ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠬᠤ᠎ᠶ᠋ᠢ ᠴᠢᠩᠭᠠᠳᠭᠠᠵᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠦ ᠴᠤᠬᠴᠠᠯᠠᠶ᠎ᠡ
2026-06-12 11:16:36
ᠵᠣᠬᠢᠶᠠᠭ᠍ᠴᠢ᠄
ᠮᠧᠩ ᠹᠠᠨ ᠾᠦᠢ
ᠣᠩᠱᠢᠭ᠍ᠰᠠᠨ ᠣᠳᠠᠭ᠎ᠠ᠄
★★★☆☆

ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ᠄ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠪᠠᠷ ᠭᠤᠣᠯ ᠱᠢᠵᠢᠮ ᠪᠣᠯᠭᠠᠵᠤ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠤᠨ᠎ᠠ》 ᠭᠡᠵᠦ᠍ ᠲᠣᠳᠣᠷᠬᠠᠢ ᠵᠢᠭᠠᠵᠤ ᠭᠠᠷᠭᠠᠪᠠ᠃ ᠡᠨᠡ ᠬᠦ᠌ ᠥᠭᠦᠯᠡᠯᠲᠡ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠳᠠᠬᠢ ᠭᠤᠣᠯᠯᠠᠬᠤ ᠪᠠᠢᠷᠢ ᠰᠠᠭᠤᠷᠢ᠎ᠶ᠋ᠢ ᠲᠤᠪᠤᠢᠯᠭᠠᠪᠠ᠃ ᠨᠠᠮ᠎ᠤᠨ ᠪᠠᠢᠭᠤᠯᠤᠯᠲᠠ ᠪᠣᠯ ᠦᠨᠳᠦᠰᠦᠲᠡᠨ᠎ᠤ ᠠᠵᠢᠯ᠎ᠤᠨ ᠬᠥᠲᠥᠯᠥᠨ ᠳᠠᠭᠠᠭᠤᠯᠬᠤ ᠬᠦᠴᠦᠨ ᠪᠠ ᠪᠠᠲᠤ ᠴᠢᠩᠭ᠎ᠠ ᠪᠠᠲᠤᠯᠠᠭ᠎ᠠ ᠮᠥᠨ᠃ ᠭᠠᠭ᠍ᠴᠠ ᠬᠦ᠌ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠪᠠᠯ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠢᠮᠠᠭ᠍ᠲᠠ ᠵᠥᠪ ᠴᠢᠭ᠌ᠯᠡᠯ᠎ᠢᠶᠠᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃

ᠨᠢᠭᠡ᠂ 《ᠬᠤᠶᠠᠷ᠎ᠢ ᠤᠶᠠᠯᠳᠤᠭᠤᠯᠬᠤ》᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠶ᠋ᠢᠨ ᠤᠨᠤᠯ᠎ᠤᠨ ᠰᠠᠭᠤᠷᠢ ᠪᠤᠯᠭᠠᠬᠤ ᠬᠡᠷᠡᠭ᠌ᠳᠡᠢ

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠨᠤᠯ᠎ᠤᠨ ᠱᠢᠰᠲ᠋ᠧᠮ᠎ᠢ ᠪᠠᠢᠭᠤᠯᠬᠤ᠎ᠳᠤ ᠡᠷᠬᠡᠪᠰᠢ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ᠃

ᠨᠢᠭᠡ᠎ᠳᠦ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠵᠢᠯᠤᠭᠤᠳᠭᠤ ᠪᠠᠢᠷᠢ ᠰᠠᠭᠤᠷᠢ᠎ᠶ᠋ᠢ ᠪᠠᠷᠢᠮᠳᠠᠯᠠᠬᠤ ᠬᠡᠷᠡᠭ᠌ᠳᠡᠢ᠃ ᠮᠠᠷᠺᠰ᠎ᠤᠨ ᠦᠵᠡᠯ᠎ᠤᠨ ᠦᠨᠳᠦᠰᠦᠲᠡᠨ᠎ᠤ ᠡᠷᠬᠡ ᠲᠡᠭ᠌ᠰᠢ᠂ ᠦᠨᠳᠦᠰᠦᠲᠡᠨ᠎ᠤ ᠪᠦᠯᠬᠦᠮᠳᠡᠯ᠂ ᠦᠨᠳᠦᠰᠦᠲᠡᠨ᠎ᠤ ᠬᠥᠭ᠌ᠵᠢᠯᠲᠡ᠎ᠶ᠋ᠢᠨ ᠲᠤᠬᠠᠶ ᠦᠨᠳᠦᠰᠦᠨ ᠦᠵᠡᠯᠲᠡ ᠪᠣᠯ ᠮᠠᠨ᠎ᠤ ᠨᠠᠮ᠎ᠤᠨ ᠦᠨᠳᠦᠰᠦᠲᠡᠨ᠎ᠤ ᠠᠰᠠᠭᠤᠳᠠᠯ᠎ᠢ ᠱᠢᠢᠳᠪᠤᠷᠢᠯᠠᠬᠦ᠌ ᠣᠨᠣᠯ᠎ᠤᠨ ᠰᠠᠭᠤᠷᠢ ᠪᠣᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠪᠣᠯ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠤᠨ ᠵᠠᠯᠭᠠᠮᠵᠢᠯᠠᠯ ᠪᠠ ᠬᠥᠭ᠌ᠵᠢᠭᠦᠯᠦᠯᠲᠡ ᠮᠥᠨ᠂ ᠡᠨᠡ᠎ᠨᠢ ᠮᠠᠨ᠎ᠤ ᠨᠠᠮ᠎ᠤᠨ ᠦᠨᠳᠦᠰᠦᠲᠡᠨ᠎ᠤ ᠤᠨᠤᠯ᠎ᠤᠨ ᠲᠠᠯ᠎ᠠ᠎ᠪᠠᠷ ᠲᠥᠪ ᠭᠤᠣᠯᠴᠢ᠎ᠪᠠᠷ ᠱᠢᠨ᠎ᠡ᠎ᠶ᠋ᠢ ᠡᠭᠦᠳᠦᠭᠰᠡᠨ᠎ᠢ ᠬᠠᠷᠠᠭᠤᠯᠵᠤ ᠪᠠᠢᠨ᠎ᠠ᠃ ᠡᠢᠮᠤ ᠡᠴᠡ ᠮᠠᠷᠺᠰ᠎ᠤᠨ ᠦᠵᠡᠯ᠎ᠤᠨ ᠵᠣᠭ᠍ᠰᠣᠯᠲᠠ᠂ ᠦᠵᠡᠯᠲᠡ ᠪᠣᠯᠤᠨ ᠠᠷᠭ᠎ᠠ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠤᠯᠠᠨ ᠡᠱᠢᠴᠢᠯᠡᠭ᠌ᠰᠡᠨ ᠪᠠᠢᠷᠢᠱᠢᠯ᠎ᠤᠨ ᠲᠡᠦᠬᠡ᠎ᠶ᠋ᠢᠨ ᠯᠣᠭᠢᠭ᠂ ᠤᠨᠤᠯ᠎ᠤᠨ ᠯᠣᠭᠢᠭ ᠪᠣᠯᠤᠨ ᠦᠢᠯᠡᠳᠦᠯᠭᠡ᠎ᠶ᠋ᠢᠨ ᠯᠣᠭᠢᠭ᠎ᠢ ᠱᠢᠨᠵᠢᠯᠡᠬᠦ᠌ ᠤᠬᠠᠭᠠᠨᠴᠢ᠎ᠪᠠᠷ ᠲᠣᠳᠣᠷᠬᠠᠢᠯᠠᠨ ᠥᠭᠦᠯᠡᠬᠦ᠌ ᠬᠡᠷᠡᠭ᠌ᠲᠡᠢ; ᠬᠤᠶᠠᠷ ᠲᠤ᠌᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ ᠬᠢᠭᠡᠳ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠤᠶᠤᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭ᠌ᠳᠡᠢ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠳᠤᠮᠳᠠᠬᠢ 《ᠶᠡᠭᠡ ᠨᠢᠭᠡᠳᠦᠯ》᠂ 《ᠦᠨᠳᠤᠰᠤᠳᠡᠨ ᠪᠦᠬᠦᠨ ᠨᠢᠭᠡ ᠭᠡᠷ ᠪᠦᠯᠢ》᠂ 《ᠡᠶ᠎ᠡ ᠨᠠᠢᠷᠲᠠᠢ ᠬᠠᠮᠲᠤ ᠪᠠᠷ ᠣᠷᠣᠱᠢᠬᠤ》 ᠵᠡᠷᠭᠡ ᠦᠵᠡᠯ ᠰᠠᠨᠠᠭᠠᠨ᠎ᠤ ᠤᠬᠢ ᠰᠣᠳᠣ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠲᠤ ᠭᠦᠨ ᠵᠤᠵᠠᠭᠠᠨ ᠰᠣᠶᠣᠯ᠎ᠤᠨ ᠱᠢᠮ᠎ᠡ ᠲᠡᠵᠢᠭᠡᠯ ᠬᠠᠩᠭᠠᠭ᠍ᠰᠠᠨ ᠪᠠᠢᠨ᠎ᠠ᠃ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠬᠤ᠎ᠪᠠᠷ ᠳᠠᠮᠵᠢᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ ᠴᠢᠨᠠᠷᠲᠠᠢ᠎ᠪᠠᠷ ᠤᠨᠳᠤᠤᠱᠢᠭᠤᠯᠬᠤ ᠪᠠ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠬᠥᠭ᠌ᠵᠢᠭᠦᠯᠬᠦ᠌᠎ᠶ᠋ᠢ ᠠᠬᠢᠭᠤᠯᠵᠤ᠂ ᠲᠡᠭᠦᠨ᠎ᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠱᠢᠮᠡᠵᠢᠭᠦᠯᠬᠦ᠌ ᠤᠶᠤᠨ ᠰᠠᠨᠠᠭᠠᠨ᠎ᠤ ᠡᠬᠢ ᠪᠤᠯᠠᠭ ᠪᠣᠯᠭᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠢ ᠮᠡᠳᠡᠷᠡᠬᠦ᠌ ᠰᠡᠳᠭᠢᠯᠭᠡ ᠪᠣᠯᠤᠨ ᠣᠮᠤᠭ ᠪᠠᠭ᠍ᠠᠳᠤᠯᠲᠤ ᠰᠡᠳᠭᠢᠯᠭᠡ᠎ᠶ᠋ᠢ ᠨᠡᠮᠡᠭ᠌ᠳᠡᠭᠦᠯᠬᠦ᠌ ᠬᠡᠷᠡᠭ᠌ᠲᠡᠢ; ᠭᠤᠷᠪᠠ᠎ᠳᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠤ ᠣᠨᠣᠯ᠎ᠤᠨ ᠦᠭᠡ ᠬᠡᠯᠡᠨ᠎ᠤ ᠱᠢᠰᠲ᠋ᠧᠮ᠎ᠢ ᠪᠠᠢᠭᠤᠯᠬᠤ ᠬᠡᠷᠡᠭ᠌ᠳᠡᠢ᠃ ᠨᠠᠮ᠎ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠦᠨᠳᠦᠰᠦᠲᠡᠨ᠎ᠤ ᠠᠵᠢᠯ᠎ᠤᠨ ᠠᠭᠤᠤ ᠶᠡᠭᠡ ᠦᠢᠯᠡᠳᠦᠯᠭᠡ᠎ᠳᠤ ᠰᠠᠭᠤᠷᠢᠯᠠᠵᠤ᠂ ᠢᠯᠡ ᠲᠤᠳᠤ ᠴᠢᠨᠠᠷ ᠪᠦᠬᠦᠢ ᠤᠬᠠᠭ᠍ᠳᠠᠬᠤᠨ᠎ᠢ ᠪᠣᠯᠪᠠᠰᠤᠷᠠᠭᠤᠯᠵᠤ᠂ ᠳᠡᠯᠡᠬᠡᠢ ᠨᠠᠢᠳᠡ᠎ᠶ᠋ᠢᠨ ᠤᠢᠯᠠᠭᠠᠬᠤ᠎ᠳᠤ ᠳᠥᠭᠦᠮ ᠪᠠᠢᠬᠤ ᠱᠢᠨ᠎ᠡ ᠤᠬᠠᠭ᠍ᠳᠠᠬᠤᠨ᠂ ᠱᠢᠨ᠎ᠠ ᠲᠣᠭᠠᠴᠢᠯᠲᠠ᠂ ᠳᠤᠮᠳᠠᠳᠤ ᠤᠯᠤᠰ᠎ᠤᠨ ᠣᠨᠴᠠᠯᠢᠭ᠂ ᠳᠤᠮᠳᠠᠳᠤ ᠤᠯᠤᠰ᠎ᠤᠨ ᠬᠡᠪ ᠨᠠᠮᠪᠠ᠂ ᠳᠤᠮᠳᠠᠳᠤ ᠤᠯᠤᠰ᠎ᠤᠨ ᠰᠦᠷ ᠬᠦᠴᠦᠨ᠎ᠲᠠᠢ ᠦᠨᠳᠦᠰᠦᠲᠡᠨ᠎ᠤ ᠣᠨᠣᠯ᠎ᠤᠨ ᠱᠢᠰᠲ᠋ᠧᠮ᠎ᠢ ᠪᠣᠢ ᠪᠣᠯᠭᠠᠵᠤ᠂ ᠦᠨᠳᠦᠰᠦᠲᠡᠨ᠎ᠤ ᠠᠰᠠᠭᠤᠳᠠᠯ᠎ᠤᠨ ᠲᠠᠯ᠎ᠠ᠎ᠪᠠᠷ᠎ᠬᠢ ᠦᠭᠡ ᠬᠡᠯᠡᠨ᠎ᠤ ᠰᠠᠨᠠᠭᠠᠴᠢᠯᠠᠭᠠᠲᠤ ᠡᠷᠬᠡ᠎ᠶ᠋ᠢ ᠡᠵᠡᠮᠱᠢᠬᠦ᠌ ᠬᠡᠷᠡᠭ᠌ᠳᠡᠢ᠃

ᠬᠤᠶᠠᠷ᠂ ᠳᠤᠮᠳᠠᠳᠤ᠎ᠶ᠋ᠢᠨ ᠪᠣᠯᠪᠠᠰᠤᠨ᠎ᠤ ᠦᠷᠭᠦᠯᠵᠢᠯᠡᠬᠦ᠌ ᠴᠢᠨᠠᠷ᠎ᠠᠴᠠ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠤᠶᠤᠨ ᠤᠬᠠᠭᠠᠨ᠎ᠢ ᠱᠢᠩᠭᠡᠭᠡᠨ ᠠᠪᠬᠤ ᠬᠡᠷᠡᠭ᠌ᠳᠡᠢ

ᠲᠡᠦᠬᠡ ᠪᠣᠯ ᠬᠠᠮᠤᠭ᠎ᠤᠨ ᠰᠠᠢᠨ ᠰᠤᠷᠬᠤ ᠪᠢᠴᠢᠭ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠦᠷᠢᠯᠳᠦᠯ ᠪᠠ ᠬᠥᠭ᠌ᠵᠢᠯᠲᠡ ᠪᠣᠯ ᠦᠨᠳᠦᠰᠦᠲᠡᠨ᠎ᠨᠦᠭᠦᠳ᠎ᠤᠨ ᠠᠭᠤᠰᠤᠯᠴᠠᠵᠤ  ᠬᠠᠮᠲᠤ᠎ᠪᠠᠷ ᠲᠡᠮᠡᠴᠡᠭ᠌ᠰᠡᠨ ᠲᠡᠦᠬᠡ ᠮᠥᠨ᠃

ᠨᠢᠭᠡ᠎ᠳᠦ᠂ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠦᠵᠡᠯᠲᠡ᠎ᠶ᠋ᠢᠨ ᠬᠥᠮᠦᠵᠢᠯ᠎ᠢ ᠭᠦᠨᠵᠡᠭᠡᠢᠷᠡᠬᠦᠯᠬᠦ ᠬᠡᠷᠡᠭᠳᠡᠢ᠃ ᠨᠠᠮ᠎ᠤᠨ ᠵᠣᠬᠢᠶᠠᠨ ᠪᠠᠢᠭᠤᠯᠤᠯᠲᠠ᠎ᠡᠴᠡ ᠳᠤᠮᠳᠠᠳᠤ᠎ᠶ᠋ᠢᠨ ᠦᠨᠳᠦᠰᠦᠲᠡᠨ᠎ᠤ ᠵᠥᠪ ᠲᠡᠦᠬᠡ᠎ᠶ᠋ᠢᠨ ᠦᠵᠡᠯᠲᠡ᠎ᠶ᠋ᠢ ᠲᠦᠷᠦᠭᠦᠯᠡᠨ ᠪᠤᠢ ᠪᠣᠯᠭᠠᠨ ᠦᠢᠯᠡᠳᠦᠯᠭᠡᠵᠢᠭᠦᠯᠵᠦ᠍᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠤᠳᠴᠤ᠌ ᠪᠠᠢᠭᠠᠳ 《ᠳᠤᠮᠳᠠᠳᠤ ᠤᠯᠤᠰ᠎ᠤᠨ ᠲᠡᠦᠬᠡ ᠪᠣᠯ ᠳᠠᠷᠤᠢ ᠦᠨᠳᠦᠰᠦᠲᠡᠨ᠎ᠨᠦᠭᠦᠳ᠎ᠤᠨ ᠠᠭᠤᠰᠤᠯᠴᠠᠬᠰᠠᠨ  ᠤᠯᠠᠨ ᠡᠱᠢᠲᠦ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ ᠪᠣᠯᠬᠤ》 ᠎ᠶ᠋ᠢ ᠭᠦᠨᠵᠡᠭᠡᠢ ᠲᠠᠨᠢᠭᠤᠯᠬᠤ ᠬᠡᠷᠡᠭ᠌ᠲᠡᠢ᠃ ᠺᠠᠳ᠋ᠷ᠎ᠤᠨ ᠪᠣᠯᠪᠠᠰᠤᠷᠠᠭᠤᠯᠤᠯ᠂ ᠨᠠᠮ᠎ᠤᠨ ᠭᠡᠱᠢᠭᠦᠨ᠎ᠤ ᠬᠥᠮᠦᠵᠢᠯ᠂ ᠤᠯᠠᠨ ᠲᠦᠮᠡᠨ ᠎ᠳᠤ ᠤᠬᠠᠭᠤᠯᠤᠨ ᠲᠠᠢᠯᠪᠤᠷᠢᠯᠠᠬᠤ ᠵᠡᠷᠭᠡ  ᠠᠷᠭ᠎ᠠ ᠬᠡᠯᠪᠡᠷᠢ᠎ᠪᠠᠷ ᠳᠠᠮᠵᠢᠨ᠂ ᠳᠤᠮᠳᠠᠳᠤ᠎ᠶ᠋ᠢᠨ ᠦᠨᠳᠦᠰᠦᠲᠡᠨ ᠬᠠᠮᠢᠭ᠎ᠠ᠎ᠠᠴᠠ ᠢᠷᠡᠭᠰᠡᠨ᠂ ᠬᠠᠮᠢᠭ᠎ᠠ ᠣᠴᠢᠬᠤ᠎ᠶ᠋ᠢ ᠲᠣᠳᠣᠷᠬᠠᠶ ᠶᠠᠷᠢᠵᠤ᠂ ᠲᠡᠦᠬᠡ᠎ᠶ᠋ᠢᠨ ᠤᠬᠠᠮᠰᠠᠷ᠎ᠢᠶᠠᠨ ᠴᠢᠩᠭᠠᠳᠭᠠᠨ᠂ ᠰᠣᠶᠣᠯ᠎ᠤᠨ ᠢᠲᠡᠭᠡᠯ᠎ᠢᠶᠠᠨ ᠪᠠᠲᠤᠳᠬᠠᠬᠤ ᠬᠡᠷᠡᠭᠳᠡᠢ; ᠬᠤᠶᠠᠷ ᠲᠤ᠌᠂ ᠬᠠᠮᠲᠤ᠎ᠶ᠋ᠢᠨ ᠲᠡᠦᠬᠡ᠎ᠶ᠋ᠢᠨ ᠳᠤᠷᠠᠰᠤᠮᠵᠢ᠎ᠶ᠋ᠢ ᠠᠭᠤᠳᠠᠯᠤᠨ ᠪᠠᠳᠠᠷᠠᠭᠤᠯᠬᠤ ᠬᠡᠷᠡᠭ᠌ᠳᠡᠢ᠃ ᠨᠠᠮ᠎ᠤᠨ ᠵᠣᠬᠢᠶᠠᠨ ᠪᠠᠢᠭᠤᠯᠤᠯᠲᠠ᠎ᠪᠠᠷ ᠤᠳᠤᠷᠢᠳᠤᠮᠵᠢ ᠪᠤᠯᠭᠠᠵᠤ᠂ ᠦᠨᠳᠦᠰᠦᠲᠡᠨ᠎ᠨᠦᠭᠦᠳ᠎ᠤᠨ ᠥᠷᠭᠡᠨ ᠠᠭᠤᠳᠠᠮ ᠬᠢᠯᠢ ᠬᠢᠵᠠᠭᠠᠷ᠎ᠢ ᠬᠠᠮᠲᠤ᠎ᠪᠠᠷ ᠨᠡᠭᠡᠭᠡᠵᠦ᠍᠂ ᠥᠨᠢ ᠤᠳᠠᠭᠠᠨ᠎ᠤ ᠲᠡᠦᠬᠡ᠎ᠶ᠋ᠢ ᠬᠠᠮᠲᠤ᠎ᠪᠠᠷ ᠪᠢᠴᠢᠭ᠌ᠯᠡᠵᠦ᠍᠂ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠵᠦ᠍᠂ ᠠᠭᠤᠤ ᠶᠡᠭᠡ ᠵᠣᠷᠢᠭ ᠰᠠᠨᠠᠭ᠎ᠠ᠎ᠶ᠋ᠢ ᠬᠠᠮᠲᠤ᠎ᠪᠠᠷ ᠪᠤᠢᠵᠢᠭᠤᠯᠤᠭ᠍ᠰᠠᠨ ᠲᠡᠦᠬᠡᠨ ᠪᠣᠳᠠᠲᠤ ᠪᠠᠢᠳᠠᠯ᠎ᠢ ᠱᠢᠰᠲ᠋ᠧᠮ᠎ᠲᠠᠢ ᠡᠮᠬᠢᠯᠡᠵᠦ᠍ ᠲᠣᠳᠣᠷᠬᠠᠢᠯᠠᠨ ᠥᠭᠦᠯᠡᠬᠦ᠌ ᠬᠡᠷᠡᠭ᠌ᠲᠡᠢ᠃ ᠬᠤᠪᠢᠰᠭᠠᠯ᠎ᠤᠨ ᠡᠬᠢ ᠪᠠᠶᠠᠯᠢᠭ᠎ᠢ ᠠᠱᠢᠭ᠍ᠯᠠᠵᠤ᠂ ᠨᠠᠮ᠎ᠠᠴᠠ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠪᠦᠯᠬᠦᠮᠳᠡᠨ ᠲᠡᠮᠡᠴᠡᠭ᠌ᠰᠡᠨ᠂ ᠬᠠᠮᠲᠤ᠎ᠪᠠᠷ ᠤᠷᠤᠬ᠍ᠰᠢᠯᠠᠨ ᠲᠠᠪᠱᠢᠬ᠍ᠰᠠᠨ᠂ ᠭᠡᠷ ᠣᠷᠣᠨ᠎ᠢᠶᠠᠨ ᠬᠠᠮᠲᠤ᠎ᠪᠠᠷ ᠪᠦᠳᠦᠭᠡᠨ ᠪᠠᠢᠭᠤᠯᠤᠭ᠍ᠰᠠᠨ ᠦᠯᠢᠭᠡᠷ᠎ᠢ ᠰᠠᠢᠲᠤᠷ ᠶᠠᠷᠢᠵᠤ᠂ ᠬᠠᠮᠲᠤ᠎ᠶ᠋ᠢᠨ ᠲᠡᠦᠬᠡ᠎ᠶ᠋ᠢᠨ ᠳᠤᠷᠠᠰᠤᠮᠵᠢ᠎ᠶ᠋ᠢ ᠬᠠᠢᠷ᠎ᠠ ᠰᠡᠳᠭᠢᠯᠭᠡ᠎ᠶ᠋ᠢᠨ ᠬᠠᠮᠲᠤ᠎ᠶ᠋ᠢᠨ ᠲᠠᠭᠤᠨ ᠪᠠ ᠤᠶᠤᠨ ᠰᠠᠨᠠᠭᠠᠨ᠎ᠤ ᠬᠤᠯᠪᠣᠭᠠᠰᠤ ᠪᠣᠯᠭᠠᠨ ᠬᠤᠪᠢᠷᠠᠭᠤᠯᠬᠤ ᠬᠡᠷᠡᠭ᠌ᠳᠡᠢ; ᠭᠤᠷᠪᠠ᠎ᠳᠦ᠂ ᠲᠤᠮᠳᠡᠳᠤ᠎ᠶ᠋ᠢᠨ ᠦᠨᠳᠤᠰᠤᠳᠡᠨ᠎ᠤ ᠱᠢᠯᠢᠳᠡᠭ ᠤᠯᠠᠮᠵᠢᠯᠠᠯᠲᠤ ᠰᠤᠶᠤᠯ᠎ᠢ ᠤᠯᠠᠮᠵᠢᠯᠠᠨ ᠬᠥᠭ᠌ᠵᠢᠭᠦᠯᠬᠦ᠌ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ ᠰᠣᠶᠣᠯ᠎ᠢ ᠬᠠᠮᠠᠭᠠᠯᠠᠬᠤ᠂ ᠤᠯᠠᠮᠵᠢᠯᠠᠬᠤ ᠪᠠ ᠱᠢᠨ᠎ᠡ᠎ᠶ᠋ᠢ ᠡᠭᠦᠳᠬᠦ᠌᠎ᠶ᠋ᠢ ᠢᠳᠡᠪᠬᠢᠲᠡᠢ ᠠᠬᠢᠭᠤᠯᠵᠤ᠂ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠭ᠍ᠰᠠᠨ ᠰᠠᠭᠤᠷᠢᠨ ᠳᠡᠭᠡᠷ᠎ᠡ᠂ ᠦᠨᠳᠦᠰᠦᠲᠡᠨ᠎ᠨᠦᠭᠦᠳ᠎ᠤᠨ ᠰᠣᠶᠣᠯ᠎ᠢ ᠬᠠᠷᠢᠯᠴᠠᠨ ᠠᠭᠤᠰᠤᠯᠴᠠᠭᠤᠯᠵᠤ᠂ ᠭᠤᠸ᠎ᠠ ᠰᠠᠢᠬᠠᠨ᠎ᠢ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠪᠠᠯ ᠵᠤᠬᠢᠨ᠎ᠠ᠃

