ᠦᠪᠦᠷ ᠮᠤᠩᠭᠤᠯ ᠳ᠋ᠤ ᠡᠮ ᠤ᠋ᠨ ᠵᠦᠢᠯᠡᠰ ᠤ᠋ᠨ ᠰᠢᠯᠭᠠᠨ ᠪᠠᠢᠴᠠᠭᠠᠭᠴᠢ ᠶ᠋ᠢᠨ 11 ᠰᠤᠷᠢᠯᠳᠠ ᠶ᠋ᠢᠨ ᠰᠠᠭᠤᠷᠢᠨ ᠲᠠᠢ ᠪᠤᠯᠵᠠᠢ
2026-06-12 10:44:02
ᠵᠣᠬᠢᠶᠠᠭ᠍ᠴᠢ᠄
​ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠢᠯᠠᠭᠠᠭᠰᠠᠨ ᠶ᠋ᠢᠡᠷ᠂ 《ᠠᠵᠤ ᠠᠬᠤᠢᠯᠠᠯ ᠰᠠᠢᠨ ᠳᠤᠷ᠎ᠠ ᠡᠴᠡ ᠪᠠᠨ ᠡᠷᠡᠮᠡᠯᠵᠡᠯ ᠳᠡᠪᠰᠢᠭᠦᠯᠬᠦ᠂ ᠪᠢᠴᠢᠭ ᠮᠠᠲᠧᠷᠢᠶᠠᠯ ᠳ᠋ᠤ ᠠᠩᠬᠠᠨ ᠤ᠋ ᠬᠢᠨᠠᠯᠳᠠ ᠬᠢᠬᠦ᠂ ᠲᠤᠬᠠᠢ ᠶ᠋ᠢᠨ ᠲᠠᠯᠠᠪᠤᠷ ᠲᠤ᠌ ᠰᠢᠯᠭᠠᠨ ᠪᠠᠢᠴᠠᠭᠠᠬᠤ᠂ ᠬᠠᠮᠳᠤ ᠪᠡᠷ ᠰᠤᠳᠤᠯᠤᠨ ᠶᠠᠷᠢᠯᠴᠠᠵᠤ  ᠬᠢᠨᠠᠨ ᠳᠤᠭᠳᠠᠭᠠᠬᠤ᠂ ᠨᠡᠢᠭᠡᠮ ᠨᠡᠢᠳᠡ ᠳ᠋ᠤ ᠵᠠᠷᠯᠠᠬᠤ》 ᠵᠡᠷᠭᠡ ᠳᠦᠷᠢᠮᠵᠢᠭᠦᠨ ᠶᠠᠪᠤᠴᠠ ᠪᠡᠷ ᠳᠠᠮᠵᠢᠭᠠᠳ ᠪᠦᠬᠦ ᠤᠷᠤᠨ ᠤ᠋ ᠡᠮ ᠤ᠋ᠨ ᠵᠦᠢᠯᠡᠰ ᠤ᠋ᠨ ᠰᠢᠯᠭᠠᠨ ᠪᠠᠢᠴᠠᠭᠠᠭᠴᠢ ᠶ᠋ᠢᠨ ᠰᠤᠷᠢᠯᠳᠠ ᠶ᠋ᠢᠨ ᠰᠠᠭᠤᠷᠢᠨ ᠰᠢᠨ᠎ᠠ ᠪᠡᠷ 4 ᠨᠡᠮᠡᠭᠳᠡᠵᠠᠢ᠃ ᠲᠡᠭᠦᠨᠴᠢᠯᠠᠨ ᠤᠳᠤ ᠪᠦᠬᠦ ᠤᠷᠤᠨ ᠳ᠋ᠤ 11 ᠡᠮ ᠤ᠋ᠨ ᠵᠦᠢᠯᠡᠰ ᠤ᠋ᠨ ᠰᠢᠯᠭᠠᠨ ᠪᠠᠢᠴᠠᠭᠠᠭᠴᠢ ᠶ᠋ᠢᠨ ᠰᠤᠷᠢᠯᠳᠠ ᠶ᠋ᠢᠨ ᠰᠠᠭᠤᠷᠢᠨ ᠲᠠᠢ ᠪᠤᠯᠵᠤ᠂ ᠰᠤᠷᠢᠯᠳᠠ ᠶ᠋ᠢᠨ ᠰᠠᠭᠤᠷᠢᠨ ᠤ᠋ ᠲᠤᠤᠷ ᠤ᠋ᠨ ᠪᠠᠢᠷᠢᠰᠢᠭᠤᠯᠤᠯᠳᠠ ᠲᠠᠰᠤᠷᠠᠯᠳᠠ ᠦᠭᠡᠢ  ᠲᠡᠭᠦᠯᠳᠡᠷᠵᠢᠭᠰᠡᠨ ᠪᠠᠢᠨ᠎ᠠ᠃

