ᠪᠤᠳᠠᠳᠤ ᠠᠵᠢᠯᠯᠠᠭ᠎ᠠ ᠪᠡᠷ ᠣᠭ ᠰᠠᠨᠠᠭ᠎ᠠ ᠎ᠪᠠᠨ ᠦᠶ᠋ᠯᠡᠳᠦᠯᠭᠡᠵᠢᠭᠦᠯᠵᠦ᠍ ᠦᠨᠡᠨᠴᠢ ᠤᠢᠯᠡᠴᠢᠯᠡᠬᠡ ᠪᠡᠷ ᠠᠷᠠᠳ᠎ᠤᠨ ᠰᠡᠳᠭᠢᠯ᠎ᠢ ᠳᠤᠯᠠᠭᠠᠴᠠᠭᠤᠯᠤᠨ᠎ᠡ
2026-06-12 09:44:15
ᠵᠣᠬᠢᠶᠠᠭ᠍ᠴᠢ᠄
ᠸᠠᠩ ᠺᠦᠨ ᠬᠤᠤ ᠪᠢᠶᠤᠤ ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

— ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ᠎ᠤᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ



ᠵᠠᠰᠠᠭ ᠤ᠋ᠨ ᠠᠵᠢᠯ ᠤ᠋ᠨ ᠪᠦᠳᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠤᠢ ᠪᠤᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠎ᠢ ᠥᠷᠨᠢᠭᠦᠯᠦᠭ᠌ᠰᠡᠨ᠎ᠡᠴᠡ ᠨᠠᠭᠠᠰᠢ᠂  ᠥᠪᠥᠷ ᠮᠣᠩᠭᠣᠯ᠎ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤ᠋ᠨ ᠬᠢᠨ ᠬᠦᠴᠦ ᠲᠠᠯᠪᠢᠨ ᠴᠢᠷᠮᠠᠢᠨ ᠠᠵᠢᠯᠯᠠᠬᠤ ᠪᠡᠷ ᠭᠣᠣᠯᠳᠠᠯᠭ᠎ᠠ ᠪᠣᠯᠭᠠᠬᠤ ᠢ᠋ᠢ ᠪᠠᠷᠢᠮᠲᠠᠯᠠᠵᠤ᠂ ᠤᠯᠠᠨ ᠲᠦᠮᠡᠨ ᠤ᠋ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠡᠯ ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠤᠨᠢᠨ ᠳᠡᠭᠡᠷ᠎ᠡ ᠨᠢ ᠬᠦᠴᠦᠯᠡᠵᠦ᠍᠂ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠮᠵᠢ ᠢ᠋ᠢ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠬᠥᠭ᠌ᠵᠢᠯᠲᠡ ᠢ᠋ᠢ ᠠᠬᠢᠭᠤᠯᠬᠤ ᠪᠣᠳᠠᠲᠠᠢ ᠢ᠋ᠢ ᠡᠷᠬᠢᠮᠯᠡᠬᠦ᠌ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠭᠰᠠᠨ ᠪᠠᠢᠨ᠎ᠡ᠃

ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍ ᠢ᠋ᠢᠨ ᠵᠥᠪᠯᠡᠯ ᠎ᠤᠨ ᠬᠢᠨ《ᠰᠤᠷᠤᠯᠴᠠᠵᠤ ᠠᠰᠠᠭᠤᠳᠡᠯ ᠢ᠋ ᠠᠨᠭᠬᠠᠷᠤᠨ ᠪᠠᠢᠴᠠᠭᠠᠵᠤ ᠦᠬᠡᠷᠡᠴᠢᠯᠡᠨ ᠵᠠᠰᠠᠬᠤ》 ᠠᠷᠭ᠎ᠠ ᠪᠡᠷ ᠡᠷᠡᠭᠦᠯ ᠬᠠᠮᠠᠭᠠᠯᠠᠯ ᠡᠷᠡᠭᠦᠯ ᠮᠡᠨᠳᠦ᠍ ᠢ᠋ᠢᠨ ᠦᠶ᠋ᠯᠡᠰ᠎ᠤ᠋ᠨ ᠴᠢᠨᠠᠷ ᠰᠠᠢᠲᠠᠶ ᠬᠥᠭ᠌ᠵᠢᠯᠲᠡ ᠳ᠋ᠤ᠌ ᠬᠦᠴᠦᠨ ᠨᠠᠮᠠᠷᠢᠯᠡᠪᠠ᠃ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ᠂ ᠺᠠᠳ᠋ᠷ᠎ᠢ ᠪᠦᠬᠦᠨ᠎ᠢ ᠬᠠᠮᠤᠷᠤᠭᠰᠠᠨ ᠰᠤᠷᠤᠯᠴᠠᠯᠭ᠎ᠠ ᠢ᠋ᠢ ᠥᠷᠨᠢᠭᠦᠯᠵᠦ᠍᠂  ᠭᠦᠨᠵᠡᠭᠡᠶ ᠰᠤᠷᠤᠯᠴᠠᠨ ᠨᠠᠷᠢᠨ ᠣᠢᠯᠠᠭᠠᠵᠤ ᠠᠵᠢᠯ ᠲᠥᠷᠥᠯ ᠤ᠋ᠨ ᠬᠦᠷᠢᠶᠡᠨ᠎ᠳᠡᠬᠢ ᠠᠶᠤᠯ ᠲᠦᠭ᠌ᠰᠢᠭᠦᠷᠢ ᠢ᠋ᠢᠨ ᠭᠡᠮ ᠰᠤᠭᠤᠭ ᠢ᠋ ᠬᠦᠨᠵᠡᠬᠡᠢ ᠠᠭᠤᠳᠠᠯᠤᠨ᠂ ᠵᠠᠰᠠᠭ ᠤ᠋ᠨ ᠠᠵᠢᠯ ᠤ᠋ᠨ ᠪᠦᠳᠦᠮᠵᠢ ᠢ᠋ᠢᠨ ᠬᠡᠯᠪᠡᠢᠬᠦᠦ ᠠᠰᠠᠭᠤᠳᠠᠯ᠎ᠢ ᠶᠡᠬᠡ ᠪᠡᠷ ᠵᠠᠯᠠᠷᠠᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠨᠳᠦᠰᠦᠨ ᠤᠯᠠᠨ ᠨᠡᠢᠲᠡ ᠢ᠋ᠢᠨ ᠦᠢᠯᠡᠴᠢᠯᠡᠭᠡᠨ  ᠤ᠋ ᠬᠠᠩᠭᠠᠯᠭ᠎ᠠ ᠢ᠋ᠢᠨ ᠶᠠᠰᠤ ᠴᠢᠨᠠᠷ ᠲᠦ᠍ ᠠᠩᠬᠠᠷᠤᠯ᠎ᠢᠶᠠᠨ ᠲᠥᠪᠯᠡᠷᠡᠭᠦᠯᠵᠦ᠍᠂ 《ᠦᠨᠳᠦᠰᠦᠨ ᠱᠠᠳᠤᠨ ᠤ᠋ ᠪᠦᠳᠦᠬᠡᠨ ᠪᠠᠢᠭᠤᠯᠤᠯᠳᠡ ᠢ᠋ᠢ ᠪᠡᠬᠢᠵᠢᠭᠦᠯᠬᠦ᠌ ᠢᠨᠵᠧᠨᠧᠷᠢᠩ》 ᠵᠢᠡᠷ ᠳᠠᠮᠵᠢᠭᠤᠯᠤᠨ ᠱᠢᠶᠠᠩ ᠪᠠᠯᠭᠠᠰᠤ ᠵᠡᠭᠡᠯᠢ ᠭᠤᠳᠤᠮᠵᠢ ᠢ᠋ᠢᠨ ᠪᠠᠷᠢᠮᠵᠢᠶᠠᠵᠢᠭ᠍ᠰᠠᠨ ᠦᠨᠳᠦᠰᠦᠨ ᠱᠠᠲᠤᠨ᠎ᠤ ᠪᠠᠢᠭᠤᠯᠤᠮᠵᠢ ᠢ᠋ᠢ ᠪᠦᠬᠦᠨ᠎ᠢ ᠪᠦᠷᠬᠦᠬᠦᠯᠬᠦ᠌᠂  ᠬᠢᠯᠢ ᠬᠢᠵᠠᠭᠠᠷ ᠭᠠᠵᠠᠷ ᠣᠷᠣᠨ᠎ᠤ ᠲᠣᠭᠣᠷᠢᠨ ᠶᠠᠪᠤᠵᠤ ᠡᠮᠴᠢᠯᠡᠬᠡ ᠬᠢᠬᠦ ᠦᠢᠯᠡᠴᠢᠯᠡᠭᠡ ᠢ᠋ᠢ ᠪᠦᠬᠦᠨ᠎ᠢ ᠪᠦᠷᠬᠦᠬᠦᠯᠬᠦ᠌ ᠢ᠋ᠢ ᠪᠡᠶᠡᠯᠡᠬᠦᠯᠵᠡᠢ᠃ ᠤᠯᠤᠰ᠎ᠤᠨ ᠣᠷᠣᠨ ᠪᠦᠰᠡ ᠢ᠋ᠢᠨ ᠡᠮᠴᠢᠯᠡᠭᠡᠨ ᠤ᠋ ᠲᠥᠪ ᠪᠤᠯᠤᠨ ᠥᠪᠡᠷᠲᠡᠭᠡᠨ ᠵᠠᠰᠠᠬᠤ ᠣᠷᠣᠨ᠎ᠤ ᠲᠤᠰᠭᠠᠶ ᠰᠠᠯᠠᠭᠠᠨ᠎ᠤ ᠣᠷᠣᠨ ᠪᠦᠰᠡ ᠢ᠋ᠢᠨ ᠡᠮᠴᠢᠯᠡᠭᠡᠨ ᠤ᠋ ᠲᠥᠪ᠎ᠢ ᠰᠠᠢᠲᠤᠷ ᠪᠠᠢᠭᠤᠯᠤᠨ ᠡᠵᠡᠨᠭᠨᠡᠪᠡ᠃ ᠪᠥᠬᠥ᠌ ᠣᠷᠣᠨ᠎ᠤ 29 ᠭᠤᠷᠪᠠᠳᠤᠭᠠᠷ ᠳᠡᠰ᠎ᠤᠨ ᠬᠢᠲᠠᠳ (ᠮᠣᠩᠭᠣᠯ ) ᠡᠮᠨᠡᠯᠭᠡ ᠢ᠋ᠢᠨ ᠬᠣᠷᠢᠶ᠎ᠠ ᠴᠥᠮ ᠰᠥᠨᠢ ᠢ᠋ᠢᠨ ᠡᠭᠦᠳᠡᠨ ᠡᠮᠨᠡᠯᠭᠡ ᠪᠠ ᠪᠠᠶᠠᠷ ᠳᠤᠷᠠᠰᠭᠠᠯ ᠠᠮᠠᠷᠠᠯᠲᠠ ᠢ᠋ᠢᠨ ᠡᠳᠦᠷ ᠤ᠋ᠨ ᠡᠭᠦᠳᠡᠨ ᠡᠮᠨᠡᠯᠭᠡ ᠨᠡᠭᠡᠭᠡᠪᠡ᠃ ᠣᠶᠤᠨᠴᠢ ᠡᠮᠴᠢᠯᠡᠭᠡᠨ ᠤ᠋ ᠪᠠᠢᠭᠤᠯᠤᠯᠲᠠ ᠢ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 7 ᠰᠠᠷ᠎ᠠ ᠢ᠋ᠢᠨ ᠰᠡᠭᠦᠯᠴᠢ ᠪᠤᠯᠳᠠᠯ᠎ᠡ 289 ᠠᠯᠪᠠᠨ ᠡᠴᠡ ᠪᠠᠢᠭᠤᠯᠤᠭ᠍ᠰᠠᠨ ᠡᠮᠨᠡᠯᠭᠡ ᠢ᠋ᠢᠨ ᠬᠤᠷᠢᠶ᠎ᠡ ᠢ᠋ᠢᠨ ᠭᠤᠤᠯ ᠲᠣᠭ᠎ᠠ ᠪᠠᠷᠢᠮᠲᠠ ᠢ᠋ᠢ ᠴᠤᠭ᠍ᠯᠠᠭᠤᠯᠤᠨ ᠡᠮᠬᠢᠳᠭᠡᠵᠦ᠍᠂ ᠣᠶᠤᠨᠴᠢ ᠡᠮᠴᠢᠯᠡᠭᠡᠨ ᠤ᠋ ᠣᠯᠠᠨ ᠵᠦᠶ᠋ᠯ ᠤ᠋ᠨ ᠬᠡᠷᠡᠭ᠌ᠯᠡᠭᠡᠨ ᠤ᠋ ᠪᠠᠢᠳᠠᠯ᠎ᠢ ᠨᠠᠢᠳᠠᠪᠤᠷᠢᠵᠢᠭᠤᠯᠬᠤ ᠪᠤᠯᠤᠨ᠎ᠡ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ ᠤ᠋ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯ᠎ᠢ ᠠᠬᠢᠭᠤᠯᠵᠤ᠂ ᠬᠡᠦᠬᠡᠳ ᠰᠠᠭᠠᠲᠠᠭᠤᠯᠬᠤ ᠭᠠᠵᠠᠷ ᠎ᠤᠨ ᠠᠱᠢᠭ᠍ᠯᠠᠯᠲᠠ ᠢ᠋ᠢᠨ ᠨᠣᠷᠮ᠎ᠠ 38 % ᠵᠢ ᠲᠠᠪᠠᠵᠡᠢ᠃ ᠵᠠᠬᠢᠳᠠᠯ ᠰᠤᠷᠪᠤᠯᠵᠢᠯᠡᠯ ᠤ᠋ᠨ ᠳᠠᠷᠤᠭ᠍ᠳᠠᠮᠠᠯ ᠬᠡᠷᠡᠭ᠎ᠢ ᠥᠨᠳᠥᠷ ᠪᠦᠲᠦᠮᠵᠢᠲᠡᠢ ᠱᠢᠢᠳᠪᠦᠷᠢᠯᠡᠵᠦ᠍᠂ ᠡᠯ᠎ᠡ ᠲᠥᠷᠥᠯ ᠤ᠋ᠨ ᠵᠠᠬᠢᠳᠠᠯ ᠰᠤᠷᠪᠤᠯᠵᠢᠯᠡᠯ ᠤ᠋ᠨ ᠲᠤᠱᠢᠶᠠᠨ ᠱᠢᠢᠳᠪᠦᠷᠢᠯᠡᠭᠦᠯᠬᠦ᠌ ᠵᠦᠢᠯᠡᠰ᠎ᠢ ᠰᠢᠢᠳᠪᠤᠷᠢᠯᠡᠭᠰᠡᠨ ᠨᠣᠷᠮ᠎ᠠ ᠢ᠋ᠢ 95 % ᠎ᠭᠠᠷᠤᠢ ᠳ᠋ᠤ᠌ ᠪᠠᠢᠯᠭᠠᠬᠤ ᠢ᠋ᠢ ᠪᠠᠲᠤᠯᠠᠵᠤ᠂  ᠲᠤᠱᠢᠶᠠᠯ ᠬᠠᠷᠢᠭᠤᠴᠠᠯᠭ᠎ᠠ᠎ᠪᠠᠨ ᠨᠠᠷᠢᠯᠢᠭ ᠣᠨᠣᠴᠠᠲᠠᠢ ᠭᠦᠢᠴᠡᠳᠭᠡᠬᠦ᠌᠂  ᠪᠣᠳᠠᠲᠠᠢ ᠢ᠋ᠢ ᠡᠷᠬᠢᠮᠯᠡᠬᠦ᠌ ᠠᠷᠭ᠎ᠠ ᠬᠡᠮᠵᠢᠶ᠎ᠡ ᠪᠡᠷ ᠣᠯᠠᠨ ᠲᠦᠮᠡᠨ ᠤ᠋ ᠡᠷᠡᠭᠦᠯ ᠮᠡᠨᠳᠦ ᠵᠢᠨ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠪᠡ ᠃

ᠦᠬᠠᠶ ᠬᠣᠲᠠ ᠣᠯᠠᠨ ᠲᠦᠮᠡᠨ ᠳ᠋ᠤ᠌ ᠪᠣᠳᠠᠲᠤ ᠶᠠᠪᠤᠳᠠᠯ ᠬᠢᠵᠤ ᠦᠭᠬᠦ᠂ ᠰᠠᠢᠨ ᠶᠠᠪᠤᠳᠠᠯ ᠬᠢᠵᠦ᠍ ᠥᠭ᠌ᠬᠦ ᠢ᠋ᠢ ᠵᠠᠰᠠᠭ ᠤ᠋ᠨ ᠠᠵᠢᠯ᠎ᠤᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠠᠮᠢᠳᠤᠯᠢᠭ ᠦᠶ᠋ᠯᠡᠳᠦᠯᠭᠡ ᠪᠣᠯᠭᠠᠬᠤ ᠢ᠋ᠢ ᠪᠠᠷᠢᠮᠲᠠᠯᠠᠪᠠ᠃ ᠠᠷᠠᠳ᠎ᠤᠨ ᠠᠮᠢᠳᠤᠷᠠᠯ᠎ᠤᠨ ᠬᠦᠷᠢᠶᠡᠨ ᠳ᠋ᠤ᠌ ᠠᠩᠬᠠᠷᠤᠯ᠎ᠢᠶᠠᠨ ᠲᠥᠪᠯᠡᠷᠡᠭᠦᠯᠦᠨ᠂ ᠠᠵᠢᠯ᠎ᠤᠨ ᠰᠡᠳᠭᠢᠴᠡ᠎ᠪᠡᠨ ᠢᠳᠡᠪᠬᠢᠲᠡᠢ ᠥᠷᠭᠡᠳᠭᠡᠵᠦ᠍᠂ ᠦᠢᠯᠡᠴᠢᠯᠡᠭᠡᠨ ᠤ᠋ ᠠᠴᠢᠶᠠᠯᠠᠪᠤᠷᠢ ᠢ᠋ᠢᠨ ᠱᠢᠨ᠎ᠡ ᠢ᠋ᠢ ᠡᠭᠦᠳᠬᠦ᠌ ᠢ᠋ᠢ ᠬᠠᠢᠨ ᠰᠦᠪᠡᠭ᠌ᠴᠢᠯᠡᠵᠦ᠍᠂ ᠰᠠᠢ᠌ᠨ ᠶᠠᠪᠤᠳᠠᠯ ᠪᠣᠳᠠᠲᠤ ᠶᠠᠪᠤᠳᠠᠯ᠎ᠢ ᠦᠨᠡᠨ ᠬᠦ᠌ ᠤᠯᠠᠨ ᠲᠦᠮᠡᠨ ᠤ᠋ ᠰᠡᠳᠬᠢᠯ ᠳ᠋ᠤ᠌ ᠲᠠᠭᠠᠯᠠᠭᠳᠠᠳᠠᠯ᠎ᠡ ᠬᠦᠢᠴᠡᠳᠬᠡᠪᠡ᠃ ᠦᠬᠠᠶ ᠬᠣᠲᠠ ᠢ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍ ᠢ᠋ᠢᠨ ᠵᠥᠪᠯᠡᠯ ᠤ᠋ᠨ ᠨᠠᠮ᠎ᠤᠨ ᠤᠳᠤᠷᠢᠳᠭᠤ ᠳᠤᠭᠤᠢᠯᠠᠩ ᠡᠴᠡ ᠪᠠᠢᠭᠤᠯᠭ᠎ᠠ ᠢ᠋ᠢᠨ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠳᠠᠭᠠᠭᠠᠴᠢᠯᠠᠨ ᠬᠠᠷᠢᠯᠴᠠᠬᠤ ᠡᠮᠴᠢᠯᠡᠭᠡᠨ ᠤ᠋ ᠪᠠᠢᠭᠤᠯᠤᠮᠵᠢ᠎ᠳᠤ ᠣᠴᠢᠭᠤᠯᠤᠨ ᠴᠡᠭ᠎ᠲᠦ ᠰᠠᠭᠤᠯᠭᠠᠵᠤ᠂  ᠡᠪᠡᠳᠴᠢᠲᠡᠨ ᠤ᠋ ᠬᠤᠪᠢ ᠪᠡᠷ ᠡᠪᠡᠳᠴᠢᠨ ᠦᠵᠡᠭᠦᠯᠬᠦ᠌ ᠶᠠᠪᠤᠴᠠ ᠢ᠋ᠢ ᠪᠡᠶᠡᠴᠢᠯᠡᠨ ᠤᠢᠯᠠᠭᠠᠵᠤ ᠂ ᠡᠪᠡᠳᠴᠢᠨ ᠦᠵᠡᠭᠦᠯᠬᠦ᠌ ᠳ᠋ᠤ᠌ ᠲᠦᠬᠦᠮ ᠦᠬᠡᠢ ᠪᠠᠢᠬᠤ ᠠᠰᠠᠭᠤᠳᠠᠯ᠎ᠢ ᠢᠯᠡᠷᠡᠭᠦᠯᠦᠨ ᠱᠢᠶ᠋ᠳᠪᠦᠷᠢᠯᠡᠵᠦ᠍᠂ ᠣᠯᠠᠨ ᠲᠦᠮᠡᠨ ᠤ᠋ ᠡᠮ ᠬᠤᠳᠠᠯᠳᠤᠨ ᠠᠪᠬᠤ᠎ᠳᠤ ᠲᠥᠬᠥᠮ ᠦᠵᠡᠭᠦᠯᠬᠦ᠌ 10 ᠵᠦᠶ᠋ᠯ ᠤ᠋ᠨ ᠠᠷᠭ᠎ᠠ ᠬᠡᠮᠵᠢᠶ᠎ᠡ ᠢ᠋ᠢ ᠳᠤᠷᠠᠳᠤᠨ ᠭᠠᠷᠭᠠᠪᠠ᠃ ᠪᠦᠬᠦ᠌ ᠬᠣᠲᠠ ᠢ᠋ᠢᠨ 25 ᠠᠯᠪᠠᠨ ᠡᠴᠡ ᠪᠠᠢᠭᠤᠯᠤᠭ᠍ᠰᠠᠨ ᠡᠮᠴᠢᠯᠡᠭᠡᠨ ᠤ᠋ ᠪᠠᠢᠭᠤᠯᠤᠮᠵᠢ ᠠᠮᠠᠷᠠᠯᠲᠠ ᠢ᠋ᠢᠨ ᠡᠳᠦᠷ 49 ᠳᠥᠭᠥᠮ ᠦᠵᠡᠬᠦᠯᠬᠦ ᠡᠭᠦᠳᠡᠨ ᠡᠮᠨᠡᠯᠭᠡ ᠭᠠᠷᠭᠠᠵᠤ《ᠠᠷᠠᠳ ᠲᠦ᠍ ᠳᠥᠭᠥᠮ ᠦᠵᠡᠭᠦᠯᠬᠦ᠌ ᠨᠣᠮᠧᠷ》 ᠢ᠋ᠢᠡᠷ ᠡᠮ ᠬᠡᠷᠡᠭᠯᠡᠬᠦ ᠵᠣᠷ ᠪᠢᠴᠢᠵᠦ᠍ ᠪᠣᠯᠬᠤ ᠡᠭᠦᠳᠡᠨ ᠡᠮᠨᠡᠯᠭᠡ ᠳ᠋ᠤ᠌ ᠡᠪᠡᠳᠴᠢᠨ ᠦᠵᠡᠬᠦᠯᠬᠦ ᠢ᠋ᠢ ᠠᠬᠢᠭᠤᠯᠵᠤ᠂ ᠣᠯᠠᠨ ᠲᠦᠮᠡᠨ ᠤ᠋ ᠡᠪᠡᠳᠴᠢᠨ ᠦᠵᠡᠭᠦᠯᠬᠦ᠌ ᠬᠠᠨᠤᠮᠵᠢ ᠢ᠋ᠢᠨ ᠬᠡᠮᠵᠢᠶ᠎ᠡ ᠢ᠋ᠢ ᠦᠨᠡᠨ ᠬᠦ᠌ ᠳᠡᠭᠡᠭ᠌ᠰᠢᠯᠡᠭᠦᠯᠪᠡ᠃ ᠦᠬᠠᠶ ᠬᠣᠲᠠ ᠢ᠋ᠢᠨ ᠵᠠᠰᠠᠭ ᠵᠠᠬᠢᠷᠭᠠᠨ ᠤ᠋ ᠬᠢᠨᠠᠨ ᠵᠦᠪᠰᠢᠶᠡᠷᠡᠯ ᠵᠠᠰᠠᠭ ᠤ᠋ᠨ ᠶᠠᠪᠤᠳᠡᠯ ᠤ᠋ᠨ ᠤᠢᠯᠡᠴᠢᠯᠡᠬᠡ ᠪᠠ ᠳ᠋ᠠᠢᠲ᠋ᠠ ᠢ᠋ᠢᠨ ᠬᠠᠮᠢᠶᠠᠷᠤᠯᠳᠡ ᠢ᠋ᠢᠨ ᠲᠣᠪᠴᠢᠶ᠎ᠠ ᠢ᠋ᠢᠨ ᠨᠠᠮ᠎ᠤᠨ ᠤᠳᠤᠷᠢᠳᠭᠤ ᠳᠤᠭᠤᠢᠯᠠᠩ᠎ᠨᠢ ᠠᠵᠤ ᠠᠬᠤᠢᠯᠠᠯ᠂  ᠣᠯᠠᠨ ᠲᠦᠮᠡᠨ ᠤ᠋ ᠥᠨᠳᠥᠷ ᠳᠠᠪᠲᠠᠮᠵᠢᠲᠤ ᠠᠵᠢᠯ ᠶᠠᠪᠤᠳᠠᠯ ᠭᠦᠶ᠋ᠴᠡᠳᠭᠡᠬᠦ᠌ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠣᠬᠠᠢ᠎ᠵᠢᠨ ᠭᠠᠵᠠᠷ᠎ᠤᠨ ᠣᠨᠴᠠᠯᠢᠭᠳᠤ 22 《ᠨᠢᠭᠡ ᠤᠴᠢᠷ ᠶᠠᠪᠤᠳᠠᠯ 》 ᠤ᠋ᠨ ᠬᠤᠷᠠᠮᠠᠯ ᠦᠶ᠋ᠯᠡᠴᠢᠯᠡᠭᠡᠨ ᠤ᠋ ᠠᠬᠤᠶ ᠪᠠᠢᠳᠠᠯ᠎ᠢ ᠱᠢᠰᠲ᠋ᠧᠮ᠎ᠲᠡᠶ ᠡᠮᠬᠢᠯᠡᠨ ᠭᠠᠷᠭᠠᠵᠤ᠂ 《ᠨᠢᠭᠡ ᠯᠡ ᠤᠳᠠᠭ᠎ᠠ᠎ᠳᠤ ᠮᠡᠳᠡᠭ᠌ᠳᠡᠬᠦ᠌᠂ ᠨᠢᠭᠡ ᠯᠡ ᠬᠦᠰᠦᠨᠦᠭ᠌ᠲᠦ᠍ ᠪᠡᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ ᠲᠤᠰᠢᠶᠠᠬᠤ᠂ ᠨᠢᠭᠡ ᠴᠣᠩᠬᠣᠪᠴᠢ (ᠲᠠᠪᠴᠠᠩ )  ᠪᠡᠷ ᠭᠥᠯᠢᠶᠡᠨ ᠠᠪᠴᠤ᠌ ᠱᠢᠶ᠋ᠳᠪᠦᠷᠢᠯᠡᠬᠦ᠌᠂  ᠨᠢᠭᠡ ᠯᠡ ᠰᠦᠯᠵᠢᠶ᠎ᠡ ᠪᠡᠷ ᠭᠦᠶ᠋ᠴᠡᠳᠭᠡᠬᠦ᠌ 》 ᠦᠶ᠋ᠯᠡᠴᠢᠯᠡᠭᠡᠨ ᠤ᠋ ᠵᠠᠭ᠍ᠪᠤᠷ᠎ᠢ ᠪᠥᠬᠥ᠌ ᠲᠠᠯ᠎ᠠ ᠪᠡᠷ ᠬᠡᠷᠡᠭ᠌ᠵᠢᠭᠦᠯᠦᠭ᠌ᠰᠡᠨ ᠪᠥᠭᠡᠳ ᠪᠥᠬᠥ᠌ ᠣᠷᠣᠨ᠎ᠳᠤ 《 ᠨᠢᠭᠡ ᠤᠴᠢᠷ᠎ᠢ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌ 》 ᠬᠦᠷᠢᠶᠡᠨ ᠳ᠋ᠤ᠌ ᠬᠢᠨᠠᠨ ᠵᠥᠪᠱᠢᠶᠡᠷᠡᠵᠦ᠍ ᠬᠡᠷᠡᠭ᠌ᠯᠡᠬᠦ᠌᠂  ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠂ ᠭᠦᠶ᠋ᠴᠡᠳᠭᠡᠬᠦ᠌ ᠭᠣᠭ᠍ᠴᠣᠭ᠎ᠠ ᠂ ᠭᠤᠶᠤᠴᠢᠯᠠᠬᠤ ᠮᠠᠲ᠋ᠧᠷᠢᠶᠠᠯ᠂ ᠭᠦᠶᠦᠬᠦ᠌ ᠤᠳᠠᠭ᠎ᠠ ᠢ᠋ᠢ ᠲᠣᠰ ᠲᠣᠰ 76 % ᠂ 64 % ᠂ 57% ᠪᠠ 85% ᠪᠡᠷ ᠪᠠᠭᠠᠰᠬᠠᠵᠡᠢ ᠃

ᠱᠢᠯᠢ ᠢ᠋ᠢᠨ ᠭᠤᠤᠯ ᠠᠢᠮᠠᠭ᠎ᠤᠨ ᠱᠢᠯᠤᠭᠤᠨ ᠬᠥᠬᠡ ᠬᠣᠱᠢᠭᠤ ᠥᠨᠳᠥᠷ ᠭᠠᠷᠤᠭ᠎ᠠ ᠡᠴᠡ ᠲᠥᠯᠥᠪᠵᠢᠭᠦᠯᠬᠦ᠌᠂ ᠥᠨᠳᠥᠷ ᠪᠠᠷᠢᠮᠵᠢᠶ᠎ᠠ ᠪᠡᠷ ᠠᠬᠢᠭᠤᠯᠬᠤ᠂ ᠴᠢᠨᠠᠷ ᠰᠠᠢᠲᠠᠶ ᠨᠠᠢᠳᠠᠪᠤᠷᠢᠵᠢᠭᠤᠯᠬᠤ ᠢ᠋ᠢ ᠪᠠᠷᠢᠮᠲᠠᠯᠠᠵᠤ᠂ ᠵᠠᠰᠠᠭ ᠤ᠋ᠨ ᠠᠵᠢᠯ᠎ᠤᠨ ᠪᠦᠲᠦᠮᠵᠢ ᠢ᠋ᠢᠨ ᠲᠤᠬᠠᠶ ᠵᠥᠪ ᠦᠵᠡᠯᠲᠡ ᠪᠡᠷ ᠣᠷᠣᠨ ᠨᠤᠲᠤᠭ᠎ᠤᠨ ᠴᠢᠨᠠᠷ ᠰᠠᠢᠲᠠᠶ ᠬᠥᠭ᠌ᠵᠢᠯᠲᠡ ᠢ᠋ᠢ ᠬᠥᠲᠥᠯᠥᠨ ᠳᠠᠭᠠᠭᠤᠯᠪᠠ᠃ ᠱᠢᠯᠤᠭᠤᠨ ᠬᠥᠬᠡ ᠬᠣᠱᠢᠭᠤᠨ᠎ᠤ ᠨᠠᠮ᠎ᠤᠨ ᠬᠣᠷᠢᠶ᠎ᠠ ᠎ᠵᠢᠨ ᠬᠢᠨ ᠤᠯᠤᠰ ᠲᠥᠷᠥ ᠢ᠋ᠢᠨ ᠬᠠᠷᠢᠭᠤᠴᠠᠯᠭ᠎ᠠ ᠢ᠋ᠢ ᠡᠷᠡᠰ ᠡᠭᠦᠷᠭᠡᠯᠡᠵᠦ᠍᠂ ᠴᠠᠭ ᠲᠤᠬᠠᠢ ᠳ᠋ᠤᠨᠢ ᠰᠤᠳᠤᠯᠤᠨ ᠪᠠᠢᠷᠢᠯᠠᠭᠤᠯᠵᠤ᠂ 5 ᠲᠠᠯ᠎ᠠ ᠢ᠋ᠢᠨ ᠠᠵᠢᠯ᠎ᠤᠨ ᠡᠭᠦᠷᠭᠡ ᠢ᠋ᠢ ᠨᠠᠷᠢᠯᠢᠭ᠍ᠵᠢᠭᠤᠯᠵᠤ᠂ ᠰᠤᠷᠤᠯᠴᠠᠯᠭ᠎ᠠ ᠬᠥᠮᠦᠵᠢᠯ ᠤ᠋ᠨ ᠠᠵᠢᠯ᠎ᠤᠨ ᠲᠤᠰᠭᠠᠶ ᠠᠩᠭᠢ ᠪᠠᠢᠭᠤᠯᠵᠤ᠂  ᠬᠤᠯᠪᠤᠭ᠎ᠠ ᠠᠪᠬᠤ ᠬᠦᠮᠦᠨ ᠤ᠋ ᠠᠵᠢᠯ᠎ᠤᠨ ᠲᠦᠷᠢᠮ᠎ᠢ ᠪᠠᠢᠭᠤᠯᠵᠤ᠂ 《 ᠬᠡᠰᠡᠭ ᠬᠤᠪᠢᠶᠠᠨ ᠬᠠᠷᠢᠭᠤᠴᠠᠬᠤ + ᠲᠥᠷᠥᠯ ᠬᠤᠪᠢᠶᠠᠨ ᠵᠢᠯᠣᠭᠣᠳᠭᠤ 》 ᠠᠷᠭ᠎ᠠ ᠬᠡᠯᠪᠡᠷᠢ ᠪᠡᠷ ᠨᠡᠢᠲᠡ 55 ᠬᠤᠪᠢ ᠵᠢᠯᠣᠭᠣᠳᠭᠤ ᠰᠠᠨᠠᠯ᠎ᠤᠨ ᠪᠢᠴᠢᠭ ᠪᠠᠭᠤᠯᠭᠠᠵᠤ᠂ 129 ᠵᠤᠷᠪᠤᠰ ᠰᠠᠨᠠᠯ ᠰᠠᠨᠠᠭᠤᠯᠭ᠎ᠠ ᠳᠤᠷᠠᠳᠴᠤ᠌᠂ ᠰᠤᠷᠤᠯᠴᠠᠯᠭ᠎ᠠ ᠬᠥᠮᠦᠵᠢᠯ᠎ᠢ ᠵᠡᠷᠭᠡ ᠪᠡᠷ ᠠᠬᠢᠭᠤᠯᠵᠤ᠂ ᠨᠢᠭᠡ ᠴᠤᠭ᠍ᠴᠠᠵᠢᠭᠤᠯᠤᠨ ᠨᠠᠢᠳᠠᠪᠤᠷᠢᠵᠢᠭᠤᠯᠪᠠ᠃ ᠬᠣᠱᠢᠭᠤᠨ᠎ᠤ ᠨᠠᠮ᠎ᠤᠨ ᠬᠤᠷᠢᠶ᠎ᠡ ᠢ᠋ᠢᠨ ᠤᠳᠤᠷᠢᠳᠭᠤ ᠪᠠᠭ ᠲᠦᠷᠦᠬᠦᠯᠡᠨ ᠨᠣᠮ ᠤᠩᠱᠢᠬᠤ ᠠᠩᠭᠢ ᠡᠷᠬᠢᠯᠡᠵᠦ᠍᠂ ᠰᠦᠯᠵᠢᠶ᠎ᠡ ᠪᠠ ᠪᠤᠳᠠᠳᠤ ᠴᠤᠭᠴᠡ ᠢ᠋ᠢ ᠬᠠᠪᠰᠤᠷᠭᠠᠨ ᠰᠤᠷᠤᠯᠴᠠᠵᠤ᠂ 400 ᠭᠠᠷᠤᠶ ᠤᠳᠤᠷᠢᠳᠭᠤ ᠺᠠᠳ᠋ᠷ ᠵᠡᠷᠭᠡ ᠪᠡᠷ ᠪᠣᠯᠪᠠᠰᠤᠷᠠᠯ᠎ᠳᠤ ᠣᠷᠣᠯᠴᠠᠪᠠ᠃ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠵᠦ᠍᠂ 《 ᠭᠤᠤᠯ ᠬᠢᠴᠢᠶᠡᠯ ᠤ᠋ᠨ ᠲᠠᠩᠬᠢᠮ + ᠬᠤᠪᠢᠶᠠᠷᠢ ᠬᠢᠴᠢᠶᠡᠯ ᠤ᠋ᠨ ᠲᠠᠩᠬᠢᠮ 》 ᠎ᠤ᠋ᠨ ᠪᠦᠬᠦ᠌ ᠣᠷᠣᠨ ᠪᠦᠰᠡ᠎ᠢ᠋ᠢ ᠪᠦᠷᠬᠦᠭᠰᠡᠨ ᠬᠡᠪ ᠵᠠᠭ᠍ᠪᠤᠷ ᠢ᠋ᠢᠡᠷ ᠪᠦᠬᠦ᠌ ᠠᠵᠢᠯᠲᠠᠨ᠎ᠳ᠋ᠤ᠌ ᠪᠤᠯᠪᠠᠰᠤᠷᠡᠯ ᠬᠦᠷᠳᠡᠬᠡᠪᠡ ᠃ ᠣᠳᠣᠬᠠᠨ ᠪᠣᠯᠲᠠᠯ᠎ᠠ᠂ ᠡᠯ᠎ᠡ ᠰᠤᠷᠤᠯᠴᠠᠬᠤ ᠨᠢᠭᠡᠴᠢ᠎ᠵᠢᠨ ᠬᠢᠨ ᠨᠣᠮ ᠤᠩᠱᠢᠬᠤ ᠠᠩᠭᠢ ᠢ᠋ᠢ ᠨᠡᠢᠲᠡ 69 ᠤᠳᠠᠭ᠎ᠠ ᠡᠷᠭᠢᠯᠡᠵᠦ᠍᠂  ᠲᠦᠪᠯᠡᠷᠡᠨᠭᠬᠦᠢ ᠰᠤᠷᠤᠯᠴᠠᠯᠭ᠎ᠠ ᠢ᠋ᠢ 672 ᠤᠳᠠᠭ᠎ᠠ ᠡᠷᠬᠢᠯᠡᠵᠤ᠂  ᠰᠤᠳᠤᠯᠤᠨ ᠶᠠᠷᠢᠯᠴᠠᠬᠤ ᠬᠤᠷᠡᠯ  ᠢ᠋ 138 ᠤᠳᠠᠭ᠎ᠠ ᠦᠷᠨᠢᠬᠦᠯᠵᠤ ᠂ ᠰᠤᠷᠤᠯᠴᠠᠯᠭ᠎ᠠ ᠬᠥᠮᠦᠵᠢᠯ᠎ᠢ ᠬᠦᠮᠦᠰ ᠤ᠋ᠨ ᠰᠡᠳᠬᠢᠯ ᠳ᠋ᠤ᠌ ᠬᠠᠳᠠᠩᠱᠢᠭᠤᠯᠬᠤ ᠢ᠋ᠢ ᠠᠬᠢᠭᠤᠯᠪᠠ᠃ ᠠᠵᠢᠯ᠎ᠢ ᠥᠷᠨᠢᠭᠦᠯᠬᠦ᠌ ᠶᠠᠪᠤᠴᠠ᠎ᠳᠤ᠂ ᠱᠢᠯᠤᠭᠤᠨ ᠬᠥᠬᠡ ᠬᠣᠱᠢᠭᠤᠨ᠎ᠤ ᠳᠥᠷᠪᠡᠨ ᠶᠡᠬᠡ ᠤᠳᠤᠷᠢᠳᠭᠤ ᠪᠠᠭ᠎ᠤᠨ ᠤᠳᠤᠷᠢᠳᠤᠯᠭ᠎ᠠ ᠲᠦᠷᠦᠭᠦᠯᠡᠨ 《ᠲᠦᠷᠪᠡᠨ ᠦᠨᠳᠦᠰᠦᠨ ᠱᠠᠲᠤᠨ᠎ᠳᠤ ᠪᠠᠭᠤᠬᠤ》 ᠲᠦᠷᠢᠮ᠎ᠢ ᠨᠠᠢᠳᠠᠪᠤᠷᠢᠵᠢᠭᠤᠯᠵᠤ᠂ ᠠᠷᠠᠳ᠎ᠤᠨ ᠪᠠᠢᠳᠠᠯ᠎ᠢ ᠶᠠᠷᠢᠯᠴᠠᠬᠤ ᠬᠤᠷᠠᠯ ᠎ᠢ ᠨᠡᠢᠲᠡ 29 ᠤᠳᠠᠭ᠎ᠠ ᠬᠤᠷᠠᠯᠳᠤᠭᠤᠯᠵᠤ᠂ 12345 ᠬᠠᠯᠠᠮᠱᠢᠯ ᠤᠲᠠᠰᠤ᠂ 《ᠲᠦᠬᠦᠮ ᠬᠤᠷᠠᠯ 》᠂ 《ᠮᠣᠩᠭᠣᠯ ᠬᠡᠷ᠎ᠲᠦ᠍ ᠬᠡᠷᠡᠭ ᠤᠴᠢᠷ ᠵᠥᠪᠯᠡᠬᠦ᠌ ᠬᠤᠷᠠᠯ 》 ᠵᠡᠷᠭᠡ ᠠᠷᠭ᠎ᠠ ᠵᠠᠮ ᠢ᠋ᠢᠡᠷ ᠳᠠᠮᠵᠢᠭᠤᠯᠤᠨ ᠣᠯᠠᠨ ᠲᠦᠮᠡᠨ ᠤ᠋ ᠰᠠᠨᠠᠯ ᠰᠠᠨᠠᠭᠤᠯᠭ᠎ᠠ ᠢ᠋ᠢ 52 ᠵᠤᠷᠪᠤᠰ ᠬᠤᠷᠢᠶᠠᠵᠤ᠂  28 ᠠᠰᠠᠭᠤᠳᠠᠯ᠎ᠢ ᠱᠢᠶ᠋ᠳᠪᠦᠷᠢᠯᠡᠵᠦ᠍ ᠂ 《ᠣᠯᠠᠨ ᠲᠦᠮᠡᠨ ᠡᠷᠢᠵᠤ ᠰᠠᠨᠠᠯ ᠲᠡᠪᠰᠢᠬᠦᠯᠬᠦ》  ᠢ᠋ᠢ 《 ᠺᠠᠳ᠋ᠷ ᠦᠨᠳᠦᠰᠦᠨ ᠱᠠᠲᠤᠨ᠎ᠳᠤ ᠪᠠᠭᠤᠬᠤ》 ᠪᠣᠯᠭᠠᠨ ᠬᠤᠪᠢᠷᠠᠭᠤᠯᠵᠤ᠂ ᠰᠡᠳᠭᠢᠯ ᠳᠡᠯᠪᠢᠨ ᠬᠦᠴᠦ᠍ ᠣᠷᠣᠭᠤᠯᠵᠤ ᠪᠠᠢᠭᠠᠳ ᠣᠯᠠᠨ ᠲᠦᠮᠡᠨ ᠳ᠋ᠤ᠌ ᠰᠠᠢᠨ ᠶᠠᠪᠤᠳᠠᠯ ᠬᠢᠵᠦ᠍᠂ ᠬᠦᠴᠢᠷᠳᠡᠯ᠎ᠢ᠎ᠨᠢ ᠱᠢᠶ᠋ᠳᠪᠦᠷᠢᠯᠡᠵᠦ᠍ ᠥᠭ᠌ᠪᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号