ᠮᠠᠨ ᠤ᠋ ᠤᠷᠤᠨ ᠲᠡᠷᠭᠡ ᠬᠦᠯᠦᠰᠦᠯᠡᠭᠦ ᠠᠶᠠᠨᠴᠢᠳ ᠤ᠋ᠨ ᠵᠦᠭᠡᠭᠡᠪᠦᠷᠢ ᠢ᠋ᠢᠨ ᠡᠯᠧᠺᠲ᠋ᠷᠣᠨ ᠲᠡᠮᠳᠡᠭᠲᠤ ᠫᠠᠢᠰᠠ ᠢ᠋ᠢ ᠬᠡᠷᠡᠭ᠌ᠯᠡᠵᠤ ᠡᠬᠢᠯᠡᠪᠡ
2026-06-12 10:41:15
ᠵᠣᠬᠢᠶᠠᠭ᠍ᠴᠢ᠄
​ ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠮᠠᠨ ᠤ᠋ ᠤᠷᠤᠨ ᠲᠡᠷᠭᠡ ᠬᠦᠯᠦᠰᠦᠯᠡᠭᠰᠡᠨ ᠠᠶᠠᠨᠴᠢᠳ ᠤ᠋ᠨ ᠵᠦᠭᠡᠭᠡᠪᠦᠷᠢ ᠢ᠋ᠢᠨ ᠡᠯᠧᠺᠲ᠋ᠷᠣᠨ ᠲᠡᠮᠳᠡᠭᠲᠤ ᠫᠠᠢᠰᠠ ᠢ᠋ᠢ 6 ᠰᠠᠷ᠎ᠠ ᠢ᠋ᠢᠨ 8 ᠤ᠋ ᠡᠳᠦᠷ ᠡᠴᠡ ᠡᠬᠢᠯᠡᠨ ᠬᠡᠷᠡᠭᠵᠢᠬᠦᠯᠵᠤ᠂ ᠪᠦᠬᠦ ᠤᠷᠤᠨ ᠤ᠋ ᠲᠡᠷᠭᠡ ᠬᠦᠯᠦᠰᠦᠯᠡᠭᠰᠡᠨ ᠠᠶᠠᠨᠴᠢᠳ ᠤ᠋ᠨ ᠵᠦᠭᠡᠭᠡᠪᠦᠷᠢ ᠢ᠋ᠢᠨ ᠬᠠᠮᠢᠶᠠᠷᠤᠯᠲᠠ ᠡᠯᠸᠺᠲ᠋ᠷᠤᠨᠴᠢᠯᠠᠭ᠍ᠰᠠᠨ᠂ ᠤᠶᠤᠨᠴᠢᠯᠠᠭ᠍ᠰᠠᠨ ᠱᠢᠨ᠎ᠡ ᠱᠠᠲᠤᠨ ᠳ᠋ᠤ ᠣᠷᠣᠪᠠ᠃

ᠠᠶᠠᠨᠴᠢᠳ ᠤ᠋ᠨ ᠵᠦᠭᠡᠭᠡᠪᠦᠷᠢ ᠢ᠋ᠢᠨ ᠬᠡᠯᠪᠡᠷᠢ ᠪᠡᠨ ᠬᠤᠪᠢᠷᠠᠭᠤᠯᠬᠤ ᠢ᠋ᠢ ᠲᠦᠷᠭᠡᠳᠭᠡᠨ ᠠᠬᠢᠭᠤᠯᠵᠤ᠂ ᠠᠵᠢᠯ ᠲᠥᠷᠥᠯ ᠤ᠋ᠨ ᠦᠶ᠋ᠯᠡᠴᠢᠯᠡᠭᠡ ᠪᠠ ᠬᠠᠮᠢᠶᠠᠷᠤᠯᠲᠠ ᠢ᠋ᠢᠨ ᠬᠦᠴᠦᠨ ᠢ᠋ ᠳᠡᠭᠡᠭ᠌ᠰᠢᠯᠡᠭᠦᠯᠦᠨ᠂ ᠠᠵᠤ ᠠᠬᠤᠢᠯᠠᠯ ᠤ᠋ᠨ ᠡᠵᠡᠩᠨᠡᠯᠲᠡ ᠢ᠋ᠢᠨ ᠥᠪᠡᠷ ᠤ᠋ᠨ ᠥᠷᠲᠡᠭ ᠢ᠋ ᠪᠠᠭᠤᠷᠠᠭᠤᠯᠵᠤ᠂ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠢ᠋ᠢ ᠴᠢᠩᠭᠠᠷᠠᠭᠤᠯᠤᠨ᠂ ᠠᠷᠠᠳ ᠣᠯᠠᠨ ᠤ᠋ ᠠᠮᠤᠷ ᠲᠦᠪᠱᠢᠨ ᠠᠶᠠᠯᠠᠯ ᠢ᠋ ᠪᠠᠲᠤᠯᠠᠬᠤ ᠢ᠋ᠢᠨ ᠲᠦᠯᠦᠭᠡ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠦᠶ᠋ᠯᠡᠰ ᠤ᠋ᠨ ᠬᠥᠭ᠌ᠵᠢᠯᠲᠡ ᠢ᠋ᠢᠨ ᠲᠥᠪ ᠨᠢ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠶᠠᠮᠤᠨ ᠤ᠋ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ ᠲᠡᠷᠭᠡ ᠬᠦᠯᠦᠰᠦᠯᠡᠭᠰᠡᠨ ᠠᠶᠠᠨᠴᠢᠳ ᠤ᠋ᠨ ᠵᠦᠭᠡᠭᠡᠪᠦᠷᠢ ᠢ᠋ᠢᠨ ᠡᠯᠧᠺᠲ᠋ᠷᠣᠨ ᠲᠡᠮᠳᠡᠭᠲᠤ ᠫᠠᠢᠰᠠ ᠵᠢᠨ ᠮᠡᠷᠭᠡᠵᠢᠯ ᠤ᠋ᠨ ᠪᠣᠭᠣᠮᠲᠠ ᠱᠢᠪᠲᠤᠯᠬᠤ ᠪᠠ ᠱᠢᠰᠲ᠋ᠧᠮ ᠢ᠋ ᠨᠡᠭᠡᠭᠡᠨ ᠬᠥᠭ᠌ᠵᠢᠭᠦᠯᠬᠦ᠌᠎ᠠᠵᠢᠯ ᠢ᠋ ᠢᠳᠡᠪᠬᠢᠲᠡᠶ  ᠠᠬᠢᠭᠤᠯᠪᠠ᠃

ᠱᠢᠨ᠎ᠡ ᠪᠡᠷ ᠬᠡᠷᠡᠭᠵᠢᠬᠦᠯᠬᠦ ᠲᠡᠷᠭᠡ ᠬᠦᠯᠦᠰᠦᠯᠡᠭᠰᠡᠨ ᠠᠶᠠᠨᠴᠢᠳ ᠤ᠋ᠨ ᠵᠦᠭᠡᠭᠡᠪᠦᠷᠢ ᠢ᠋ᠢᠨ ᠡᠯᠧᠺᠲ᠋ᠷᠣᠨ ᠲᠡᠮᠳᠡᠭᠲᠤ ᠫᠠᠢᠰᠠ ᠢ᠋ᠢᠨ ᠱᠢᠰᠲ᠋ᠧᠮ ᠨᠢ ᠰᠦᠯᠵᠢᠶᠡᠨ ᠳᠡᠭᠡᠷ᠎ᠡ ᠭᠤᠶᠤᠴᠢᠯᠠᠬᠤ᠂ ᠠᠦ᠋ᠲ᠋ᠣ᠋ ᠪᠡᠷ ᠬᠢᠨᠠᠨ ᠬᠠᠷᠭᠤᠭᠤᠯᠬᠤ᠂ ᠳᠥᠭᠥᠮ ᠳᠥᠲᠡ ᠪᠡᠷ ᠪᠠᠭᠤᠯᠭᠠᠬᠤ᠂ ᠺᠣᠳ᠋ ᠱᠢᠷᠪᠢᠵᠦ᠍ ᠪᠠᠢᠴᠠᠭᠠᠨ ᠯᠠᠪᠯᠠᠬᠤ ᠵᠡᠷᠭᠡ ᠪᠥᠬᠥ᠌ ᠶᠠᠪᠤᠴᠠ ᠢ᠋ᠢᠨ ᠴᠢᠳᠠᠮᠵᠢ ᠢ᠋ᠢ ᠬᠠᠮᠤᠷᠤᠭ᠍ᠰᠠᠨ ᠪᠥᠭᠡᠳ ᠪᠥᠬᠥ᠌ ᠤᠯᠤᠰ ᠤ᠋ᠨ ᠬᠡᠪᠴᠢᠶᠡᠨ ᠳ᠋ᠤ ᠨᠡᠢᠳᠡᠮ ᠬᠡᠷᠡᠭ᠌ᠯᠡᠵᠦ᠍ ᠬᠠᠷᠢᠯᠴᠠᠨ ᠮᠡᠳᠡᠷᠡᠬᠦ᠌ ᠢ᠋ᠢ ᠪᠡᠶᠡᠯᠡᠭᠦᠯᠪᠡ᠃ ᠣᠷᠣᠨ ᠤ᠋ ᠳᠣᠲᠣᠷ᠎ᠠ ᠲᠡᠷᠭᠡ ᠬᠦᠯᠦᠰᠦᠯᠡᠬᠦ᠂ ᠮᠤᠵᠢ ᠠᠯᠤᠰᠯᠠᠨ ᠲᠡᠷᠭᠡ ᠬᠦᠯᠦᠰᠦᠯᠡᠬᠦ ᠳ᠋ᠤ ᠴᠥᠮ 《ᠨᠢᠭᠡ ᠫᠠᠢᠰᠠ ᠪᠠᠷ ᠨᠡᠢᠳᠡᠮ ᠮᠡᠳᠡᠷᠡᠵᠦ᠍ ᠪᠣᠯᠤᠨ᠎ᠠ》᠃ ᠪᠣᠳᠠᠲᠠᠶ ᠬᠡᠷᠡᠭ᠌ᠯᠡᠬᠦ᠌ ᠶᠠᠪᠤᠴᠠ ᠳ᠋ᠤ ᠵᠢᠯᠣᠭᠣᠴᠢ ᠨᠠᠷ ᠵᠢᠷᠭᠢᠶ᠎ᠠ ᠢ᠋ᠢᠨ ᠪᠢᠴᠢᠯ ᠫᠷᠤᠭ᠌ᠷᠠᠮ ᠢ᠋ᠢᠡᠷ ᠡᠯᠧᠺᠲ᠋ᠷᠣᠨ ᠲᠡᠮᠳᠡᠭ᠌ᠲᠦ ᠫᠠᠢᠰᠠ ᠵᠢ ᠭᠤᠶᠤᠴᠢᠯᠠᠨ ᠠᠪᠴᠤ᠌ ᠭᠠᠷᠭᠠᠨ ᠦᠵᠡᠭᠦᠯᠵᠦ᠍ ᠪᠣᠯᠤᠨ᠎ᠠ;ᠲᠡᠷᠭᠡ ᠬᠦᠯᠦᠰᠦᠯᠡᠭᠰᠡᠳ ᠡᠯᠧᠺᠲ᠋ᠷᠣᠨ ᠲᠡᠮᠳᠡᠭᠲᠤ ᠫᠠᠢᠰᠠᠠ ᠳᠡᠭᠡᠷᠡᠬᠢ ᠬᠣᠶᠠᠷ ᠬᠡᠮᠵᠢᠯᠳᠦ ᠺᠣᠳ᠋ ᠢ᠋ ᠱᠢᠷᠪᠢᠵᠤ᠂ ᠮᠠᠰᠢᠨ ᠲᠡᠷᠬᠡ ᠵᠢᠨ ᠬᠢᠷᠢ ᠬᠡᠮ᠂ ᠵᠢᠯᠣᠭᠣᠴᠢ ᠢ᠋ᠢᠨ ᠮᠡᠳᠡᠭᠡ ᠵᠠᠩᠭᠢ᠂ ᠵᠠᠮ ᠱᠤᠭᠤᠮ ᠢ᠋ ᠬᠢᠨᠠᠨ ᠲᠤᠭᠲᠠᠭᠠᠬᠤ ᠵᠡᠷᠭᠡ ᠵᠠᠩᠭᠢᠯᠠᠭ᠎ᠠ ᠢ᠋ᠢᠨ ᠠᠭᠤᠯᠭ᠎ᠠ ᠢ᠋ᠢ ᠴᠠᠭ ᠲᠤᠬᠠᠶ ᠳ᠋ᠤᠨᠢ ᠪᠠᠢᠴᠠᠭᠠᠨ ᠯᠠᠪᠯᠠᠵᠤ ᠪᠤᠯᠤᠨ᠎ᠠ᠃ ᠡᠯ᠎ᠡ ᠱᠠᠲᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠬᠠᠤᠯᠢ ᠬᠡᠷᠡᠭ᠌ᠵᠢᠭᠦᠯᠬᠦ᠌ ᠠᠵᠢᠯᠲᠠᠨ ᠺᠣᠳ᠋ ᠱᠢᠷᠪᠢᠵᠤ ᠦᠨᠡᠨ ᠬᠤᠳᠠᠯ ᠤ᠋ᠨ ᠬᠢᠨᠠᠨ ᠱᠢᠯᠭᠠᠯᠲᠠ ᠪᠠ ᠲᠣᠭ᠍ᠲᠠᠭᠠᠯ ᠳ᠋ᠤ ᠨᠡᠢᠴᠡᠬᠦ᠌ ᠴᠢᠨᠠᠷ ᠤ᠋ᠨ ᠮᠠᠭᠠᠳᠯᠠᠯᠲᠠ ᠬᠢᠵᠤ᠂ ᠬᠠᠤᠯᠢ ᠬᠡᠷᠡᠭ᠌ᠵᠢᠭᠦᠯᠬᠦ᠌ ᠦᠷ᠎ᠡ ᠪᠦᠲᠦᠮᠵᠢ ᠪᠠ ᠣᠨᠣᠪᠴᠢ ᠢ᠋ᠢᠨ ᠬᠡᠮᠵᠢᠶ᠎ᠡ ᠢ᠋ᠢ  ᠶᠡᠬᠡ ᠪᠡᠷ ᠳᠡᠭᠡᠭ᠌ᠰᠢᠯᠡᠭᠦᠯᠬᠦ᠌  ᠪᠣᠯᠤᠨ᠎ᠠ᠃

