠭᠠᠯᠠᠨ ᠤᠯᠠᠮᠵᠢᠯᠠᠨ ᠵᠠᠯᠭᠠᠮᠵᠢᠯᠠᠬᠤ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ᠂ ᠴᠠᠭ ᠦᠶ᠎ᠡ᠎ᠶᠢᠨ ᠣᠨᠴᠠᠯᠢᠭ᠋᠎ᠢ ᠲᠣᠪᠤᠢᠯᠭᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠴᠢᠳᠠᠪᠤᠷᠢ ᠣᠯᠭᠣᠬᠤ᠎ᠶᠢ ᠴᠢᠬᠤᠯᠠᠴᠢᠯᠠᠬᠤ ᠬᠡᠷᠡᠭᠲᠡᠢ 》ᠭᠡᠵᠦ ᠴᠢᠬᠤᠯᠠᠴᠢᠯᠠᠪᠠ᠃ ᠬᠤᠷᠠᠯ᠎ᠠᠴᠠ ᠳᠤᠷᠠᠳᠤᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠢᠳᠠᠪᠤᠷᠢᠲᠠᠨ᠎ᠤ ᠪᠠᠢᠭᠤᠯᠤᠯᠲᠠ᠎ᠶᠢ ᠴᠢᠩᠭᠠᠳᠬᠠᠬᠤ᠂ᠱᠠᠪᠢ ᠡᠯᠰᠡᠵᠤ ᠰᠤᠷᠭᠠᠬᠤ ᠵᠡᠷᠭᠡ ᠤᠯᠠᠮᠵᠢᠯᠠᠨ ᠵᠠᠯᠭᠠᠮᠵᠢᠯᠠᠬᠤ ᠵᠠᠭᠪᠤᠷ᠎ᠢ ᠳᠡᠯᠭᠡᠷᠡᠭᠦᠯᠬᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠬᠠᠭᠤᠯᠭ᠎ᠠ᠎ᠶᠢᠨ ᠵᠢᠭ᠍ᠰᠠᠭᠠᠯ᠎ᠤᠨ ᠭᠠᠵᠠᠷ᠎ᠢ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ ᠨᠢ ᠦᠯᠢᠭᠡᠷ ᠬᠤᠯᠪᠤᠭ᠎ᠠ ᠶ᠋ᠢᠨ ᠰᠤᠶᠤᠯ ᠤ᠋ᠨ ᠢᠷᠡᠭᠡᠳᠦᠢ᠎ᠶᠢᠨ ᠬᠥᠭᠵᠢᠯᠲᠡ ᠶ᠋ᠢᠨ ᠴᠢᠭᠯᠡᠯ ᠢ᠋ ᠲᠤᠳᠤᠷᠬᠠᠢ ᠵᠢᠭᠠᠵᠤ ᠦᠭᠴᠡᠢ᠃

ᠳᠤᠰ ᠨᠢᠭᠤᠷ᠎ᠤᠨ ᠬᠡᠷᠡᠯ ᠵᠢᠷᠤᠭ᠎ᠢ ᠵᠠᠷᠤᠳ ᠬᠤᠰᠢᠭᠤᠨ᠎ᠤ ᠬᠠᠮ ᠵᠠᠭᠤᠴᠢᠯᠠᠭᠤᠷ ᠤ᠋ᠨ ᠳᠦᠪ ᠤ᠋ᠨ ᠰᠤᠷᠪᠤᠯᠵᠢᠯᠠᠭ᠍ᠴᠢ  ᠸᠠᠩ ᠬᠦᠰᠡᠯᠡᠩ ᠬᠠᠨ ᠤᠷᠠᠯᠢᠭ ᠰᠡᠬᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号