ᠶᠡᠷᠦᠩᠬᠡᠢ ᠱᠦᠵᠢ ᠰᠢ ᠵᠢᠨ ᠫᠢᠩ ᠣᠢᠷ᠎ᠠ᠎ᠶᠢᠨ ᠡᠳᠦᠷ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠠᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠳ᠋ᠠᠭᠠᠨ᠄《ᠨᠠᠮ᠎ᠤᠨ ᠰᠢᠨ᠎ᠡ᠎ᠶᠢ ᠡᠭᠦᠳᠦᠭᠰᠡᠨ ᠤᠨᠤᠯ᠎ᠤᠨ ᠰᠢᠰᠲ᠋ᠸᠮᠵᠢᠭᠰᠡᠨ ᠤᠨᠤᠯᠵᠢᠬᠰᠠᠨ ᠰᠤᠳᠤᠯᠭᠠᠨ ᠤ ᠲᠠᠢᠯᠪᠤᠷᠢᠯᠠᠯᠲᠠ᠎ᠶᠢ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠭᠦᠨ ᠤᠬᠠᠭᠠᠨ ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠸᠮ᠎ᠢ ᠲᠦᠷᠭᠡᠳᠬᠡᠨ ᠴᠤᠬᠴᠠᠯᠠᠬᠤ ᠬᠡᠷᠡᠭᠲᠡᠢ》 ᠭᠡᠵᠦ ᠴᠢᠬᠤᠯᠠᠴᠢᠯᠠᠪᠠ᠃ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠰᠢᠨ᠎ᠡ᠎ᠶᠢ ᠡᠭᠦᠳᠦᠭᠰᠡᠨ ᠤᠨᠤᠯ᠎ᠤᠨ ᠠᠵᠤ ᠠᠬᠤᠢ᠎ᠶᠢᠨ ᠬᠦᠷᠢᠶᠡᠨ᠎ᠳᠡᠬᠢ ᠲᠥᠪᠯᠡᠷᠡᠩᠭᠦᠢ ᠢᠯᠡᠷᠡᠯ ᠮᠥᠨ᠃ ᠳᠤᠮᠳᠠᠳᠤ ᠤᠯᠤᠰ᠎ᠤᠨ ᠠᠵᠤ ᠠᠬᠤᠢ᠎ᠶᠢᠨ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠸᠮ᠎ᠢ ᠪᠠᠢᠭᠤᠯᠬᠤ᠎ᠳᠤ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠤᠬᠠᠭᠳᠠᠬᠤᠨ᠎ᠢ ᠠᠪᠴᠠᠯᠳᠤᠩᠭᠤᠢ ᠪᠤᠯᠭᠠᠵᠤ᠂ ᠤᠭ ᠶᠣᠰᠣ᠌᠎ᠶᠢ ᠢᠯᠡᠷᠡᠭᠦᠯᠵᠦ᠂ ᠤᠨᠤᠯ᠎ᠤᠨ ᠰᠢᠨ᠎ᠡ᠎ᠶᠢ ᠡᠭᠦᠳᠴᠦ᠂ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭᠠᠨ᠎ᠤ ᠭᠣᠣᠯ ᠠᠭᠤᠯᠭ᠎ᠠ᠂ ᠪᠠᠶᠠᠯᠢᠭ᠋ ᠠᠭᠤᠯᠤᠭᠳᠠᠬᠤᠨ ᠪᠣᠯᠣᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠰᠢᠰᠲ᠋ᠸᠮ ᠲᠠᠢ ᠢᠯᠡᠷᠡᠭᠦᠯᠵᠦ᠂ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭᠠᠨ᠎ᠤ ᠦᠷᠳᠡᠭ᠎ᠦᠨ ᠵᠣᠭᠰᠣᠯᠲᠠ ᠪᠣᠯᠣᠨ ᠵᠣᠷᠢᠭ᠋ ᠰᠠᠨᠠᠭᠠᠨ᠎ᠤ ᠮᠥᠨ ᠴᠢᠨᠠᠷ᠎ᠢ ᠠᠮᠢᠳᠤᠯᠢᠭ᠋᠎ᠢᠶᠠᠷ ᠲᠠᠢᠯᠪᠤᠷᠢᠯᠠᠬᠤ ᠬᠡᠷᠡᠭᠲᠡᠢ᠃ ᠳᠤᠤᠷᠠᠬᠢ ᠭᠤᠷᠪᠠᠨ ᠲᠠᠯ᠎ᠠ ᠪᠡᠷ ᠶᠡᠷᠦᠩᠬᠡᠢ ᠵᠠᠳᠠᠯᠤᠯᠲᠠ ᠬᠢᠰᠦᠭᠡᠢ᠃
ᠢᠯᠡ ᠲᠤᠳᠤ ᠤᠨᠴᠠᠯᠢᠭ ᠪᠦᠬᠦᠢ ᠤᠬᠠᠭᠳᠠᠬᠤᠨ᠎ᠢ ᠪᠣᠯᠪᠠᠰᠤᠷᠠᠭᠤᠯᠵᠤ᠂ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠤᠨ ᠡᠬᠢᠯᠡᠯᠲᠡ᠎ᠶᠢᠨ ᠴᠡᠭ ᠢ ᠳᠤᠭᠳᠠᠭᠠᠨ᠎ᠠ
ᠶᠡᠷᠦᠩᠬᠡᠢ ᠱᠦᠵᠢ ᠰᠢ ᠵᠢᠨ ᠫᠢᠩ᠄ 《ᠢᠯᠡ ᠲᠤᠳᠤ ᠤᠨᠴᠠᠯᠢᠭ ᠪᠦᠬᠦᠢ ᠤᠬᠠᠭᠳᠠᠬᠤᠨ᠎ᠢ ᠴᠢᠳᠠᠮᠠᠭᠠᠢ᠎ᠪᠠᠷ ᠪᠣᠯᠪᠠᠰᠤᠷᠠᠭᠤᠯᠤᠨ᠂ ᠳᠡᠯᠡᠬᠡᠢ ᠨᠡᠶ᠋ᠢᠲᠡ᠎ᠳᠦ ᠠᠮᠠᠷᠬᠠᠨ ᠣᠢᠯᠠᠭᠠᠭᠳᠠᠠ ᠬᠦᠯᠢᠶᠡᠨ ᠠᠪᠬᠤ ᠱᠢᠨ᠎ᠡ ᠤᠬᠠᠭᠳᠠᠬᠤᠨ᠂ ᠰᠢᠨ᠎ᠡ ᠠᠢ᠂ ᠰᠢᠨ᠎ᠡ ᠥᠭᠦᠯᠡᠯᠲᠡ᠎ᠶᠢ ᠪᠤᠢ ᠪᠣᠯᠭᠠᠬᠤ ᠬᠡᠷᠡᠭᠲᠡᠢ》 ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ᠎ᠤᠨ ᠠᠵᠤ ᠠᠬᠤᠢ᠎ᠶᠢᠨ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠸᠮ᠎ᠢ ᠪᠠᠢᠭᠤᠯᠬᠤ᠎ᠳᠤ ᠮᠠᠨ᠎ᠤ ᠤᠯᠤᠰ᠎ᠤᠨ ᠠᠵᠤ ᠠᠬᠤᠢ᠎ᠶᠢᠨ ᠦᠢᠯᠡᠳᠦᠯᠭᠡ᠎ᠶᠢ ᠣᠨᠣᠪᠴᠢᠲᠠᠢ ᠵᠢᠷᠤᠭᠯᠠᠵᠤ᠂ ᠬᠥᠭᠵᠢᠯᠲᠡ᠎ᠶᠢᠨ ᠴᠢᠭᠯᠡᠯ᠎ᠢ ᠵᠢᠭᠠᠵᠤ ᠳᠡᠶ᠋ᠢᠯᠬᠦ ᠢᠯᠡ ᠲᠤᠳᠤ ᠤᠨᠴᠠᠯᠢᠭ ᠪᠦᠬᠦᠢ ᠤᠬᠠᠭᠳᠠᠬᠤᠨ᠂ ᠠᠢ ᠪᠣᠯᠣᠨ ᠥᠭᠦᠯᠡᠯᠲᠡ᠎ᠶᠢ ᠪᠦᠷᠢᠯᠳᠦᠭᠦᠯᠬᠦ᠎ᠡᠴᠡ ᠰᠠᠯᠵᠤ ᠴᠢᠳᠠᠬᠤ ᠦᠭᠡᠢ ᠶᠤᠮ᠂ ᠡᠭᠦᠨ᠎ᠢᠶᠡᠷ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠸᠮ᠎ᠤᠨ ᠡᠬᠢᠯᠡᠯᠲᠡ᠎ᠶᠢᠨ ᠴᠡᠭ ᠢ ᠲᠣᠭᠲᠠᠭᠠᠭᠰᠠᠨ ᠪᠠᠢᠨ᠎ᠠ᠃