ᠥᠪᠥᠷ ᠮᠣᠩᠭᠣᠯ ᠤ᠋ᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠯ᠎ᠡ ᠱᠠᠲᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠬᠠᠮᠢᠶᠠᠷᠤᠯᠲᠠ ᠢ᠋ᠢᠨ ᠰᠠᠯᠠᠭ᠎ᠠ ᠮᠥᠴᠢᠷ ᠪᠣᠯᠤᠨ ᠲᠡᠷᠭᠡ ᠬᠦᠯᠦᠰᠦᠯᠡᠬᠦᠯᠬᠦ ᠠᠶᠠᠨᠴᠢᠳ ᠤ᠋ᠨ ᠵᠦᠭᠡᠭᠡᠪᠦᠷᠢ ᠢ᠋ᠢᠨ ᠠᠵᠤ ᠠᠬᠤᠢᠯᠠᠯ ᠤ᠋ᠨ ᠪᠣᠯᠪᠠᠰᠤᠷᠠᠯ ᠵᠢᠯᠣᠭᠣᠳᠣᠯᠭ᠎ᠠ ᠢ᠋ᠢ ᠵᠣᠬᠢᠶᠠᠨ ᠪᠠᠢᠭᠤᠯᠵᠤ᠂ ᠱᠢᠰᠲ᠋ᠧᠮ ᠤ᠋ᠨ ᠴᠢᠳᠠᠮᠵᠢ ᠢ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠯᠧᠺᠲ᠋ᠷᠣᠨ ᠲᠡᠮᠳᠡᠭᠲᠤ ᠫᠠᠢᠰᠠ ᠢ᠋ᠢᠨ 《ᠤᠷᠤᠭ᠍ᠰᠢᠲᠠᠶ᠂ ᠰᠠᠢᠲᠤᠷ ᠬᠡᠷᠡᠭ᠌ᠯᠡᠬᠦ᠌》 ᠶ᠋ᠢ ᠦᠨᠡᠨ ᠬᠦ᠌ ᠪᠠᠲᠤᠯᠠᠵᠤ᠂ ᠳᠠᠷᠤᠭᠠᠰᠤ ᠢ᠋ᠢ ᠬᠥᠩᠭᠡᠷᠡᠭᠦᠯᠬᠦ᠌᠂ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠬᠦ᠌ ᠪᠠ ᠠᠮᠤᠷ ᠲᠦᠪᠱᠢᠨ ᠢ᠋ ᠪᠠᠲᠤᠯᠠᠬᠤ ᠥᠭᠡᠷᠡᠴᠢᠯᠡᠯᠲᠡ ᠢ᠋ᠢᠨ ᠬᠠᠷᠠᠯᠲᠠ ᠢ᠋ᠢ  ᠦᠨᠡᠨ ᠬᠦ᠌  ᠪᠡᠶᠡᠯᠡᠭᠦᠯᠬᠦ ᠪᠡᠷ  ᠴᠢᠷᠮᠠᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号