ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ
2026-06-12 10:12:00
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠰᠣᠨᠢᠨ ᠮᠡᠳᠡᠭᠡᠨ᠎ᠦ ᠠᠯᠪᠠᠨ ᠭᠡᠷ᠎ᠦᠨ ᠳᠤᠮᠳᠠᠳᠤ  ᠭᠠᠳᠠᠭᠠᠳᠤ᠎ᠶᠢᠨ ᠰᠣᠷᠪᠣᠯᠵᠢᠯᠠᠭ᠍ᠴᠢᠳ᠎ᠲᠠᠢ ᠠᠭᠤᠯᠵᠠᠬᠤ ᠬᠤᠷᠠᠯ ᠬᠦᠬᠡᠬᠤᠳᠠ᠎ᠳᠦ ᠶᠠᠪᠤᠭᠳᠠᠪᠠ


6 ᠰᠠᠷ᠎ᠠ᠎ᠶᠢᠨ 10 ᠡᠴᠡ 13 ᠤ᠋ ᠡᠳᠦᠷ ᠪᠣᠯᠲᠠᠯ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠰᠣᠨᠢᠨ ᠮᠡᠳᠡᠭᠡᠨ᠎ᠦ ᠠᠯᠪᠠᠨ ᠭᠡᠷ᠎ᠡᠴᠡ 40 ᠰᠢᠬᠠᠮ ᠰᠤᠷᠪᠤᠯᠵᠢᠯᠠᠭ᠍ᠴᠢ᠎ᠶᠢ ᠵᠣᠬᠢᠶᠠᠨ ᠪᠠᠢᠭᠤᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠪᠣᠬᠢᠷᠲᠤᠯ ᠦᠭᠡᠢ ᠬᠥᠭᠵᠢᠯᠲᠡ᠎ᠶᠢᠨ ᠬᠠᠮᠢᠶ᠎ᠠ ᠪᠦᠬᠦᠢ ᠪᠠᠢᠳᠠᠯ᠎ᠢ ᠰᠤᠷᠪᠤᠯᠵᠢᠯᠠᠬᠤ ᠪᠤᠯᠤᠨ᠎ᠠ᠂ ᠡᠭᠦᠨ᠎ᠳᠦ ᠠᠮᠧᠷᠢᠺᠠ᠂ ᠠᠩᠭ᠌ᠯᠢ᠂ ᠭᠸᠷᠮᠠᠨ᠂ ᠪᠷᠠᠽᠢᠯ᠂ ᠶᠠᠫᠤᠨ᠂ ᠺᠣᠷᠢᠶᠠ ᠵᠡᠷᠭᠡ ᠤᠯᠤᠰ᠎ᠡᠴᠨ ᠬᠥᠷᠤᠯᠴᠡᠨ ᠢᠷᠡᠭᠰᠡᠨ  ᠵᠠᠭᠤᠴᠢᠯᠠᠭᠤᠷ᠎ᠤᠨ ᠰᠤᠷᠪᠤᠯᠵᠢᠯᠠᠭ᠍ᠴᠢ ᠨᠠᠷ ᠪᠤᠢ᠃