ᠭᠤᠷᠪᠠ᠂ ᠨᠠᠮ᠎ᠤᠨ ᠪᠠᠢᠭᠤᠯᠤᠯᠲᠠ᠎ᠪᠠᠷ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠬᠡᠷᠡᠭᠳᠡᠢ 

ᠣᠨᠤᠯ ᠎ᠤᠨ ᠠᠮᠢᠵᠢᠷᠠᠯ᠎ᠤᠨ ᠬᠦᠴᠦᠨ᠎ᠨᠢ ᠤᠢᠯᠡᠳᠤᠯᠬᠡ᠎ᠳᠤ ᠪᠤᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠪᠣᠳᠠᠲᠠᠢ ᠠᠵᠢᠯᠯᠠᠭ᠎ᠠ ᠪᠠ ᠪᠣᠳᠠᠲᠠᠢ ᠦᠷ᠎ᠡ ᠪᠦᠲᠦᠮᠵᠢ ᠳᠡᠭᠡᠷ᠎ᠡ ᠨᠠᠢᠳᠠᠪᠤᠷᠢᠵᠢᠭᠤᠯᠬᠤ ᠬᠡᠷᠡᠭ᠌ᠲᠡᠢ᠃

ᠨᠢᠭᠡ᠎ᠳᠦ᠂ ᠤᠯᠤᠰ ᠲᠥᠷᠥ᠎ᠪᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠦᠨᠳᠦᠰᠦᠲᠡᠨ᠎ᠤ ᠠᠵᠢᠯ᠎ᠤᠨ ᠴᠢᠭ᠌ᠯᠡᠯ᠎ᠢ ᠲᠣᠭ᠍ᠲᠠᠪᠤᠷᠢᠵᠢᠭᠤᠯᠬᠤ ᠬᠡᠷᠡᠭᠳᠡᠢ᠃ ᠦᠨᠳᠦᠰᠦᠲᠡᠨ᠎ᠤ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠤᠢ ᠪᠣᠯᠭᠠᠬᠤ᠎ᠶ᠋ᠢ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠪᠠᠢᠷᠢᠱᠢᠭᠤᠯᠤᠯᠲᠠ᠎ᠳᠤ ᠣᠷᠣᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠂ ᠱᠢᠨᠵᠢᠯᠡᠨ ᠪᠠᠢᠴᠠᠭᠠᠵᠤ ᠬᠢᠨᠠᠨ ᠱᠢᠯᠭᠠᠬᠤ ᠴᠢᠬᠤᠯᠠ ᠠᠭᠤᠯᠭ᠎ᠠ ᠪᠣᠯᠭᠠᠬᠤ ᠬᠡᠷᠡᠭ᠌ᠲᠡᠢ᠃ ᠨᠠᠮ᠎ᠤᠨ ᠦᠨᠳᠦᠰᠦᠲᠡᠨ᠎ᠤ ᠣᠨᠣᠯ᠂ ᠲᠥᠷᠥ᠎ᠶ᠋ᠢᠨ ᠪᠣᠳᠣᠯᠭ᠎ᠠ᠎ᠶ᠋ᠢ ᠲᠡᠷᠡ ᠶᠣᠰᠣᠭᠠᠷ᠎ᠨᠢ ᠲᠤᠭᠤᠱᠢᠲᠠᠢ ᠬᠡᠷᠡᠭ᠌ᠵᠢᠭᠦᠯᠬᠦ᠌᠎ᠶ᠋ᠢ ᠪᠠᠳᠤᠯᠠᠬᠤ ᠬᠡᠷᠡᠭ᠌ᠳᠡᠢ; ᠬᠤᠶᠠᠷ ᠲᠤ᠌᠂ ᠬᠠᠮᠲᠤ᠎ᠶ᠋ᠢᠨ ᠬᠦᠭ᠌ᠵᠢᠯᠳᠡ᠎ᠶ᠋ᠢ ᠠᠬᠢᠭᠤᠯᠵᠤ᠂ ᠪᠣᠳᠠᠰ᠎ᠤᠨ ᠰᠠᠭᠤᠷᠢ᠎ᠶ᠋ᠢ ᠪᠠᠬᠢᠵᠢᠬᠦᠯᠬᠦ᠌ ᠬᠡᠷᠡᠭ᠌ᠳᠡᠢ᠃ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠵᠤ᠂ ᠡᠯ᠎ᠡ ᠲᠠᠯ᠎ᠠ᠎ᠶ᠋ᠢ ᠵᠣᠬᠢᠴᠠᠭᠤᠯᠬᠤ ᠤᠳᠤᠷᠢᠳᠭᠤ ᠭᠤᠣᠯᠯᠠᠭ᠍ᠴᠢ᠎ᠶ᠋ᠢᠨ ᠦᠢᠯᠡᠳᠦᠯ᠎ᠢ ᠪᠠᠳᠠᠷᠠᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠬᠤ᠎ᠶ᠋ᠢ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌ ᠬᠡᠷᠡᠭ᠌ᠲᠡᠢ᠃ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠠᠬᠢᠭᠤᠯᠵᠤ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠨᠡᠩ ᠣᠯᠠᠨ ᠨᠠᠩ ᠡᠷᠬᠡ ᠲᠡᠭ᠌ᠰᠢ᠎ᠪᠠᠷ ᠬᠦᠷᠲᠡᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠣᠳᠠᠰ᠎ᠤᠨ ᠰᠠᠭᠤᠷᠢ᠎ᠶ᠋ᠢ ᠪᠠᠬᠢᠵᠢᠭᠦᠯᠬᠦ ᠬᠡᠷᠡᠭᠳᠡᠢ; ᠭᠤᠷᠪᠠ᠎ᠳᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠬᠠᠢᠷ᠎ᠠ ᠰᠡᠳᠭᠢᠯᠭᠡ᠎ᠶ᠋ᠢᠨ ᠮᠡᠳᠡᠷᠡᠮᠵᠢ᠎ᠶ᠋ᠢ ᠭᠦᠨᠵᠡᠭᠡᠢᠷᠡᠭᠦᠯᠬᠦ ᠬᠡᠷᠡᠭᠳᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠠᠵᠢᠯ᠎ᠤᠨ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ ᠲᠠᠪᠴᠠᠩ ᠪᠠᠢᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠤᠨ ᠨᠥᠬᠦᠴᠡᠯ᠎ᠢ ᠡᠭᠦᠳᠬᠦ᠌ ᠬᠡᠷᠡᠭ᠌ᠲᠡᠢ᠃ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠭᠦᠨᠵᠡᠭᠡᠶ ᠥᠷᠨᠢᠭᠦᠯᠵᠦ᠍᠂ 《ᠨᠠᠮ᠎ᠤᠨ ᠪᠠᠢᠭᠤᠯᠤᠯᠲᠠ᠎ᠶ᠋ᠢᠨ ᠦᠨᠳᠦᠰᠦᠲᠡᠨ᠎ᠤ ᠪᠦᠯᠬᠦᠮᠳᠡᠯ》᠎ᠤ᠋ᠨ ᠨᠠᠷᠠᠲᠤ ᠲᠦᠷᠦᠯ ᠲᠡᠮᠳᠡᠭ᠎ᠢ ᠡᠭᠦᠳᠴᠦ᠍᠂ ᠦᠨᠳᠦᠰᠦᠲᠡᠨ᠎ᠨᠦᠭᠦᠳ᠎ᠤᠨ ᠰᠣᠶᠣᠯ᠂ ᠠᠵᠤ ᠠᠬᠤᠶ᠂ ᠨᠡᠢᠭᠡᠮ᠂ ᠰᠡᠳᠭᠢᠴᠡ ᠵᠡᠷᠭᠡ ᠪᠥᠬᠦ᠌ ᠲᠠᠯ᠎ᠠ᠎ᠪᠠᠷ ᠠᠭᠤᠰᠤᠯᠴᠠᠬᠤ᠎ᠶ᠋ᠢ ᠠᠬᠢᠭᠤᠯᠵᠤ᠂ ᠣᠢᠯᠠᠭᠠᠯᠴᠠᠭ᠎ᠠ᠎ᠪᠠᠨ ᠨᠡᠮᠡᠭ᠌ᠳᠡᠭᠦᠯᠦᠨ᠂ ᠵᠠᠪᠰᠠᠷᠳᠠᠯ᠎ᠢ ᠠᠷᠢᠯᠭᠠᠵᠤ᠂ ᠨᠥᠬᠦᠷᠯᠡᠯ᠎ᠢᠶᠠᠨ ᠬᠦᠨᠵᠡᠬᠡᠢᠷᠠᠬᠦᠯᠬᠦ᠌ ᠬᠡᠷᠡᠭ᠌ᠳᠡᠢ; ᠲᠦᠷᠪᠡ᠎ᠳᠦ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠪᠦᠯᠬᠦᠮᠳᠡᠯ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠬᠤ ᠬᠡᠷᠡᠭᠳᠡᠢ᠃ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ᠎ᠶ᠋ᠢ ᠪᠠᠷᠢᠮᠲᠠᠯᠠᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠬᠠᠤᠯᠢ᠎ᠪᠠᠷ ᠵᠠᠰᠠᠬᠤ ᠰᠡᠳᠭᠢᠬᠦᠢ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢᠶᠠᠷ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠳᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠠᠢᠴᠢᠨ ᠪᠠᠬᠢᠯᠡᠯᠲᠡ᠎ᠶ᠋ᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠦᠨᠳᠦᠰᠦᠲᠡᠨ᠎ᠤ ᠡᠯᠧᠮᠧᠨ᠋ᠲ᠎ᠲᠤ ᠬᠤᠯᠪᠣᠭ᠍ᠳᠠᠭ᠍ᠰᠠᠨ ᠵᠥᠷᠢᠴᠡᠯ ᠵᠠᠭᠤᠷᠠᠯᠳᠤᠭᠠᠨ᠎ᠢ ᠪᠦᠲᠦᠮᠵᠢᠲᠡᠢ ᠱᠢᠢᠳᠪᠦᠷᠢᠯᠡᠵᠦ᠍᠂ ᠦᠨᠳᠦᠰᠦᠲᠡᠨ᠎ᠤ ᠬᠦᠷᠢᠶᠡᠨ᠎ᠳᠠᠬᠢ ᠬᠦᠨᠳᠦ ᠶᠡᠭᠡ ᠠᠶᠤᠯ ᠲᠦᠭ᠌ᠰᠢᠭᠦᠷᠢ ᠭᠡᠮ ᠰᠣᠭᠤᠭ᠎ᠢ ᠡᠷᠡᠰ ᠰᠡᠷᠭᠡᠢᠯᠡᠵᠦ᠍᠂ ᠦᠨᠳᠦᠰᠦᠲᠡᠨ᠎ᠤ ᠪᠦᠯᠬᠦᠮᠳᠡᠯ ᠪᠠ ᠨᠡᠢᠭᠡᠮ᠎ᠤᠨ ᠲᠣᠭ᠍ᠲᠠᠭᠤᠨ᠎ᠤ ᠶᠡᠭᠡ ᠰᠠᠢᠨ ᠪᠠᠢᠳᠠᠯ᠎ᠢ ᠬᠠᠮᠠᠭᠠᠯᠠᠬᠤ ᠬᠡᠷᠡᠭ᠌ᠲᠡᠢ᠃

ᠲᠦᠷᠪᠡ᠂ ᠳᠦᠷᠢᠮ᠎ᠤᠨ ᠱᠢᠨ᠎ᠡ᠎ᠶ᠋ᠢ ᠡᠭᠦᠳᠬᠦ᠌᠎ᠪᠠᠷ ᠲᠠᠮᠵᠢᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠬᠡᠷᠡᠭ᠌ᠳᠡᠢ

ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠭᠤᠨ ᠠᠵᠢᠯ᠎ᠤᠨ ᠲᠣᠭ᠍ᠲᠠᠴᠠ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ  ᠴᠤᠭᠴᠠᠯᠠᠬᠤ ᠠᠵᠢᠯ᠎ᠢ ᠪᠠᠢᠩᠭᠤᠵᠢᠭᠤᠯᠬᠤ᠂ ᠵᠢᠷᠤᠮᠵᠢᠭᠤᠯᠬᠤ᠂ ᠳᠦᠷᠢᠮᠵᠢᠭᠦᠯᠬᠦ᠌᠎ᠶ᠋ᠢ ᠠᠬᠢᠭᠤᠯᠬᠤ ᠴᠢᠬᠤᠯᠠ ᠪᠠᠲᠤᠯᠠᠭ᠎ᠠ ᠮᠥᠨ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠠᠭ ᠦᠶ᠎ᠡ᠎ᠶ᠋ᠢᠨ ᠱᠠᠭᠠᠷᠳᠠᠯᠭ᠎ᠠ᠎ᠳᠤ ᠨᠡᠢᠴᠡᠭ᠌ᠰᠡᠨ᠂ ᠭᠠᠵᠠᠷ ᠣᠷᠣᠨ᠎ᠤ ᠣᠨᠴᠠᠯᠢᠭ᠎ᠢ ᠢᠯᠡᠷᠡᠭᠦᠯᠦᠭ᠌ᠰᠡᠨ᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠬᠤ ᠠᠵᠢᠯ᠎ᠤᠨ ᠲᠣᠭ᠍ᠲᠠᠴᠠ᠎ᠶ᠋ᠢᠨ ᠱᠢᠰᠲ᠋ᠧᠮ᠎ᠢ ᠬᠦᠴᠦᠯᠡᠨ ᠪᠠᠢᠭᠤᠯᠪᠠᠯ ᠵᠤᠬᠢᠨ᠎ᠠ᠃ᠨᠢᠭᠡ ᠎ᠳᠦ᠂ ᠬᠦᠷᠢᠶ᠎ᠡ ᠴᠠᠷᠠᠭ᠎ᠠ ᠠᠯᠤᠰᠯᠠᠭ᠍ᠰᠠᠨ ᠬᠠᠮᠵᠢᠯᠴᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠤᠨ᠎ᠠ᠃  ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠵᠤ᠂ ᠡᠯ᠎ᠡ ᠲᠠᠯ᠎ᠠ᠎ᠶ᠋ᠢ ᠵᠣᠬᠢᠴᠠᠭᠤᠯᠤᠨ ᠤᠳᠤᠷᠢᠳᠭᠤ ᠨᠠᠮ᠎ᠤᠨ ᠭᠤᠣᠯᠯᠠᠭ᠍ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠬᠤᠷᠢᠶ᠎ᠠ ᠨᠢᠭᠡᠳᠦᠯᠲᠡᠢ ᠤᠳᠤᠷᠢᠳᠭᠤ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠂ ᠡᠯ᠎ᠡ ᠰᠠᠯᠠᠭ᠎ᠠ ᠮᠥᠴᠢᠷ ᠬᠦᠴᠦ᠍᠎ᠪᠠᠨ ᠬᠠᠮᠲᠤᠳᠭᠠᠨ ᠬᠠᠮᠲᠤᠷᠠᠯᠴᠠᠬᠤ᠂ ᠪᠦᠬᠦ᠌ ᠨᠡᠢᠭᠡᠮ᠎ᠢᠶᠠᠷ᠎ᠢᠶᠠᠨ ᠬᠠᠮᠲᠤ᠎ᠪᠠᠷ ᠣᠷᠣᠯᠴᠠᠬᠤ ᠠᠵᠢᠯ᠎ᠤᠨ ᠪᠠᠢᠷᠢᠱᠢᠯ᠎ᠢ ᠪᠠᠢᠭᠤᠯᠬᠤ ᠬᠡᠷᠡᠭ᠌ᠳᠡᠢ᠃ ᠣᠨᠴᠠᠭᠠᠢᠯᠠᠨ ᠤᠬᠠᠭᠤᠯᠭ᠎ᠠ᠂ ᠰᠤᠷᠭᠠᠨ ᠬᠥᠮᠦᠵᠢᠯ᠂ ᠰᠣᠶᠣᠯ᠂ ᠠᠷᠠᠳ᠎ᠤᠨ ᠶᠠᠪᠤᠳᠠᠯ᠂ ᠤᠯᠤᠰ ᠲᠦᠷᠦ᠍᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ; ᠬᠤᠶᠠᠷ ᠲᠤ᠌᠂ ᠱᠢᠯᠭᠠᠨ ᠬᠢᠨᠠᠵᠤ ᠦᠨᠡᠯᠡᠨ ᠤᠷᠮᠠᠱᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠭᠰᠠᠨ  ᠠᠵᠢᠯ᠎ᠤᠨ ᠦᠷ᠎ᠡ ᠪᠦᠲᠦᠮᠵᠢ᠎ᠶ᠋ᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠤᠨ ᠤᠨ ᠎ᠤ ᠱᠢᠯᠭᠠᠨ ᠬᠢᠨᠠᠵᠤ ᠦᠨᠡᠯᠡᠬᠦ᠌ ᠱᠢᠰᠲ᠋ᠧᠮ᠎ᠳᠤ ᠣᠷᠣᠭᠤᠯᠵᠤ᠂ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ ᠱᠢᠯᠭᠠᠨ ᠬᠢᠨᠠᠬᠤ ᠭᠦᠢᠴᠡᠳᠭᠡᠯ ᠲᠤᠭ᠎ᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ ᠵᠥᠪ ᠴᠢᠭ᠌ᠯᠡᠯ᠎ᠢᠶᠠᠷ ᠬᠦᠭᠵᠢᠬᠦ ᠵᠢ  ᠤᠷᠮᠠᠱᠢᠭᠤᠯᠬᠤ ᠪᠠ ᠡᠰᠡᠷᠭᠦ᠌ ᠴᠢᠭ᠌ᠯᠡᠯ᠎ᠢᠶᠠᠷ ᠶᠠᠪᠤᠬᠤ ᠵᠢ  ᠬᠢᠵᠠᠭᠠᠷᠯᠠᠬᠤ᠎ᠶ᠋ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢᠶᠠᠷ ᠳᠠᠮᠵᠢᠨ᠂ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷᠴᠤᠳ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ᠎ᠢ ᠬᠥᠭ᠌ᠵᠢᠭᠡᠨ᠎ᠡ; ᠭᠤᠷᠪᠠ᠎ᠳᠦ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠬᠤ ᠪᠠ ᠰᠤᠳᠤᠯᠤᠨ ᠮᠠᠭᠠᠳᠯᠠᠵᠤ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠦᠨᠳᠦᠰᠦᠲᠡᠨ᠎ᠤ ᠠᠵᠢᠯ᠎ᠤᠨ ᠬᠦᠷᠢᠶ᠎ᠡ ᠴᠠᠷᠠᠭ᠎ᠠ᠎ᠳᠠᠬᠢ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠤᠷᠢᠳᠴᠢᠯᠠᠨ ᠮᠠᠭᠠᠳᠯᠠᠬᠤ ᠴᠢᠨᠠᠷ ᠪᠠ ᠱᠢᠢᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠪᠠᠴᠢᠮ ᠪᠠᠢᠳᠠᠯ᠎ᠢ ᠠᠷᠭᠠᠴᠠᠭᠠᠨ ᠱᠢᠢᠳᠪᠤᠷᠢᠯᠠᠬᠦ᠌ ᠪᠡᠯᠡᠳᠭᠡᠯ ᠲᠥᠰᠦᠯ᠎ᠢ ᠲᠡᠭᠦᠯᠳᠡᠷᠵᠢᠭᠦᠯᠵᠦ᠍᠂ ᠪᠠᠴᠢᠮ ᠪᠠᠢᠳᠠᠯ᠎ᠢ ᠠᠷᠭᠠᠴᠠᠭᠠᠨ ᠭᠡᠨᠡᠳᠲᠡ᠎ᠶ᠋ᠢᠨ ᠬᠡᠷᠡᠭ᠎ᠢ ᠱᠢᠢᠳᠪᠤᠷᠢᠯᠠᠬᠦ᠌ ᠴᠢᠳᠠᠪᠤᠷᠢ᠎ᠪᠠᠨ ᠳᠡᠭᠡᠭ᠌ᠰᠢᠯᠡᠭᠦᠯᠦᠨ᠂ ᠨᠡᠢᠭᠡᠮ᠎ᠤᠨ ᠶᠡᠭᠡ ᠲᠠᠯ᠎ᠠ᠎ᠶ᠋ᠢᠨ ᠡᠶ᠎ᠡ ᠵᠣᠬᠢᠴᠠᠡᠭᠭᠤᠢ ᠪᠥᠭᠡᠳ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠲᠠᠪᠤ᠂ ᠲᠤᠰᠭᠠᠶ ᠮᠡᠷᠭᠡᠵᠢᠯ᠎ᠤᠨ ᠴᠢᠳᠠᠪᠤᠷᠢ᠎ᠶ᠋ᠢ ᠲᠠᠬᠡᠭ᠌ᠰᠢᠯᠠᠬᠦᠯᠬᠦ᠌᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠲᠤᠯᠭᠠᠭᠤᠷᠢᠯᠠᠯ ᠪᠤᠯᠭᠠᠬᠤ ᠬᠡᠷᠡᠭ᠌ᠳᠡᠢ

ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ᠎ᠨᠢ ᠤᠯᠤᠰ ᠲᠦᠷᠦ᠍᠎ᠶ᠋ᠢᠨ ᠲᠠᠯ᠎ᠠ᠎ᠪᠠᠷ ᠡᠷᠡᠰ ᠪᠠᠲᠤ᠌᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠣᠪᠣᠷ ᠰᠤᠷᠲᠠᠯ᠎ᠢᠶᠠᠷ ᠪᠠᠲᠤ ᠴᠢᠩᠭ᠎ᠠ ᠨᠢᠭᠡᠨ ᠰᠠᠯᠠᠭ᠎ᠠ ᠺᠠᠳ᠋ᠷ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠬᠤ᠎ᠳᠤ ᠪᠠᠢᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠨᠢ ᠦᠨᠳᠦᠰᠦᠲᠡᠨ᠎ᠤ ᠠᠵᠢᠯ᠎ᠤᠨ ᠴᠢᠳᠠᠪᠤᠷᠢᠳᠠᠨ᠎ᠤ ᠡᠩᠨᠡᠭᠡᠨ᠎ᠤ ᠪᠠᠢᠭᠤᠯᠤᠯᠲᠠ᠎ᠶ᠋ᠢ ᠴᠢᠬᠤᠯᠠ ᠪᠠᠢᠷᠢᠨ᠎ᠳᠤ ᠲᠠᠯᠪᠢᠪᠠᠯ ᠵᠤᠬᠢᠨ᠎ᠠ ᠃ 

ᠨᠢᠭᠡ᠎ᠳᠦ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢᠶᠠᠷ ᠦᠨᠳᠦᠰᠦᠲᠡᠨ᠎ᠤ ᠠᠵᠢᠯ᠎ᠤᠨ ᠺᠠᠳ᠋ᠷ᠎ᠤᠨ ᠲᠠᠷᠢᠬᠢ ᠲᠣᠯᠣᠭᠠᠶ᠎ᠪᠠᠨ ᠵᠡᠪᠰᠡᠭ᠌ᠯᠡᠬᠦ᠌᠎ᠶ᠋ᠢ ᠪᠠᠷᠢᠮᠲᠠᠯᠠᠵᠤ᠂ ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠤᠳᠴᠤ᠌ ᠪᠠᠢᠭᠠᠳ 《ᠬᠤᠶᠠᠷ᠎ᠢ ᠲᠣᠭ᠍ᠲᠠᠭᠠᠬᠰᠠᠨ》᠎ᠤ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠢ ᠣᠢᠯᠠᠭᠠᠭᠤᠯᠵᠤ᠂ 《ᠲᠦᠷᠪᠡᠨ ᠤᠬᠠᠮᠰᠠᠷ》᠎ᠵᠢᠨᠨ ᠴᠢᠩᠭᠠᠳᠭᠠᠵᠤ᠂ 《ᠲᠦᠷᠪᠡᠨ ᠢᠲᠡᠭᠡᠯ》 ᠵᠢᠨᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠵᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ; ᠬᠤᠶᠠᠷ ᠲᠤ᠌᠂ ᠲᠤᠰᠭᠠᠢ ᠮᠡᠷᠭᠡᠵᠢᠯ᠎ᠤᠨ ᠴᠢᠳᠠᠪᠤᠷᠢ᠎ᠶ᠋ᠢᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠦᠨ᠎ᠡ᠃ ᠦᠨᠳᠦᠰᠦᠲᠡᠨ᠎ᠤ ᠠᠵᠢᠯ᠎ᠤᠨ ᠺᠠᠳ᠋ᠷ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠦᠨᠳᠦᠰᠦᠲᠡᠨ᠎ᠤ ᠤᠨᠤᠯ᠂ ᠦᠨᠳᠦᠰᠦᠲᠡᠨ᠎ᠤ ᠲᠦᠷᠦ᠍᠎ᠶ᠋ᠢᠨ ᠪᠤᠳᠤᠯᠭ᠎ᠠ᠂ ᠦᠨᠳᠦᠰᠦᠲᠡᠨ᠎ᠤ ᠬᠠᠤᠯᠢ ᠴᠠᠭᠠᠵᠠ ᠬᠠᠤᠯᠢ ᠲᠣᠭ᠍ᠲᠠᠭᠠᠯ᠂ ᠦᠨᠳᠦᠰᠦᠲᠡᠨ᠎ᠤ ᠲᠡᠦᠬᠡ ᠰᠣᠶᠣᠯ ᠵᠡᠷᠭᠡ ᠠᠭᠤᠯᠭ᠎ᠠ᠎ᠶ᠋ᠢᠨ ᠲᠣᠭᠤᠷᠢᠨ᠎ᠳᠤ ᠱᠢᠰᠲ᠋ᠧᠮ᠎ᠲᠠᠢ ᠪᠣᠯᠪᠠᠰᠤᠷᠠᠭᠤᠯᠤᠯ ᠥᠷᠨᠢᠭᠦᠯᠦᠨ᠎ᠡ᠃ ᠲᠤᠰᠭᠠᠶ ᠰᠡᠳᠦᠪᠲᠦ ᠪᠣᠯᠪᠠᠰᠤᠷᠠᠭᠤᠯᠤᠯ ᠬᠢᠬᠦ᠂ ᠦᠢᠯᠡᠳᠦᠯᠭᠡ᠎ᠶ᠋ᠢᠨ ᠪᠣᠯᠪᠠᠰᠤᠷᠠᠯ ᠬᠢᠯᠬᠡᠬᠦ᠂ ᠠᠵᠢᠯ᠎ᠤᠨ ᠪᠠᠢᠷᠢ ᠰᠣᠯᠢᠯᠴᠠᠨ ᠲᠤᠱᠢᠶᠠᠯ ᠡᠭᠦᠷᠭᠡᠯᠡᠬᠦᠯᠬᠦ  ᠵᠡᠷᠭᠡ ᠣᠯᠠᠨ ᠵᠦᠢᠯ᠎ᠤᠨ ᠠᠷᠭ᠎ᠠ ᠮᠠᠶᠢᠭ᠎ᠢᠶᠠᠷ ᠳᠠᠮᠵᠢᠨ᠂ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠬᠤ ᠮᠥᠷᠲᠡᠭᠡᠨ ᠪᠠᠰᠠ ᠪᠣᠳᠠᠲᠤ ᠪᠠᠢᠳᠠᠯ᠎ᠢ ᠣᠢᠯᠠᠭᠠᠬᠤ᠂ ᠦᠵᠡᠯ ᠰᠠᠨᠠᠭᠠᠨ᠎ᠤ ᠠᠵᠢᠯ᠎ᠢ ᠬᠢᠵᠦ᠍ ᠴᠢᠳᠠᠬᠤ ᠮᠥᠷᠲᠡᠭᠡᠨ ᠪᠠᠰᠠ ᠪᠣᠳᠠᠲᠠᠶ ᠠᠰᠠᠭᠤᠳᠠᠯ᠎ᠢ ᠱᠢᠢᠳᠪᠦᠷᠢᠯᠡᠵᠦ᠍ ᠴᠢᠳᠠᠬᠤ ᠬᠠᠮ ᠴᠢᠳᠠᠪᠤᠷᠢᠲᠠᠨ᠎ᠢ ᠬᠥᠮᠦᠵᠢᠭᠦᠯᠦᠨ᠎ᠡ᠃ ᠭᠤᠷᠪᠠ᠎ᠳᠦ᠂ ᠡᠩᠨᠡᠭᠡᠨ᠎ᠤ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠎ᠡ᠃ ᠦᠨᠳᠦᠰᠦᠲᠡᠨ᠎ᠤ ᠠᠵᠢᠯ᠎ᠤᠨ ᠨᠢᠭᠡᠳᠦᠭᠡᠷ ᠹᠷᠣᠨᠲ ᠪᠣᠯᠤᠨ ᠬᠠᠲᠠᠭᠤᠵᠢᠯᠲᠠᠶ ᠪᠤᠳᠤᠯᠢᠶᠠᠨᠲᠠᠶ ᠣᠷᠴᠢᠨ ᠲᠣᠭᠤᠷᠢᠨ᠎ᠳᠤ ᠺᠠᠳ᠋ᠷ᠎ᠢ ᠬᠥᠮᠦᠵᠢᠭᠦᠯᠦᠨ ᠰᠣᠩᠭᠤᠬᠤ᠎ᠶ᠋ᠢ ᠴᠢᠬᠤᠯᠠᠴᠢᠯᠠᠵᠤ᠂ ᠦᠨᠳᠦᠰᠦᠲᠡᠨ᠎ᠤ ᠭᠠᠵᠠᠷ ᠣᠷᠣᠨ᠎ᠤ ᠺᠠᠳ᠋ᠷ᠎ᠤᠨ ᠰᠣᠯᠢᠯᠴᠠᠭᠠᠨ᠎ᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ ᠴᠥᠭᠡᠨ ᠲᠣᠭᠠᠲᠤ ᠦᠨᠳᠦᠰᠦᠲᠡᠨ᠎ᠤ ᠺᠠᠳ᠋ᠷ ᠪᠣᠯᠤᠨ ᠦᠨᠳᠦᠰᠦᠲᠡᠨ᠎ᠤ ᠠᠵᠢᠯ᠎ᠢ ᠰᠠᠢᠨ ᠮᠡᠳᠡᠳᠡᠭ ᠬᠢᠲᠠᠳ ᠦᠨᠳᠦᠰᠦᠲᠡᠨ᠎ᠤ ᠺᠠᠳ᠋ᠷ᠎ᠢ ᠬᠥᠮᠦᠵᠢᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠪᠦᠲᠦᠴᠡ᠎ᠨᠢ ᠵᠦᠶ ᠵᠣᠬᠢᠰᠲᠠᠶ᠂ ᠳᠠᠪᠠᠭᠤᠯᠢᠭ ᠲᠠᠯ᠎ᠠ᠎ᠪᠡᠷ ᠵᠢᠡᠨ ᠬᠠᠷᠢᠯᠴᠠᠨ ᠨᠥᠬᠦᠪᠥᠷᠢᠯᠡᠬᠦ᠌ ᠺᠠᠳ᠋ᠷ᠎ᠤᠨ ᠱᠠᠲᠤᠯᠢᠭ ᠡᠩᠨᠡᠭᠡ᠎ᠶ᠋ᠢ ᠪᠤᠢ ᠪᠣᠯᠭᠠᠨ᠎ᠠ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠨᠢᠭᠡᠨ ᠤᠷᠳᠤ ᠬᠤᠭᠤᠴᠠᠭᠠᠨ᠎ᠤ ᠪᠥᠭᠡᠳ ᠪᠡᠷᠬᠡ ᠬᠠᠲᠠᠭᠤᠵᠢᠯᠲᠠᠢ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠮᠥᠨ᠂ ᠡᠷᠬᠡᠪᠰᠢ ᠤᠷᠳᠤ ᠬᠤᠭᠤᠴᠠᠭ᠎ᠠ ᠴᠢᠷᠮᠠᠢᠵᠤ᠂ ᠴᠥᠬᠦᠷᠡᠰᠢ ᠦᠭᠡᠢ ᠪᠠᠢᠩᠭᠤ ᠠᠳᠭᠤᠬᠤ ᠬᠡᠷᠡᠭ᠌ᠲᠡᠢ᠃ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠪᠣᠯ ᠡᠨᠡ ᠬᠦ᠌ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠃ ᠪᠢᠳᠡ ᠳᠡᠭᠡᠳᠦ ᠬᠡᠮᠵᠢᠶᠡᠨ᠎ᠤ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡᠨ ᠡᠭᠦᠷᠭᠡᠲᠦ ᠰᠡᠳᠭᠢᠯᠭᠡ᠎ᠪᠠᠷ ᠤᠨᠤᠯ᠎ᠤᠨ ᠰᠤᠳᠤᠯᠭᠠᠨ᠎ᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠍᠂  ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠪᠠᠢᠭᠤᠯᠤᠯᠲᠠ ᠪᠠ ᠡᠯ᠎ᠡ ᠵᠦᠢᠯ᠎ᠤᠨ ᠠᠵᠢᠯ᠎ᠤᠨ ᠪᠦᠬᠦ᠌ ᠶᠠᠪᠤᠴᠠ᠂ ᠡᠯ᠎ᠡ ᠲᠠᠯ᠎ᠠ᠎ᠳᠤ ᠦᠨᠡᠨ ᠬᠦ᠌ ᠲᠤᠭᠤᠱᠢᠯᠠᠭᠤᠯᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ  ᠵᠡᠭᠦᠳᠦ᠍᠎ᠪᠠᠨ ᠬᠠᠮᠲᠤ᠎ᠪᠠᠷ ᠲᠡᠷᠭᠡᠯᠱᠢᠭᠦᠯᠬᠦ᠌》 ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠤᠳᠤ ᠦᠶ᠎ᠡ᠎ᠶ᠋ᠢᠨ ᠪᠣᠯᠪᠠᠰᠤᠨ᠎ᠤ ᠥᠪᠥᠷ ᠮᠣᠩᠭᠤᠯ᠎ᠤᠨ ᠬᠠᠭᠤᠳᠠᠰᠤ᠎ᠶ᠋ᠢ ᠪᠢᠴᠢᠭ᠌ᠯᠡᠬᠦ᠌᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ᠌᠎ᠪᠠᠷ ᠴᠢᠷᠮᠠᠢᠵᠠᠭᠠᠶ᠎ᠠ᠃

(ᠵᠣᠬᠢᠶᠠᠭ᠍ᠴᠢ᠎ᠶ᠋ᠢᠨ ᠬᠠᠶᠢᠭ᠄ᠳᠤᠮᠳᠠᠳᠦ ᠤᠯᠤᠰ᠎ᠤᠨ ᠡᠪ ᠬᠠᠮᠳᠦ ᠨᠠᠮ ᠎ᠤᠨ ᠤᠯᠠᠭᠠᠨᠬᠤᠲᠠ᠎ᠶ᠋ᠢᠨ ᠬᠤᠷᠢᠶᠠᠨ ᠎ᠤ ᠨᠠᠮ᠎ᠤᠨ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号