6 ᠰᠠᠷ᠎ᠠ᠎ᠶ᠋ᠢᠨ 11 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠶ ᠵᠥᠩ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠬᠤᠸᠠ ᠨᠸᠩ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠸᠧᠨ ᠱᠤ᠌ ᠭᠠᠩ᠂ ᠶᠡᠷᠦᠩᠬᠡᠶ ᠳᠠᠭᠠᠭᠠᠮᠠᠯ ᠵᠥᠩ ᠭᠦᠸᠧ ᠳ᠋ᠦᠩ᠎ᠲᠡᠶ ᠠᠭᠤᠯᠵᠠᠭ᠍ᠰᠠᠨ ᠪᠥᠭᠡᠳ ᠭᠠᠷᠤᠨ ᠥᠰᠥᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃

6 ᠰᠠᠷ᠎ᠠ᠎ᠶ᠋ᠢᠨ 11 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠬᠤᠸᠠ ᠨᠸᠩ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠸᠧᠨ ᠱᠤ᠌ ᠭᠠᠩ᠂ ᠶᠡᠷᠦᠩᠬᠡᠶ ᠳᠠᠭᠠᠭᠠᠮᠠᠯ ᠵᠥᠩ ᠭᠦᠸᠧ ᠳ᠋ᠦᠩ᠎ᠲᠡᠶ ᠠᠭᠤᠯᠵᠠᠭ᠍ᠰᠠᠨ ᠪᠥᠭᠡᠳ ᠭᠠᠷᠤᠨ ᠥᠰᠥᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃
ᠲᠤᠰ ᠰᠤᠨᠢᠨ᠎ᠤ ᠰᠤᠷᠪᠤᠯᠵᠢᠯᠠᠭᠴᠢ ᠮᠠ ᠵᠢᠶᠡᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ᠂ ᠳᠤᠮᠳᠠᠳᠤ ᠤᠯᠤᠰ᠎ᠤᠨ ᠬᠤᠸᠠ ᠨᠸᠩ ᠪᠦᠯᠦᠭ᠌ᠯᠡᠯ᠎ᠤᠨ ᠳᠡᠳ᠋ ᠶᠡᠷᠦᠩᠬᠡᠢ ᠳᠠᠭᠠᠭᠠᠮᠠᠯ ᠰᠸ ᠸᠧᠢ ᠭᠦᠸᠧ ᠬᠣᠶᠠᠷ ᠲᠠᠯ᠎ᠠ᠎ᠶ᠋ᠢ ᠲᠥᠯᠥᠭᠡᠯᠡᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ ᠭᠠᠷᠤᠨ ᠦᠰᠦᠭ ᠵᠢᠷᠤᠪᠠ᠃
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠸᠧᠨ ᠱᠤ᠌ ᠭᠠᠩ᠂ ᠵᠥᠩ ᠭᠦᠸᠧ ᠳ᠋ᠦᠩᠨᠡᠷᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ ᠢᠯᠠᠩᠭᠤᠶ᠎ᠠ ᠡᠨᠧᠷᠭᠢ ᠶ᠋ᠢ ᠨᠡᠭᠡᠭᠡᠨ ᠬᠦᠭᠵᠢᠬᠦᠯᠦᠭᠰᠡᠨ ᠪᠠᠢᠳᠠᠯ᠎ᠢ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ᠎ᠤᠨ ᠬᠤᠸᠠ ᠨᠸᠩ ᠪᠦᠯᠦᠭ᠌ᠯᠡᠯ ᠥᠪᠥᠷ ᠮᠣᠩᠭᠣᠯ᠎ᠯᠤᠭ᠎ᠠ ᠰᠠᠢ᠌ᠨ ᠰᠠᠢᠬᠠᠨ ᠬᠠᠮᠲᠤᠷᠠᠯᠴᠠᠭᠠᠨ᠎ᠤ ᠬᠠᠷᠢᠯᠴᠠᠭ᠎ᠠ᠎ᠪᠠᠨ ᠪᠠᠲᠤᠯᠠᠵᠤ᠂ ᠴᠠᠬᠢᠯᠭᠠᠨ ᠬᠦᠴᠦ᠍ᠨ᠂ ᠨᠡᠭᠦᠷᠡᠰᠦ ᠪᠣᠯᠤᠨ ᠬᠤᠳᠠ ᠪᠠᠯᠭᠠᠰᠤᠨ᠎ᠤ ᠢᠯᠴᠢ᠎ᠶᠢᠨ ᠬᠠᠩᠭᠠᠯᠭ᠎ᠠ ᠵᠡᠷᠭᠡ ᠬᠦᠷᠢᠶᠡᠨ᠎ᠳᠦ ᠠᠩᠬᠠᠷᠤᠯ᠎ᠢᠶᠡᠨ ᠲᠦᠪᠯᠡᠷᠡᠬᠦᠯᠦᠨ ᠶᠡᠬᠡ ᠬᠡᠮᠵᠢᠶᠡᠨ᠎ᠦ ᠲᠦᠷᠦᠯ ᠵᠦᠢᠯ᠎ᠢ ᠪᠠᠢᠷᠢᠱᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠡᠯ᠎ᠡ ᠲᠥᠷᠥᠯ᠎ᠦᠨ ᠡᠬᠢ ᠪᠠᠶᠠᠯᠢᠭ ᠡᠯᠪᠡᠭ᠂ ᠣᠷᠣᠨ ᠪᠠᠢᠷᠢ᠎ᠶ᠋ᠢᠨ ᠳᠠᠪᠠᠭᠤᠯᠢᠭ ᠥᠪᠡᠷᠮᠢᠴᠡ ᠣᠨᠴᠠᠯᠢᠭ᠎ᠲᠠᠶ ᠶᠤᠮ᠂ ᠣᠳᠣᠬᠠᠨ᠎ᠳᠤ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠲᠤᠬᠠᠶ ᠴᠢᠬᠤᠯᠠ ᠥᠭᠦᠯᠡᠯᠲᠡ ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠠᠮᠵᠢᠯᠠᠯᠲᠤ ᠡᠨᠧᠷᠭᠢ ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ ᠶ᠋ᠢ ᠨᠡᠭᠡᠭᠡᠨ ᠠᠱᠢᠭ᠍ᠯᠠᠬᠤ ᠲᠦᠪᠱᠢᠨ ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ ᠠᠮᠤᠷ ᠲᠦᠪᠱᠢᠨ ᠥᠨᠳᠥᠷ ᠪᠦᠲᠦᠮᠵᠢᠲᠡᠶ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠴᠢᠷᠮᠠᠢᠨ ᠪᠠᠢᠭᠤᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠨᠠᠩ ᠰᠠᠢᠲᠤᠷ ᠪᠠᠲᠤᠯᠠᠵᠤ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠲᠣᠰ ᠤᠳᠠᠭ᠎ᠠ ᠭᠠᠷᠤᠨ ᠥᠰᠥᠭ ᠵᠢᠷᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ ᠵᠢ ᠪᠦᠬᠦ ᠲᠠᠯ᠎ᠠ ᠪᠡᠷ ᠬᠦᠨᠵᠡᠭᠡᠢᠷᠡᠭᠦᠯᠬᠦ ᠵᠥᠪᠯᠡᠯᠴᠡᠭᠡᠷ᠎ᠢᠶᠡᠷ ᠱᠢᠨ᠎ᠡ ᠭᠠᠷᠤᠭ᠎ᠠ ᠪᠣᠯᠭᠠᠵᠤ᠂ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠭᠤᠷᠬᠠᠶ᠎ᠶ᠋ᠢᠨ ᠤᠶᠤᠨᠴᠢᠯᠠᠬ᠍ᠰᠠᠨ ᠥᠭᠡᠷᠡᠴᠢᠯᠡᠯᠲᠡ ᠵᠡᠷᠭᠡ ᠲᠠᠯ᠎ᠠ᠎ᠶ᠋ᠢᠨ ᠲᠣᠭᠣᠷᠢᠨ᠎ᠳᠤ ᠨᠠᠩ ᠣᠯᠠᠨ ᠬᠠᠮᠲᠤᠷᠠᠯᠴᠠᠭᠠᠨ ᠤ ᠲᠥᠷᠥᠯ ᠵᠦᠶ᠋ᠯ᠎ᠢ ᠲᠦᠷᠭᠡᠳᠭᠡᠨ ᠲᠣᠭ᠍ᠲᠠᠭᠠᠵᠤ᠂ ᠬᠠᠮᠲᠤᠷᠠᠯᠴᠠᠭᠠᠨ᠎ᠤ ᠬᠦᠷᠢᠶ᠎ᠡ ᠪᠡᠨ ᠲᠠᠰᠤᠷᠠᠯᠲᠠ ᠥᠬᠡᠶ ᠥᠷᠭᠡᠳᠭᠡᠵᠦ᠍᠂ ᠨᠠᠩ ᠥᠨᠳᠥᠷ ᠲᠦᠪᠱᠢᠨ ᠪᠥᠬᠥᠶ ᠬᠠᠮᠲᠤ ᠪᠠᠷ ᠠᠱᠢᠭ ᠭᠥᠷᠳᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ᠃ ᠪᠢᠳᠡ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠳᠤᠮᠳᠠᠳᠤ ᠤᠯᠤᠰ ᠤᠨ ᠬᠤᠸᠠ ᠨᠸᠩ ᠪᠦᠯᠦᠭᠯᠡᠯ᠎ᠤᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢ ᠪᠦᠬᠦ᠌ ᠬᠦᠴᠦᠨ᠎ᠢᠶᠡᠷ ᠳᠡᠮᠵᠢᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠦᠨ᠎ᠡ᠃ ᠠᠶᠤᠯᠭᠦᠢ ᠦᠢᠯᠡᠳᠪᠦᠷᠢᠯᠡᠯ᠎ᠳᠦ ᠪᠠᠭ᠎ᠠ ᠶᠠᠪᠤᠳᠠᠯ ᠭᠡᠵᠦ᠍ ᠦᠭᠡᠢ᠂ ᠠᠵᠤ ᠠᠬᠤᠢᠯᠠᠯ᠎ᠤᠨ ᠬᠢᠨ ᠠᠶᠤᠯᠭᠦᠢ ᠦᠢᠯᠡᠳᠪᠦᠷᠢᠯᠡᠯ᠎ᠦᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠬᠤ᠎ᠶ᠋ᠢ ᠬᠦᠰᠡᠵᠦ᠍ ᠪᠠᠢᠨ᠎ᠠ ᠭᠡᠪᠡ᠃
ᠸᠸᠨ ᠱᠥ᠍ ᠭᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠪᠣᠯᠤᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ᠎ᠤᠨ ᠬᠤᠸᠠ ᠨᠸᠩ ᠪᠦᠯᠦᠭᠯᠡᠯ ᠳ᠋ᠤ ᠬᠦᠴᠦᠲᠡᠢ ᠳᠡᠮᠵᠢᠯᠭᠡ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠪᠡ᠃ ᠲᠡᠷᠡ᠂ ᠳᠤᠮᠳᠠᠳᠤ ᠤᠯᠤᠰ ᠤᠨ ᠬᠤᠸᠠ ᠨᠸᠩ ᠪᠦᠯᠦᠭᠯᠡᠯ ᠢᠮᠠᠭ᠍ᠲᠠ ᠥᠪᠥᠷ ᠮᠣᠩᠭᠣᠯ᠎ᠢ ᠪᠡᠯᠡ ᠣᠷᠣᠭᠤᠯᠤᠯᠲᠠ᠎ᠶ᠋ᠢᠨ ᠴᠢᠬᠤᠯᠠ ᠭᠠᠵᠠᠷ᠂ ᠬᠦᠭᠵᠢᠯᠳᠡ ᠵᠢᠨ ᠥᠨᠳᠥᠷᠯᠢᠭ ᠭᠠᠵᠠᠷ ᠪᠤᠯᠭᠠᠵᠤ ᠂ ᠬᠣᠶᠠᠷ ᠲᠠᠯ᠎ᠠ᠎ᠪᠠᠷ᠎ᠢᠶᠠᠨ ᠤᠷᠳᠤ ᠬᠤᠭᠤᠴᠠᠭᠠᠨ᠎ᠤ ᠲᠤᠷᠰᠢ ᠰᠠᠢ᠌ᠨ ᠰᠠᠢᠬᠠᠨ ᠬᠠᠮᠲᠤᠷᠠᠯᠴᠠᠭᠠᠨ᠎ᠤ ᠬᠠᠷᠢᠴᠠᠭ᠎ᠠ᠎ᠪᠠᠨ ᠪᠠᠲᠤᠯᠠᠵᠤ᠂ ᠠᠯᠢ ᠤᠯᠠᠨ ᠡᠯᠪᠡᠭ ᠪᠠᠶᠠᠯᠢᠭ ᠬᠠᠮᠲᠤᠷᠠᠯᠴᠠᠭᠠᠨ᠎ᠤ ᠦᠷ᠎ᠡ ᠪᠦᠲᠦᠭᠡᠯ ᠣᠯᠪᠡ᠃ ᠣᠳᠣᠬᠠᠨ᠎ᠳᠤ᠂ ᠳᠤᠮᠳᠠᠳᠤ ᠤᠯᠤᠰ᠎ᠤᠨ ᠬᠤᠸᠠ ᠨᠸᠩ ᠪᠦᠯᠥᠭᠯᠡᠯ ᠶᠠᠭ ᠶᠡᠷᠦᠩᠬᠡᠢ ᠱᠦᠵᠢ ᠰᠢ ᠵᠢᠨ ᠫᠢᠩ ᠦᠨ ᠪᠦᠯᠦᠭ᠌ᠯᠡᠯ ᠺᠣᠮᠫᠠᠨᠢ᠎ᠶ᠋ᠢᠨ ᠶᠡᠷᠦᠩᠬᠡᠢ ᠭᠠᠵᠠᠷ᠎ᠲᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠡᠯ᠎ᠡ ᠵᠦᠢᠯ᠎ᠦᠨ ᠠᠵᠢᠯ᠎ᠤᠨ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠵᠤ ᠪᠤᠢ᠃ ᠲᠠᠷᠠᠭᠠᠴᠢ᠎ᠶ᠋ᠢᠨ ᠠᠯᠬᠤᠮ᠎ᠳᠤ᠂ ᠳᠤᠮᠳᠠᠳᠤ ᠤᠯᠤᠰ᠎ᠤᠨ ᠬᠤᠸᠠ ᠨᠧᠩ ᠪᠦᠯᠦᠭᠯᠡᠯ ᠥᠪᠥᠷ ᠮᠣᠩᠭᠣᠯ᠎ᠯᠤᠭ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠪᠠᠯᠠ ᠣᠷᠣᠭᠤᠯᠤᠯᠲᠠ᠎ᠶ᠋ᠢᠨ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠡᠨᠧᠷᠭᠢ ᠶ᠋ᠢᠨ ᠬᠠᠩᠭᠠᠯᠭ᠎ᠠ᠎ᠶ᠋ᠢ ᠪᠠᠲᠤᠯᠠᠬᠤ ᠰᠠᠭᠤᠷᠢ᠎ᠶ᠋ᠢ ᠪᠡᠬᠢᠵᠢᠭᠦᠯᠵᠦ᠍᠂ ᠴᠡᠪᠡᠷ ᠡᠨᠧᠷᠭᠢ᠎ᠶ᠋ᠢᠨ ᠴᠢᠬᠤᠯᠠ ᠶᠡᠬᠡ ᠲᠥᠷᠥᠯ ᠵᠦᠶ᠋ᠯ ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠬᠡᠪ ᠳᠠᠭᠤᠷᠢᠶᠠᠯ᠎ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠰ᠎ᠦᠨ ᠬᠥᠭ᠌ᠵᠢᠯᠲᠡ ᠪᠣᠯᠤᠨ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠳᠤ ᠨᠠᠩ ᠰᠠᠢᠲᠤᠷ ᠬᠦᠴᠦᠨ ᠨᠡᠮᠡᠷᠢᠯᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠣᠳᠣᠬᠢᠴᠢᠯᠠᠬᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠤᠸᠠ ᠨᠸᠩ ᠪᠦᠯᠦᠭᠯᠡᠯ᠎ᠤᠨ ᠨᠠᠩ ᠶᠡᠬᠡ ᠬᠦᠴᠦᠨ ᠴᠢᠳᠠᠯ᠎ᠢᠶᠠᠨ ᠨᠡᠮᠡᠷᠢᠯᠡᠨ᠎ᠡ ᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠣᠷᠣᠯᠴᠠᠵᠠᠢ᠃