2026 ᠣᠨ᠎ᠤ 《ᠳᠤᠮᠳᠠᠳᠤ᠎ᠶ᠋ᠢᠨ ᠰᠣᠶᠣᠯ᠎ᠤᠨ ᠴᠡᠩᠭᠡᠯ᠎ᠦᠨ ᠬᠦᠷᠢᠶᠡᠯᠡᠩ — ᠮᠣᠩᠭᠣᠯ ᠤᠯᠤᠰ᠎ᠤᠨ ᠤᠯᠠᠭᠠᠨᠪᠠᠭᠠᠲᠤᠷ᠎ᠤᠨ ᠬᠦᠷᠢᠶᠡᠯᠡᠡᠭ》᠎ᠤᠨ ᠬᠠᠭᠠᠯᠳᠠ ᠵᠢᠨ ᠶᠣᠰᠣᠯᠠᠯ ᠵᠢᠴᠢ ᠬᠠᠷᠢᠭᠤ ᠮᠡᠳᠡᠭᠦᠯᠦᠯᠲᠡ᠎ᠶ᠋ᠢᠨ ᠲᠣᠭ᠍ᠯᠠᠯᠲᠠ ᠶᠠᠪᠤᠭ᠍ᠳᠠᠪᠠ
2026-06-12 09:43:10
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠬᠦᠦᠳᠠᠭᠤᠯᠠ ᠱᠸᠨ ᠮᠢᠨ ᠵᠢᠤᠸᠠᠨ ᠶᠤᠰᠤᠯᠠᠯ ᠳ᠋ᠤ ᠣᠷᠣᠯᠴᠠᠵᠠᠢ


6 ᠰᠠᠷ᠎ᠠ᠎ᠶ᠋ᠢᠨ 9 ᠤ᠋ ᠡᠳᠦᠷ᠂ 2026 ᠣᠨ᠎ᠤ 《ᠳᠤᠮᠳᠠᠳᠤ᠎ᠶ᠋ᠢᠨ ᠰᠣᠶᠣᠯ᠎ᠤᠨ ᠴᠡᠩᠭᠡᠯ᠎ᠦᠨ ᠬᠦᠷᠢᠶᠡᠯᠡᠩ — ᠮᠣᠩᠭᠣᠯ ᠤᠯᠤᠰ᠎ᠤᠨ ᠤᠯᠠᠭᠠᠨᠪᠠᠭᠠᠲᠤᠷ᠎ᠤᠨ ᠬᠦᠷᠢᠶᠡᠯᠠᠡᠭ》᠎ᠤᠨ ᠬᠠᠭᠠᠯᠳᠠ ᠵᠢᠨ ᠶᠣᠰᠣᠯᠠᠯ ᠵᠢᠴᠢ ᠬᠠᠷᠢᠭᠤ ᠮᠡᠳᠡᠭᠦᠯᠦᠯᠲᠡ᠎ᠶ᠋ᠢᠨ ᠲᠣᠭ᠍ᠯᠠᠯᠲᠠ ᠮᠣᠩᠭᠣᠯ ᠤᠯᠤᠰ᠎ᠤᠨ ᠤᠯᠠᠭᠠᠨᠪᠠᠭᠠᠲᠤᠷ ᠬᠤᠳᠠ᠎ᠳᠤ ᠶᠠᠪᠤᠭ᠍ᠳᠠᠪᠠ᠃

ᠥᠪᠥᠷ ᠮᠣᠩᠭᠣᠯ᠎ᠤᠨ ᠭᠠᠳᠠᠭᠠᠳᠤ᠎ᠯᠤᠭ᠎ᠠ᠎ᠶ᠋ᠢᠨ ᠨᠥᠬᠥᠷᠯᠡᠯ᠎ᠦᠨ ᠨᠡᠢᠭᠡᠮᠯᠢᠭ᠎ᠤᠨ ᠳᠠᠷᠤᠭ᠎ᠠ ᠬᠦᠦᠳᠠᠭᠤᠯᠠ᠂ ᠮᠣᠩᠭᠣᠯ ᠤᠯᠤᠰ᠎ᠲᠤ ᠰᠠᠭᠤᠭ᠎ᠠ ᠳᠤᠮᠳᠠᠳᠤ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ ᠱᠸᠨ ᠮᠢᠨ ᠵᠢᠤᠸᠠᠨ᠂ ᠮᠣᠩᠭᠣᠯ ᠤᠯᠤᠰ᠎ᠤᠨ ᠨᠡᠢᠰᠯᠡᠯ᠎ᠦᠨ ᠰᠣᠶᠣᠯ᠎ᠤᠨ ᠲᠣᠪᠴᠢᠶ᠎ᠠ ᠵᠢᠨ ᠳᠠᠷᠤᠭ᠎ᠠ ᠭᠡ᠊·ᠵᠠᠮᠪᠠᠯᠰᠠᠩᠪᠤ ᠬᠠᠭᠠᠯᠳᠠ ᠵᠢᠨ ᠶᠣᠰᠣᠯᠠᠯ᠎ᠳᠤ ᠣᠷᠣᠯᠴᠠᠵᠠᠢ᠃

ᠡᠨᠡ ᠵᠢᠯ ᠪᠣᠯ ᠳᠤᠮᠳᠠᠳᠤ ᠮᠣᠩᠭᠣᠯ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 77 ᠵᠢᠯ᠎ᠦᠨ ᠣᠶ ᠪᠣᠯᠤᠨ᠎ᠠ᠂ ᠲᠣᠰ ᠤᠳᠠᠭᠠᠨ᠎ᠤ 《ᠳᠤᠮᠳᠠᠳᠤ᠎ᠶ᠋ᠢᠨ ᠰᠣᠶᠣᠯ᠎ᠤᠨ ᠴᠡᠩᠭᠡᠯ᠎ᠦᠨ ᠬᠦᠷᠢᠶᠡᠯᠡᠩ》 ᠤ᠋ᠨ ᠰᠣᠯᠢᠯᠴᠠᠭᠠᠨ᠎ᠤ ᠠᠵᠢᠯᠯᠠᠭ᠎ᠠ ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠱᠢᠯᠢᠳᠡᠭ ᠪᠠᠭ᠍ᠰᠢ᠎ᠶ᠋ᠢᠨ ᠪᠦᠯᠬᠦᠮ᠎ᠢ ᠰᠣᠩᠭᠣᠨ ᠮᠣᠩᠭᠣᠯ ᠤᠯᠤᠰ᠎ᠲᠤ ᠲᠣᠮᠢᠯᠠᠵᠤ ᠨᠡᠢᠲᠡ᠎ᠶ᠋ᠢᠨ ᠠᠰᠠᠷᠠᠮᠵᠢ᠎ᠶ᠋ᠢᠨ ᠰᠤᠳᠤᠯᠤᠨ ᠰᠤᠷᠤᠯᠴᠠᠬᠤ ᠵᠢᠭᠠᠨ ᠰᠤᠷᠭᠠᠯᠲᠠ ᠵᠢᠨ ᠠᠵᠢᠯᠯᠠᠭ᠎ᠠ ᠦᠷᠨᠢᠬᠦᠯᠵᠡᠢ᠃ ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠳᠠᠭᠤᠯᠠᠬᠤᠶ ᠬᠥᠭ᠌ᠵᠢᠮ᠂ ᠦᠨᠳᠦᠰᠦᠲᠡᠨ᠎ᠦ ᠪᠥᠵᠢᠭ᠂ ᠰᠣᠩᠭᠣᠳᠠᠭ ᠤᠷᠠᠨ ᠤᠩᠱᠢᠯᠭ᠎ᠠ᠂ ᠤᠯᠠᠮᠵᠢᠯᠠᠯᠲᠤ ᠴᠠᠶ᠎ᠶ᠋ᠢᠨ ᠤᠷᠠᠯᠢᠭ᠂ ᠱᠢᠪᠠᠷ ᠱᠤᠭᠤᠮᠠᠯ ᠵᠢᠷᠤᠭ ᠵᠢᠷᠤᠬᠤ᠂ ᠳᠤᠮᠳᠠᠳᠤ᠎ᠶ᠋ᠢᠨ ᠦᠱᠦ᠍᠂ ᠮᠣᠩᠭᠣᠯ ᠠᠨᠠᠭᠠᠬᠤ ᠤᠬᠠᠭᠠᠨ᠎ᠤ ᠰᠣᠶᠣᠯ ᠵᠡᠷᠭᠡ ᠤᠨᠴᠠᠯᠢᠬ᠍ᠳᠤ ᠬᠢᠴᠢᠶᠡᠯ᠎ᠢ ᠨᠡᠭᠡᠭᠡᠵᠦ᠍᠂ ᠮᠣᠩᠭᠣᠯ ᠤᠯᠤᠰ᠎ᠲᠤ ᠰᠠᠭᠤᠭ᠎ᠠ ᠳᠤᠮᠳᠠᠳᠤ᠎ᠶ᠋ᠢᠨ ᠵᠠᠯᠠᠭᠤᠴᠤᠳ ᠪᠠᠭᠠᠴᠤᠳ ᠪᠣᠯᠤᠨ ᠮᠣᠩᠭᠣᠯ ᠤᠯᠤᠰ᠎ᠤᠨ ᠰᠤᠷᠤᠭ᠍ᠴᠢᠳ᠎ᠲᠤ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠭᠦᠨ ᠵᠤᠵᠠᠭᠠᠨ ᠠᠭᠤᠯᠤᠭ᠍ᠳᠠᠬᠤᠨ᠎ᠢ  ᠬᠦᠨᠵᠡᠭᠡᠢ ᠣᠢᠯᠠᠭᠠᠭᠤᠯᠵᠤ᠂ ᠳᠤᠮᠳᠠᠳᠤ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠤᠢᠷ᠎ᠠ ᠵᠠᠢ ᠡᠴᠡ ᠮᠡᠳᠡᠷᠡᠭᠦᠯᠵᠦ᠍᠂ ᠮᠣᠩᠭᠣᠯ ᠤᠯᠤᠰ᠎ᠲᠤ ᠳᠤᠮᠳᠠᠳᠤ᠎ᠶ᠋ᠢᠨ ᠰᠣᠶᠣᠯ᠎ᠤᠨ ᠭᠠᠳᠠᠭᠠᠳᠤ ᠲᠡᠬᠢ ᠲᠠᠮᠵᠢᠭᠤᠯᠭ᠎ᠠ ᠪᠠ ᠪᠣᠯᠪᠠᠰᠤᠨ᠎ᠤ ᠰᠤᠯᠢᠯᠴᠠᠭᠠᠨ᠎ᠤ  ᠴᠣᠩᠬᠣᠪᠴᠢ᠎ᠶ᠋ᠢ ᠪᠠᠢᠭᠤᠯᠵᠤ᠂ ᠳᠤᠮᠳᠠᠳᠤ ᠮᠣᠩᠭᠣᠯ᠎ᠤᠨ ᠡᠶᠡᠯᠳᠡᠭ  ᠨᠦᠬᠦᠷᠰᠡᠭ ᠬᠦᠷᠰᠢ ᠵᠢᠨ  ᠠᠷᠠᠳ᠎ᠤᠨ ᠰᠠᠨᠠᠭᠠᠨ᠎ᠤ ᠰᠠᠭᠤᠷᠢ᠎ᠶ᠋ᠢ ᠴᠢᠨᠠᠭᠰᠢᠳᠠ ᠪᠠᠳᠤᠳᠬᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号