《ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠵᠣᠬᠢᠶᠠᠯ᠎ᠤᠨ ᠰᠤᠩᠭᠤᠮᠠᠯ 》 ᠤ᠋ᠨ ᠨᠢᠭᠡᠳᠦᠭᠡᠷ ᠪᠤᠳᠢ ᠬᠣᠶᠠᠳᠤᠭᠠᠷ ᠪᠤᠳᠢ ᠵᠢ ᠬᠡᠪᠯᠡᠨ ᠲᠠᠷᠬᠠᠭᠠᠪᠠ
2026-06-12 09:35:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠨᠠᠢᠷᠠᠭᠤᠯᠤᠭ᠍ᠰᠠᠨ 《ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠵᠣᠬᠢᠶᠠᠯ᠎ᠤᠨ ᠰᠤᠩᠭᠤᠮᠠᠯ》 ᠤ᠋ᠨ ᠨᠢᠭᠡᠳᠦᠭᠡᠷ ᠪᠣᠲᠢ᠂ ᠬᠣᠶᠠᠳᠤᠭᠠᠷ ᠪᠣᠲᠢ ᠵᠢ ᠣᠢᠷ᠎ᠠ᠎ᠳᠤ ᠲᠥᠪ᠎ᠦᠨ ᠲᠤᠯᠭᠤᠷ ᠪᠢᠴᠢᠭ᠎ᠦᠨ ᠬᠡᠪᠯᠡᠯ᠎ᠦᠨ ᠬᠣᠷᠢᠶ᠎ᠠ ᠡᠴᠡ ᠬᠡᠪᠯᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠳᠤ ᠲᠠᠷᠬᠠᠭᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ ᠪᠣᠯᠤᠨ ᠳᠡᠯᠡᠬᠡᠢ᠎ᠶᠢᠨ ᠬᠥᠭ᠌ᠵᠢᠯᠲᠡ᠎ᠶᠢᠨ ᠶᠡᠬᠡ ᠬᠠᠨᠳᠤᠰᠢ ᠵᠢ ᠭᠦᠨᠵᠡᠭᠡᠢ ᠡᠵᠡᠮᠳᠡᠵᠦ᠍᠂ ᠴᠢᠬᠤᠯᠠ ᠶᠡᠬᠡ ᠭᠠᠳᠠᠭᠠᠳᠤ ᠬᠠᠷᠢᠯᠴᠠᠭᠠᠨ᠎ᠤ ᠤᠨᠤᠯ ᠪᠣᠯᠤᠨ ᠦᠢᠯᠡᠳᠦᠯᠭᠡ᠎ᠶᠢᠨ ᠰᠢᠨ᠎ᠡ ᠡᠭᠦᠳᠦᠯᠲᠡ ᠵᠢ ᠢᠳᠡᠪᠬᠢᠲᠡᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ᠂ ᠴᠠᠭ ᠦᠶ᠎ᠡ᠎ᠶᠢᠨ ᠵᠣᠷᠢᠭ ᠰᠠᠨᠠᠭ᠎ᠠ ᠵᠢ ᠢᠯᠡᠷᠡᠭᠦᠯᠦᠭ᠌ᠰᠡᠨ᠂ ᠲᠤᠮᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ ᠎ᠢ ᠬᠠᠷᠠᠭᠤᠯᠤᠭᠰᠠᠨ᠂ ᠬᠥᠮᠦᠨ ᠲᠥᠷᠥᠯᠬᠢᠲᠡᠨ ᠎ᠦ ᠬᠥᠭ᠌ᠵᠢᠯᠲᠡ ᠳᠠᠪᠰᠢᠯᠳᠠ ᠎ᠶᠢᠨ ᠤᠷᠤᠰᠭᠠᠯ ᠎ᠢ ᠬᠦᠳᠦᠯᠥᠨ ᠳᠠᠭᠠᠭᠤᠯᠤᠭ᠍ᠰᠠᠨ ᠠᠯᠢ ᠤᠯᠠᠨ ᠰᠢᠨ᠎ᠡ ᠤᠢᠯᠠᠭᠠᠭ᠍ᠳᠠᠬᠤᠨ ᠰᠢᠨ᠎ᠡ ᠰᠠᠨᠠᠭᠠᠴᠢᠯᠠᠭ᠎ᠠ ᠵᠢ ᠳᠤᠷᠠᠳᠴᠤ᠌᠂ ᠮᠠᠨ᠎ᠤ ᠤᠯᠤᠰ᠎ᠤᠨ ᠭᠠᠳᠠᠭᠠᠳᠤ ᠬᠠᠷᠢᠯᠴᠠᠭ᠎ᠠ᠎ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠤᠳᠤᠷᠢᠳᠤᠨ᠂ ᠰᠢ ᠵᠢᠨ ᠫᠢᠩ ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ ᠵᠢ ᠪᠦᠷᠢᠯᠳᠦᠭᠦᠯᠪᠡ᠃ ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ ᠪᠣᠯ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ ᠵᠢ ᠳᠤᠮᠳᠠᠳᠤ ᠤᠯᠤᠰ᠎ᠤᠨ ᠣᠨᠴᠠᠯᠢᠭ ᠪᠦᠬᠦᠢ ᠶᠡᠬᠡ ᠤᠯᠤᠰ᠎ᠤᠨ ᠭᠠᠳᠠᠭᠠᠳᠤ ᠬᠠᠷᠢᠯᠴᠠᠭᠠᠨ᠎ᠤ ᠪᠣᠳᠠᠲᠤ ᠪᠠᠢᠳᠠᠯ᠎ᠲᠠᠶ ᠤᠶᠠᠯᠳᠤᠭᠤᠯᠤᠭ᠍ᠰᠠᠨ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠤᠭ᠍ᠰᠠᠨ ᠴᠢᠬᠤᠯᠠ ᠶᠡᠬᠡ ᠤᠨᠤᠯ᠎ᠤᠨ ᠦᠷ᠎ᠡ ᠪᠦᠲᠦᠭᠡᠯ ᠮᠥᠨ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠦᠷᠦ᠍ ᠵᠢ ᠵᠠᠰᠠᠬᠤ ᠦᠵᠡᠯ ᠰᠠᠨᠠᠭᠠᠨ᠎ᠤ ᠭᠠᠳᠠᠭᠠᠳᠤ ᠬᠠᠷᠢᠯᠴᠠᠭᠠᠨ᠎ᠤ ᠬᠦᠷᠢᠶᠡᠨ᠎ᠳᠡᠬᠢ ᠲᠥᠪᠯᠡᠷᠡᠩᠭᠦᠢ ᠢᠯᠡᠷᠡᠯ ᠮᠦᠨ᠂ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭᠠᠨ ᠎ᠤ ᠤᠨᠤᠯ ᠪᠠ ᠦᠢᠯᠡᠳᠦᠯᠭᠡ᠎ᠶᠢᠨ ᠰᠢᠨ᠎ᠡ ᠠᠬᠤᠢ ᠪᠠᠢᠳᠠᠯ᠎ᠢ ᠨᠡᠭᠡᠭᠡᠵᠦ᠍᠂ ᠮᠠᠷᠺᠰ᠎ᠤᠨ ᠦᠵᠡᠯ᠎ᠦᠨ ᠤᠯᠠᠨ ᠤᠯᠤᠰ᠎ᠤᠨ ᠬᠠᠷᠢᠯᠴᠠᠭᠠᠨ᠎ᠤ ᠤᠨᠤᠯ᠎ᠢ ᠪᠠᠶᠠᠯᠢᠭ᠍ᠵᠢᠭᠤᠯᠤᠨ ᠬᠥᠭ᠌ᠵᠢᠭᠦᠯᠵᠦ᠍᠂ ᠰᠢᠨ᠎ᠡ ᠴᠠᠭ ᠦᠶ᠎ᠡ᠎ᠶᠢᠨ ᠮᠠᠨ᠎ᠤ ᠤᠯᠤᠰ᠎ᠤᠨ ᠭᠠᠳᠠᠭᠠᠳᠤ ᠬᠠᠷᠢᠯᠴᠠᠭ᠎ᠠ᠎ᠶᠢᠨ ᠠᠵᠢᠯ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠪᠠ᠃

《ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠵᠣᠬᠢᠶᠠᠯ᠎ᠤᠨ ᠰᠤᠩᠭᠤᠮᠠᠯ》 ᠤ᠋ᠨ ᠨᠢᠭᠡᠳᠦᠭᠡᠷ ᠪᠤᠳᠢ᠂ ᠬᠣᠶᠠᠳᠤᠭᠠᠷ ᠪᠤᠳᠢ᠎ᠳᠤ ᠰᠢ ᠵᠢᠨ ᠫᠢᠩ ᠨᠥᠬᠥᠷ᠎ᠦᠨ 2013 ᠣᠨ᠎ᠤ 1 ᠰᠠᠷ᠎ᠠ ᠡᠴᠡ 2025 ᠣᠨ᠎ᠤ 11 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠭᠠᠳᠠᠭᠠᠳᠤ ᠬᠠᠷᠢᠯᠴᠠᠭᠠᠨ ᠎ᠤ ᠠᠵᠢᠯ᠎ᠤᠨ ᠲᠤᠬᠠᠢ ᠬᠠᠮᠤᠭ᠎ᠤᠨ ᠴᠢᠬᠤᠯᠠ᠂ ᠬᠠᠮᠤᠭ᠎ᠤᠨ ᠦᠨᠳᠦᠰᠦᠨ ᠵᠣᠬᠢᠶᠠᠯ ᠎ᠢ ᠣᠷᠣᠭᠤᠯᠵᠤ᠂ ᠴᠠᠭ᠎ᠤᠨ ᠳᠠᠷᠠᠭᠠᠯᠠᠯ᠎ᠢᠶᠡᠷ ᠨᠠᠢᠷᠠᠭᠤᠯᠤᠨ ᠵᠢᠭ᠍ᠰᠠᠭᠠᠵᠤ᠂ ᠮᠡᠳᠡᠭᠦᠯᠦᠯᠲᠡ᠂ ᠶᠠᠷᠢᠶ᠎ᠠ᠂ ᠶᠡᠷᠢᠶ᠎ᠡ ᠢᠯᠡᠳᠭᠡᠯ᠂ ᠪᠠᠶᠠᠷ᠎ᠤᠨ ᠦᠭᠡ ᠵᠡᠷᠭᠡ 134 ᠵᠤᠬᠢᠶᠠᠯ ᠪᠤᠢ᠃ ᠡᠭᠦᠨ᠎ᠳᠦ᠂ ᠨᠢᠭᠡᠳᠦᠭᠡᠷ ᠪᠤᠳᠢ᠎ᠳᠤ 2013 ᠣᠨ᠎ᠤ 1 ᠰᠠᠷ᠎ᠠ ᠡᠴᠡ 2018 ᠣᠨ᠎ᠤ 6 ᠰᠠᠷ᠎ᠠ ᠪᠣᠯᠲᠠᠯᠠᠬᠢ ᠬᠤᠭᠤᠴᠠᠭᠠᠨ ᠳ᠋ᠡᠬᠢ 63 ᠵᠣᠬᠢᠶᠠᠯ ᠪᠦᠲᠦᠭᠡᠯ᠎ᠢ ᠣᠷᠣᠭᠤᠯᠵᠤ᠂ ᠬᠣᠶᠠᠳᠤᠭᠠᠷ ᠪᠤᠳᠢ᠎ᠳᠤ 2018 ᠣᠨ ᠎ᠤ 6 ᠰᠠᠷ᠎ᠠ ᠡᠴᠡ 2025 ᠣᠨ᠎ᠤ 11 ᠰᠠᠷ᠎ᠠ ᠪᠣᠯᠲᠠᠯᠠᠬᠢ ᠬᠤᠭᠤᠴᠠᠭᠠᠨ ᠳ᠋ᠡᠬᠢ 71 ᠵᠣᠬᠢᠶᠠᠯ ᠪᠦᠲᠦᠭᠡᠯ᠎ᠢ ᠣᠷᠣᠭᠤᠯᠵᠠᠢ᠃

《ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠵᠣᠬᠢᠶᠠᠯ᠎ᠤᠨ ᠰᠤᠩᠭᠤᠮᠠᠯ》 ᠤ᠋ᠨ ᠨᠢᠭᠡᠳᠦᠭᠡᠷ ᠪᠤᠳᠢ᠂ ᠬᠣᠶᠠᠳᠤᠭᠠᠷ ᠪᠤᠳᠢ ᠵᠢ ᠬᠡᠪᠯᠡᠨ ᠳᠠᠷᠬᠠᠭᠠᠭᠰᠠᠨ ᠨᠢ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠎ᠦ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ ᠡᠷᠬᠡ ᠰᠦᠷᠲᠦ ᠵᠢᠭᠠᠬᠤ ᠮᠠᠲ᠋ᠧᠷᠢᠶᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠦ 《ᠬᠣᠶᠠᠷ ᠢ᠋ ᠲᠤᠭᠳᠠᠭᠠᠭᠰᠠᠨ》 ᠤ᠋ ᠰᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠬᠤ᠂《ᠳᠥᠷᠪᠡᠨ ᠤᠬᠠᠮᠰᠠᠷ》ᠢ᠋ᠶ᠋ᠡᠨ ᠴᠢᠩᠭᠠᠳᠭᠠᠬᠤ᠂ 《ᠳᠥᠷᠪᠡᠨ ᠢᠲᠡᠭᠡᠯ》 ᠢ᠋ᠶ᠋ᠡᠨ ᠪᠠᠲᠤᠳᠭᠠᠬᠤ᠂ 《ᠬᠣᠶᠠᠷ ᠎ᠢ ᠬᠠᠮᠠᠭᠠᠯᠠᠬᠤ》 ᠵᠢ ᠪᠡᠶᠡᠯᠡᠭᠦᠯᠵᠦ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ᠌ ᠲᠠᠯ᠎ᠠ᠎ᠪᠠᠷ ᠳᠤᠭᠤᠰᠢᠯᠠᠭᠤᠯᠵᠤ᠂ ᠨᠠᠮ ᠪᠣᠯᠤᠨ ᠤᠯᠤᠰ᠎ᠤᠨ ᠭᠣᠣᠯ ᠡᠭᠦᠷᠭᠡ᠎ᠶᠢᠨ ᠲᠣᠭᠣᠷᠢᠨ᠎ᠳᠤ᠂ ᠲᠣᠭ᠍ᠲᠠᠭᠤᠨ ᠤ᠋ ᠳᠤᠮᠳᠠ ᠤᠷᠤᠭᠰᠢᠯᠠᠨ ᠳᠠᠪᠰᠢᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭ᠌ᠵᠢᠯᠲᠡ᠎ᠶᠢᠨ ᠠᠰᠢᠭ ᠳᠤᠰᠠ ᠵᠢ ᠡᠷᠡᠰ ᠬᠠᠮᠠᠭᠠᠯᠠᠨ᠂ ᠮᠠᠨ᠎ᠤ ᠤᠯᠤᠰ ᠪᠣᠯᠤᠨ ᠳᠡᠯᠡᠬᠡᠢ᠎ᠶᠢᠨ ᠬᠠᠷᠢᠯᠴᠠᠭᠠᠨ᠎ᠤ ᠰᠢᠨ᠎ᠡ ᠪᠠᠢᠷᠢᠰᠢᠯ᠎ᠢ ᠪᠤᠢ ᠪᠤᠯᠭᠠᠵᠤ᠂ ᠮᠠᠨ᠎ᠤ ᠤᠯᠤᠰ᠎ᠤᠨ ᠳᠡᠯᠡᠬᠡᠶ ᠳᠡᠭᠡᠷᠡᠬᠢ ᠨᠥᠯᠥᠭᠡᠯᠡᠬᠦ᠌ ᠬᠦᠴᠦᠨ᠂ ᠤᠷᠢᠶᠠᠯᠠᠬᠤ ᠬᠦᠴᠦᠨ᠂ ᠴᠤᠭᠴᠠᠯᠠᠬᠤ ᠬᠦᠴᠦᠨ᠎ᠢ ᠰᠢᠨ᠎ᠡ ᠦᠨᠳᠦᠷᠴᠡ᠎ᠳᠦ ᠬᠦᠷᠭᠡᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭᠠᠨ ᠎ᠤ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠦᠨ ᠨᠡᠭᠡᠭᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠦ ᠨᠡᠩ ᠠᠰᠢᠭ᠍ᠲᠠᠢ ᠳᠡᠯᠡᠬᠡᠢ᠎ᠶᠢᠨ ᠣᠷᠴᠢᠨ ᠨᠦᠬᠦᠴᠡᠯ᠎ᠢ ᠪᠤᠢ ᠪᠤᠯᠭᠠᠨ ᠦᠭᠬᠦ᠂ ᠨᠠᠩ ᠪᠠᠲᠤ ᠴᠢᠩᠭ᠎ᠠ ᠪᠠᠢᠯᠳᠤᠬᠤ ᠪᠣᠳᠣᠯᠭ᠎ᠠ᠎ᠶᠢᠨ ᠲᠤᠯᠭᠠᠭᠤᠷᠢᠯᠠᠯ ᠬᠠᠩᠭᠠᠬᠤ᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃


ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 6 ᠰᠠᠷ᠎ᠠ᠎ᠶᠢᠨ 11 ᠎ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号