ᠠᠵᠤ ᠠᠬᠤᠢ᠎ᠶᠢᠨ ᠬᠥᠭᠵᠢᠯᠲᠡ᠎ᠶᠢᠨ ᠵᠢᠮ᠎ᠡ ᠶᠣᠰᠣ᠌᠎ᠶᠢ ᠠᠭᠤᠳᠠᠯᠵᠤ ᠂ ᠢᠯᠡ ᠲᠤᠳᠤ ᠤᠨᠴᠠᠯᠢᠭ ᠪᠦᠬᠦᠢ ᠤᠬᠠᠭᠳᠠᠬᠤᠨ᠎ᠢ ᠬᠤᠷᠢᠶᠠᠩᠭᠤᠢᠯᠠᠬᠤ ᠬᠡᠷᠡᠭᠲᠠᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠮᠠᠨ᠎ᠤ ᠤᠯᠤᠰ᠎ᠤᠨ ᠠᠵᠤ ᠠᠬᠤᠢ᠎ᠶᠢᠨ ᠠᠵᠢᠯᠯᠠᠭᠠᠨ ᠪᠠ ᠬᠥᠭᠵᠢᠯᠲᠡ᠎ᠳᠦ ᠠᠯᠢ ᠤᠯᠠᠨ ᠰᠢᠨ᠎ᠡ ᠦᠵᠡᠭᠳᠡᠯ ᠢᠯᠡᠷᠡᠪᠡ᠃ ᠶᠡᠷᠦᠩᠬᠡᠢ ᠱᠦᠵᠢ ᠰᠢ ᠵᠢᠨ ᠫᠢᠩ ᠪᠣᠳᠠᠲᠠᠢ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠵᠠᠳᠠᠯᠤᠯᠲᠠ ᠬᠢᠵᠦ᠂ ᠦᠵᠡᠭᠳᠡᠯ᠎ᠡᠴᠡ ᠮᠥᠨ ᠴᠢᠨᠠᠷ᠎ᠢ ᠦᠵᠡᠵᠦ᠂ ᠵᠢᠮ᠎ᠡ ᠶᠣᠰᠣ᠌᠎ᠶᠢ ᠡᠵᠡᠮᠳᠡᠨ ᠴᠢᠭᠯᠡᠯ᠎ᠢ ᠲᠣᠳᠣᠷᠬᠠᠢᠯᠠᠵᠤ᠂ 《ᠭᠤᠷᠪᠠᠨ ᠬᠤᠭᠤᠴᠠᠭ᠎ᠠ ᠳᠠᠪᠬᠤᠴᠠᠭᠰᠠᠨ》᠂ 《ᠠᠵᠤ ᠠᠬᠤᠢ᠎ᠶᠢᠨ ᠬᠥᠭᠵᠢᠯᠲᠡ᠎ᠶᠢᠨ ᠰᠢᠨ᠎ᠡ ᠬᠡᠪ ᠪᠠᠢᠳᠠᠯ》᠂ 《ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ》 ᠵᠡᠷᠭᠡ ᠵᠢ ᠬᠤᠷᠢᠶᠠᠩᠭᠤᠢᠯᠠᠨ ᠪᠣᠯᠪᠠᠰᠤᠷᠠᠭᠤᠯᠵᠤ᠂ ᠴᠢᠨᠠᠷ ᠰᠠᠢᠲᠠᠢ ᠬᠥᠭᠵᠢᠯᠲᠡ ᠭᠡᠬᠦ ᠡᠨᠡ ᠬᠦ᠌ ᠢᠯᠡ ᠲᠤᠳᠤ ᠤᠨᠴᠠᠯᠢᠭ ᠪᠦᠬᠦᠢ ᠤᠬᠠᠭᠳᠠᠬᠤᠨ᠎ᠢ ᠳᠤᠷᠠᠳᠤᠨ ᠭᠠᠷᠭᠠᠪᠠ᠃ ᠡᠨᠡ ᠬᠦ᠌ ᠤᠬᠠᠭᠳᠠᠬᠤᠨ ᠨᠢ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢᠨ ᠱᠠᠲᠤᠴᠢ ᠴᠢᠨᠠᠷᠲᠠᠢ ᠣᠨᠴᠠᠯᠢᠭ᠋᠎ᠤᠨ ᠲᠤᠬᠠᠢ ᠲᠠᠨᠢᠯᠲᠠ᠎ᠶᠢᠨ ᠠᠰᠠᠭᠤᠳᠠᠯ᠎ᠢ ᠰᠢᠢᠳᠪᠦᠷᠢᠯᠡᠭᠰᠡᠨ ᠮᠥᠷᠲᠡᠭᠡᠨ ᠪᠠᠰᠠ ᠠᠰᠠᠭᠤᠳᠠᠯ᠎ᠢ ᠰᠢᠢᠳᠪᠦᠷᠢᠯᠡᠬᠦ ᠭᠠᠷᠬᠤ ᠵᠠᠮ ᠪᠠ ᠠᠷᠭ᠎ᠠ᠎ᠶᠢ ᠲᠣᠳᠣᠷᠬᠠᠢ ᠵᠢᠭᠠᠵᠤ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠳᠤᠮᠳᠠ ᠣᠷᠳᠣ᠌ ᠬᠤᠭᠤᠴᠠᠭᠠᠨ᠎ᠤ ᠭᠣᠣᠯ ᠰᠡᠳᠦᠪ᠎ᠢ ᠲᠣᠭᠲᠠᠭᠠᠵᠤ᠂ ᠡᠭᠦᠨ᠎ᠡᠴᠡ 《ᠴᠢᠨᠠᠷ ᠰᠠᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ᠎ᠶᠢᠨ ᠬᠠᠲᠠᠭᠤ ᠶᠣᠰᠣ᠌ ᠮᠥᠨ》᠂ 《ᠴᠢᠨᠠᠷ ᠰᠠᠢᠲᠠᠢ ᠬᠥᠭᠵᠢᠯᠲᠡ ᠪᠣᠯ ᠨᠡᠢᠭᠡᠮ ᠵᠢᠷᠤᠮᠲᠦ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠲᠡᠷᠢᠭᠦᠨ ᠴᠢᠬᠤᠯᠠ ᠡᠭᠦᠷᠭᠡ ᠮᠥᠨ》᠂ 《ᠴᠢᠨᠠᠷ ᠰᠠᠢᠲᠠᠢ ᠬᠥᠭᠵᠢᠯᠲᠡ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ》 ᠵᠡᠷᠭᠡ ᠠᠯᠢ ᠣᠯᠠᠨ ᠴᠢᠬᠤᠯᠠ ᠨᠤᠲᠠᠯᠠᠯᠲᠠ᠎ᠶᠢ ᠪᠦᠷᠢᠯᠳᠦᠭᠦᠯᠵᠦ᠂ ᠳᠤᠮᠳᠠᠳᠤ ᠤᠯᠤᠰ᠎ᠤᠨ ᠠᠵᠤ ᠠᠬᠤᠢ᠎ᠶᠢᠨ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠦᠨ ᠴᠢᠬᠤᠯᠠ ᠦᠷ᠎ᠡ ᠪᠦᠲᠦᠭᠡᠯ ᠪᠣᠯᠤᠭᠰᠠᠨ ᠪᠠᠢᠨ᠎ᠠ᠃
ᠠᠵᠤ ᠠᠬᠤᠢ᠎ᠶᠢᠨ ᠬᠥᠭᠵᠢᠯᠲᠡ᠎ᠶᠢᠨ ᠯᠣᠭᠢᠭ᠋᠎ᠢ ᠡᠵᠡᠮᠰᠢᠵᠦ᠂ ᠢᠯᠡ ᠲᠤᠳᠤ ᠤᠨᠴᠠᠯᠢᠭ ᠪᠦᠬᠦᠢ ᠤᠬᠠᠭᠳᠠᠬᠤᠨ᠎ᠢ ᠳᠡᠯᠭᠡᠷᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠥᠭᠵᠢᠯᠲᠡ᠎ᠶᠢᠨ ᠲᠤᠷᠰᠢᠯᠭ᠎ᠠ ᠰᠤᠷᠭᠠᠮᠵᠢ᠎ᠶᠢ ᠭᠦᠨᠵᠡᠭᠡᠢ ᠳ᠋ᠦᠩᠨᠡᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠥᠭᠵᠢᠯᠲᠡ᠎ᠶᠢᠨ ᠶᠡᠬᠡ ᠬᠠᠨᠳᠤᠰᠢ᠎ᠶᠢ ᠭᠦᠨᠵᠡᠭᠡᠢ ᠵᠠᠳᠠᠯᠵᠤ᠂ ᠰᠢᠨ᠎ᠡ᠎ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠤ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠳᠤᠷᠠᠳᠴᠤ᠂ ᠢᠷᠡᠭᠡᠳᠦᠢ᠎ᠶᠢᠨ ᠬᠥᠭᠵᠢᠯᠲᠡ᠎ᠶᠢ ᠬᠥᠲᠥᠯᠥᠨ ᠳᠠᠭᠠᠭᠤᠯᠬᠤ ᠵᠢᠯᠤᠭᠣᠳᠬᠤ ᠦᠵᠡᠯ ᠰᠠᠨᠠᠭ᠎ᠠ᠎ᠶᠢ ᠲᠣᠭᠲᠠᠭᠠᠵᠤ᠂ ᠴᠢᠨᠠᠷ ᠰᠠᠢᠲᠠᠢ ᠬᠥᠭᠵᠢᠯᠲᠡ ᠪᠣᠯ 《ᠰᠢᠨ᠎ᠡ᠎ᠶᠢ ᠡᠭᠦᠳᠬᠦ᠎ᠪᠡᠷ ᠨᠢᠭᠡᠳᠦᠭᠡᠷ ᠬᠥᠳᠡᠯᠭᠡᠬᠦ ᠬᠦᠴᠦᠨ ᠪᠣᠯᠭᠠᠵᠤ᠂ ᠵᠣᠬᠢᠴᠠᠩᠭᠤᠢ ᠪᠠᠢᠯᠭᠠᠬᠤ ᠪᠡᠷ ᠳᠣᠲᠣᠭᠠᠳᠤ ᠣᠨᠴᠠᠯᠢᠭ᠋ ᠪᠣᠯᠭᠠᠵᠤ᠂ ᠪᠣᠬᠢᠷᠲᠤᠯ ᠦᠭᠡᠢ ᠪᠠᠢᠬᠤ᠎ᠶᠢ ᠨᠡᠢᠳᠡᠮ᠎ᠦᠨ ᠬᠡᠯᠪᠡᠷᠢ ᠪᠣᠯᠭᠠᠵᠤ᠂ ᠨᠡᠭᠡᠭᠡᠯᠲᠡ ᠬᠢᠬᠦ᠎ᠶᠢ ᠵᠠᠪᠠᠯ ᠶᠠᠪᠤᠬᠤ ᠵᠠᠮ ᠪᠣᠯᠭᠠᠵᠤ᠂ ᠬᠠᠮᠲᠤ᠎ᠪᠠᠷ ᠡᠳ᠋ᠯᠡᠬᠦ᠎ᠶᠢ ᠦᠨᠳᠦᠰᠦᠨ ᠬᠠᠷᠠᠯᠲᠠ ᠪᠣᠯᠭᠠᠭᠰᠠᠨ ᠬᠥᠭᠵᠢᠯᠲᠡ ᠮᠥᠨ》 ᠭᠡᠵᠦ ᠲᠣᠳᠣᠷᠬᠠᠢᠯᠠᠪᠠ᠃ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ ᠨᠢ ᠬᠥᠭᠵᠢᠯᠲᠡ᠎ᠶᠢᠨ ᠬᠥᠳᠡᠯᠭᠡᠬᠦ ᠬᠦᠴᠦᠨ᠂ ᠬᠥᠭᠵᠢᠯᠲᠡ᠎ᠶᠢᠨ ᠱᠠᠭᠠᠷᠳᠠᠯᠭ᠎ᠠ᠂ ᠬᠥᠭᠵᠢᠯᠲᠡ᠎ᠶᠢᠨ ᠬᠡᠯᠪᠡᠷᠢ᠂ ᠬᠥᠭᠵᠢᠯᠲᠡ᠎ᠶᠢᠨ ᠴᠢᠭᠯᠡᠯ᠂ ᠬᠥᠭᠵᠢᠯᠲᠡ᠎ᠶᠢᠨ ᠬᠠᠷᠠᠯᠲᠠ ᠵᠡᠷᠭᠡ᠎ᠶᠢ ᠬᠠᠮᠤᠷᠤᠭᠰᠠᠨ ᠰᠢᠨ᠎ᠡ ᠪᠣᠷᠣ᠌ ᠲᠥᠯᠥᠪ᠎ᠢ ᠪᠦᠷᠢᠯᠳᠦᠭᠦᠯᠪᠡ᠂ ᠡᠨᠡ ᠪᠣᠯ ᠨᠡᠢᠳᠡᠮ ᠵᠢᠯᠤᠭᠣᠳᠬᠤ ᠠᠴᠢ ᠬᠣᠯᠪᠣᠭᠳᠠᠯᠪᠦᠬᠦᠢ ᠪᠦᠬᠦ ᠲᠠᠯ᠎ᠠ᠎ᠶᠢᠨ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ ᠦᠵᠡᠯ ᠰᠠᠨᠠᠭᠠᠨ᠎ᠤ ᠣᠢᠯᠠᠭᠠᠭᠳᠠᠬᠤᠨ ᠪᠣᠯᠬᠤ ᠪᠥᠭᠡᠳ ᠪᠠᠰᠠ ᠴᠤ᠌ ᠳᠤᠮᠳᠠᠳᠤ ᠤᠯᠤᠰ᠎ᠤᠨ ᠠᠵᠤ ᠠᠬᠤᠢ᠎ᠶᠢᠨ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠦᠨ ᠴᠢᠬᠤᠯᠠ ᠢᠯᠡ ᠲᠤᠳᠤ ᠤᠨᠴᠠᠯᠢᠭ ᠪᠦᠬᠦᠢ ᠤᠬᠠᠭᠳᠠᠬᠤᠨᠪᠣᠯᠣᠨᠠ᠃
ᠠᠵᠤ ᠠᠬᠤᠢ᠎ᠶᠢᠨ ᠠᠵᠢᠯᠯᠠᠭᠠᠨ᠎ᠤ ᠵᠢᠮ᠎ᠡ ᠶᠣᠰᠣ᠌᠎ᠶᠢ ᠰᠦᠪᠡᠭᠴᠢᠯᠡᠵᠦ᠂ ᠢᠯᠡ ᠲᠤᠳᠤ ᠤᠨᠴᠠᠯᠢᠭ ᠪᠦᠬᠦᠢ ᠤᠬᠠᠭᠳᠠᠬᠤᠨ᠎ᠢ ᠬᠤᠷᠢᠶᠠᠩᠭᠤᠢᠯᠠᠬᠤ ᠬᠡᠷᠡᠭᠲᠠᠢ᠃ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠳᠤ ᠣᠷᠣᠭᠰᠠᠨ᠎ᠠᠴᠠ ᠨᠠᠭᠠᠰᠢ ᠮᠠᠨ᠎ᠤ ᠤᠯᠤᠰ ᠠᠵᠤ ᠠᠬᠤᠢ᠎ᠶᠢᠨ ᠳᠡᠯᠡᠬᠡᠢᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠵᠤ᠂ ᠥᠭᠡᠷᠡᠴᠢᠯᠡᠯᠲᠡ ᠨᠡᠭᠡᠭᠡᠯᠲᠡ᠎ᠶᠢ ᠠᠬᠢᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠲᠠᠢ ᠭᠦᠨ ᠠᠪᠴᠠᠯᠳᠤᠭᠰᠠᠨ ᠠᠵᠤ ᠠᠬᠤᠢ᠎ᠶᠢᠨ ᠬᠥᠭᠵᠢᠯᠲᠡ᠎ᠶᠢᠨ ᠰᠢᠰᠲᠧᠮ᠎ᠢ ᠪᠤᠢ ᠪᠣᠯᠭᠠᠪᠠ᠃ ᠤᠯᠠᠨ ᠤᠯᠤᠰ᠎ᠤᠨ ᠮᠥᠩᠭᠥᠨ ᠭᠦᠢᠯᠭᠡᠭᠡᠨ᠎ᠦ ᠬᠢᠮᠤᠷᠠᠯ᠎ᠤᠨ ᠲᠠᠷᠠᠭ᠎ᠠ᠂ ᠠᠵᠤ ᠠᠬᠤᠢ᠎ᠶᠢᠨ ᠳᠡᠯᠡᠬᠡᠢᠵᠢᠯᠲᠡ ᠰᠥᠷᠭᠡᠦ ᠤᠷᠤᠰᠬᠠᠯ᠎ᠳᠤ ᠤᠴᠠᠷᠠᠭᠰᠠᠨ ᠪᠠᠢᠨ᠎ᠠ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠎ᠦᠨ ᠪᠠᠢᠳᠠᠯ᠎ᠠᠴᠠ ᠪᠣᠯᠵᠤ ᠪᠦᠬᠦ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ ᠲᠠᠰᠤᠷᠠᠵᠤ᠂ ᠬᠥᠮᠥᠨ ᠬᠠᠷ᠎ᠠ᠂ ᠲᠦᠭᠦᠬᠡᠢ ᠮᠠᠲᠧᠷᠢᠶᠠᠯ ᠪᠣᠯᠣᠨ ᠪᠦᠲᠦᠭᠡᠭᠳᠡᠬᠦᠨ᠎ᠦ ᠰᠢᠯᠵᠢᠯᠲᠡ᠎ᠳᠦ ᠬᠦᠨᠳᠦ ᠨᠣᠴᠢᠲᠠᠢ ᠬᠠᠷᠰᠢ ᠰᠠᠭᠠᠳ ᠤᠴᠠᠷᠠᠭᠤᠯᠪᠠ᠃ ᠡᠢᠮᠦᠷᠬᠦᠦ ᠠᠬᠤᠢ ᠪᠠᠢᠳᠠᠯ ᠳᠣᠣᠷ᠎ᠠ᠂ ᠶᠡᠷᠦᠩᠬᠡᠢ ᠱᠦᠵᠢ ᠰᠢ ᠵᠢᠨ ᠫᠢᠩ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢᠶᠠᠷ ᠭᠣᠣᠯ ᠴᠣᠭᠴᠠ ᠪᠣᠯᠭᠠᠭᠰᠠᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠨ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠪᠡ᠃ ᠰᠢᠨ᠎ᠡ ᠬᠥᠭᠵᠢᠯᠲᠡ᠎ᠶᠢᠨ ᠪᠠᠢᠷᠢᠰᠢᠯ ᠨᠢ ᠰᠢᠨ᠎ᠡ ᠪᠠᠢᠳᠠᠯ ᠳᠣᠣᠷᠠᠬᠢ ᠠᠵᠤ ᠠᠬᠤᠢ᠎ᠶᠢᠨ ᠣᠷᠴᠢᠯ ᠪᠠ ᠨᠡᠮᠡᠭᠳᠡᠯ᠎ᠦᠨ ᠵᠢᠮ᠎ᠡ ᠬᠠᠤᠯᠢ᠎ᠶᠢ ᠰᠢᠨᠵᠢᠯᠡᠬᠦ ᠤᠬᠠᠭᠠᠨᠴᠢ᠎ᠪᠠᠷ ᠥᠭᠦᠯᠡᠵᠦ᠂ ᠲᠣᠮᠣ᠌ ᠤᠯᠤᠰ᠎ᠤᠨ ᠠᠵᠤ ᠠᠬᠤᠢ᠎ᠶᠢᠨ ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠵᠤ᠂ ᠳᠣᠲᠣᠭᠠᠳᠤ ᠣᠷᠴᠢᠯ᠎ᠲᠠᠢ ᠪᠠᠢᠬᠤ ᠲᠦᠭᠡᠮᠡᠯ ᠣᠨᠴᠠᠯᠢᠭ᠋᠎ᠢ ᠲᠤᠰᠬᠠᠭᠰᠠᠨ ᠪᠥᠭᠡᠳ ᠪᠠᠰᠠ ᠣᠳᠣᠬᠢ ᠱᠠᠲᠤᠨ᠎ᠳᠤ ᠤᠯᠤᠰ᠎ᠤᠨ ᠳᠣᠲᠣᠭᠠᠳᠤ᠎ᠶᠢᠨ ᠠᠵᠤ ᠠᠬᠤᠢ᠎ᠶᠢᠨ ᠣᠷᠴᠢᠯ᠎ᠢ ᠰᠢᠯᠤᠭᠤᠳᠬᠠᠵᠤ᠂ ᠥᠨᠳᠥᠷ ᠲᠦᠪᠰᠢᠨ᠎ᠪᠦᠬᠦᠢ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠪᠡᠶᠡᠯᠡᠭᠦᠯᠬᠦ ᠪᠠᠢᠯᠳᠤᠬᠤ ᠪᠣᠳᠣᠯᠭ᠎ᠠ᠎ᠶᠢᠨ ᠰᠣᠩᠭᠣᠯᠲᠠ᠎ᠶᠢ ᠲᠣᠳᠣᠷᠬᠠᠢᠯᠠᠵᠠᠢ᠃ ᠮᠠᠨ᠎ᠤ ᠤᠯᠤᠰ᠎ᠤᠨ ᠠᠵᠤ ᠠᠬᠤᠢ᠎ᠶᠢᠨ ᠢᠯᠡᠷᠡᠭᠦᠯᠦᠭᠰᠡᠨ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ ᠨᠢ ᠡᠨᠡ ᠬᠦ᠌ ᠢᠯᠡ ᠲᠤᠳᠤ ᠤᠨᠴᠠᠯᠢᠭ ᠪᠦᠬᠦᠢ ᠤᠬᠠᠭᠳᠠᠬᠤᠨ᠎ᠤ ᠰᠢᠨᠵᠢᠯᠡᠬᠦ ᠤᠬᠠᠭᠠᠨᠴᠢ ᠴᠢᠨᠠᠷ ᠪᠠ ᠠᠮᠢᠵᠢᠷᠠᠯ᠎ᠤᠨ ᠬᠦᠴᠦᠨ᠎ᠢ ᠭᠦᠢᠴᠡᠳ ᠭᠡᠷᠡᠴᠢᠯᠡᠪᠡ᠃
ᠤᠭ ᠶᠣᠰᠣ᠌᠎ᠶᠢᠨ ᠴᠢᠨᠠᠷᠲᠠᠢ ᠦᠷ᠎ᠡ ᠪᠦᠲᠦᠭᠡᠯ᠎ᠢ ᠢᠯᠡᠷᠡᠭᠦᠯᠵᠦ᠂ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠦᠨ ᠪᠣᠷᠣ᠌ ᠲᠥᠯᠥᠪ᠎ᠢ ᠪᠠᠢᠭᠤᠯᠤᠨ᠎ᠠ
ᠰᠢᠨ᠎ᠡ ᠴᠠᠭ ᠦᠶ᠎ᠡ᠎ᠶᠢᠨ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢ ᠬᠥᠲᠥᠯᠥᠨ ᠳᠠᠭᠠᠭᠤᠯᠵᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠠᠭᠤᠤ ᠶᠡᠬᠡ ᠦᠢᠯᠡᠳᠦᠯᠭᠡ ᠳᠤᠮᠳᠠ᠂ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ ᠨᠢ ᠠᠵᠤ ᠠᠬᠤᠢ᠎ᠶᠢᠨ ᠬᠥᠭᠵᠢᠯᠲᠡ᠎ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠭᠦᠨᠵᠡᠭᠡᠢᠷᠡᠭᠦᠯᠵᠦ᠂ ᠴᠢᠬᠤᠯᠠ ᠶᠡᠬᠡ ᠤᠨᠤᠯ ᠪᠣᠯᠣᠨ ᠪᠣᠳᠠᠲᠤ ᠠᠰᠠᠭᠤᠳᠠᠯ᠎ᠳᠤ ᠰᠢᠨᠵᠢᠯᠡᠬᠦ ᠤᠬᠠᠭᠠᠨᠴᠢ ᠲᠠᠢᠯᠪᠤᠷᠢᠯᠠᠯᠲᠠ ᠬᠠᠩᠭᠠᠭᠰᠠᠨ ᠪᠥᠭᠡᠳ ᠬᠥᠭᠵᠢᠯᠲᠡ᠎ᠶᠢᠨ ᠦᠢᠯᠡᠳᠦᠯᠭᠡ᠎ᠶᠢ ᠵᠢᠯᠤᠭᠣᠳᠬᠤ᠂ ᠤᠨᠤᠯ᠎ᠤᠨ ᠰᠢᠨ᠎ᠡ ᠡᠭᠦᠳᠦᠯᠲᠡ᠎ᠶᠢ ᠠᠬᠢᠭᠤᠯᠬᠤ᠎ᠳᠤ ᠦᠵᠡᠯ ᠰᠠᠨᠠᠭᠠᠨ᠎ᠤ ᠵᠡᠪᠰᠡᠭ ᠪᠣᠯᠣᠨ ᠡᠷᠳᠡᠮ ᠰᠢᠨᠵᠢᠯᠡᠭᠡᠨ᠎ᠦ ᠰᠠᠭᠤᠷᠢ᠎ᠶᠢ ᠬᠠᠩᠭᠠᠵᠠᠢ᠃ ᠡᠨᠳᠡ ᠬᠡᠳᠦᠨ ᠵᠢᠱ᠌ᠢᠶ᠎ᠡ ᠲᠠᠲᠠᠶ᠎ᠠ᠃
ᠲᠣᠮᠣ᠌ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢ ᠬᠣᠣᠰ ᠣᠷᠴᠢᠯᠵᠢᠡᠷ ᠠᠬᠢᠭᠤᠯᠬᠤ ᠤᠭ ᠶᠣᠰᠣ᠌᠃ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠢᠭᠤᠯᠵᠤ᠂ ᠤᠯᠤᠰ᠎ᠤᠨ ᠳᠣᠲᠣᠭᠠᠳᠤ᠎ᠶᠢᠨ ᠣᠷᠴᠢᠯ ᠪᠣᠯᠣᠨ ᠤᠯᠠᠨ ᠤᠯᠤᠰ᠎ᠤᠨ ᠣᠷᠴᠢᠯ᠎ᠤᠨ ᠬᠤᠪᠢᠰᠤᠩᠭᠤᠢ ᠨᠢᠭᠡᠳᠦᠯᠲᠡᠢ ᠬᠠᠷᠢᠴᠠᠭ᠎ᠠ᠎ᠶᠢ ᠭᠦᠨᠵᠡᠭᠡᠢ ᠢᠯᠡᠷᠡᠭᠦᠯᠪᠡ᠂ ᠲᠤᠬᠠᠢᠯᠠᠪᠠᠯ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠳᠤ ᠲᠦᠰᠢᠭᠯᠡᠨ ᠳᠣᠲᠣᠭᠠᠳᠤ ᠬᠥᠭᠵᠢᠯᠲᠡ᠎ᠶᠢᠨ ᠬᠥᠳᠡᠯᠭᠡᠬᠦ ᠬᠦᠴᠦᠨ ᠪᠣᠯᠣᠨ ᠨᠠᠢᠳᠠᠪᠤᠷᠢᠲᠤ ᠴᠢᠨᠠᠷ᠎ᠢ ᠴᠢᠩᠭᠠᠳᠬᠠᠵᠤ᠂ ᠤᠯᠠᠨ ᠤᠯᠤᠰ᠎ᠤᠨ ᠣᠷᠴᠢᠯ᠎ᠢᠶᠠᠷ ᠳᠠᠮᠵᠢᠨ ᠬᠥᠭᠵᠢᠯᠲᠡ᠎ᠶᠢᠨ ᠶᠠᠰᠤ ᠴᠢᠨᠠᠷ ᠪᠣᠯᠣᠨ ᠲᠦᠪᠰᠢᠨ᠎ᠢ ᠳᠡᠭᠡᠭᠰᠢᠯᠡᠭᠦᠯᠦᠨ᠎ᠡ᠃ ᠡᠨᠡ ᠬᠦ ᠤᠭ ᠶᠣᠰᠣ᠌᠎ᠶᠢᠨ ᠴᠢᠨᠠᠷᠲᠠᠢ ᠦᠷ᠎ᠡ ᠪᠦᠲᠦᠭᠡᠯ ᠨᠢ ᠠᠵᠤ ᠠᠬᠤᠢ᠎ᠶᠢᠨ ᠣᠷᠴᠢᠯ᠂ ᠨᠡᠢᠭᠡᠮ᠎ᠦᠨ ᠨᠥᠬᠥᠨ ᠦᠢᠯᠡᠳᠪᠦᠷᠢᠯᠡᠯ ᠵᠡᠷᠭᠡ᠎ᠶᠢᠨ ᠮᠠᠷᠺᠰ᠎ᠤᠨ ᠦᠵᠡᠯ᠎ᠦᠨ ᠤᠯᠤᠰ ᠲᠦᠷᠦ ᠠᠵᠤ ᠠᠬᠤᠢ᠎ᠶᠢᠨ ᠤᠬᠠᠭᠠᠨ᠎ᠤ ᠤᠨᠤᠯ᠎ᠤᠨ ᠵᠠᠳᠠᠯᠤᠯᠲᠠ᠎ᠶᠢᠨ ᠪᠣᠷᠣ᠌ ᠲᠥᠯᠥᠪ᠎ᠢ ᠵᠠᠯᠭᠠᠮᠵᠢᠯᠠᠨ ᠬᠥᠭᠵᠢᠭᠦᠯᠵᠦ᠂ ᠮᠠᠨ᠎ᠤ ᠤᠯᠤᠰ᠎ᠤᠨ ᠳᠣᠲᠣᠭᠠᠳᠤ ᠪᠠ ᠤᠯᠠᠨ ᠤᠯᠤᠰ᠎ᠤᠨ ᠣᠷᠴᠢᠯ᠎ᠤᠨ ᠬᠠᠷᠢᠴᠠᠯ᠎ᠤᠨ ᠲᠣᠬᠢᠷᠠᠭᠤᠯᠤᠯᠲᠠ᠎ᠶᠢᠨ ᠬᠠᠨᠳᠤᠰᠢ᠎ᠶᠢ ᠭᠦᠨᠵᠡᠭᠡᠢ ᠠᠵᠢᠭ᠍ᠯᠠᠨ ᠰᠤᠳᠤᠯᠤᠨ ᠮᠠᠭᠠᠳᠯᠠᠵᠤ᠂ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ ᠪᠠ ᠨᠡᠭᠡᠭᠡᠯᠲᠡ᠎ᠪᠡᠨ ᠥᠷᠭᠡᠳᠬᠡᠬᠦ᠎ᠶᠢᠨ ᠬᠠᠷᠢᠴᠠᠭ᠎ᠠ᠎ᠶᠢ ᠰᠢᠨᠵᠢᠯᠡᠬᠦ ᠤᠬᠠᠭᠠᠨᠴᠢ᠎ᠪᠠᠷ ᠡᠵᠡᠮᠳᠡᠭᠡᠳ᠂ ᠲᠣᠮᠣ᠌ ᠤᠯᠤᠰ᠎ᠤᠨ ᠠᠵᠤ ᠠᠬᠤᠢ ᠡᠷᠬᠡᠪᠰᠢ ᠬᠥᠭᠵᠢᠯᠲᠡ᠎ᠶᠢᠨ ᠵᠣᠭᠰᠣᠴᠠ᠎ᠪᠠᠨ ᠲᠤᠰ ᠪᠡᠶ᠎ᠡ᠎ᠶᠢᠨ ᠬᠦᠴᠦᠨ᠎ᠳᠡᠭᠡᠨ ᠲᠠᠯᠪᠢᠬᠤ ᠬᠡᠷᠡᠭᠲᠡᠢ ᠭᠡᠰᠡᠨ ᠴᠢᠬᠤᠯᠠ ᠳ᠋ᠦᠩᠨᠡᠯᠲᠡ᠎ᠶᠢ ᠣᠯᠵᠤ᠂ ᠪᠢᠳᠡᠨ᠎ᠦ ᠨᠡᠭᠡᠭᠡᠯᠲᠡ ᠬᠢᠬᠦ ᠨᠥᠬᠥᠴᠡᠯ ᠳᠣᠣᠷ᠎ᠠ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ᠎ᠳᠦ ᠪᠠᠢᠯᠳᠤᠬᠤ ᠪᠣᠳᠣᠯᠭ᠎ᠠ᠎ᠶᠢᠨ ᠰᠣᠩᠭᠣᠯᠲᠠ ᠬᠠᠩᠭᠠᠪᠠ᠃
ᠠᠵᠤ ᠠᠬᠤᠢ᠎ᠶᠢᠨ ᠨᠡᠮᠡᠭᠳᠡᠯ ᠳᠤᠮᠳᠠᠬᠢ ᠲᠣᠭ᠎ᠠ ᠴᠢᠨᠠᠷ᠎ᠤᠨ ᠬᠤᠪᠢᠷᠠᠭᠤᠯᠤᠯᠲᠠ᠎ᠪᠡᠷ ᠲᠠᠮᠵᠢᠨ ᠳᠡᠭᠡᠭᠰᠢᠯᠡᠬᠦᠯᠬᠦ ᠤᠭ ᠶᠣᠰᠣ᠌᠃ ᠠᠵᠤ ᠠᠬᠤᠢ᠎ᠶᠢᠨ ᠬᠥᠭᠵᠢᠯᠲᠡ ᠨᠢ ᠢᠮᠠᠭᠲᠠ 《ᠲᠣᠭ᠎ᠠ》 ᠪᠠ 《ᠴᠢᠨᠠᠷ》 ᠭᠡᠬᠦ ᠬᠣᠶᠠᠷ ᠣᠷᠭᠠᠨᠢᠭ᠋ ᠨᠢᠭᠡᠳᠦᠯ᠎ᠦᠨ ᠲᠠᠯ᠎ᠠ᠎ᠶᠢ ᠪᠠᠭᠲᠠᠭᠠᠵᠤ ᠪᠠᠢᠳᠠᠭ᠃ ᠲᠣᠭᠠᠨ᠎ᠤ ᠨᠡᠮᠡᠭᠳᠡᠯ ᠨᠢ ᠭᠣᠣᠯᠳᠠᠭᠤ ᠠᠵᠤ ᠠᠬᠤᠢ᠎ᠶᠢᠨ ᠬᠡᠪᠴᠢᠶ᠎ᠡ ᠥᠷᠭᠡᠳᠬᠦ᠂ ᠭᠠᠷᠭᠠᠯᠲᠠ᠎ᠶᠢᠨ ᠶᠡᠷᠦᠩᠬᠡᠢ ᠬᠡᠮᠵᠢᠶ᠎ᠡ ᠪᠠ ᠬᠥᠮᠥᠨ ᠳᠤᠮᠳᠠᠴᠢ᠎ᠶᠢᠨ ᠲᠦᠪᠰᠢᠨ ᠳᠡᠭᠡᠭᠰᠢᠯᠡᠬᠦ ᠵᠡᠷᠭᠡ᠎ᠳᠦ ᠢᠯᠡᠷᠡᠵᠦ᠂ ᠶᠠᠰᠤ ᠴᠢᠨᠠᠷ᠎ᠤᠨ ᠳᠡᠭᠡᠭᠰᠢᠯᠡᠯᠲᠡ ᠨᠢ ᠭᠣᠣᠯᠳᠠᠭᠤ ᠠᠵᠤ ᠠᠬᠤᠢ᠎ᠶᠢᠨ ᠪᠦᠲᠦᠴᠡ ᠰᠢᠯᠢᠳᠡᠭᠵᠢᠬᠦ᠂ ᠦᠷ᠎ᠡ ᠪᠦᠲᠦᠮᠵᠢ ᠳᠡᠭᠡᠭᠰᠢᠯᠡᠬᠦ᠂ ᠦᠷ᠎ᠡ ᠠᠰᠢᠭ᠋ᠰᠠᠢᠵᠢᠷᠠᠬᠤ᠂ ᠤᠶᠠᠨ ᠬᠠᠲᠠᠨ ᠴᠢᠨᠠᠷ ᠴᠢᠩᠭᠠᠷᠠᠬᠤ ᠵᠡᠷᠭᠡ ᠶᠠᠰᠤ ᠴᠢᠨᠠᠷ ᠤᠨ ᠬᠤᠪᠢᠷᠠᠯᠲᠠ᠎ᠪᠠᠷ ᠢᠯᠡᠷᠡᠳᠡᠭ; ᠲᠣᠭᠠᠨ᠎ᠤ ᠬᠤᠷᠠᠮᠳᠤᠯ ᠨᠢ ᠴᠢᠨᠠᠷ᠎ᠤᠨ ᠳᠡᠭᠡᠭᠰᠢᠯᠡᠯᠲᠡ᠎ᠳᠦ ᠨᠥᠬᠥᠴᠡᠯ ᠪᠠ ᠣᠷᠣᠨ ᠵᠠᠢ᠎ᠶᠢ ᠡᠭᠦᠳᠴᠦ᠂ ᠴᠢᠨᠠᠷ᠎ᠤᠨ ᠳᠡᠭᠡᠭᠰᠢᠯᠡᠯᠲᠡ ᠨᠢ ᠲᠣᠭᠠᠨ᠎ᠤ ᠨᠡᠮᠡᠭᠳᠡᠯ᠎ᠦᠨ ᠭᠣᠣᠯ ᠰᠡᠳᠦᠪ ᠪᠠ ᠴᠢᠭᠯᠡᠯ᠎ᠢ ᠲᠣᠭᠲᠠᠭᠠᠨ᠎ᠠ᠃ ᠡᠨᠡ ᠬᠦ᠌ ᠦᠨᠳᠦᠰᠦᠯᠡᠯ ᠨᠢ ᠠᠭᠤᠯᠬᠤᠨᠤ ᠮᠠᠶᠢᠭ᠋᠎ᠤᠨ ᠥᠷᠭᠡᠳᠬᠡᠭᠰᠡᠨ ᠨᠥᠬᠥᠨ ᠦᠢᠯᠡᠳᠪᠦᠷᠢᠯᠡᠯ ᠪᠠ ᠠᠭᠤᠯᠤᠭᠳᠠᠬᠤᠨ᠎ᠤ ᠮᠠᠶᠢᠭ᠋᠎ᠤᠨ ᠥᠷᠭᠡᠳᠬᠡᠭᠰᠡᠨ ᠨᠥᠬᠥᠨ ᠦᠢᠯᠡᠳᠪᠦᠷᠢᠯᠡᠯ᠎ᠦᠨ ᠲᠤᠬᠠᠢ ᠮᠠᠷᠺᠰ᠎ᠤᠨ ᠦᠵᠡᠯ᠎ᠦᠨ ᠤᠯᠤᠰ ᠲᠦᠷᠦ ᠠᠵᠤ ᠠᠬᠤᠢ᠎ᠶᠢᠨ ᠤᠬᠠᠭᠠᠨ᠎ᠤ ᠵᠠᠳᠠᠯᠤᠯᠲᠠ᠎ᠶᠢᠨ ᠪᠣᠷᠣ᠌ ᠲᠥᠯᠥᠪ᠎ᠢ ᠵᠠᠯᠭᠠᠮᠵᠢᠯᠠᠨ ᠬᠥᠭᠵᠢᠭᠦᠯᠵᠦ᠂ ᠤᠳᠤ ᠦᠶ᠎ᠡ᠎ᠶᠢᠨ ᠠᠵᠤ ᠠᠬᠤᠢ᠎ᠶᠢᠨ ᠬᠥᠭᠵᠢᠯᠲᠡ ᠪᠣᠯ ᠲᠣᠭ᠎ᠠ ᠬᠢᠭᠡᠳ ᠴᠢᠨᠠᠷ ᠨᠢ ᠠᠳᠠᠯᠢ ᠪᠤᠰᠤ ᠱᠠᠲᠤᠨ᠎ᠳᠤ ᠬᠠᠷᠢᠯᠴᠠᠨ ᠲᠤᠯᠭᠠᠭᠤᠷᠢᠯᠠᠵᠤ᠂ ᠬᠠᠷᠢᠯᠴᠠᠨ ᠤᠯᠠᠷᠢᠵᠤ᠂ ᠲᠣᠭᠠᠨ᠎ᠤ ᠬᠤᠪᠢᠷᠠᠯᠲᠠ᠎ᠪᠠᠷ ᠴᠢᠨᠠᠷ᠎ᠤᠨ ᠬᠤᠪᠢᠷᠠᠯᠲᠠ᠎ᠶᠢ ᠠᠬᠢᠭᠤᠯᠵᠤ᠂ ᠶᠠᠰᠤ ᠴᠢᠨᠠᠷ᠎ᠢᠶᠠᠷ ᠢᠯᠠᠬᠤ ᠪᠤᠰᠤᠳᠴᠢ ᠵᠢᠮ᠎ᠡ ᠶᠣᠰᠣ᠌᠎ᠶᠢ ᠢᠯᠡᠷᠡᠭᠦᠯᠵᠦ᠂ ᠳᠤᠮᠳᠠᠳᠤ ᠤᠯᠤᠰ᠎ᠤᠨ ᠠᠵᠤ ᠠᠬᠤᠢ᠎ᠶᠢᠨ ᠤᠬᠠᠭᠠᠨ᠎ᠤ ᠬᠥᠭᠵᠢᠯᠲᠡ᠎ᠶᠢᠨ ᠠᠷᠭ᠎ᠠ ᠮᠠᠶᠢᠭ᠋ ᠪᠠ ᠨᠡᠮᠡᠭᠳᠡᠯ᠎ᠦᠨ ᠵᠠᠮ᠎ᠤᠨ ᠲᠤᠬᠠᠢ ᠴᠢᠬᠤᠯᠠ ᠦᠨᠳᠦᠰᠦᠯᠡᠯ᠎ᠢ ᠪᠦᠷᠢᠯᠳᠦᠭᠦᠯᠵᠡᠢ᠃
ᠦᠢᠯᠡᠳᠪᠦᠷᠢᠯᠡᠯ᠎ᠦᠨ ᠬᠦᠴᠦᠨ᠎ᠦ ᠬᠡᠯᠪᠡᠷᠢ ᠵᠢᠨ ᠬᠤᠪᠢᠰᠤᠯ᠎ᠤᠨ ᠤᠭ ᠶᠣᠰᠣ᠌᠃ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ ᠨᠢ ᠰᠢᠨ᠎ᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠠᠴᠠ ᠪᠣᠯᠤᠭᠰᠠᠨ ᠦᠢᠯᠡᠳᠪᠦᠷᠢᠯᠡᠯ᠎ᠦᠨ ᠬᠦᠴᠦᠨ᠎ᠦ ᠦᠰᠦᠷᠦᠯᠲᠡ᠎ᠶᠢᠨ ᠬᠠᠨᠳᠤᠰᠢ᠎ᠳᠤ ᠰᠠᠭᠤᠷᠢᠯᠠᠵᠤ᠂ ᠦᠢᠯᠡᠳᠪᠦᠷᠢᠯᠡᠯ᠎ᠦᠨ ᠬᠦᠴᠦᠨ ᠵᠢᠴᠢ ᠲᠡᠭᠦᠨ᠎ᠦ ᠴᠢᠬᠤᠯᠠ ᠡᠯᠧᠮᠧᠨ᠋ᠲ᠎ᠦᠨ ᠰᠢᠨ᠎ᠡ ᠬᠥᠭᠵᠢᠯᠲᠡ᠎ᠵᠢ ᠳᠡᠭᠡᠳᠦ ᠬᠡᠮᠵᠢᠶ᠎ᠡ ᠪᠡᠷ ᠪᠤᠯᠪᠠᠰᠤᠷᠠᠭᠤᠯᠵᠤ᠂ ᠰᠢᠨ᠎ᠡ ᠦᠢᠯᠡᠳᠪᠦᠷᠢᠯᠡᠯ᠎ᠦᠨ ᠬᠦᠴᠦᠨ ᠪᠣᠯ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠲᠠᠢ ᠨᠡᠢᠴᠡᠬᠦ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠦ ᠬᠡᠯᠪᠡᠷᠢ ᠮᠥᠨ ᠭᠡᠵᠦ ᠳᠤᠷᠠᠳᠴᠤ᠂ ᠬᠥᠳᠡᠯᠮᠦᠷᠢᠴᠢᠳ᠂ ᠬᠥᠳᠡᠯᠮᠦᠷᠢ᠎ᠶᠢᠨ ᠬᠡᠷᠡᠭᠰᠡᠯ᠂ ᠬᠥᠳᠡᠯᠮᠦᠷᠢ᠎ᠶᠢᠨ ᠡᠳᠡᠬᠡᠳ ᠵᠢᠴᠢ ᠰᠢᠯᠢᠳᠡᠭᠵᠢᠭᠦᠯᠦᠨ ᠵᠣᠬᠢᠶᠠᠨ ᠪᠠᠶ᠋ᠢᠭᠤᠯᠬᠤ ᠦᠰᠦᠷᠦᠯᠲᠡ᠎ᠪᠡᠷ ᠦᠨᠳᠦᠰᠦᠨ ᠠᠭᠤᠯᠤᠭᠳᠠᠬᠤᠨ ᠪᠣᠯᠭᠠᠪᠠ᠃ ᠡᠨᠡ ᠬᠦ ᠤᠭ ᠶᠣᠰᠣ᠌᠎ᠶᠢᠨ ᠴᠢᠨᠠᠷᠲᠠᠢ ᠦᠷ᠎ᠡ ᠪᠦᠲᠦᠭᠡᠯ ᠨᠢ ᠦᠢᠯᠡᠳᠪᠦᠷᠢᠯᠡᠯ᠎ᠦᠨ ᠬᠦᠴᠦᠨ᠎ᠦ ᠴᠢᠨᠠᠷ᠎ᠤᠨ ᠦᠰᠦᠷᠦᠯᠲᠡ᠎ᠶᠢᠨ ᠳᠣᠲᠣᠭᠠᠳᠤ ᠵᠢᠮ᠎ᠡ ᠶᠣᠰᠣ᠌᠎ᠶᠢ ᠭᠦᠨᠵᠡᠭᠡᠢ ᠢᠯᠡᠷᠡᠭᠦᠯᠵᠦ᠂ ᠦᠢᠯᠡᠳᠪᠦᠷᠢᠯᠡᠯ᠎ᠦᠨ ᠬᠦᠴᠦᠨ᠎ᠦ 《ᠴᠢᠨᠠᠷ》᠎ᠤ᠋ᠨ ᠲᠣᠭᠲᠠᠭᠠᠯᠲᠤ ᠴᠢᠨᠠᠷ ᠪᠣᠯᠣᠨ 《ᠲᠣᠭ᠎ᠠ》 ᠵᠢᠨ ᠲᠣᠭᠲᠠᠭᠠᠯᠲᠤ ᠴᠢᠨᠠᠷ᠎ᠢ ᠰᠢᠨᠵᠢᠯᠡᠬᠦ ᠤᠬᠠᠭᠠᠨᠴᠢ᠎ᠪᠠᠷ ᠢᠯᠭᠠᠨ ᠲᠠᠨᠢᠵᠤ᠂ ᠦᠢᠯᠡᠳᠪᠦᠷᠢᠯᠡᠯ᠎ᠦᠨ ᠬᠦᠴᠦᠨ᠎ᠦ ᠬᠡᠯᠪᠡᠷᠢ ᠵᠢᠨ ᠰᠢᠨᠵᠢ ᠴᠢᠨᠠᠷ᠎ᠤᠨ ᠲᠤᠬᠠᠢ ᠲᠠᠨᠢᠯᠲᠠ᠎ᠶᠢ ᠥᠷᠭᠡᠳᠬᠡᠪᠡ᠃
ᠵᠠᠰᠠᠭ᠎ᠤᠨ ᠣᠷᠳᠣᠨᠵᠠᠬᠠ ᠳᠡᠯᠭᠡᠭᠦᠷ᠎ᠦᠨ ᠬᠠᠮᠵᠢᠯᠴᠠᠬᠤ ᠦᠢᠯᠡᠳᠦᠯ᠎ᠦᠨ ᠤᠭ ᠶᠣᠰᠣ᠌᠃ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ ᠪᠣᠯ ᠠᠵᠤ ᠠᠬᠤᠢ᠎ᠶᠢ ᠲᠣᠬᠢᠷᠠᠭᠤᠯᠬᠤ ᠬᠣᠶᠠᠷ ᠵᠦᠢᠯ᠎ᠦᠨ ᠠᠷᠭ᠎ᠠ ᠬᠡᠷᠡᠭᠯᠡᠭᠦᠷ ᠮᠥᠨ᠃ ᠡᠬᠢ ᠪᠠᠶᠠᠯᠢᠭ᠋᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠪᠠᠳᠠᠷᠠᠭᠤᠯᠬᠤ᠎ᠳᠤ ᠭᠣᠣᠯᠳᠠᠭᠤ ᠦᠨ᠎ᠡ ᠬᠠᠩᠰᠢ᠎ᠶᠢᠨ ᠲᠣᠭᠲᠠᠴᠠ᠂ ᠥᠷᠢᠰᠦᠯᠳᠦᠭᠡᠨ᠎ᠦ ᠲᠣᠭᠲᠠᠴᠠ᠎ᠳᠤ ᠲᠦᠰᠢᠭᠯᠡᠨ ᠡᠬᠢ ᠪᠠᠶᠠᠯᠢᠭ᠋᠎ᠢ ᠥᠨᠳᠥᠷ ᠪᠦᠲᠦᠮᠵᠢᠲᠡᠢ᠎ᠪᠡᠷ ᠲᠣᠬᠢᠷᠠᠭᠤᠯᠬᠤ᠎ᠶᠢ ᠪᠡᠶᠡᠯᠡᠭᠦᠯᠵᠦ᠂ ᠠᠵᠤ ᠠᠬᠤᠢ᠎ᠶᠢᠨ ᠬᠥᠭᠵᠢᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ; ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠨ ᠪᠠᠳᠠᠷᠠᠭᠤᠯᠬᠤ᠎ᠳᠤ ᠭᠣᠣᠯᠳᠠᠭᠤ ᠲᠥᠯᠦᠪᠵᠢᠭᠦᠯᠭᠡ᠂ ᠲᠦᠷᠦ᠎ᠶᠢᠨ ᠪᠣᠳᠣᠯᠭ᠎ᠠ ᠪᠠ ᠮᠡᠷᠭᠡᠵᠢᠯ᠎ᠦᠨ ᠪᠠᠷᠢᠮᠵᠢᠶ᠎ᠠ ᠵᠡᠷᠭᠡ ᠠᠷᠭ᠎ᠠ ᠬᠡᠯᠪᠡᠷᠢ᠎ᠪᠡᠷ ᠳᠠᠮᠵᠢᠨ ᠬᠣᠷᠸ᠎ᠠ ᠠᠵᠤ ᠠᠬᠤᠢ᠎ᠶᠢᠨ ᠵᠠᠰᠠᠯᠲᠠ᠎ᠶᠢ ᠪᠦᠲᠦᠮᠵᠢᠲᠡᠢ ᠥᠷᠨᠢᠭᠦᠯᠵᠦ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢ ᠵᠢᠷᠤᠮᠵᠢᠭᠤᠯᠤᠨ ᠬᠡᠷᠡᠭᠵᠢᠭᠦᠯᠵᠦ᠂ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠵᠤ᠂ ᠲᠥᠪ ᠭᠣᠣᠯᠴᠢ ᠰᠢᠳᠤᠷᠭᠤ ᠶᠣᠰᠣ᠌᠎ᠶᠢ ᠪᠠᠲᠤᠯᠠᠨ᠂ ᠵᠠᠬ᠎ᠠ ᠳᠡᠯᠭᠡᠭᠦᠷ᠎ᠦᠨ ᠦᠢᠯᠡᠳᠦᠯ᠎ᠢᠶᠡᠨ ᠠᠯᠳᠠᠬᠤ᠎ᠶᠢ ᠨᠥᠬᠥᠪᠦᠷᠢᠯᠡᠨ᠎ᠡ᠃ ᠵᠠᠬ᠎ᠠ ᠳᠡᠯᠭᠡᠭᠦᠷ᠎ᠦᠨ ᠪᠦᠲᠦᠮᠵᠢᠲᠡᠢ ᠠᠵᠢᠯᠯᠠᠭᠠᠨ ᠨᠢ ᠵᠠᠰᠠᠭ᠎ᠤᠨ ᠣᠷᠳᠣᠨ᠎ᠤ ᠳᠦᠷᠢᠮ᠎ᠢ ᠬᠠᠮᠠᠭᠠᠯᠠᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ ᠰᠠᠭᠤᠷᠢ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ ᠶᠤᠮ᠂ ᠵᠠᠰᠠᠭ᠎ᠤᠨ ᠣᠷᠳᠣᠨ᠎ᠤ ᠦᠢᠯᠡᠳᠦᠯ᠎ᠢᠶᠡᠨ ᠨᠡᠩ ᠰᠠᠢᠲᠤᠷ ᠪᠠᠳᠠᠷᠠᠭᠤᠯᠬᠤ᠎ᠳᠤ ᠡᠷᠬᠡᠪᠰᠢ ᠵᠠᠬ᠎ᠠ ᠳᠡᠯᠭᠡᠭᠦᠷ᠎ᠦᠨ ᠵᠢᠮ᠎ᠡ ᠶᠣᠰᠣ᠌᠎ᠶᠢ ᠬᠦᠨᠳᠦᠳᠬᠡᠬᠦ᠂ ᠵᠠᠬ᠎ᠠ ᠳᠡᠯᠭᠡᠭᠦᠷ᠎ᠦᠨ ᠬᠥᠭᠵᠢᠯᠲᠡ᠎ᠶᠢᠨ ᠬᠠᠨᠳᠤᠰᠢ᠎ᠳᠤ ᠨᠡᠢᠴᠡᠭᠦᠯᠬᠦ᠎ᠪᠡᠷ ᠦᠨᠳᠦᠰᠦᠨ ᠤᠷᠢᠲᠠᠯ ᠪᠣᠯᠭᠠᠬᠤ ᠬᠡᠷᠡᠭᠲᠡᠢ᠃ ᠡᠨᠡ ᠬᠦ᠌ ᠤᠭ ᠶᠣᠰᠣ᠌ ᠨᠢ ᠨᠡᠢᠭᠡᠮ ᠵᠢᠷᠤᠮ᠎ᠤᠨ ᠦᠨᠳᠦᠰᠦᠨ ᠪᠠᠢᠭᠤᠯᠤᠯ ᠪᠣᠯᠣᠨ ᠵᠠᠬ᠎ᠠ ᠳᠡᠯᠭᠡᠭᠦᠷ᠎ᠦᠨ ᠠᠵᠤ ᠠᠬᠤᠢ᠎ᠶᠢ ᠣᠷᠭᠠᠨᠢᠭ᠋᠎ᠢᠶᠠᠷ ᠤᠶᠠᠯᠳᠤᠭᠤᠯᠤᠭᠰᠠᠨ ᠳᠣᠲᠣᠭᠠᠳᠤ ᠯᠣᠭᠢᠭ᠋᠎ᠢ ᠭᠦᠨᠵᠡᠭᠡᠢ ᠢᠯᠡᠷᠡᠭᠦᠯᠵᠦ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠶ᠋ᠢᠭᠤᠯᠬᠤ᠎ᠳᠤ ᠤᠨᠤᠯ᠎ᠤᠨ ᠲᠤᠯᠭᠠᠭᠤᠷᠢᠯᠠᠯ ᠬᠠᠩᠭᠠᠪᠠ᠃
ᠤᠤᠭᠠᠯ ᠡᠭᠦᠳᠦᠯᠲᠡ᠎ᠶᠢᠨ ᠴᠢᠨᠠᠷᠲᠠᠢ ᠤᠨᠤᠯ᠎ᠢ ᠳᠤᠷᠠᠳᠴᠤ᠂ ᠦᠢᠯᠡᠳᠦᠯᠭᠡ᠎ᠶᠢᠨ ᠳᠤᠮᠳᠠ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠢ ᠪᠠᠢᠭᠤᠯᠤᠨ᠎ᠠ
ᠣᠨᠴᠠᠯᠢᠭ᠋᠎ᠢ ᠳ᠋ᠦᠩᠨᠡᠬᠦ᠂ ᠦᠵᠡᠭᠳᠡᠯ᠎ᠢ ᠲᠠᠢᠯᠪᠤᠷᠢᠯᠠᠬᠤ᠂ ᠪᠤᠢ ᠪᠣᠯᠤᠭᠰᠠᠨ ᠰᠢᠯᠲᠠᠭᠠᠨ ᠪᠠ ᠢᠯᠡᠷᠡᠭᠦᠯᠬᠦ ᠵᠢᠮ᠎ᠡ ᠶᠣᠰᠣ᠌᠎ᠶᠢ ᠵᠠᠳᠠᠯᠬᠤ᠎ᠪᠠᠷ ᠳᠠᠮᠵᠢᠨ᠂ ᠢᠯᠡ ᠲᠤᠳᠤ ᠤᠨᠴᠠᠯᠢᠭ ᠪᠦᠬᠦᠢ ᠤᠬᠠᠭᠳᠠᠬᠤᠨ ᠪᠠ ᠦᠨᠳᠦᠰᠦᠯᠡᠯ᠎ᠦᠨ ᠴᠢᠨᠠᠷᠲᠠᠢ ᠦᠷ᠎ᠡ ᠪᠦᠲᠦᠭᠡᠯ᠎ᠢᠶᠡᠷ ᠰᠠᠭᠤᠷᠢ ᠪᠣᠯᠭᠠᠵᠤ᠂ ᠪᠢᠰᠢᠷᠡᠭᠦᠯᠬᠦ ᠬᠦᠴᠦᠨ᠂ ᠵᠢᠯᠤᠭᠣᠳᠬᠤ ᠴᠢᠨᠠᠷ ᠪᠠ ᠵᠥᠩᠨᠡᠯᠲᠡ᠎ᠶᠢᠨ ᠴᠢᠨᠠᠷᠲᠠᠢ ᠤᠤᠭᠠᠯ ᠡᠭᠦᠳᠦᠯᠲᠡ᠎ᠶᠢᠨ ᠴᠢᠨᠠᠷᠲᠠᠢ ᠤᠨᠤᠯ᠎ᠢ ᠳᠤᠷᠠᠳᠤᠨ ᠭᠠᠷᠭᠠᠨ᠎ᠠ᠃
ᠵᠢᠱ᠌ᠢᠶᠡᠯᠡᠪᠡᠯ᠂ ᠵᠠᠰᠠᠭ᠎ᠤᠨ ᠣᠷᠳᠣᠨ ᠵᠠᠬ᠎ᠠ ᠳᠡᠯᠭᠡᠭᠦᠷ᠎ᠦᠨ ᠬᠠᠮᠵᠢᠯᠴᠠᠬᠤ ᠦᠢᠯᠡᠳᠦᠯ᠎ᠦᠨ ᠤᠭ ᠶᠣᠰᠣᠨ᠎ᠤ ᠰᠠᠭᠤᠷᠢᠨ ᠳᠡᠭᠡᠷ᠎ᠡ ᠪᠦᠲᠦᠮᠵᠢᠲᠡᠶ ᠵᠠᠬ᠎ᠠ ᠳᠡᠯᠭᠡᠭᠦᠷ ᠪᠠ ᠢᠳᠡᠪᠬᠢ ᠦᠢᠯᠡᠳᠦᠯ ᠪᠦᠬᠦᠢ ᠵᠠᠰᠠᠭ᠎ᠤᠨ ᠣᠷᠳᠣᠨ ᠢ ᠤᠶᠠᠯᠳᠤᠭᠤᠯᠤᠭᠰᠠᠨ ᠠᠩᠬᠠᠨ᠎ᠤ ᠡᠭᠦᠳᠦᠯᠲᠡ᠎ᠶᠢᠨ ᠴᠢᠨᠠᠷᠲᠠᠢ ᠣᠨᠣᠯ᠎ᠢ ᠪᠣᠶ ᠪᠣᠯᠭᠠᠨ᠎ᠠ᠃ ᠡᠨᠡ ᠬᠦ᠌ ᠤᠨᠤᠯ᠎ᠤᠨ ᠭᠣᠣᠯᠳᠠᠯᠭ᠎ᠠ᠎ᠳᠤ᠄ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠳᠠᠬᠢ ᠵᠠᠬ᠎ᠠ ᠳᠡᠯᠭᠡᠭᠦᠷ᠎ᠦᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ ᠬᠡᠷᠡᠭᠲᠠᠢ; ᠵᠠᠰᠠᠭ᠎ᠤᠨ ᠣᠷᠳᠣᠨ ᠵᠠᠷᠢᠮ᠎ᠢ ᠨᠢ ᠬᠢᠵᠦ᠂ ᠵᠠᠷᠢᠮ᠎ᠢ ᠨᠢ ᠬᠢᠬᠦ ᠦᠭᠡᠢ ᠪᠠᠢᠵᠤ᠂ ᠬᠠᠷᠢᠭᠤᠴᠠᠯᠭ᠎ᠠ ᠠᠯᠳᠠᠬᠤ ᠪᠤᠶᠤ ᠡᠷᠬᠡ ᠡᠴᠡ ᠳᠠᠪᠠᠬᠤ ᠠᠰᠠᠭᠤᠳᠠᠯ᠎ᠢ ᠰᠠᠢᠲᠤᠷ ᠰᠢᠢᠳᠪᠦᠷᠢᠯᠡᠬᠦ ᠬᠡᠷᠡᠭᠲᠡᠢ; ᠵᠠᠰᠠᠭ᠎ᠤᠨ ᠣᠷᠳᠣᠨ᠎ᠤ ᠠᠵᠢᠯᠯᠠᠭ᠎ᠠ ᠤᠯᠠᠮ ᠳᠦᠷᠢᠮᠵᠢᠬᠦ ᠲᠤᠲᠤᠮ ᠵᠠᠬ᠎ᠠ ᠳᠡᠯᠭᠡᠭᠦᠷ᠎ᠦᠨ ᠦᠢᠯᠡᠳᠦᠯ ᠤᠯᠠᠮ ᠪᠦᠲᠦᠮᠵᠢᠲᠡᠶ ᠪᠣᠯᠳᠠᠭ; 《ᠠᠮᠢᠳᠤᠯᠢᠭ᠋》 ᠮᠥᠷᠲᠡᠭᠡᠨ 《ᠬᠠᠮᠢᠶᠠᠷᠴᠤ ᠴᠢᠳᠠᠬᠤ》 ᠠᠵᠤ ᠠᠬᠤᠢ᠎ᠶᠢᠨ ᠡᠮᠬᠢ ᠵᠢᠷᠤᠮ᠎ᠢ ᠴᠢᠷᠮᠠᠢᠨ ᠪᠤᠢ ᠪᠣᠯᠭᠠᠬᠤ ᠬᠡᠷᠡᠭᠲᠡᠢ; ᠡᠨᠡ ᠬᠦ᠌ ᠤᠨᠤᠯ ᠨᠢ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠳᠠᠪᠠᠭᠤᠯᠢᠭ᠋ ᠲᠠᠯ᠎ᠠ᠎ᠶᠢ ᠭᠦᠢᠴᠡᠳ ᠪᠠᠳᠠᠷᠠᠭᠤᠯᠤᠭᠰᠠᠨ᠎ᠢᠶᠠᠷ ᠪᠠᠷᠠᠬᠤ ᠦᠭᠡᠢ ᠪᠠᠰᠠ ᠨᠡᠢᠭᠡᠮ ᠵᠢᠷᠤᠮᠲᠤ ᠪᠠᠢᠭᠤᠯᠤᠯ᠎ᠤᠨ ᠳᠠᠪᠠᠭᠤᠯᠢᠭ᠋ ᠴᠢᠨᠠᠷ᠎ᠢ ᠢᠯᠡᠷᠡᠭᠦᠯᠵᠦ᠂ ᠵᠠᠬ᠎ᠠ ᠳᠡᠯᠭᠡᠭᠦᠷ ᠪᠠ ᠵᠠᠰᠠᠭ᠎ᠤᠨ ᠣᠷᠳᠣᠨ᠎ᠤ ᠲᠤᠰ ᠲᠤᠰ᠎ᠤᠨ ᠣᠷᠣᠨ ᠪᠠᠢᠷᠢ᠎ᠪᠠᠨ ᠦᠨᠳᠦᠰᠦᠯᠡᠨ᠂ ᠲᠤᠰ ᠲᠤᠰ᠎ᠤᠨ ᠳᠠᠪᠠᠭᠤᠯᠢᠭ᠋ ᠲᠠᠯ᠎ᠠ᠎ᠪᠠᠨ ᠪᠠᠳᠠᠷᠠᠭᠤᠯᠵᠤ᠂ ᠬᠠᠮᠵᠢᠯᠴᠠᠨ ᠬᠦᠴᠦᠯᠡᠬᠦ᠎ᠶᠢ ᠠᠬᠢᠭᠤᠯᠪᠠ᠃ ᠡᠨᠡ ᠬᠦ᠌ ᠤᠨᠤᠯ ᠨᠢ ᠦᠢᠯᠡᠳᠪᠦᠷᠢᠯᠡᠯ᠎ᠦᠨ ᠬᠦᠴᠦᠨ ᠪᠠ ᠦᠢᠯᠡᠳᠪᠦᠷᠢᠯᠡᠯ᠎ᠦᠨ ᠬᠠᠷᠢᠴᠠᠭ᠎ᠠ᠂ ᠠᠵᠤ ᠠᠬᠤᠢ᠎ᠶᠢᠨ ᠰᠠᠭᠤᠷᠢ ᠪᠠ ᠲᠡᠭᠡᠳᠦ ᠳᠠᠪᠬᠤᠷᠭ᠎ᠠ᠎ᠶᠢᠨ ᠬᠤᠪᠢᠰᠤᠩᠭᠤᠢ ᠨᠢᠭᠡᠳᠦᠯ᠎ᠦᠨ ᠲᠤᠬᠠᠢ ᠮᠠᠷᠺᠰ᠎ᠤᠨ ᠦᠵᠡᠯ᠎ᠦᠨ ᠤᠯᠤᠰ ᠲᠦᠷᠦ ᠠᠵᠤ ᠠᠬᠤᠢ᠎ᠶᠢᠨ ᠤᠬᠠᠭᠠᠨ᠎ᠤ ᠭᠣᠣᠯ ᠦᠨᠳᠦᠰᠦᠯᠡᠯ᠎ᠢ ᠪᠦᠲᠦᠭᠡᠯᠴᠢ᠎ᠪᠡᠷ ᠵᠠᠯᠭᠠᠮᠵᠢᠯᠠᠨ ᠬᠥᠭᠵᠢᠭᠦᠯᠵᠦ ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠦᠨ ᠬᠠᠷᠢᠴᠠᠭ᠎ᠠ ᠭᠡᠬᠦ ᠡᠨᠡ ᠬᠦ᠌ ᠳᠡᠯᠡᠬᠡᠢ᠎ᠶᠢᠨ ᠴᠢᠨᠠᠷᠲᠠᠢ ᠪᠡᠷᠬᠡ ᠰᠡᠳᠦᠪ᠎ᠢ ᠰᠢᠢᠳᠪᠦᠷᠢᠯᠡᠬᠦ᠎ᠳᠦ ᠳᠤᠮᠳᠠᠳᠤ ᠤᠯᠤᠰ᠎ᠤᠨ ᠲᠥᠰᠥᠯ᠎ᠢ ᠨᠡᠮᠡᠷᠢᠯᠡᠭᠰᠠᠨ ᠪᠠᠢᠨ᠎ᠠ᠃
ᠪᠠᠰᠠ ᠵᠢᠱ᠌ᠢᠶᠡᠯᠡᠪᠡᠯ᠂ ᠵᠠᠰᠠᠭ᠎ᠤᠨ ᠣᠷᠳᠣᠨ᠎ᠤ 《ᠢᠳᠡᠪᠬᠢ ᠦᠢᠯᠡᠳᠦᠯ》ᠵᠢᠡᠷ ᠭᠣᠣᠯᠯᠠᠭᠤᠯᠤᠨ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠨᠥᠬᠥᠴᠡᠯ ᠳᠣᠣᠷᠠᠬᠢ ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠣᠨᠣᠯ᠎ᠢ ᠪᠦᠷᠢᠯᠳᠦᠭᠦᠯᠦᠭᠰᠡᠨ ᠪᠠᠢᠨ᠎ᠠ᠃ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠬᠠᠷᠠᠭᠠᠰᠤ ᠡᠴᠡ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠪᠡᠷ ᠪᠠᠢᠯᠳᠤᠬᠤ ᠪᠣᠳᠣᠯᠭ᠎ᠠ᠎ᠶᠢᠨ ᠤᠳᠤᠷᠢᠳᠤᠮᠵᠢ ᠪᠣᠯᠭᠠᠵᠤ᠂ ᠡᠳ᠋᠎ᠦᠨ ᠵᠠᠰᠠᠭ᠎ᠤᠨ ᠲᠦᠷᠦ᠎ᠶᠢᠨ ᠪᠣᠳᠣᠯᠭ᠎ᠠ ᠪᠣᠯᠣᠨ ᠵᠣᠭᠣᠰᠤᠨ᠎ᠤ ᠲᠦᠷᠦ᠎ᠶᠢᠨ ᠪᠣᠳᠣᠯᠭ᠎ᠠ᠎ᠪᠠᠷ ᠭᠣᠣᠯ ᠠᠷᠭ᠎ᠠ ᠪᠠᠷᠢᠯ ᠪᠣᠯᠭᠠᠵᠤ᠂ ᠠᠵᠢᠯ ᠣᠯᠭᠣᠯᠲᠠ᠂ ᠪᠡᠯᠡ ᠣᠷᠣᠭᠤᠯᠤᠯᠲᠠ᠂ ᠬᠡᠷᠡᠭᠯᠡᠭᠡ᠂ ᠣᠷᠣᠨ ᠪᠦᠰᠡ᠂ ᠣᠷᠴᠢᠨ ᠲᠣᠭᠣᠷᠢᠨ᠎ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠲᠦᠷᠦ᠎ᠶᠢᠨ ᠪᠣᠳᠣᠯᠭ᠎ᠠ᠎ᠶᠢᠨ ᠬᠠᠮᠵᠢᠯᠴᠠᠨ ᠬᠦᠴᠦᠯᠡᠬᠦ᠎ᠶᠢ ᠪᠠᠭᠲᠠᠭᠠᠭᠰᠠᠨ ᠳᠦᠷᠢᠮ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠪᠠᠢᠭᠤᠯᠵᠤ᠂ ᠲᠦᠷᠦ᠎ᠶᠢᠨ ᠪᠣᠳᠣᠯᠭ᠎ᠠ᠎ᠶᠢᠨ ᠬᠠᠨᠳᠤᠰᠢ᠎ᠶᠢᠨ ᠨᠢᠭᠡᠳᠦᠯᠲᠦ ᠴᠢᠨᠠᠷ᠎ᠢ ᠴᠢᠩᠭᠠᠳᠬᠠᠬᠤ᠂ ᠰᠥᠷᠭᠡᠦ ᠦᠶᠡᠯᠡᠯ᠎ᠦᠨ ᠬᠤᠭᠤᠴᠠᠭ᠎ᠠ ᠪᠠ ᠦᠶᠡᠯᠡᠯ ᠠᠯᠤᠰᠯᠠᠭᠰᠠᠨ ᠲᠣᠬᠢᠷᠠᠭᠤᠯᠤᠯᠲᠠ᠎ᠶᠢ ᠴᠢᠩᠭᠠᠳᠬᠠᠬᠤ ᠵᠢᠴᠢ ᠦᠢᠯᠡ ᠠᠵᠢᠯᠯᠠᠭ᠎ᠠ᠎ᠶᠢ ᠬᠥᠲᠥᠯᠥᠨ ᠵᠢᠯᠤᠭᠣᠳᠬᠤ ᠪᠠ ᠵᠢᠱ᠌ᠢᠯᠲᠡ᠎ᠶᠢ ᠵᠡᠷᠭᠡ᠎ᠪᠡᠷ ᠴᠢᠬᠤᠯᠠᠴᠢᠯᠠᠬᠤ ᠵᠡᠷᠭᠡ ᠰᠢᠨ᠎ᠡ᠎ᠶᠢ ᠡᠭᠦᠳᠬᠦ ᠠᠷᠭ᠎ᠠ ᠬᠡᠯᠪᠡᠷᠢ᠎ᠪᠡᠷ ᠳᠠᠮᠵᠢᠭᠤᠯᠵᠤ᠂ ᠤᠯᠠᠨ ᠬᠠᠷᠠᠯᠲᠠ᠎ᠠᠴᠠ ᠬᠥᠳᠡᠯᠦᠩᠭᠦᠢ ᠲᠡᠩᠴᠡᠭᠦᠷᠢ᠎ᠶᠢ ᠡᠷᠢᠯᠬᠢᠯᠡᠵᠦ᠂ ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢ ᠴᠢᠬᠤᠯᠠᠴᠢᠯᠠᠪᠠ᠃ ᠠᠵᠤ ᠠᠬᠤᠢ᠎ᠶᠢᠨ ᠨᠡᠮᠡᠭᠳᠡᠯ᠂ ᠪᠠᠷᠠᠭᠠᠨ᠎ᠤ ᠦᠨ᠎ᠡ᠎ᠶᠢᠨ ᠲᠣᠭᠲᠠᠭᠤᠨ᠂ ᠭᠦᠢᠴᠡᠳ ᠠᠵᠢᠯ ᠣᠯᠭᠣᠯᠲᠠ᠂ ᠤᠯᠠᠨ ᠤᠯᠤᠰ᠎ᠤᠨ ᠣᠷᠣᠯᠭ᠎ᠠ ᠵᠠᠷᠤᠯᠭ᠎ᠠ᠎ᠶᠢᠨ ᠲᠡᠩᠴᠡᠭᠦᠷᠢ ᠵᠡᠷᠭᠡ ᠤᠯᠠᠮᠵᠢᠯᠠᠯᠲᠤ ᠬᠣᠷᠸ᠎ᠠ ᠲᠣᠬᠢᠷᠠᠭᠤᠯᠭ᠎ᠠ ᠡᠵᠡᠮᠱᠢᠯ᠎ᠦᠨ ᠬᠠᠷᠠᠯᠲᠠ᠎ᠶᠢ ᠠᠩᠬᠠᠷᠬᠤ᠎ᠠᠴᠠ ᠭᠠᠳᠠᠨ᠎ᠠ᠂ ᠬᠣᠷᠸ᠎ᠠ ᠠᠵᠤ ᠠᠬᠤᠢ᠎ᠶᠢᠨ ᠵᠠᠰᠠᠯᠲᠠ ᠨᠢ ᠪᠠᠰᠠ ᠠᠵᠤ ᠦᠢᠯᠡᠰ ᠪᠣᠯᠣᠨ ᠣᠷᠣᠨ ᠪᠦᠰᠡ᠎ᠶᠢᠨ ᠪᠦᠲᠦᠴᠡ᠎ᠶᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠮᠢ ᠠᠬᠤᠢ᠎ᠶᠢᠨ ᠪᠣᠯᠪᠠᠰᠤᠨ᠂ ᠬᠥᠭᠵᠢᠯᠲᠡ ᠪᠣᠯᠣᠨ ᠠᠮᠤᠷ ᠲᠦᠪᠰᠢᠨ ᠵᠡᠷᠭᠡ᠎ᠶᠢ ᠵᠠᠰᠠᠯᠲᠠ᠎ᠶᠢᠨ ᠬᠦᠷᠢᠶ᠎ᠡ ᠬᠡᠪᠴᠢᠶᠡᠨ᠎ᠳᠦ ᠣᠷᠣᠭᠤᠯᠤᠭᠰᠠᠨ ᠪᠥᠭᠡᠳ ᠵᠣᠬᠢᠴᠠᠩᠭᠤᠢ ᠵᠠᠰᠠᠯᠲᠠ᠎ᠶᠢᠨ ᠠᠷᠭ᠎ᠠ ᠬᠡᠮᠵᠢᠶ᠎ᠡ᠎ᠶᠢ ᠵᠢᠷᠤᠵᠤ ᠲᠥᠯᠥᠪᠯᠡᠵᠡᠢ᠂ ᠡᠨᠡ ᠨᠢ ᠪᠦᠬᠦ ᠨᠡᠢᠭᠡᠮ᠎ᠦᠨ ᠳᠣᠲᠣᠭᠠᠳᠤ ᠬᠥᠳᠡᠯᠭᠡᠬᠦ ᠬᠦᠴᠦᠨ ᠪᠣᠯᠣᠨ ᠪᠦᠲᠦᠭᠡᠯᠴᠢ ᠬᠦᠴᠦᠨ᠎ᠢ ᠬᠥᠭᠵᠢᠭᠡᠬᠦ᠎ᠳᠦ ᠠᠰᠢᠭ᠍ᠲᠠᠢ ᠶᠤᠮ᠃ ᠡᠨᠡ ᠬᠦ᠌ ᠤᠨᠤᠯ ᠨᠢ ᠥᠷᠥᠨᠡᠳᠠᠬᠢᠨ᠎ᠤ ᠠᠵᠤ ᠠᠬᠤᠢ᠎ᠶᠢᠨ ᠤᠬᠠᠭᠠᠨ᠎ᠤ ᠭᠣᠣᠯᠳᠠᠭᠤ ᠵᠠᠰᠠᠭ᠎ᠤᠨ ᠣᠷᠳᠣᠨ᠎ᠠᠴᠠ ᠡᠳ᠋᠎ᠦᠨ ᠵᠠᠰᠠᠭ᠂ ᠵᠣᠭᠣᠰ ᠵᠡᠷᠭᠡ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢ ᠬᠡᠷᠡᠭᠯᠡᠨ ᠶᠡᠷᠦᠩᠬᠡᠢ ᠬᠡᠮᠵᠢᠶᠡᠨ᠎ᠦ ᠬᠠᠮᠢᠶᠠᠷᠤᠯᠲᠠ ᠬᠢᠬᠦ ᠬᠣᠷᠸ᠎ᠠ ᠲᠣᠬᠢᠷᠠᠭᠤᠯᠭ᠎ᠠ ᠡᠵᠡᠮᠰᠢᠯ᠎ᠦᠨ ᠤᠨᠤᠯ᠎ᠠᠴᠠ ᠳᠠᠪᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠤᠯᠤᠰ ᠲᠦᠷᠦ ᠠᠵᠤ ᠠᠬᠤᠢ᠎ᠶᠢᠨ ᠤᠬᠠᠭᠠᠨ᠎ᠤ ᠤᠯᠤᠰ ᠠᠷᠠᠳ᠎ᠤᠨ ᠠᠵᠤ ᠠᠬᠤᠢ᠎ᠶᠢ ᠶᠡᠷᠦᠩᠬᠡᠢᠯᠡᠨ ᠲᠡᠩᠴᠡᠭᠦᠷᠢᠲᠡᠢ ᠪᠠᠢᠯᠭᠠᠬᠤ ᠵᠢᠴᠢ ᠬᠣᠷᠸ᠎ᠠ ᠠᠵᠤ ᠠᠬᠤᠢ᠎ᠶᠢᠨ ᠬᠠᠮᠢᠶᠠᠷᠤᠯᠲᠠ ᠪᠠ ᠬᠣᠷᠸ᠎ᠠ ᠲᠣᠬᠢᠷᠠᠭᠤᠯᠭ᠎ᠠ ᠡᠵᠡᠮᠰᠢᠯ᠎ᠦᠨ ᠲᠤᠬᠠᠢ ᠤᠨᠤᠯ᠎ᠢ ᠬᠥᠭᠵᠢᠭᠦᠯᠵᠡᠢ᠂ ᠡᠨᠡ ᠪᠣᠯ ᠳᠤᠮᠳᠠᠳᠤ ᠤᠯᠤᠰ᠎ᠤᠨ ᠠᠵᠤ ᠠᠬᠤᠢ᠎ᠶᠢᠨ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲᠧᠮ᠎ᠦᠨ ᠴᠢᠬᠤᠯᠠ ᠤᠤᠭᠠᠯ ᠡᠭᠦᠳᠦᠯᠲᠡ᠎ᠶᠢᠨ ᠴᠢᠨᠠᠷᠲᠠᠢ ᠤᠨᠤᠯ᠎ᠤᠨ ᠦᠷ᠎ᠡ ᠪᠦᠲᠦᠭᠡᠯ᠎ᠦᠨ ᠨᠢᠭᠡ ᠪᠣᠯᠣᠨ᠎ᠠ᠃
(ᠵᠣᠬᠢᠶᠠᠭ᠍ᠴᠢ ᠵᠢᠨ ᠬᠠᠶᠢᠭ᠄ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ᠎ᠶᠢ ᠰᠤᠳᠤᠯᠬᠤ ᠲᠥᠪ)
᠊᠊᠊᠊᠊᠊᠊ 《ᠠᠷᠠᠳ᠎ᠤᠨ ᠡᠳᠦᠷ᠎ᠦᠨ ᠰᠣᠨᠢᠨ》 ᠡᠴᠡ