6 ᠰᠠᠷ᠎ᠠ᠎ᠶᠢᠨ 11᠎ᠤ᠋ ᠦᠳᠡ᠎ᠶᠢᠨ ᠡᠮᠦᠨ᠎ᠡ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠣᠨᠢᠨ ᠮᠡᠳᠡᠭᠡᠨ᠎ᠦ ᠠᠯᠪᠠᠨ ᠭᠡᠷ ᠬᠥᠬᠡᠬᠣᠲᠠ᠎ᠳᠤ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ᠎ᠶᠢᠨ ᠳᠤᠮᠳᠠᠳᠤ ᠭᠠᠳᠠᠭᠠᠳᠤ᠎ᠶᠢᠨ ᠰᠣᠷᠪᠣᠯᠵᠢᠯᠠᠭ᠍ᠴᠢᠳ᠎ᠲᠠᠢ ᠠᠭᠤᠯᠵᠠᠬᠤ ᠬᠤᠷᠠᠯ᠎ᠢ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠠᠢᠳᠠᠯ᠎ᠢ ᠲᠠᠨᠢᠯᠴᠠᠭᠤᠯᠤᠭᠰᠠᠨ ᠪᠦᠭᠡᠳ ᠲᠤᠮᠳᠠᠳᠤ ᠭᠠᠳᠠᠭᠠᠳᠤ ᠵᠢᠨ ᠰᠣᠷᠪᠣᠯᠵᠢᠯᠠᠭ᠍ᠴᠢᠳ᠎ᠤᠨ ᠠᠰᠠᠭᠤᠯᠳᠠ ᠵᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠭᠰᠠᠨ ᠪᠥᠭᠡᠳ ᠠᠰᠠᠭᠤᠯᠲᠠ᠎ᠶᠢ ᠬᠠᠷᠢᠭᠤᠯᠪᠠ᠃

ᠠᠭᠤᠯᠵᠠᠯᠳᠠ ᠵᠢᠨ ᠬᠤᠷᠠᠯ ᠲᠡᠭᠡᠷ᠎ᠡ᠂ ᠣᠢᠷ᠎ᠠ᠎ᠶᠢᠨ ᠵᠢᠯ᠎ᠳᠦ ᠥᠪᠥᠷ ᠮᠣᠩᠭᠣᠯ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》  ᠵᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠳᠤ ᠰᠠᠭᠤᠷᠢᠯᠠᠵᠤ᠂ ᠪᠦᠳᠦᠭᠦᠯᠢᠭ ᠬᠥᠭᠵᠢᠯᠲᠡ᠎ᠶᠢᠨ ᠵᠠᠭᠪᠤᠷ ᠎ᠢ ᠡᠷᠡᠰ ᠲᠠᠶᠠᠭᠳᠠᠵᠤ᠂ ᠠᠮᠢ ᠠᠬᠤᠢ᠎ᠶᠢᠨ ᠬᠠᠮᠠᠭᠠᠯᠠᠯᠲᠠ᠎ᠶᠢ ᠳᠡᠢᠯᠦᠩᠭᠦᠢ ᠪᠠᠢᠷᠢᠨ᠎ᠳᠤ ᠲᠠᠯᠪᠢᠵᠤ᠂ ᠠᠮᠢ ᠠᠬᠤᠢ᠎ᠶᠢᠨ ᠵᠠᠰᠠᠯᠲᠠ ᠪᠣᠯᠣᠨ ᠠᠵᠤ ᠦᠢᠯᠡᠰ᠎ᠦᠨ ᠬᠡᠯᠪᠡᠷᠢ ᠎ᠶᠢ ᠬᠤᠪᠢᠷᠠᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠪᠦᠬᠦ ᠤᠯᠤᠰ᠎ᠤᠨ 20 ᠳ᠋ᠤᠭᠠᠷ᠎ᠲᠤ ᠣᠷᠣᠵᠤ᠂ ᠬᠥᠮᠥᠨ ᠳᠤᠮᠳᠠᠴᠢ᠎ᠶᠢᠨ GDP ᠪᠦᠬᠦ ᠤᠯᠤᠰ᠎ᠤᠨ ᠡᠮᠦᠨ᠎ᠡ 8᠎ᠳ᠋ᠤ ᠣᠷᠣᠵᠤ᠂ ᠰᠢᠨ᠎ᠡ ᠭᠠᠷᠤᠭ᠎ᠠ ᠳᠡᠭᠡᠷ᠎ᠡ ᠵᠤᠭᠰᠤᠵᠠᠢ᠃

ᠥᠪᠥᠷ ᠮᠣᠩᠭᠣᠯ ᠳᠡᠪᠢᠰᠭᠡᠷ ᠥᠩᠭᠡ᠎ᠶᠢ ᠨᠣᠭᠣᠭᠠᠨ ᠪᠤᠯᠭᠠᠬᠤ᠎ᠶᠢ ᠪᠠᠷᠢᠮᠲᠠᠯᠠᠵᠤ᠂《ᠡᠯᠡᠰᠦ ᠤᠷᠤᠭᠰᠢᠯᠠᠵᠤ ᠬᠥᠮᠥᠨ ᠤᠬᠤᠷᠢᠬᠤ 》 ᠡᠴᠡ 《ᠨᠣᠭᠣᠭᠠᠷᠠᠭᠤᠯᠤᠯᠳᠠ ᠤᠷᠤᠭᠰᠢᠯᠠᠵᠤ ᠡᠯᠡᠰᠦ ᠤᠬᠤᠷᠢᠭᠰᠠᠨ》ᠠᠮᠢ ᠠᠬᠤᠢ᠎ᠶᠢᠨ ᠬᠤᠪᠢᠷᠠᠯᠲᠠ᠎ᠶᠢ ᠪᠡᠶᠡᠯᠡᠭᠦᠯᠪᠡ᠃ ᠠᠭᠤᠯᠠ ᠤᠰᠤ ᠤᠢ ᠮᠤᠳᠤ ᠭᠠᠵᠠᠷ ᠲᠠᠷᠢᠶ᠎ᠡ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠸᠮ ᠲᠠᠢ ᠵᠠᠰᠠᠬᠤ᠎ᠶᠢ ᠦᠷᠭᠦᠯᠵᠢᠯᠡᠨ ᠠᠬᠢᠭᠤᠯᠵᠤ᠂ ᠬᠥᠪᠴᠢ᠂ ᠤᠯᠠᠭᠠᠨᠪᠤᠬ᠎ᠠ᠎ᠶᠢᠨ ᠡᠯᠡᠰᠦ᠎ᠶᠢ ᠵᠠᠰᠠᠭᠰᠠᠨ ᠦᠷ᠎ᠡ ᠪᠦᠲᠦᠮᠵᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠬᠥᠬᠡ ᠣᠭᠲᠠᠷᠭᠤᠢ᠂ ᠬᠦᠬᠡᠮᠳᠦᠭ ᠤᠰᠤ᠂ ᠠᠷᠢᠭᠤᠨ ᠬᠥᠷᠥᠰᠥ᠎ᠶᠢᠨ ᠬᠠᠮᠠᠭᠠᠯᠠᠯᠲᠠ ᠵᠢᠨ ᠳᠠᠢᠯᠠᠯᠳᠤᠭᠠᠨ ᠰᠠᠢᠨ ᠦᠷ᠎ᠡ ᠪᠦᠲᠦᠮᠵᠢ ᠣᠯᠪᠠ᠃

ᠥᠪᠥᠷ ᠮᠣᠩᠭᠣᠯ ᠬᠥᠳᠡᠯᠭᠡᠬᠦ ᠬᠦᠴᠦᠨ᠎ᠢ ᠪᠤᠬᠢᠷᠳᠤᠯ ᠦᠭᠡᠢ ᠪᠤᠯᠭᠠᠬᠤ ᠵᠢ ᠪᠠᠷᠢᠮᠲᠠᠯᠠᠵᠤ᠂《ᠬᠠᠷ᠎ᠠ ᠨᠡᠭᠦᠷᠡᠰᠦᠨ ᠲᠡᠯᠡᠶ》ᠡᠴᠡ《ᠰᠠᠯᠬᠢᠨ ᠬᠦᠴᠤᠨ ᠭᠡᠷᠡᠯᠴᠢ ᠴᠡᠨᠡᠭ ᠤᠰᠤᠲᠥ᠋ᠷᠥᠭᠴᠢ ᠡᠨ᠋ᠸᠷᠬᠢ ᠨᠥᠭᠡᠴᠡ ᠡᠨ᠋ᠸᠷᠬᠢ》ᠵᠢᠨ ᠪᠦᠲᠦᠴᠡ᠎ᠶᠢᠨ ᠬᠤᠪᠢᠷᠠᠯᠲᠠ᠎ᠶᠢ ᠪᠡᠶᠡᠯᠡᠭᠦᠯᠪᠡ᠃ ᠤᠯᠠᠮᠵᠢᠯᠠᠯᠲᠤ ᠡᠨᠧᠷᠭᠢ᠎ᠳᠤ ᠲᠦᠰᠢᠭᠯᠡᠬᠦ ᠶᠠᠪᠤᠳᠠᠯ᠎ᠢ ᠡᠷᠡᠰ ᠡᠪᠳᠡᠵᠦ᠂ ᠡᠯᠡᠰᠦ ᠭᠤᠪᠢ ᠠᠲᠠᠷ ᠭᠠᠵᠠᠷ᠎ᠤᠨ 6 ᠲᠣᠮᠣ᠌ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢ ᠪᠦᠭᠦ ᠬᠦᠴᠦᠨ᠎ᠢᠶᠡᠷ ᠠᠬᠢᠭᠤᠯᠵᠤ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢ 1.75 ᠳ᠋ᠦᠩᠰᠢᠭᠤᠷ ᠺᠢᠯᠣᠸᠠᠲ᠎ᠲᠤ ᠬᠦᠷᠭᠡᠵᠦ᠂ ᠴᠠᠭᠢᠯᠭᠠᠨ ᠭᠠᠷᠭᠠᠬᠤ ᠬᠡᠮᠵᠢᠶ᠎ᠡ᠎ᠪᠦᠭᠦ ᠤᠯᠤᠰ᠎ᠲᠤ ᠣᠷᠣᠢᠯᠠᠪᠠ᠃ ᠪᠤᠬᠢᠷᠳᠤᠯ ᠦᠭᠡᠢ ᠤᠰᠤᠲᠥ᠋ᠷᠥᠭᠴᠢ᠎ᠶᠢᠨ ᠬᠣᠭᠣᠯᠠᠢ᠎ᠶᠢᠨ ᠲᠣᠣᠷ᠎ᠤᠨ ᠪᠦᠲᠦᠭᠡᠨ ᠪᠠᠢᠭᠤᠯᠤᠯᠲᠠ᠎ᠶᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠪᠤᠬᠢᠷᠳᠤᠯ ᠦᠭᠡᠢ ᠤᠰᠤᠲᠥ᠋ᠷᠥᠭᠴᠢ᠎ᠶᠢᠨ ᠦᠢᠯᠡᠳᠪᠦᠷᠢᠯᠡᠬᠦ ᠴᠢᠳᠠᠪᠤᠷᠢ᠎ᠶᠢᠨ ᠭᠠᠷᠤᠯᠲᠠ ᠪᠦᠭᠦ ᠤᠯᠤᠰ᠎ᠤᠨ ᠲᠡᠷᠢᠭᠦᠨ᠎ᠳᠦ ᠣᠷᠣᠪᠠ᠃ ᠪᠡᠶ᠎ᠡ ᠎ᠪᠡᠨ ᠳᠠᠭᠠᠭᠠᠭᠰᠠᠨ ᠰᠢᠨ᠎ᠡ ᠭᠡᠯᠪᠡᠷᠢ ᠎ᠶᠢᠨ ᠡᠨᠧᠷᠭᠢ ᠬᠠᠳᠠᠭᠠᠯᠠᠬᠤ ᠎ᠳᠤ 《ᠴᠠᠭᠢᠯᠭᠠᠨ ᠨᠢᠷᠭᠡᠯᠭᠡ᠎ᠶᠢᠨ ᠬᠡᠮᠵᠢᠶ᠎ᠡ᠎ᠶᠢ ᠨᠥᠬᠥᠪᠦᠷᠢᠯᠡᠬᠦ》ᠲᠦᠷᠦ᠎ᠶᠢᠨ ᠪᠣᠳᠣᠯᠭ᠎ᠠ᠎ᠶᠢ ᠲᠣᠭᠲᠠᠭᠠᠵᠤ᠂ ᠡᠨᠧᠷᠭᠢ ᠬᠠᠳᠠᠭᠠᠯᠠᠬᠤ ᠬᠡᠪᠴᠢᠶ᠎ᠡ᠎ᠶᠢ 2026 ᠲᠦᠮᠡᠨ ᠺᠢᠯᠣᠸᠠᠲ᠎ᠲᠤ ᠬᠦᠷᠭᠡᠵᠦ᠂ ᠪᠦᠭᠦ ᠤᠯᠤᠰ᠎ᠤᠨ ᠲᠡᠷᠢᠭᠦᠨ᠎ᠳᠦ ᠣᠷᠣᠪᠠ᠃ ᠨᠢᠭᠡ ᠪᠦᠯᠦᠭ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠤᠳᠤ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠎ᠶᠢᠨ ᠲᠦᠷᠦᠯ ᠵᠦᠢᠯ ᠎ᠢ ᠡᠮᠬᠢ ᠵᠢᠷᠤᠮ᠎ᠲᠠᠢ ᠎ᠪᠠᠷ ᠠᠬᠢᠭᠤᠯᠵᠤ᠂ ᠨᠡᠭᠦᠷᠡᠰᠦ᠎ᠪᠡᠷ ᠬᠡᠢ ᠦᠢᠯᠡᠳᠬᠦ᠂ ᠨᠡᠭᠦᠷᠡᠰᠦ᠎ᠪᠡᠷ ᠠᠯᠺᠸᠨ ᠦᠢᠯᠡᠳᠬᠦ ᠦᠢᠯᠡᠳᠪᠦᠷᠢᠯᠡᠯ᠎ᠦᠨ ᠴᠢᠳᠠᠪᠤᠷᠢ ᠪᠦᠭᠦ ᠤᠯᠤᠰ᠎ᠲᠤ ᠨᠢᠭᠡᠳᠦᠭᠡᠷ᠎ᠲᠦ ᠣᠷᠤᠪᠠ᠃

ᠥᠪᠥᠷ ᠮᠣᠩᠭᠣᠯ ᠨᠤᠭᠤᠭᠠᠨ ᠲᠡᠢᠰᠢ ᠬᠦᠭᠵᠢᠬᠦ᠎ᠶᠢ ᠪᠠᠷᠢᠮᠲᠠᠯᠠᠵᠤ᠂ 《ᠪᠦᠳᠦᠭᠦᠯᠢᠭ ᠨᠡᠮᠡᠭᠳᠡᠯ》 ᠡᠴᠡ 《ᠡᠷᠴᠢᠮᠯᠢᠭ ᠥᠨᠳᠥᠷ ᠪᠦᠲᠦᠮᠵᠢᠲᠡᠶ》 ᠠᠷᠭ᠎ᠠ ᠮᠠᠶᠢᠭ᠋᠎ᠤᠨ ᠬᠤᠪᠢᠷᠠᠯᠲᠠ᠎ᠶᠢ ᠪᠡᠶᠡᠯᠡᠭᠦᠯᠪᠡ ᠃ 《ᠴᠠᠭᠢᠯᠭᠠᠨ ᠬᠦᠴᠦᠨ ︱ ᠪᠣᠳᠣᠯᠳᠠ᠎ᠶᠢᠨ ᠬᠦᠴᠦᠨ ︱ Token 》 ᠠᠵᠤ ᠦᠢᠯᠡᠰ᠎ᠦᠨ ᠬᠡᠯᠬᠢᠶ᠎ᠡ᠎ᠶᠢ ᠪᠤᠶ ᠪᠤᠯᠭᠠᠵᠤ᠂ ᠡᠨᠧᠷᠭᠢ᠎ᠶᠢᠨ ᠭᠠᠷᠭᠠᠯᠲᠠ ᠠ᠋ᠴᠠ ᠲᠣᠭᠠᠴᠢᠯᠠᠭᠰᠠᠨ ᠦᠢᠯᠡᠴᠢᠯᠡᠭᠡ ᠳᠠᠢᠰᠢ ᠬᠤᠪᠢᠷᠠᠭᠤᠯᠬᠤ᠂ ᠪᠣᠳᠣᠯᠭ᠎ᠠ ᠎ᠶᠢᠨ ᠬᠦᠴᠦᠨ᠎ᠦ ᠶᠡᠷᠦᠩᠬᠡᠢ ᠬᠡᠪᠴᠢᠶ᠎ᠡ 31.5 ᠲᠦᠮᠡᠨ P ᠬᠦᠷᠴᠦ᠂ ᠡᠭᠦᠨ ᠎ᠳᠦ ᠣᠶᠤᠨᠲᠤ ᠪᠣᠳᠣᠯᠭ᠎ᠠ᠎ᠶᠢᠨ ᠬᠡᠮᠵᠢᠶ᠎ᠡ 29.7 ᠲᠦᠮᠡᠨ P ᠪᠠᠢᠵᠤ᠂ ᠴᠥᠮ ᠪᠦᠭᠦ ᠤᠯᠤᠰ ᠎ᠤᠨ ᠡᠮᠦᠨ᠎ᠡ ᠡᠩᠨᠡᠭᠡᠨ᠎ᠳᠦ ᠣᠷᠣᠵᠤ᠂ ᠳ᠋ᠠᠢᠲ᠋ᠠ᠎ᠶᠢᠨ ᠲᠥᠪ ᠎ᠦᠨ ᠪᠣᠬᠢᠷᠳᠤᠯ ᠦᠭᠡᠢ ᠴᠠᠭᠢᠯᠭᠠᠨ᠎ᠤ ᠬᠡᠷᠡᠭᠯᠡᠯᠲᠡ᠎ᠶᠢᠨ ᠬᠠᠷᠢᠴᠠᠯ 80% ᠶ᠋ᠢ ᠳᠠᠪᠠᠵᠠᠢ ᠭᠡᠵᠤ ᠲᠠᠨᠢᠯᠴᠠᠭᠤᠯᠪᠡ᠃

ᠠᠭᠤᠯᠵᠠᠯᠲᠠ ᠎ᠶᠢᠨ ᠬᠤᠷᠠᠯ ᠎ᠤᠨ ᠲᠠᠷᠠᠭ᠎ᠠ᠂ ᠳᠤᠮᠳᠠᠳᠤ ᠭᠠᠳᠠᠭᠠᠳᠤ᠎ᠶᠢᠨ ᠰᠤᠷᠪᠤᠯᠵᠢᠯᠠᠬ᠍ᠴᠢ ᠭᠦᠭᠡᠬᠣᠲᠠ᠂ ᠪᠤᠭᠤᠲᠤ ᠬᠤᠳᠠ᠂ ᠣᠷᠳᠣᠰ ᠬᠤᠳᠠ ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠂ ᠠᠵᠤ ᠠᠬᠤᠢᠯᠠᠯ ᠵᠡᠷᠭᠡ᠎ᠳᠦ ᠬᠦᠷᠴᠦ᠂ ᠥᠪᠥᠷ ᠮᠣᠩᠭᠣᠯ᠎ᠤᠨ ᠠᠮᠢ ᠠᠬᠤᠢ᠎ᠶᠢᠨ ᠣᠷᠴᠢᠨ ᠲᠣᠭᠣᠷᠢᠨ ᠎ᠤ ᠬᠠᠮᠠᠭᠠᠯᠠᠯᠲᠠ᠂ ᠪᠣᠳᠣᠯᠭ᠎ᠠ᠎ᠶᠢᠨ ᠬᠦᠴᠦᠨ᠎ᠦ ᠪᠠᠢᠭᠤᠯᠤᠯᠲᠠ᠂ ᠰᠠᠯᠬᠢᠨ ᠬᠦᠴᠤᠨ ᠭᠡᠷᠡᠯᠴᠢ ᠴᠡᠨᠡᠭ᠎ᠤᠨ ᠡᠨᠧᠷᠭᠢ᠂ ᠲᠤᠨᠤᠭᠯᠠᠯ ᠦᠢᠯᠡᠳᠬᠦ ᠵᠡᠷᠭᠡ ᠲᠠᠯ᠎ᠠ᠎ᠶᠢᠨ ᠰᠢᠨ᠎ᠡ᠎ᠶᠢ ᠡᠭᠦᠳᠬᠦ ᠰᠦᠪᠡᠭᠴᠢᠯᠡᠯᠲᠡ ᠪᠠ ᠠᠮᠢᠳᠤᠯᠢᠭ᠋ ᠦᠢᠯᠡᠳᠦᠯᠭᠡ᠎ᠶᠢ ᠲᠤᠬᠠᠢ᠎ᠶᠢᠨ ᠭᠠᠵᠠᠷ ᠲᠤᠨᠢ ᠰᠢᠨᠵᠢᠯᠡᠨ ᠪᠠᠢᠴᠠᠭᠠᠵᠤ ᠰᠤᠷᠪᠤᠯᠵᠢᠯᠠᠬᠤ ᠪᠤᠯᠤᠨ᠎ᠠ᠃

ᠠᠵᠢᠯᠯᠠᠭ᠎ᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ ᠲᠠᠭᠠᠭᠠᠴᠢᠯᠠᠨ ᠡᠷᠬᠢᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号