ᠰᠢᠨ᠎ᠠ ᠪᠡᠷ ᠨᠡᠮᠡᠭᠳᠡᠭᠰᠡᠨ 4 ᠰᠤᠷᠢᠯᠳᠠ ᠶ᠋ᠢᠨ ᠰᠠᠭᠤᠷᠢᠨ ᠤ᠋ ᠫᠠᠢᠰᠠ ᠤᠯᠭᠤᠬᠤ ᠶᠤᠰᠤᠯᠠᠯ ᠲᠠᠬᠡᠷ᠎ᠠ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠪᠠᠢᠴᠠᠭᠠᠬᠤ ᠲᠦᠪ ᠤ᠋ᠨ ᠬᠢᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢ ᠲᠦᠯᠦᠭᠡᠯᠡᠨ ᠡᠯ᠎ᠠ ᠰᠤᠷᠢᠯᠳᠠ ᠶ᠋ᠢᠨ ᠰᠠᠭᠤᠷᠢᠨ ᠲᠠᠢ ᠬᠠᠮᠳᠤᠷᠠᠨ ᠠᠵᠢᠯᠯᠠᠬᠤ ᠵᠦᠪᠯᠡᠯᠴᠡᠭᠡᠷ ᠳᠤᠬᠢᠷᠠᠯᠴᠠᠵᠤ᠂ ᠲᠤᠰ ᠲᠤᠰ ᠤ᠋ᠨ ᠬᠠᠷᠢᠭᠤᠴᠠᠯᠭ᠎ᠠ ᠶ᠋ᠢ ᠲᠤᠳᠤᠷᠬᠠᠢᠯᠠᠪᠠ᠃ ᠡᠯ᠎ᠠ ᠰᠠᠭᠤᠷᠢᠨ ᠤ᠋ ᠬᠢᠨ ᠭᠤᠤᠯ ᠴᠤᠭᠴᠠ ᠶ᠋ᠢᠨ ᠬᠠᠷᠢᠭᠤᠴᠠᠯᠭ᠎ᠠ ᠪᠡᠨ ᠦᠨᠡᠨ ᠪᠤᠳᠠᠳᠠᠢ ᠭᠦᠢᠴᠡᠳᠭᠡᠵᠦ᠂ ᠬᠤᠯᠪᠤᠭᠳᠠᠯ ᠪᠦᠬᠦᠢ ᠰᠤᠷᠢᠯᠳᠠ ᠶ᠋ᠢᠨ ᠠᠵᠢᠯ ᠳ᠋ᠤ  ᠢᠳᠡᠪᠬᠢᠳᠠᠢ  ᠬᠠᠮᠵᠢᠯᠴᠠᠨ᠎ᠠ  ᠭᠡᠵᠦ  ᠢᠯᠡᠷᠬᠡᠢᠯᠡᠪᠡ᠃

ᠤᠢᠯᠠᠭᠠᠭᠰᠠᠨ ᠶ᠋ᠢᠡᠷ᠂ ᠦᠪᠡᠷᠳᠡᠭᠡᠨ ᠵᠠᠰᠠᠬᠤ ᠤᠷᠤᠨ ᠡᠴᠡ ᠡᠮ ᠤ᠋ᠨ ᠵᠦᠢᠯᠡᠰ ᠤ᠋ᠨ ᠰᠢᠯᠭᠠᠨ ᠪᠠᠢᠴᠠᠭᠠᠭᠴᠢ ᠶ᠋ᠢᠨ ᠰᠤᠷᠢᠯᠳᠠ ᠶ᠋ᠢᠨ ᠰᠠᠭᠤᠷᠢᠨ ᠶ᠋ᠢᠡᠷ ᠠᠴᠢᠶᠠᠯᠠᠪᠤᠷᠢ ᠪᠤᠯᠭᠠᠵᠤ᠂ ᠨᠢᠭᠡ ᠴᠤᠭᠴᠠᠵᠢᠭᠤᠯᠤᠭᠰᠠᠨ ᠰᠤᠷᠢᠯᠳᠠ ᠶ᠋ᠢᠨ ᠵᠠᠭᠪᠤᠷ ᠢ᠋ ᠴᠤᠭᠴᠠᠯᠠᠨ᠂ ᠪᠤᠳᠠᠳᠤ ᠠᠵᠢᠯᠯᠠᠭ᠎ᠠ ᠶ᠋ᠢᠨ ᠬᠡᠯᠪᠡᠷᠢ ᠶ᠋ᠢᠨ ᠰᠤᠷᠭᠠᠭᠤᠯᠢᠯᠠᠯ ᠦᠷᠨᠢᠭᠦᠯᠬᠦ ᠶ᠋ᠢᠨ ᠬᠠᠮᠳᠤ  ᠬᠦᠳᠡᠯᠦᠩᠬᠦᠢ  ᠬᠠᠮᠢᠶᠠᠷᠤᠯᠳᠠ ᠶ᠋ᠢᠨ ᠤᠷᠳᠤ ᠬᠤᠭᠤᠴᠠᠭᠠᠨ ᠤ᠋ ᠪᠦᠲᠦᠮᠵᠢᠳᠠᠢ ᠳᠤᠭᠳᠠᠴᠠ ᠶ᠋ᠢ ᠪᠠᠢᠭᠤᠯᠤᠨ ᠪᠦᠷᠢᠨᠰᠢᠭᠦᠯᠵᠦ᠂ ᠵᠠᠰᠠᠭ ᠤ᠋ᠨ ᠤᠷᠳᠤᠨ ᠬᠢᠬᠡᠳ ᠠᠵᠤ ᠠᠬᠤᠢᠯᠠᠯ ᠤ᠋ᠨ ᠬᠠᠮᠵᠢᠯᠴᠠᠭ᠎ᠠ ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠦᠨ᠂ ᠡᠮ ᠤ᠋ᠨ ᠵᠦᠢᠯᠡᠰ ᠤ᠋ᠨ ᠰᠢᠯᠭᠠᠨ ᠪᠠᠢᠴᠠᠭᠠᠭᠴᠢ ᠶ᠋ᠢᠨ ᠲᠤᠬᠠᠢᠯᠠᠭᠰᠠᠨ ᠠᠵᠢᠯ ᠤ᠋ᠨ ᠴᠢᠳᠠᠪᠤᠷᠢ  ᠶ᠋ᠢ  ᠲᠠᠰᠤᠷᠠᠯᠳᠠ ᠦᠭᠡᠢ  ᠳᠡᠭᠡᠭᠰᠢᠯᠡᠭᠦᠯᠵᠦ᠂ ᠪᠦᠬᠦ  ᠤᠷᠤᠨ ᠤ᠋  ᠡᠮ ᠤ᠋ᠨ ᠵᠦᠢᠯᠡᠰ ᠤ᠋ᠨ ᠠᠮᠦᠷ  ᠲᠦᠪᠰᠢᠨ ᠤ᠋  ᠬᠤᠷᠢᠭ᠎ᠠ  ᠱᠤᠭᠤᠮ ᠢ᠋ ᠪᠠᠳᠤ ᠴᠤᠭᠴᠠᠯᠠᠬᠤ ᠳ᠋ᠤ  ᠪᠠᠳᠤ  ᠴᠢᠩᠭ᠎ᠠ  ᠴᠢᠳᠠᠪᠤᠷᠢᠳᠠᠨ ᠤ᠋   ᠪᠠᠳᠤᠯᠠᠭ᠎ᠠ  ᠬᠠᠩᠭᠠᠬᠤ  ᠪᠡᠷ  ᠴᠢᠷᠮᠠᠢᠵᠤ  ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号