ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠵᠤ ᠬᠦᠭᠵᠢᠬᠦᠯᠦᠭᠰᠡᠨ ᠥᠪᠥᠷ ᠮᠣᠩᠭᠣᠯ ᠤ᠋ᠨ ᠰᠢᠨ᠎ᠠ ᠲᠤᠷᠰᠢᠴᠠ
2026-06-12 10:23:59
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

— ᠪᠦᠬᠦ ᠤᠯᠤᠰ ᠤ᠋ᠨ ᠰᠤᠶᠤᠯ ᠪᠠ ᠪᠠᠢᠭᠠᠯᠢ ᠵᠢᠨ ᠦᠪ ᠤ᠋ᠨ ᠡᠳᠤᠷ ᠲᠦ᠍ ᠵᠤᠷᠢᠭᠤᠯᠪᠠ


6 ᠰᠠᠷ᠎ᠠ ᠵᠢᠨ 13 ᠤ᠋ ᠡᠳᠤᠷ ᠪᠤᠯ ᠪᠦᠬᠦ ᠤᠯᠤᠰ ᠤ᠋ᠨ ᠰᠤᠶᠤᠯ ᠪᠠ ᠪᠠᠢᠭᠠᠯᠢ ᠵᠢᠨ ᠦᠪ ᠤ᠋ᠨ ᠡᠳᠤᠷ ᠪᠤᠯᠤᠨ᠎ᠠ᠃ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠭᠡᠯ ᠤ᠋ᠨ ᠭᠠᠵᠠᠷ ᠪᠣᠯ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠯᠠᠮᠵᠢᠯᠠᠯ ᠬᠢᠭᠡᠳ ᠬᠦᠭᠵᠢᠬᠦᠯᠦᠯᠳᠡ ᠶ᠋ᠢᠨ ᠭᠣᠣᠯ ᠠᠴᠢᠶᠠᠯᠠᠪᠤᠷᠢ ᠪᠠᠢᠵᠦ᠂ ᠰᠣᠶᠣᠯ ᠤ᠋ᠨ ᠦᠪ ᠢ᠋ ᠪᠦᠲᠦᠭᠡᠯᠴᠢ ᠪᠡᠷ ᠣᠨᠳᠣᠣᠱᠢᠭᠤᠯᠬᠤ ᠪᠠ ᠱᠢᠨ᠎ᠡ ᠵᠢ ᠡᠭᠦᠳᠬᠦ᠌ ᠴᠢᠨᠠᠷᠲᠠᠢ ᠪᠠᠷ ᠬᠥᠭ᠌ᠵᠢᠭᠦᠯᠬᠦ᠌ ᠭᠤᠤᠯ ᠵᠢᠭ᠍ᠰᠠᠭᠠᠯ ᠤ᠋ᠨ ᠭᠠᠵᠠᠷ ᠪᠤᠯᠬᠤ ᠶᠤᠮ᠃

ᠣᠢᠷ᠎ᠠ ᠶ᠋ᠢᠨ ᠵᠢᠯ ᠳ᠋ᠤ ᠮᠠᠨ ᠤ᠋ ᠣᠷᠣᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠶ᠋ᠯᠡᠳᠭᠡᠯ ᠤ᠋ᠨ ᠭᠠᠵᠠᠷ ᠤ᠋ᠨ ᠪᠠᠷᠢᠮᠵᠢᠶᠠᠵᠢᠭᠤᠯᠤᠯᠲᠠ ᠶ᠋ᠢᠨ ᠪᠥᠲᠥᠭᠡᠨ ᠪᠠᠢᠭᠤᠯᠤᠯᠲᠠ ᠪᠠᠷ ᠭᠠᠷᠳᠠᠴᠠ ᠪᠣᠯᠭᠠᠵᠤ᠂ ᠤᠯᠠᠮᠵᠢᠯᠠᠯᠲᠤ ᠭᠠᠷ ᠤᠷᠠᠯᠠᠯ ᠤ᠋ᠨ ᠦᠶ᠋ᠯᠡᠳᠭᠡᠯ ᠤ᠋ᠨ ᠭᠠᠵᠠᠷ ᠤ᠋ᠨ ᠲᠠᠩ ᠴᠤᠯᠭᠤᠶ ᠦᠶ᠋ᠯᠡᠳᠪᠦᠷᠢᠯᠡᠯ᠂ ᠬᠡᠪᠰᠢᠮᠡᠯ ᠦᠵᠡᠭᠦᠯᠭᠡ ᠶ᠋ᠢᠨ ᠬᠠᠭᠤᠴᠢᠨ ᠵᠠᠭ᠍ᠪᠤᠷ ᠢ᠋ ᠡᠪᠳᠡᠨ ᠰᠢᠨ᠎ᠠ ᠬᠡᠯᠪᠡᠷᠢ᠂ ᠱᠢᠨ᠎ᠡ᠎ᠡᠵᠡᠩᠨᠡᠯᠳᠡ ᠪᠠ ᠰᠢᠨ᠎ᠠ ᠲᠤᠷᠰᠢᠴᠠ ᠪᠡᠷ ᠰᠤᠶᠤᠯ ᠵᠢᠭᠤᠯᠴᠢᠯᠠᠯ ᠤ᠋ᠨ ᠬᠦᠨᠵᠡᠬᠡᠢ ᠠᠭᠤᠰᠤᠯᠴᠠᠯ ᠢ᠋ ᠠᠬᠢᠭᠤᠯᠤᠭᠰᠠᠨ ᠡᠴᠡ ᠦᠪᠤᠷ ᠮᠤᠩᠭᠤᠯ ᠤ᠋ᠨ ᠲᠠᠯ᠎ᠠ ᠨᠤᠲᠤᠭ ᠤ᠋ᠨ ᠮᠢᠩᠭᠠᠨ ᠣᠨ ᠤ᠋ ᠤᠷ᠎ᠠ ᠮᠡᠷᠭᠡᠱᠢᠯ ᠢ᠋ ᠬᠥᠮᠥᠷᠭᠡ ᠡᠴᠡ ᠭᠠᠷᠭᠠᠨ ᠬᠤᠳᠠᠯᠳᠤᠭᠠᠨ ᠤ᠋ ᠲᠣᠭᠣᠷᠢᠭ ᠲᠦ᠍ ᠤᠷᠤᠭᠤᠯᠵᠤ᠂ ᠣᠯᠠᠨ ᠲᠦᠮᠡᠨ ᠤ᠋ ᠡᠳᠦᠷ ᠲᠤᠲᠤᠮ ᠤ᠋ᠨ ᠠᠮᠢᠳᠤᠷᠠᠯ ᠳ᠋ᠤ ᠠᠭᠤᠰᠭᠠᠨ ᠣᠷᠣᠭᠤᠯᠪᠠ᠃

ᠭᠠᠷ ᠤᠷᠠᠯᠠᠯ ᠢ᠋ ᠰᠤᠨᠢᠷᠬᠠᠬᠤ ᠡᠴᠡ ᠦᠪᠡᠷ ᠵᠢᠡᠨ ᠭᠠᠷ ᠤᠷᠠᠯᠠᠯ ᠬᠢᠬᠦ᠌ ᠪᠤᠯᠭᠠᠪᠠ

ᠬᠥᠬᠡᠬᠣᠲᠠ ᠶ᠋ᠢᠨ ᠰᠠᠢᠬᠠᠨ ᠲᠣᠭᠣᠷᠢᠭ ᠤ᠋ᠨ《ᠪᠠᠶᠠᠨ ᠬᠠᠩᠭᠠᠶ ᠵᠢᠵᠢᠭ ᠬᠦᠷᠢᠶ᠎ᠠ》ᠵᠢᠨ ᠳᠠᠯ᠎ᠠ ᠨᠤᠲᠤᠭ ᠤ᠋ᠨ ᠦᠵᠡᠮᠵᠢᠳᠦ ᠵᠢᠷᠤᠭ ᠎ᠦᠨ ᠪᠠᠢᠷᠢᠰᠢᠭᠤᠯᠤᠯ᠂ ᠮᠤᠨᠭᠭᠤᠯ ᠤᠨᠴᠠᠯᠢᠭᠳᠦ ᠺᠤᠹᠧ᠂ ᠦᠷᠦᠮ᠎ᠠ ᠲᠠᠢ ᠬᠠᠮᠪᠦ᠋ᠷᠡᠭ᠂ ᠵᠢᠵᠢᠭᠯᠡᠭᠰᠡᠨ ᠪᠤᠷᠴᠠ ᠡᠯᠳᠡᠪ ᠢᠳᠡᠬᠡᠨ᠂ ᠰᠤᠶᠤᠯ ᠤ᠋ᠨ ᠪᠦᠳᠦᠭᠡᠯᠴᠢ ᠦᠢᠯᠡᠳᠬᠦᠨ ᠨᠢ ᠵᠠᠯᠠᠭᠤᠴᠤᠳ ᠪᠤᠯᠤᠨ ᠭᠠᠳᠠᠨ᠎ᠠ ᠡᠴᠡ ᠢᠷᠡᠭᠰᠡᠨ ᠵᠢᠭᠤᠯᠴᠢᠯᠠᠭᠴᠢᠳ ᠤ᠋ᠨ ᠰᠤᠨᠢᠷᠬᠠᠯ ᠢ᠋ ᠶᠡᠬᠡᠳᠡ ᠳᠠᠳᠠᠵᠦ᠂ ᠨᠢᠬᠡᠨᠳᠡ ᠰᠦᠯᠵᠢᠶᠡᠨ ᠤ᠋ ᠬᠠᠯᠠᠮᠰᠢᠯ ᠭᠠᠵᠠᠷ ᠪᠤᠯᠪᠠ᠃

ᠰᠢᠷᠠᠭᠰᠠᠨ ᠪᠣᠷᠴᠠ ᠬᠢᠬᠦ᠌ ᠤᠷ᠎ᠠ ᠮᠡᠷᠭᠡᠱᠢᠯ ᠤ᠋ᠨ ᠥᠪᠡᠷᠲᠡᠭᠡᠨ ᠵᠠᠰᠠᠬᠤ ᠣᠷᠣᠨ ᠤ᠋ ᠳᠡᠰ ᠤ᠋ᠨ ᠤᠯᠠᠮᠵᠢᠯᠠᠭ᠍ᠴᠢ ᠪᠠᠶ ᠱᠢᠤ ᡁᠢ 30 ᠭᠠᠷᠤᠶ ᠵᠢᠯ᠎ᠪᠤᠷᠴᠠ ᠬᠢᠭᠰᠡᠨ ᠲᠤᠷᠰᠢᠯᠭ᠎ᠠ ᠲᠠᠢ ᠶᠤᠮ᠃ 《ᠥᠩᠭᠡᠷᠡᠭ᠌ᠰᠡᠨ ᠳ᠋ᠦ ᠳᠡᠯᠭᠡᠭᠦᠷ ᠤ᠋ᠳ ᠵᠥᠪᠬᠡᠨ ᠲᠤᠮᠤᠬᠠᠨ ᠪᠣᠭᠣᠳᠠᠯ ᠲᠠᠢ ᠪᠣᠷᠴᠠ ᠬᠤᠳᠠᠯᠳᠤᠳᠠᠭ ᠪᠠᠢᠭ᠍ᠰᠠᠨ᠂ ᠭᠠᠳᠠᠨ᠎ᠠ ᠡᠴᠡ ᠢᠷᠡᠭᠰᠡᠨ ᠬᠦᠮᠦᠰ ᠱᠢᠨ᠎ᠡ ᠰᠣᠷᠭᠣᠭ ᠵᠦᠶ᠋ᠯ ᠢ᠋ ᠠᠮᠲᠠᠯᠠᠵᠤ ᠦᠵᠡᠬᠦ ᠵᠠᠩᠰᠢᠯ ᠲᠠᠢ᠂ ᠲᠡᠳᠡᠨ ᠤ᠋ ᠤᠯᠠᠩᠬᠢ ᠨᠢ ᠲᠠᠯ᠎ᠠ ᠨᠤᠲᠤᠭ ᠤ᠋ᠨ ᠪᠣᠷᠴᠠ ᠵᠢ ᠮᠡᠳᠡᠬᠦ᠌ ᠡᠴᠡ ᠪᠢᠰᠢ ᠂ ᠪᠤᠷᠴᠠ ᠬᠢᠬᠦ ᠪᠥᠬᠥ᠌ ᠶᠠᠪᠤᠴᠠ ᠵᠢ ᠶᠡᠷᠦ᠍ ᠡᠴᠡ ᠣᠯᠵᠤ ᠦᠵᠡᠭᠡ ᠥᠬᠡᠶ ᠶᠤᠮ》 ᠬᠡᠵᠤ ᠪᠠᠶ ᠱᠢᠤ ᡁᠢ ᠦᠢᠯᠡᠳᠬᠡᠯ ᠤ᠋ᠨ ᠭᠠᠵᠠᠷ ᠢ᠋ᠶ᠋ᠡᠨ ᠦᠬᠡᠷᠡᠴᠢᠯᠡᠭᠰᠡᠨ ᠶᠠᠪᠤᠴᠠ ᠪᠠᠨ ᠳᠠᠨᠢᠯᠴᠠᠭᠤᠯᠤᠯ᠎ᠠ᠃

ᠪᠠᠶ ᠱᠢᠤ ᡁᠢ ᠳᠡᠯᠭᠡᠭᠦᠷ ᠢ᠋ᠶ᠋ᠡᠨ ᠥᠭᠡᠷᠡᠴᠢᠯᠡᠨ ᠲᠠᠯ᠎ᠠ ᠨᠤᠲᠤᠭ ᠤ᠋ᠨ ᠰᠣᠶᠣᠯ ᠤ᠋ᠨ ᠵᠢᠵᠢᠭ ᠬᠦᠷᠢᠶ᠎ᠡ ᠵᠢ ᠪᠠᠢᠭᠤᠯᠵᠤ᠂ ᠲᠠᠩ ᠭᠠᠭ᠍ᠴᠠ ᠪᠠᠷᠠᠭᠠᠨ ᠤ᠋ ᠲᠠᠯᠪᠢᠭᠤᠷ ᠤ᠋ᠨ ᠳᠡᠯᠭᠡᠨ ᠦᠵᠡᠭᠦᠯᠭᠡ ᠵᠢ ᠲᠠᠶᠠᠭ᠍ᠳᠠᠵᠤ᠂ ᠲᠠᠯ᠎ᠠ ᠨᠤᠲᠤᠭ ᠤ᠋ᠨ ᠢᠳᠡᠭᠡᠨ ᠤ᠋ ᠰᠣᠶᠣᠯ ᠤ᠋ᠨ ᠬᠡᠷᠡᠮ ᠪᠠᠢᠭᠤᠯᠤᠨ᠂ ᠨᠡᠭᠡᠭᠡᠯᠲᠡᠲᠦ ᠮᠠᠶᠢᠭ ᠤ᠋ᠨ ᠱᠢᠷᠠᠬᠰᠠᠨ ᠪᠤᠷᠴᠠ ᠶ᠋ᠢᠨ ᠦᠶ᠋ᠯᠡᠳᠭᠡᠯ ᠤ᠋ᠨ ᠭᠠᠵᠠᠷ᠂ ᠴᠠᠭᠠᠨ ᠢᠳᠡᠭᠡᠨ ᠤ᠋ DIY ᠠᠵᠢᠯᠯᠠᠬᠤ ᠲᠠᠪᠴᠠᠩ ᠭᠠᠷᠭᠠᠵᠤ᠂ ᠮᠣᠩᠭᠣᠯ ᠬᠠᠮᠪᠦ᠋ᠷᠡᠭ᠂ ᠪᠡᠶᠡᠳᠡᠨ ᠬᠢᠵᠦ ᠪᠤᠯᠬᠤ ᠰᠦ ᠲᠠᠢ ᠴᠠᠶ᠂ ᠰᠢᠨ᠎ᠠ ᠬᠢᠭᠰᠡᠨ ᠬᠤᠷᠤᠳ ᠵᠡᠷᠭᠡ ᠲᠦᠬᠦᠮ ᠲᠦᠳᠡ ᠪᠡᠶᠡᠴᠢᠯᠡᠨ ᠣᠢᠯᠠᠭᠠᠬᠤ ᠲᠥᠷᠥᠯ ᠵᠦᠶ᠋ᠯ ᠭᠠᠷᠭᠠᠵᠤ᠂ ᠵᠢᠭᠤᠯᠴᠢᠯᠠᠭᠰᠠᠳ ᠢ᠋ 《 ᠲᠣᠭᠣᠷᠢᠨ ᠦᠵᠡᠬᠦ᠂ ᠠᠮᠲᠠᠯᠠᠬᠤ ᠂ ᠤᠢᠯᠠᠭᠠᠬᠤ ᠂ ᠭᠠᠷ ᠪᠡᠯᠡᠭ ᠬᠢᠬᠦ》 ᠪᠦᠬᠦ ᠶᠠᠪᠤᠴᠠ ᠳ᠋ᠤ ᠪᠠᠶᠠᠴᠢᠯᠠᠨ ᠤᠷᠤᠯᠴᠠᠭᠤᠯᠬᠤ ᠪᠤᠯᠵᠠᠢ᠃

《ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠳᠡᠯᠬᠡᠬᠦᠷ ᠪᠤᠯᠤᠨ ᠦᠢᠯᠡᠳᠬᠡᠯ ᠤ᠋ᠨ ᠭᠠᠵᠠᠷ ᠨᠢ ᠦᠩᠭᠡᠷᠡᠭᠰᠡᠨ ᠳ᠋ᠦ ᠪᠦᠳᠦᠭᠡᠭᠳᠡᠬᠦᠨ ᠢ᠋ᠶ᠋ᠡᠨ ᠬᠤᠳᠠᠯᠳᠤᠵᠦ ᠪᠠᠢᠭᠰᠠᠨ ᠡᠴᠡ ᠪᠠᠨ ᠪᠡᠶᠡᠴᠢ ᠤᠢᠯᠠᠭᠠᠯᠳᠠ ᠵᠢ ᠦᠷᠳᠡᠭᠵᠢᠬᠦᠯᠬᠦ ᠪᠤᠯᠤᠭᠰᠠᠨ ᠨᠢ ᠭᠤᠤᠯᠳᠠᠭᠤ ᠦᠷᠳᠡᠭ᠂ ᠬᠡᠷᠡᠭᠯᠡᠭᠴᠢ᠂ ᠠᠰᠢᠭ ᠤᠷᠤᠯᠭ᠎ᠠ ᠪᠠ ᠦᠢᠯᠡᠳᠪᠦᠷᠢᠯᠡᠯ ᠵᠡᠷᠭᠡ 4 ᠳᠠᠯ᠎ᠠ ᠎ᠳᠦ ᠬᠤᠪᠢᠷᠠᠯᠳᠠ ᠭᠠᠷᠤᠭᠰᠠᠨ ᠡ》ᠬᠡᠵᠦ ᠦᠪᠦᠷ ᠮᠤᠨᠭᠭᠤᠯ ᠤ᠋ᠨ ᠨᠡᠢᠬᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠰᠤᠳᠤᠯᠤᠭᠴᠢ ᠸᠠᠩ ᠬᠠᠢ ᠷᠦᠩ ᠳᠠᠢᠯᠪᠤᠷᠢᠯᠠᠨ᠎ᠠ᠃

ᠣᠷᠳᠣ ᠬᠤᠭᠤᠴᠠᠭᠠᠨ ᠤ᠋ ᠲᠤᠷᠰᠢ᠂ ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠵᠤ ᠦᠶ᠋ᠯᠡᠰ ᠲᠦ᠍ 《ᠪᠤᠷᠤᠯᠠᠭᠤᠯᠭ᠎ᠠ ᠵᠢ ᠴᠢᠬᠤᠯᠠᠴᠢᠯᠠᠨ ᠣᠷᠣᠯᠴᠠᠯᠭ᠎ᠠ ᠵᠢ ᠬᠥᠩᠭᠡᠪᠴᠢᠯᠡᠬᠦ᠌》 ᠠᠰᠠᠭᠤᠳᠠᠯ ᠣᠷᠣᠱᠢᠵᠤ᠂ ᠨᠤᠲᠤᠭ ᠤ᠋ᠨ ᠣᠨᠴᠠ ᠭᠠᠷᠤᠯᠲᠠ ᠶ᠋ᠢᠨ ᠳᠡᠯᠭᠡᠭᠦᠷ᠂ ᠭᠠᠷ ᠤᠷᠠᠯᠠᠯ ᠤ᠋ᠨ ᠪᠦᠲᠦᠭᠡᠭ᠌ᠳᠡᠬᠦᠨ ᠤ᠋ ᠦᠵᠡᠭᠦᠯᠭᠡ ᠶ᠋ᠢᠨ ᠲᠢᠩᠬᠢᠮ ᠵᠡᠷᠬᠡ ᠨᠢ ᠵᠥᠪᠬᠡᠨ ᠲᠠᠩ ᠴᠢᠭ᠌ᠯᠡᠯ ᠵᠢᠡᠷ ᠲᠠᠸᠠᠷ ᠪᠤᠷᠤᠯᠠᠭᠤᠯᠬᠤ ᠵᠢ ᠬᠦᠭᠡᠭᠡᠴᠡᠯᠳᠦᠵᠦ᠂ ᠵᠢᠭᠤᠯᠴᠢᠯᠠᠭᠰᠠᠳ ᠪᠤᠯᠤᠨ ᠬᠣᠲᠠ ᠶ᠋ᠢᠨ ᠠᠷᠠᠳ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠤᠷ᠎ᠠ ᠮᠡᠷᠭᠡᠵᠢᠯ ᠪᠠ ᠤᠳᠬ᠎ᠠ ᠠᠭᠤᠯᠬᠤᠨ ᠢ᠋ ᠤᠢᠯᠠᠭᠠᠵᠦ ᠮᠡᠳᠡᠬᠦ ᠳ᠋ᠦ ᠬᠦᠴᠢᠷ ᠪᠠᠢᠪᠠ᠃

ᠬᠥᠬᠡᠬᠣᠲᠠ ᠶ᠋ᠢᠨ ᠱᠢᠨ᠎ᠡ ᠬᠣᠲᠠ ᠲᠣᠭᠣᠷᠢᠭ ᠤ᠋ᠨ ᠮᠥ᠍ ᠯᠧ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠶ᠋ᠯᠡᠳᠭᠡᠯ ᠤ᠋ᠨ ᠭᠠᠵᠠᠷ ᠲᠦ᠍ ᠪᠥᠬᠥ᠌ ᠤᠯᠤᠰ ᠤ᠋ᠨ《ᠦᠵᠡᠰᠭᠦᠯᠡᠩᠲᠦ ᠰᠠᠢᠬᠠᠨ ᠦᠶ᠋ᠯᠡᠳᠭᠡᠯ ᠤ᠋ᠨ ᠭᠠᠵᠠᠷ》 ᠤ᠋ᠨ ᠳᠠᠭᠠᠭᠤᠯᠤᠭ᠍ᠴᠢ ᠼᠦᠢ ᠱᠢᠶᠠ ᠫᠠᠯᠠᠨ ᠰᠢᠬᠢᠳᠬᠡᠬᠦ᠂ ᠡᠷᠲᠡᠨ ᠤ᠋ ᠠᠷᠭ᠎ᠠ ᠪᠠᠷ ᠴᠠᠭᠠᠰᠤ ᠬᠢᠬᠦ᠌᠂ ᠤᠷᠭᠤᠮᠠᠯ ᠢ᠋ᠶ᠋ᠠᠷ ᠳᠠᠷᠤᠮᠠᠯᠯᠠᠨ ᠪᠤᠳᠤᠭᠯᠠᠬᠤ ᠵᠢ ᠪᠡᠶᠡᠴᠢᠯᠡᠨ ᠣᠢᠯᠠᠭᠠᠬᠤ ᠭᠠᠵᠠᠷ ᠭᠠᠷᠭᠠᠵᠤ᠂ ᠦᠢᠯᠡᠳᠭᠡᠯ ᠤ᠋ᠨ ᠭᠠᠵᠠᠷ ᠲᠦ᠍ᠨᠢ 34 ᠵᠡᠮᠳᠡᠭ ᠡᠮᠡᠭ᠌ᠲᠡᠢ ᠠᠵᠢᠯᠴᠢᠨ ᠠᠵᠢᠯᠯᠠᠵᠤ ᠪᠤᠢ᠃ ᠳᠡᠳᠡ ᠵᠢᠭᠤᠯᠴᠢᠯᠠᠭᠰᠠᠳ ᠲᠦ᠍ ᠵᠤᠷᠢᠭᠤᠯᠤᠨ ᠭᠠᠷ ᠤᠷᠠᠯᠠᠯ ᠢ᠋ᠶ᠋ᠠᠨ ᠳᠥᠭᠥᠮᠴᠢᠯᠡᠵᠦ᠍᠂ ᠴᠤᠮᠤ ᠶ᠋ᠢᠨ ᠳᠠᠯᠪᠢᠭᠤᠷ᠂ ᠵᠠᠰᠠᠯ ᠵᠢᠮᠰᠡᠭ᠂ ᠨᠤᠮ ᠤ᠋ᠨ ᠱᠣᠱᠢᠭ᠎ᠠ ᠵᠡᠷᠭᠡ ᠵᠢ ᠨᠡᠭᠡᠭᠡᠨ ᠬᠦᠭᠵᠢᠬᠦᠯᠵᠤ᠂ DIY ᠬᠢᠴᠢᠶᠡᠯ᠎ᠭᠠᠷᠭᠠᠨ᠂ ᠬᠡᠷ ᠪᠦᠯᠢ᠂ ᠪᠦᠰᠡᠬᠦᠢᠴᠤᠤᠯ᠂ ᠺᠣᠮᠫᠠᠨᠢ ᠶ᠋ᠢᠨ ᠪᠦᠬᠦᠮᠳᠡᠯ ᠤ᠋ᠨ ᠴᠤᠭᠯᠠᠭᠠᠨ ᠵᠡᠷᠭᠡ ᠪᠡᠶᠡᠴᠢᠯᠡᠨ ᠣᠢᠯᠠᠭᠠᠬᠤ ᠬᠡᠷᠡᠭ᠌ᠴᠡᠭᠡ ᠳ᠋ᠦ ᠲᠤᠬᠢᠷᠠᠭᠤᠯᠤᠨ ᠬᠢᠵᠦ ᠪᠠᠢᠨ᠎ᠠ᠃

ᠪᠥᠬᠥ᠌ ᠣᠷᠣᠨ ᠤ᠋ ᠡᠯ᠎ᠡ ᠭᠠᠵᠠᠷ ᠤ᠋ᠨ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠦᠶ᠋ᠯᠡᠳᠭᠡᠯ ᠤ᠋ᠨ ᠭᠠᠵᠠᠷ᠎ᠤᠨ ᠬᠢᠨ ᠣᠷᠣᠨ ᠵᠠᠶ ᠶ᠋ᠢᠨ ᠡᠵᠡᠩᠨᠡᠯᠲᠡ ᠶ᠋ᠢᠨ ᠯᠣᠭᠢᠭ ᠢ᠋ᠶ᠋ᠠᠨ ᠱᠢᠨᠡᠴᠢᠯᠡᠵᠦ᠍᠂ ᠭᠦᠨᠵᠡᠬᠡᠢ ᠪᠡᠶᠡᠴᠢᠯᠡᠨ ᠣᠢᠯᠠᠭᠠᠬᠤ ᠣᠷᠣᠨ ᠵᠠᠶ ᠵᠢ ᠪᠣᠶ ᠪᠣᠯᠭᠠᠨ᠂ ᠲᠣᠭᠣᠷᠢᠨ ᠦᠵᠡᠬᠦ᠌᠂ ᠭᠠᠷᠳᠠᠨ ᠬᠢᠬᠦ᠌᠂ ᠢᠳᠡᠭᠡᠨ ᠤᠮᠳᠠᠭᠠᠨ ᠪᠠ ᠰᠦᠯᠵᠢᠶᠡᠨ ᠤ᠋ ᠨᠡᠢᠳᠡᠯᠡᠯ ᠬᠢᠬᠦ᠌ ᠵᠢ ᠨᠢᠭᠡ ᠴᠣᠭ᠍ᠴᠠᠵᠢᠭᠤᠯᠤᠭ᠍ᠰᠠᠨ ᠬᠡᠷᠡᠭ᠌ᠯᠡᠭᠡᠨ ᠤ᠋ ᠲᠠᠯᠠᠪᠤᠷ ᠢ᠋ ᠪᠠᠢᠭᠤᠯᠵᠤ᠂ ᠬᠣᠲᠠ ᠶ᠋ᠢᠨ ᠬᠤᠳᠠᠯᠳᠤᠭᠠᠨ ᠤ᠋ ᠲᠣᠭᠣᠷᠢᠭ᠂ ᠲᠡᠦᠬᠡᠳᠦ ᠵᠡᠭᠡᠯᠢ ᠲᠣᠭᠣᠷᠢᠭ᠂ ᠬᠥᠳᠡᠭᠡ ᠲᠣᠰᠭᠣᠨ ᠤ᠋ ᠦᠶ᠋ᠯᠡᠳᠭᠡᠯ ᠤ᠋ᠨ ᠭᠠᠵᠠᠷ ᠭᠡᠬᠦ᠌ 3 ᠲᠥᠷᠥᠯ ᠤ᠋ᠨ ᠪᠡᠶᠡᠴᠢᠯᠡᠨ ᠣᠢᠯᠠᠭᠠᠬᠤ ᠱᠢᠨ᠎ᠡ ᠡᠵᠡᠩᠨᠡᠯᠲᠡ ᠶ᠋ᠢᠨ ᠪᠠᠢᠳᠠᠯ ᠢ᠋ ᠪᠣᠶ ᠪᠣᠯᠭᠠᠪᠠ᠃

ᠦᠢᠯᠡᠳᠬᠡᠯ ᠤ᠋ᠨ ᠭᠠᠵᠠᠷ ᠡᠴᠡ ᠰᠤᠳᠤᠯᠤᠨ ᠰᠤᠷᠤᠯᠴᠠᠬᠤ ᠰᠠᠭᠤᠷᠢᠨ ᠪᠤᠯᠭᠠᠪᠠ

ᠦᠢᠯᠡᠳᠬᠡᠯ ᠤ᠋ᠨ ᠭᠠᠵᠠᠷ ᠲᠦ᠍ ᠲᠦᠱᠢᠭ᠌ᠯᠡᠨ ᠪᠠᠷᠢᠮᠵᠢᠶᠠᠵᠢᠭ᠍ᠰᠠᠨ ᠰᠤᠳᠤᠯᠤᠨ ᠰᠤᠷᠤᠯᠴᠠᠬᠤ ᠰᠠᠭᠤᠷᠢᠨ᠂ ᠪᠦᠯᠬᠦᠮᠳᠡᠯ ᠤ᠋ᠨ ᠴᠤᠭᠯᠠᠭᠠᠨ ᠤ᠋ ᠶᠡᠷᠦᠩᠬᠡᠢᠯᠡᠭ᠌ᠰᠡᠨ ᠴᠣᠭ᠍ᠴᠠ ᠵᠢ ᠪᠠᠢᠭᠤᠯᠬᠤ ᠪᠣᠯ ᠪᠦᠬᠦ᠌ ᠣᠷᠣᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠬᠡᠯ ᠤ᠋ᠨ ᠭᠠᠵᠠᠷ ᠤ᠋ᠨ ᠬᠡᠪᠴᠢᠶᠡᠵᠢᠭ᠌ᠰᠡᠨ ᠱᠢᠨ᠎ᠡ ᠡᠵᠡᠩᠨᠡᠯᠲᠡ ᠶ᠋ᠢᠨ ᠬᠡᠯᠪᠡᠷᠢ ᠪᠣᠯᠤᠨ᠎ᠠ᠃

ᠤᠯᠠᠭᠠᠨᠬᠠᠳᠠ ᠬᠤᠳᠠ ᠶ᠋ᠢᠨ ᠪᠠᠭᠠᠷᠢᠨ ᠪᠠᠷᠠᠭᠤᠨ ᠬᠣᠱᠢᠭᠤᠨ ᠤ᠋ ᠪᠠᠭᠠᠷᠢᠨ ᠦᠨᠳᠦᠰᠦᠲᠡᠨ ᠤ᠋ ᠭᠠᠷ ᠤᠷᠠᠯᠠᠯ ᠤ᠋ᠨ ᠦᠶ᠋ᠯᠡᠳᠭᠡᠯ ᠪᠣᠯ ᠬᠣᠱᠢᠭᠤᠨ ᠤ᠋ ᠲᠠᠰ ᠤ᠋ᠨ ᠶᠡᠷᠦᠩᠬᠡᠢᠯᠡᠭ᠌ᠰᠡᠨ ᠰᠤᠳᠤᠯᠤᠨ ᠰᠤᠷᠤᠯᠴᠠᠬᠤ ᠪᠦᠯᠦᠭ᠌ᠯᠡᠯ ᠤ᠋ᠨ ᠨᠡᠢᠲᠡᠯᠢᠭ ᠵᠢᠱ᠌ᠢᠶ᠎ᠡ ᠪᠣᠯᠤᠨ᠎ᠠ᠂ 2014 ᠣᠨ ᠳ᠋ᠤ ᠵᠠᠰᠠᠭ ᠤ᠋ᠨ ᠣᠷᠳᠣᠨ ᠡᠴᠡ ᠪᠠᠯᠠ ᠤᠷᠤᠭᠤᠯᠤᠨ ᠥᠭᠡᠷᠡᠴᠢᠯᠡᠨ ᠪᠠᠢᠭᠤᠯᠵᠤ᠂ ᠣᠲᠣ 86 ᠭᠠᠷ ᠤᠷᠠᠯᠠᠯ ᠤ᠋ᠨ ᠬᠤᠳᠠᠯᠳᠤᠭᠠᠴᠢᠨ ᠡᠷᠦᠬᠡ᠂ 300 ᠭᠠᠷᠤᠶ ᠤᠷᠠᠨ ᠳᠠᠷᠬᠠᠨ ᠴᠤᠭ᠍ᠯᠠᠷᠠᠵᠤ᠂ ᠦᠨᠳᠦᠰᠦᠲᠡᠨ ᠤ᠋ ᠬᠤᠪᠴᠠᠰᠤ ᠵᠠᠰᠠᠯ᠂ ᠬᠠᠳᠭᠤᠮᠠᠯ᠂ ᠠᠯᠲᠠ ᠮᠥᠩᠭᠥ ᠵᠡᠰ ᠭᠠᠥᠯᠢᠨ ᠡᠳ᠋ᠯᠡᠯ ᠭᠡᠬᠦ 12 ᠲᠥᠷᠥᠯ ᠤ᠋ᠨ 400 ᠭᠠᠷᠤᠶ ᠵᠦᠶ᠋ᠯ ᠤ᠋ᠨ ᠪᠡᠶᠡᠴᠢᠯᠡᠨ ᠣᠢᠯᠠᠭᠠᠬᠤ ᠪᠦᠳᠦᠭᠡᠭᠳᠡᠬᠦᠨ ᠢ᠋ ᠬᠢᠵᠤ ᠪᠤᠢ᠃《10 ᠵᠢᠯ ᠤ᠋ᠨ ᠡᠮᠦᠨ᠎ᠡ ᠤᠷᠠᠨ ᠳᠠᠷᠬᠠᠳ ᠣᠷᠣᠵᠤ ᠰᠠᠭᠤᠬᠤ ᠳᠤᠷ᠎ᠠ ᠥᠬᠡᠶ ᠪᠠᠢᠭ᠍ᠰᠠᠨ᠂ ᠣᠲᠣ ᠲᠤᠬᠠᠶ ᠶ᠋ᠢᠨ ᠲᠠᠯᠠᠪᠠᠶ ᠶ᠋ᠢᠨ ᠬᠠᠩᠭᠠᠯᠭ᠎ᠠ ᠨᠢ ᠬᠡᠷᠡᠭ᠌ᠴᠡᠭᠡ ᠳ᠋ᠡᠭᠡᠨ ᠬᠥᠷᠬᠥ᠌ ᠥᠬᠡᠶ ᠪᠣᠯᠵᠠᠢ᠃ ᠰᠤᠳᠤᠯᠤᠨ ᠰᠤᠷᠤᠯᠴᠠᠬᠤ ᠪᠦᠯᠬᠦᠮ᠂ ᠵᠢᠭᠤᠯᠴᠢᠯᠠᠯ ᠤ᠋ᠨ ᠪᠦᠯᠬᠦᠮ ᠵᠢᠯ ᠲᠤᠷᠰᠢ ᠪᠣᠯᠵᠣᠨ ᠢᠷᠡᠵᠤ ᠪᠠᠢᠨ᠎ᠠ᠂ ