ᠵᠤᠨ ᠤ᠋ ᠡᠬᠢᠨ ᠤ᠋ ᠰᠦᠨᠢᠳ ᠨᠤᠲᠤᠭ ᠲᠤ᠌ ᠠᠮᠢᠯᠠᠯ ᠤ᠋ᠨ ᠨᠤᠭᠤᠭᠠᠨ ᠤᠷᠠᠢ ᠰᠠᠭᠠᠳᠠᠵᠠᠢ᠃ ᠪᠡᠯᠴᠢᠭᠡᠷ ᠰᠡᠷᠭᠦᠭᠡᠬᠦ ᠬᠤᠭᠤᠴᠠᠭ᠎ᠠ ᠨᠢᠭᠡᠨᠳᠡ ᠲᠠᠭᠤᠰᠤᠭᠠᠳ ᠬᠠᠭᠠᠰ ᠰᠠᠷ᠎ᠠ ᠭᠠᠷᠤᠢ ᠪᠤᠯᠴᠢᠬᠠᠭᠰᠠᠨ ᠪᠤᠯᠬᠤᠷ ᠭᠤᠪᠢᠷᠬᠠᠭ ᠲᠠᠯ᠎ᠠ ᠵᠢᠨ ᠪᠡᠯᠴᠢᠭᠡᠷ ᠴᠢᠮᠠᠯᠠᠬᠤ ᠪᠡᠷ ᠦᠭᠡᠢ ᠨᠤᠭᠤᠭᠠᠷᠠᠴᠢᠬᠠᠭᠰᠠᠨ ᠪᠠᠢᠯ᠎ᠠ᠃ ᠢᠡᠭᠭᠢᠬᠦ ᠳ᠋ᠤ ᠰᠥᠨᠢᠳ ᠪᠠᠷᠠᠭᠤᠨ ᠬᠣᠱᠢᠭᠤᠨ ᠤ᠋ ᠰᠠᠢᠬᠠᠨᠲᠠᠯᠠ ᠪᠠᠯᠭᠠᠰᠤᠨ ᠤ᠋ ᠨᠤᠮᠢᠨᠲᠠᠯᠠ ᠭᠠᠴᠠᠭᠠᠨ ᠤ᠋ ᠮᠠᠯᠴᠢᠨ ᠪᠢᠯᠢᠭᠲᠦ ᠵᠢᠨ ᠬᠢᠨ ᠤ᠋ ᠬᠤᠨᠢᠨ ᠰᠦᠷᠦᠭ ᠨᠤᠭᠤᠭᠠᠨ ᠳ᠋ᠤ ᠵᠤᠯᠭᠠᠵᠦ ᠨᠠᠯᠠᠢᠨ ᠪᠡᠯᠴᠢᠨ᠎ᠡ᠃

ᠰᠦᠨᠢᠳ ᠡᠮ᠎ᠠ ᠬᠤᠨᠢ
《 ᠮᠠᠨᠠᠢᠬᠢᠨ ᠵᠢᠯ ᠪᠤᠯᠭᠠᠨ ᠭᠤᠤᠯᠳᠠᠯᠭᠠᠳᠤ ᠰᠦᠷᠦᠭ ᠤ᠋ᠨ ᠬᠤᠴᠠ ᠵᠢᠨ ᠲᠠᠯᠠᠪᠠᠢ ᠡᠴᠡ ᠰᠠᠢᠨ ᠡᠭᠦᠯᠳᠡᠷ ᠤ᠋ᠨ ᠦᠷ᠎ᠡ ᠶ᠋ᠢᠨ ᠮᠠᠯ ᠰᠤᠡᠭᠭᠤᠵᠦ ᠠᠪᠳᠠᠭ᠃ ᠬᠤᠴᠠᠨ ᠤ᠋ ᠲᠠᠯᠠᠪᠠᠢ ᠡᠴᠡ 500 ᠲᠦᠭᠦᠷᠢᠭ ᠤ᠋ᠨ ᠬᠢᠮᠳᠠᠷᠠᠯ ᠦᠵᠡᠭᠦᠯᠵᠦ᠂ ᠵᠠᠰᠠᠭ ᠤ᠋ᠨ ᠤᠷᠳᠤᠨ ᠡᠴᠡ ᠬᠤᠴᠠ ᠪᠦᠷᠢ ᠳ᠋ᠤ 1600 ᠲᠦᠭᠦᠷᠢᠭ ᠤ᠋ᠨ ᠨᠦᠬᠦᠪᠦᠷᠢ ᠤᠯᠭᠤᠳᠠᠭ ᠪᠤᠯᠬᠤᠷ ᠨᠡᠭᠡᠷᠡᠨ ᠠᠰᠢᠳᠠᠢ ᠰᠢᠦ》 ᠭᠡᠵᠦ ᠮᠠᠯᠴᠢᠨ ᠪᠢᠯᠢᠭᠲᠦ ᠶᠠᠷᠢᠭᠰᠠᠨ ᠵᠢᠡᠨ ᠰᠦᠨᠢᠳ ᠬᠤᠨᠢ ᠮᠠᠯᠵᠢᠵᠦ ᠪᠤᠢ ᠶ᠋ᠢᠨ ᠲᠤᠬᠠᠢ ᠲᠤᠭᠠᠴᠠᠯᠠᠵᠦ ᠭᠠᠷᠪᠠ ᠄ 《ᠦᠨ᠎ᠡ ᠵᠢᠨ ᠬᠦᠡᠭᠭᠡᠯᠡᠯᠳᠡ ᠪᠤᠯᠤᠨ ᠵᠠᠰᠠᠭ ᠤ᠋ᠨ ᠤᠷᠳᠤᠨ ᠤ᠋ ᠨᠦᠬᠦᠪᠦᠷᠢ ᠪᠡᠷ ᠬᠤᠶᠠᠷ ᠮᠢᠡᠭᠭ᠎ᠠ ᠭᠠᠷᠤᠢ ᠭᠠᠮᠨᠠᠬᠤ ᠪᠤᠯᠬᠤᠷ ᠮᠠᠯᠴᠢᠳ ᠤ᠋ᠨ ᠮᠠᠯ ᠰᠦᠷᠦᠭ ᠤ᠋ᠨ ᠵᠢᠠᠨ ᠡᠭᠦᠯᠳᠡᠷ ᠢ᠋ ᠰᠠᠢᠵᠢᠷᠠᠭᠤᠯᠬᠤ ᠳ᠋ᠤ ᠮᠠᠰᠢ ᠶᠡᠬᠡ ᠲᠡᠮ ᠪᠤᠯᠵᠦ᠂ ᠡᠭᠦᠯᠳᠡᠷ ᠰᠠᠢᠨ ᠪᠤᠯᠬᠤᠷ ᠰᠠᠢᠨ ᠡᠷ᠎ᠡ ᠬᠤᠷᠠᠭ᠎ᠠ ᠪᠡᠨ ᠪᠤᠢᠵᠢᠭᠤᠯᠤᠭᠠᠳ ᠬᠤᠴᠠ ᠪᠡᠷ ᠬᠤᠳᠠᠯᠳᠤᠪᠠᠯ ᠂ ᠡᠩ ᠤ᠋ᠨ ᠬᠤᠷᠠᠭ᠎ᠠ ᠪᠡᠷ ᠵᠠᠷᠤᠭᠰᠠᠨ ᠡᠴᠡ ᠢᠯᠡᠭᠦᠦ 300 ᠡᠴᠡ 500 ᠲᠦᠭᠦᠷᠢᠭ ᠤ᠋ᠨ ᠠᠰᠢᠭ ᠲᠠᠢ》 ᠭᠡᠯ᠎ᠠ᠃

ᠬᠦᠭᠡᠷᠦᠭᠦᠨ ᠬᠤᠷᠠᠭ᠎ᠠ
ᠪᠢᠯᠢᠭᠲᠦ ᠵᠢᠨ ᠶᠠᠷᠢᠵᠦ ᠪᠠᠢᠭ᠎ᠠ ᠭᠤᠤᠯᠳᠠᠯᠭᠠᠳᠤ ᠰᠦᠷᠦᠭ ᠤ᠋ᠨ ᠬᠤᠴᠠ ᠵᠢᠨ ᠲᠠᠯᠠᠪᠠᠢ ᠪᠤᠯ ᠰᠦᠨᠢᠳ ᠪᠠᠷᠠᠭᠤᠨ ᠬᠤᠰᠢᠭᠤᠨ ᠤ᠋ ᠤᠯᠤᠰ ᠤ᠋ᠨ ᠲᠡᠰ ᠤ᠋ᠨ ᠮᠢᠬᠠᠨ ᠤ᠋ ᠬᠤᠨᠢᠨ ᠤ᠋ ᠭᠤᠤᠯᠳᠠᠯᠭᠠᠲᠤ ᠡᠭᠦᠯᠳᠡᠷ ᠪᠣᠢᠵᠢᠭᠤᠯᠬᠤ ᠲᠠᠯᠠᠪᠠᠶ ᠵᠢ ᠵᠢᠭᠠᠵᠦ᠂ ᠲᠤᠰ ᠬᠣᠱᠢᠭᠤᠨ ᠤ᠋ ᠴᠣᠷ ᠤ᠋ᠨ ᠭᠠᠭ᠍ᠴᠠ ᠰᠥᠨᠢᠳ ᠬᠣᠨᠢᠨ ᠤ᠋ ᠡᠭᠦᠯᠳᠡᠷ ᠢ᠋ ᠬᠠᠮᠠᠭᠠᠯᠠᠬᠤ᠂ ᠪᠣᠢᠵᠢᠭᠤᠯᠬᠤ ᠪᠠ ᠦᠷ᠎ᠡ ᠶ᠋ᠢᠨ ᠮᠠᠯ ᠬᠠᠩᠭᠠᠬᠤ ᠴᠢᠳᠠᠪᠬᠢ ᠪᠦᠬᠦᠢ ᠰᠠᠢᠨ ᠡᠭᠦᠯᠳᠡᠷ ᠤ᠋ᠨ ᠮᠠᠯᠵᠢᠯ ᠤ᠋ᠨ ᠰᠠᠭᠤᠷᠢᠨ ᠪᠤᠯᠤᠨ᠎ᠠ᠃ ᠣᠳᠣᠬᠠᠨ ᠳ᠋ᠤ᠂ ᠲᠣᠰ ᠡᠭᠦᠯᠳᠡᠷ ᠪᠣᠢᠵᠢᠭᠤᠯᠬᠤ ᠲᠠᠯᠠᠪᠠᠶ ᠨᠢ 1895 ᠲᠤᠯᠤᠭᠠᠢ ᠰᠥᠨᠢᠳ ᠬᠣᠨᠢ ᠮᠠᠯᠵᠢᠵᠦ᠂ ᠵᠢᠯ ᠳᠤᠮᠳᠠᠴᠢ ᠪᠠᠷ 600 ᠭᠠᠷᠤᠶ ᠱᠢᠯᠢᠳᠡᠭ ᠡᠭᠦᠯᠳᠡᠷ ᠦ᠋ᠨ ᠰᠦᠨᠢᠳ ᠬᠤᠴᠠ ᠬᠠᠩᠭᠠᠵᠤ ᠪᠠᠢᠨ᠎ᠠ᠃ ᠲᠤᠰ ᠲᠠᠯᠠᠪᠠᠢ ᠨᠢ 2019 ᠣᠨ ᠳ᠋ᠤ ᠬᠦᠳᠡᠭᠡ ᠠᠵᠤ ᠠᠬᠤᠢ ᠬᠥᠳᠡᠭᠡ ᠲᠣᠰᠭᠣᠨ ᠤ᠋ ᠶᠠᠮᠤᠨ ᠳ᠋ᠤ ᠤᠯᠤᠰ ᠤ᠋ᠨ ᠲᠠᠰ ᠤ᠋ᠨ ᠮᠢᠬᠠᠨ ᠤ᠋ ᠬᠣᠨᠢᠨ ᠤ᠋ ᠡᠭᠦᠯᠳᠡᠷ ᠪᠣᠢᠵᠢᠭᠤᠯᠬᠤ ᠭᠤᠤᠯ ᠲᠠᠯᠠᠪᠠᠶ ᠪᠠᠷ ᠦᠨᠡᠯᠡᠭ᠌ᠳᠡᠵᠦ ᠂ 2024 ᠣᠨ ᠳ᠋ᠤ 《ᠰᠥᠨᠢᠳ ᠬᠣᠨᠢᠨ ᠤ᠋ ᠱᠢᠨᠵᠢᠯᠡᠭᠡ ᠮᠡᠷᠭᠡᠵᠢᠯ ᠦ᠋ᠨ ᠵᠢᠵᠢᠭ ᠬᠦᠷᠢᠶᠡᠯᠡᠩ》 ᠢ᠋ ᠪᠠᠢᠭᠤᠯᠤᠨ᠂ 《ᠬᠤᠨᠢᠨ ᠤ᠋ ᠲᠣᠭᠠᠴᠢᠯᠠᠭ᠍ᠰᠠᠨ ᠡᠭᠦᠯᠳᠡᠷ ᠪᠣᠢᠵᠢᠭᠤᠯᠬᠤ ᠵᠢᠱ᠌ᠢᠶ᠎ᠡ ᠦᠵᠡᠭᠦᠯᠬᠦ᠌ ᠰᠠᠭᠤᠷᠢᠨ》 ᠵᠢᠡᠷ ᠲᠤᠭᠳᠠᠭᠠᠭᠳᠠᠵᠠᠢ᠃ 2025 ᠣᠨ ᠳ᠋ᠤ ᠪᠠᠰᠠ ᠱᠢᠯᠢᠶ᠋ᠢᠨ ᠭᠤᠤᠯ ᠠᠢᠮᠠᠭ ᠤ᠋ᠨ ᠦᠨᠳᠦᠷ ᠪᠤᠯᠪᠠᠰᠤᠷᠠᠯ ᠪᠦᠬᠦᠢ ᠮᠠᠯᠴᠢᠨ ᠲᠠᠷᠢᠶᠠᠴᠢᠨ ᠤ᠋ ᠲᠣᠭᠣᠷᠢᠨ ᠦᠵᠡᠵᠦ᠍ ᠪᠤᠳᠠᠳᠠᠢ ᠰᠤᠷᠭᠠᠭᠤᠯᠢᠯᠠᠯ ᠬᠦᠷᠳᠡᠬᠦ ᠰᠠᠭᠤᠷᠢᠨ ᠶ᠋ᠢᠡᠷ ᠦᠨᠡᠯᠡᠭ᠌ᠳᠡᠵᠦ᠍᠂ ᠲᠤᠬᠠᠢ ᠵᠢᠨ ᠵᠢᠯ ᠳ᠋ᠡᠭᠡᠨ 《 ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠬᠤᠨᠢᠨ ᠤ ᠪᠷᠦ᠋ᠼᠧᠯ ᠡᠪᠡᠳᠴᠢᠨ (ᠡᠭᠡᠯᠢᠯᠡᠭᠡᠶ᠋ᠢᠨ ᠪᠤᠰᠤ) ᠢ᠋ ᠴᠡᠪᠡᠷᠱᠢᠭᠦᠯᠬᠦ᠌ ᠲᠠᠯᠠᠪᠠᠢ 》 ᠵᠢᠨ ᠲᠤᠬᠠᠶ ᠶ᠋ᠢᠨ ᠲᠠᠯᠠᠪᠠᠶ ᠶ᠋ᠢᠨ ᠬᠢᠨᠠᠨ ᠱᠢᠯᠭᠠᠯᠲᠠ ᠶ᠋ᠢ ᠥᠩᠭᠡᠷᠡᠭᠡᠵᠦ᠍᠂ ᠰᠠᠢᠨ ᠡᠭᠦᠯᠳᠡᠷ ᠪᠣᠢᠵᠢᠭᠤᠯᠬᠤ ᠲᠤᠰᠭᠠᠶ ᠮᠡᠷᠭᠡᠵᠢᠯ ᠦ᠋ᠨ ᠴᠢᠨᠠᠷ᠂ ᠵᠢᠷᠤᠮᠵᠢᠭᠰᠠᠨ ᠴᠢᠨᠠᠷ᠂ ᠠᠮᠤᠷ ᠲᠦᠪᠱᠢᠨ ᠴᠢᠨᠠᠷ ᠤ᠋ᠨ ᠲᠠᠯ᠎ᠠ ᠪᠡᠷ ᠦᠨᠳᠦᠷ ᠲᠦᠪᠰᠢᠨ ᠳ᠋ᠤ ᠬᠦᠷᠴᠠᠢ᠃

ᠡᠯᠧᠺᠲᠷᠤᠨ ᠡᠭᠡᠮᠦᠭ ᠶ᠋ᠢᠡᠷ ᠢᠷᠡᠯᠳᠡ ᠶ᠋ᠢ ᠨᠢ ᠮᠦᠷᠳᠡᠨᠠ
ᠲᠤᠰ ᠡᠭᠦᠯᠳᠡᠷ ᠪᠣᠢᠵᠢᠭᠤᠯᠬᠤ ᠲᠠᠯᠠᠪᠠᠢ ᠶ᠋ᠢᠨ ᠳᠠᠷᠤᠭ᠎ᠠ ᠨᠠᠷᠠᠨᠵᠠᠨᠠ ᠶ᠋ᠢᠨ ᠲᠠᠨᠢᠯᠴᠠᠭᠤᠯᠤᠭ᠍ᠰᠠᠨ ᠶ᠋ᠢᠡᠷ᠂ ᠲᠡᠳᠡ ᠰᠥᠨᠢᠳ ᠬᠣᠨᠢᠨ ᠤ᠋ ᠰᠠᠢᠨ ᠡᠭᠦᠯᠳᠡᠷ ᠢ᠋ ᠰᠣᠩᠭᠣᠨ ᠪᠣᠢᠵᠢᠭᠤᠯᠬᠤ ᠳ᠋ᠠᠭᠠᠨ ᠪᠦᠬᠦ᠌ ᠶᠠᠪᠤᠴᠠ ᠪᠡᠷ ᠠᠵᠢᠯ ᠲᠥᠷᠥᠯ ᠦ᠋ᠨ ᠦᠢᠯᠡᠳᠪᠦᠷᠢᠯᠡᠯ ᠦ᠋ᠨ ᠴᠢᠳᠠᠪᠬᠢᠶ᠋ᠢ ᠬᠡᠮᠵᠢᠨ ᠲᠣᠭ᠍ᠲᠠᠭᠠᠬᠤ ᠪᠠᠷᠢᠮᠵᠢᠶ᠎ᠠᠶᠢ ᠴᠢᠩᠭ᠎ᠠ ᠵᠢᠷᠦᠮᠯᠠᠨ᠂ ᠳᠡᠭᠡᠳᠤ ᠱᠠᠲᠤᠨ ᠤ᠋ ᠲᠠᠷᠢᠶᠠᠯᠠᠩ ᠮᠠᠯ ᠠᠵᠤ ᠠᠬᠤᠢ ᠶ᠋ᠢᠨ ᠰᠠᠯᠠᠭ᠎ᠠ ᠮᠥᠴᠢᠷ ᠪᠤᠯᠤᠨ ᠲᠤᠰ ᠬᠣᠱᠢᠭᠤᠨ ᠤ᠋ ᠮᠠᠯ ᠠᠵᠤ ᠠᠬᠤᠢ ᠶ᠋ᠢᠨ ᠠᠵᠢᠯ ᠤ᠋ᠨ ᠥᠷᠲᠡᠭᠡ ᠶ᠋ᠢᠨ ᠪᠠᠢᠩᠭᠤᠵᠢᠭ᠍ᠰᠠᠨ ᠮᠡᠷᠭᠡᠵᠢᠯ ᠦ᠋ᠨ ᠵᠢᠯᠣᠭᠣᠳᠤᠯᠭ᠎ᠠ ᠪᠡᠷ ᠨᠠᠷᠢᠯᠢᠭ ᠣᠨᠣᠪᠴᠢᠲᠠᠢ ᠱᠢᠯᠢᠨ ᠰᠣᠩᠭᠣᠵᠤ᠂ ᠱᠢᠨᠵᠢᠯᠡᠬᠦ᠌ ᠤᠬᠠᠭᠠᠨᠴᠢ ᠪᠠᠷ ᠪᠣᠢᠵᠢᠭᠤᠯᠤᠨ᠂ ᠪᠦᠬᠦ᠌ ᠬᠣᠱᠢᠭᠤᠨ ᠤ᠋ ᠮᠠᠯᠵᠢᠬᠤ ᠡᠷᠦᠬᠡ ᠳ᠋ᠤ ᠤᠳᠤᠮ ᠤ᠋ᠨ ᠰᠠᠡᠭ ᠨᠢ ᠴᠡᠪᠡᠷ᠂ ᠪᠢᠷ᠎ᠡ ᠬᠦᠴᠦᠳᠠᠢ ᠱᠢᠯᠢᠳᠡᠭ ᠡᠭᠦᠯᠳᠡᠷ ᠦ᠋ᠨ ᠬᠤᠴᠠ ᠬᠠᠩᠭᠠᠵᠤ᠂ ᠰᠥᠨᠢᠳ ᠬᠣᠨᠢᠨ ᠤ᠋ ᠡᠭᠦᠯᠳᠡᠷ ᠦ᠋ᠨ ᠴᠢᠨᠠᠷ ᠴᠢᠨᠰᠠᠭᠠᠶ᠋ᠢ ᠡᠬᠢ ᠦᠨᠳᠦᠰᠦ ᠡᠴᠡ ᠨᠢ ᠪᠠᠲᠤᠯᠠᠵᠦ ᠪᠤᠢ᠃

ᠳᠠᠪᠠᠳᠠᠢ ᠢᠳᠡᠰᠢᠯᠡᠨ᠎ᠠ
ᠮᠠᠯᠴᠢᠨ ᠪᠢᠯᠢᠭᠲᠦ ᠵᠢᠨ ᠬᠢᠨ ᠲᠠᠢ ᠠᠳᠠᠯᠢ ᠪᠡᠷ ᠤᠢᠷ᠎ᠠ ᠵᠢᠨ ᠵᠢᠯ ᠳ᠋ᠤ ᠲᠤᠰ ᠬᠤᠰᠢᠭᠤᠨ ᠤ᠋ ᠮᠠᠰᠢ ᠤᠯᠠᠨ ᠮᠠᠯᠵᠢᠬᠤ ᠡᠷᠦᠬᠡ ᠰᠦᠨᠢᠳ ᠬᠤᠨᠢᠨ ᠤ᠋ ᠪᠡᠨ ᠡᠭᠦᠯᠳᠡᠷ ᠢ᠋ ᠴᠡᠪᠡᠷ ᠪᠠᠢᠯᠭᠠᠬᠤ᠂ ᠰᠢᠯᠢᠳᠡᠭ ᠪᠤᠯᠭᠠᠬᠤ ᠵᠢᠨ ᠲᠦᠯᠦᠭᠡ ᠴᠢᠷᠮᠠᠢᠵᠦ᠂ ᠡᠭᠦᠨ ᠤ᠋ ᠤᠯᠠᠮ ᠶ᠋ᠢᠡᠷ ᠡᠭᠦᠯᠳᠡᠷ ᠰᠠᠢᠵᠢᠷᠠᠬᠤ ᠵᠢ ᠲᠠᠭᠠᠯᠳᠤᠨ ᠮᠠᠯᠵᠢᠯ ᠤ᠋ᠨ ᠤᠷᠤᠯᠭ᠎ᠠ ᠶ᠋ᠢᠨ ᠲᠤᠭᠳᠠᠭᠤᠨ ᠨᠡᠮᠡᠭᠳᠡᠯ ᠢ᠋ ᠠᠬᠢᠭᠤᠯᠵᠦ ᠪᠠᠢᠨ᠎ᠠ᠃ ᠲᠡᠭᠡᠪᠡᠯ ᠤᠢᠷ᠎ᠠ ᠵᠢᠨ ᠵᠢᠯ ᠳ᠋ᠤ᠂ ᠰᠥᠨᠢᠳ ᠪᠠᠷᠠᠭᠤᠨ ᠬᠣᠱᠢᠭᠤ ᠨᠢ ᠰᠥᠨᠢᠳ ᠬᠣᠨᠢᠨ ᠤ᠋ ᠦᠪᠡᠷᠮᠢᠴᠡ ᠡᠭᠦᠯᠳᠡᠷ ᠦ᠋ᠨ ᠡᠬᠢ ᠪᠠᠶᠠᠯᠢᠭ ᠢ᠋ ᠰᠠᠢᠲᠤᠷ ᠬᠠᠮᠠᠭᠠᠯᠠᠬᠤ ᠶ᠋ᠢᠨ ᠲᠥᠯᠥᠭᠡ᠂ ᠲᠤᠬᠠᠢ ᠵᠢᠨ ᠭᠠᠵᠠᠷ ᠤ᠋ᠨ ᠮᠠᠯ ᠠᠵᠤ ᠠᠬᠤᠢ ᠶ᠋ᠢᠨ ᠬᠥᠭ᠌ᠵᠢᠯᠲᠡ ᠶ᠋ᠢᠨ ᠪᠣᠳᠠᠲᠤ ᠪᠠᠢᠳᠠᠯ ᠳ᠋ᠠᠭᠠᠨ ᠰᠠᠭᠤᠷᠢᠯᠠᠨ 《ᠭᠣᠣᠯᠳᠠᠯᠭᠠᠲᠤ ᠡᠭᠦᠯᠳᠡᠷ ᠪᠣᠢᠵᠢᠭᠤᠯᠬᠤ ᠲᠠᠯᠠᠪᠠᠢ + ᠦᠷᠬᠡᠳᠬᠡᠨ ᠦᠷᠡᠵᠢᠭᠦᠯᠬᠦ᠌ ᠲᠠᠯᠠᠪᠠᠢ + ᠭᠣᠣᠯᠳᠠᠯᠭᠠᠲᠤ ᠰᠦᠷᠦᠭ》ᠵᠠᠭᠪᠤᠷ ᠤ᠋ᠨ ᠭᠤᠷᠪᠠᠨ ᠱᠠᠲᠤᠨ ᠤ᠋ ᠡᠭᠦᠯᠳᠡᠷ ᠰᠠᠢᠵᠢᠷᠠᠭᠤᠯᠬᠤ ᠲᠣᠭ᠍ᠲᠠᠯᠴᠠᠭᠠ ᠶ᠋ᠢ ᠪᠠᠢᠭᠤᠯᠵᠤ᠂ ᠱᠢᠯᠢᠳᠡᠭ ᠡᠭᠦᠯᠳᠡᠷ ᠢ᠋ ᠪᠣᠢᠵᠢᠭᠤᠯᠬᠤ᠂ ᠦᠷᠬᠡᠳᠬᠡᠨ ᠳᠡᠯᠭᠡᠷᠡᠭᠦᠯᠬᠦ᠌᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠪᠦᠬᠦ᠌ ᠬᠡᠯᠬᠢᠶ᠎ᠡ ᠶ᠋ᠢ ᠨᠡᠪᠲᠡᠷᠡᠭᠦᠯᠪᠡ᠃ ᠡᠭᠦᠨ ᠳ᠋ᠤ ᠂ ᠤᠯᠤᠰ ᠤ᠋ᠨ ᠲᠠᠰ ᠤ᠋ᠨ ᠭᠤᠤᠯᠳᠠᠯᠭᠠᠲᠤ ᠡᠭᠦᠯᠳᠡᠷ ᠪᠣᠢᠵᠢᠭᠤᠯᠬᠤ ᠲᠠᠯᠠᠪᠠᠶ ᠨᠢ ᠦᠷ᠎ᠡ ᠡᠳ᠋ ᠤ᠋ᠨ ᠡᠬᠢ ᠪᠠᠶᠠᠯᠢᠭ ᠢ᠋ ᠬᠠᠮᠠᠭᠠᠯᠠᠬᠤ᠂ ᠨᠠᠷᠢᠯᠢᠭ ᠣᠨᠣᠴᠠᠳᠠᠢ ᠪᠠᠷ ᠰᠣᠩᠭᠣᠨ ᠪᠣᠢᠵᠢᠭᠤᠯᠬᠤ ᠪᠠ ᠱᠢᠯᠢᠳᠡᠭ ᠡᠭᠦᠯᠳᠡᠷ ᠤ᠋ᠨ ᠬᠤᠴᠠ ᠬᠠᠩᠭᠠᠬᠤ ᠪᠡᠷ ᠭᠤᠤᠯᠳᠠᠨ᠎ᠠ; ᠡᠯ᠎ᠡ ᠦᠷᠬᠡᠳᠬᠡᠨ ᠦᠷᠡᠵᠢᠭᠦᠯᠬᠦ᠌ ᠲᠠᠯᠠᠪᠠᠶ ᠨᠢ ᠰᠢᠯᠢᠳᠡᠭ ᠡᠭᠦᠯᠳᠡᠷ ᠢ᠋ ᠲᠦᠭᠡᠮᠡᠯᠵᠢᠭᠦᠯᠬᠦ ᠡᠭᠦᠷᠭᠡ ᠶ᠋ᠢ ᠭᠤᠤᠯᠴᠢᠯᠠᠨ ᠬᠠᠷᠢᠭᠤᠴᠠᠵᠤ᠂ ᠦᠷᠭᠡᠨ ᠤᠯᠠᠨ ᠮᠠᠯᠵᠢᠬᠤ ᠡᠷᠦᠬᠡ ᠳ᠋ᠤ ᠤᠳᠤᠮ ᠴᠠᠳᠢᠭ ᠤ᠋ᠨ ᠲᠠᠩᠰᠠ ᠡᠪᠬᠡᠮᠡᠯ ᠨᠢ ᠪᠦᠷᠢᠨ ᠪᠦᠲᠦᠨ᠂ ᠶᠠᠰᠤ ᠴᠢᠨᠠᠷ ᠨᠢ ᠪᠠᠲᠤᠯᠠᠭ᠎ᠠ ᠲᠠᠶ ᠦᠷ᠎ᠠ ᠶ᠋ᠢᠨ ᠮᠠᠯ ᠬᠠᠩᠭᠠᠨ᠎ᠠ; ᠭᠣᠣᠯᠳᠠᠯᠭᠠᠲᠤ ᠰᠦᠷᠦᠭ ᠨᠢ ᠰᠢᠯᠢᠳᠡᠭ ᠡᠭᠦᠯᠳᠡᠷ ᠢ᠋ ᠮᠠᠯᠵᠢᠬᠤ ᠦᠨᠳᠦᠰᠦᠨ ᠨᠢᠭᠡᠴᠢ ᠪᠤᠯᠬᠤ ᠶ᠋ᠢᠨ ᠬᠤᠪᠢ ᠳ᠋ᠤ᠂ ᠪᠠᠷᠢᠮᠵᠢᠶᠠᠵᠢᠭᠰᠠᠨ ᠵᠢᠷᠦᠮ ᠶ᠋ᠢᠡᠷ ᠰᠢᠯᠢᠳᠡᠭ ᠦᠷ᠎ᠠ ᠡᠳ᠋ ᠤ᠋ᠨ ᠡᠬᠢ ᠪᠠᠶᠠᠯᠢᠭ ᠢ᠋ ᠰᠤᠩᠭᠤᠨ ᠦᠯᠡᠳᠡᠭᠡᠵᠦ ᠳᠡᠯᠭᠡᠷᠡᠭᠦᠯᠤᠨ᠂ ᠱᠢᠯᠢᠳᠡᠭ ᠡᠭᠦᠯᠳᠡᠷ ᠦ᠋ᠨ ᠰᠦᠨᠢᠳ ᠬᠤᠨᠢᠨ ᠤ᠋ ᠲᠤᠭ᠎ᠠ ᠲᠤᠯᠤᠭᠠᠢ ᠵᠢ ᠤᠯᠠᠰᠢᠷᠠᠭᠤᠯᠵᠠᠢ᠃ ᠡᠢᠨ ᠬᠦ᠌ ᠭᠤᠷᠪᠠᠨ ᠱᠠᠳᠤ ᠪᠡᠷ ᠶ᠋ᠢᠡᠨ ᠬᠤᠯᠪᠤᠭᠠᠯᠠᠨ ᠬᠦᠳᠡᠯᠦᠯᠴᠡᠬᠦ ᠪᠦᠷᠢᠨ ᠬᠡᠯᠬᠢᠶᠡᠵᠢᠯ ᠨᠢ ᠰᠥᠨᠢᠳ ᠬᠣᠨᠢᠨ ᠤ᠋ ᠴᠡᠪᠡᠷ ᠡᠭᠦᠯᠳᠡᠷ ᠦ᠋ᠨ ᠭᠧᠨ ᠢ᠋ ᠦᠯᠡᠳᠡᠭᠡᠬᠦ ᠵᠢᠨ ᠤᠯᠠᠮ ᠵᠢᠠᠷ ᠦᠪᠡᠷᠮᠢᠴᠡ ᠮᠠᠯ ᠤ᠋ᠨ ᠡᠭᠦᠯᠳᠡᠷ ᠤ᠋ᠨ ᠬᠠᠮᠠᠭᠠᠯᠠᠯᠳᠠ ᠶ᠋ᠢᠨ ᠴᠢᠨᠠᠷᠲᠠᠢ ᠬᠥᠭ᠌ᠵᠢᠯᠳᠠ ᠶ᠋ᠢ ᠠᠬᠢᠭᠤᠯᠪᠠ᠃ ᠣᠳᠣᠬᠠᠨ ᠪᠣᠯᠲᠠᠯ᠎ᠠ᠂ ᠰᠦᠨᠢᠳ ᠪᠠᠷᠠᠭᠤᠨ ᠬᠤᠰᠢᠭᠤᠨ ᠤ᠋ ᠰᠥᠨᠢᠳ ᠬᠣᠨᠢᠨ ᠤ᠋ ᠭᠤᠤᠯᠳᠠᠯᠭᠠᠲᠤ ᠰᠦᠷᠦᠭ 170 ᠪᠤᠯᠵᠦ᠂ ᠮᠠᠯᠵᠢᠵᠤ ᠪᠠᠢᠭ᠎ᠠ ᠰᠠᠢᠨ ᠡᠭᠦᠯᠳᠡᠷ ᠤ᠋ᠨ ᠰᠦᠨᠢᠳ ᠬᠤᠨᠢᠨ ᠤ᠋ ᠨᠡᠢᠳᠡ ᠲᠤᠭ᠎ᠠ ᠲᠤᠯᠤᠭᠠᠢ ᠨᠢ 70 ᠲᠦᠮᠡ ᠶ᠋ᠢ ᠳᠠᠪᠠᠵᠤ᠂ ᠴᠢᠨᠠᠷ ᠰᠠᠢᠲᠠᠶ ᠰᠠᠢᠨ ᠡᠭᠦᠯᠳᠡᠷ ᠢ᠋ ᠲᠡᠵᠢᠭᠡᠨ ᠦᠷᠡᠵᠢᠭᠦᠯᠬᠦ᠌ ᠬᠡᠪᠴᠢᠶᠡᠵᠢᠭ᠌ᠰᠡᠨ ᠪᠠᠢᠷᠢᠱᠢᠯ ᠢ᠋ ᠪᠦᠷᠢᠯᠳᠦᠭᠦᠯᠦᠭᠰᠡᠨ ᠪᠠᠢᠨ᠎ᠠ᠃
ᠰᠠᠢᠨ ᠡᠭᠦᠯᠳᠡᠷ ᠤ᠋ᠨ ᠬᠤᠨᠢᠨ ᠤ᠋ ᠲᠤᠭ᠎ᠠ ᠲᠤᠯᠤᠭᠠᠢ ᠵᠢ ᠨᠡᠮᠡᠭᠳᠡᠭᠦᠯᠦᠭᠰᠡᠨ ᠤ᠋ ᠰᠠᠭᠤᠷᠢᠨ ᠳ᠋ᠤ᠂ ᠲᠤᠰ ᠬᠤᠰᠢᠭᠤ ᠪᠠᠰᠠ ᠲᠦᠬᠦᠷᠵᠢᠭᠰᠡᠨ ᠠᠵᠦ ᠦᠢᠯᠡᠰ ᠤ᠋ᠨ ᠬᠡᠯᠬᠢᠶ᠎ᠡ ᠪᠡᠷ ᠬᠤᠨᠢᠨ ᠮᠢᠬᠠᠨ ᠤ᠋ ᠪᠦᠲᠦᠬᠡᠭᠳᠡᠬᠦᠨ ᠵᠢᠡᠨ ᠦᠨᠳᠦᠷ ᠦᠨ᠎ᠡ ᠳ᠋ᠤ ᠬᠦᠷᠭᠡᠬᠦ ᠠᠯᠢ ᠤᠯᠠᠨ ᠠᠷᠭ᠎ᠠ ᠵᠠᠮ ᠢ᠋ ᠰᠦᠪᠡᠭᠴᠢᠯᠡᠵᠦ᠂ ᠰᠥᠨᠢᠳ ᠪᠠᠷᠠᠭᠤᠨ ᠬᠣᠱᠢᠭᠤᠨ ᠤ᠋ ᠪᠡᠨ ᠠᠯᠠᠱᠢᠨ ᠬᠣᠨᠢᠨ ᠤ᠋ ᠠᠵᠤ ᠦᠶ᠋ᠯᠡᠰ ᠦ᠋ᠨ ᠬᠡᠯᠬᠢᠶ᠎ᠡ ᠶ᠋ᠢ ᠴᠢᠨᠠᠭᠰᠢᠳᠠ ᠤᠷᠲᠤᠳᠭᠠᠨ᠂ ᠲᠡᠵᠢᠭᠡᠨ ᠦᠷᠡᠵᠢᠭᠦᠯᠬᠦ᠌᠂ ᠡᠳ᠋ᠱᠢᠭᠦᠯᠤᠨ ᠪᠤᠯᠪᠠᠰᠤᠷᠠᠭᠤᠯᠬᠤ᠂ ᠪᠣᠷᠣᠯᠠᠭᠤᠯᠬᠤ ᠶ᠋ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌ ᠶ᠋ᠢ ᠠᠬᠢᠭᠤᠯᠪᠠ᠃
ᠰᠦᠨᠢᠳ ᠪᠠᠷᠠᠭᠤᠨ ᠬᠤᠰᠢᠭᠤᠨ ᠤ᠋ ᠪᠠᠢᠭᠠᠯᠢᠯᠢᠭ ᠲᠠᠯ᠎ᠠ ᠨᠤᠲᠤᠭ ᠤ᠋ᠨ ᠮᠠᠯ ᠠᠵᠦ ᠠᠬᠤᠢ ᠵᠢᠨ ᠺᠣᠮᠫᠠᠨᠢ ᠶ᠋ᠢᠨ ᠡᠯᠧᠺᠲ᠋ᠷᠣᠨ ᠬᠤᠳᠠᠯᠳᠤᠭᠠᠨ ᠤ᠋ ᠬᠡᠯᠳᠡᠰ ᠤ᠋ᠨ ᠬᠠᠷᠢᠭᠤᠴᠠᠯᠭᠠᠲᠠᠨ ᠵᠣᠣ ᠶᠠᠨ ᠰᠤᠷᠪᠤᠯᠵᠢᠯᠠᠭ᠎ᠠ ᠬᠦᠯᠢᠶᠡᠬᠦ ᠳ᠋ᠡᠭᠡᠨ᠄ 《ᠮᠠᠨ ᠤ᠋ ᠺᠤᠮᠫᠠᠨᠢ 2014 ᠤᠨ ᠳ᠋ᠤ ᠪᠠᠢᠭᠤᠯᠤᠭᠳᠠᠭᠰᠠᠨ ᠡᠴᠡ ᠨᠠᠭᠠᠰᠢ ᠮᠢᠬᠠᠨ ᠤ᠋ ᠬᠣᠨᠢ ᠡᠳ᠋ᠱᠢᠭᠦᠯᠬᠦ᠌ ᠦᠢᠯᠡᠰ ᠢ᠋ ᠡᠵᠡᠡᠭᠨᠡᠵᠦ᠂ ᠤᠢᠷ᠎ᠠ ᠶ᠋ᠢᠨ ᠬᠡᠳᠦᠨ ᠵᠢᠯ ᠳ᠋ᠤ ᠵᠢᠯ ᠲᠤᠮᠳᠠᠴᠢ ᠪᠡᠷ 5 ᠡᠴᠡ 8 ᠲᠦᠮᠡᠨ ᠰᠦᠨᠢᠳ ᠬᠤᠨᠢ ᠶ᠋ᠢ ᠨᠢᠳᠤᠯᠵᠤ ᠡᠳ᠋ᠰᠢᠭᠦᠯᠦᠨ᠂ 40 ᠭᠠᠷᠤᠶ ᠵᠦᠶ᠋ᠯ ᠦ᠋ᠨ ᠬᠣᠨᠢᠨ ᠮᠢᠬᠠᠨ ᠤ᠋ ᠪᠦᠲᠦᠭᠡᠭ᠌ᠳᠡᠬᠦᠨ ᠢ᠋ ᠰᠤᠳᠤᠯᠤᠨ ᠨᠡᠭᠡᠭᠡᠵᠦ᠍ ᠵᠠᠬ᠎ᠠ ᠳ᠋ᠤ ᠭᠠᠷᠭᠠᠭᠰᠠᠨ ᠪᠠᠢᠨ᠎ᠠ 》 ᠭᠡᠯ᠎ᠠ᠃
ᠢᠡᠭᠭᠢᠭᠡᠳ ᠰᠦᠨᠢᠳ ᠪᠠᠷᠠᠭᠤᠨ ᠬᠤᠰᠢᠭᠤ ᠨᠢ ᠡᠭᠦᠯᠳᠡᠷ ᠰᠠᠢᠵᠢᠷᠠᠭᠤᠯᠬᠤ ᠂ ᠰᠠᠢᠨ ᠡᠭᠦᠯᠳᠡᠷ ᠢ᠋ ᠲᠦᠭᠡᠮᠡᠯᠵᠢᠭᠦᠯᠬᠦ᠂ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠲᠠᠯ᠎ᠠ ᠡᠴᠡ ᠭᠠᠷᠳᠠᠨ ᠠᠯᠢ ᠤᠯᠠᠨ ᠪᠤᠳᠠᠳᠤ ᠠᠵᠢᠯ ᠬᠢᠵᠦ ᠮᠠᠯᠴᠢᠳ ᠤ᠋ᠨ ᠠᠰᠢᠬ ᠤᠷᠤᠯᠭ᠎ᠠ ᠵᠢ ᠨᠡᠮᠡᠭᠳᠡᠭᠦᠯᠬᠦ ᠰᠠᠭᠤᠷᠢ ᠵᠢ ᠪᠡᠬᠢᠵᠢᠭᠦᠯᠦᠭᠰᠡᠨ ᠵᠢᠡᠷ ᠣᠷᠣᠨ ᠪᠦᠰᠡᠶ᠋ᠢᠨ ᠣᠨᠴᠠᠯᠢᠭ᠍ᠲᠤ ᠮᠠᠯ ᠠᠵᠤ ᠠᠬᠤᠶᠶ᠋ᠢᠨ ᠲᠥᠷᠥᠯ ᠲᠡᠮᠳᠡᠭ ᠢ᠋ ᠡᠭᠦᠳᠴᠦ᠍᠂ ᠬᠤᠳᠠᠯᠠ ᠤᠯᠠᠨ ᠳ᠋ᠤ ᠠᠯᠳᠠᠷᠰᠢᠭᠰᠠᠨ ᠰᠦᠨᠢᠳ ᠬᠤᠨᠢᠨ ᠮᠢᠬ᠎ᠠ ᠪᠡᠨ ᠪᠥᠬᠥ᠌ ᠤᠯᠤᠰ ᠤ᠋ᠨ ᠲᠦᠭ ᠲᠦᠮᠡᠨ ᠠᠢᠯ ᠡᠷᠦᠬᠡᠳᠦ ᠬᠦᠷᠭᠡᠵᠦ᠍᠂ ᠪᠥᠬᠥ᠌ ᠠᠵᠤ ᠦᠶ᠋ᠯᠡᠰ ᠦ᠋ᠨ ᠬᠡᠯᠬᠢᠶ᠎ᠡ ᠶ᠋ᠢᠨ ᠲᠠᠰ ᠳᠠᠪᠱᠢᠯᠲᠠ ᠪᠠᠷ ᠲᠠᠯ᠎ᠠ ᠨᠤᠲᠤᠭ ᠤ᠋ᠨ ᠮᠠᠯ ᠠᠵᠤ ᠠᠬᠤᠶᠶ᠋ᠢᠨ ᠴᠢᠨᠠᠷ ᠰᠠᠢᠲᠠᠶ ᠬᠥᠭ᠌ᠵᠢᠯᠲᠡ ᠵᠢ ᠨᠡᠡᠭ ᠦᠨᠳᠦᠷ ᠲᠡᠭᠳᠡᠷ ᠲᠤ᠌ ᠭᠠᠷᠭᠠᠬᠤ ᠪᠡᠷ ᠬᠦᠴᠦᠯᠡᠵᠦ ᠪᠠᠢᠨ᠎ᠠ᠃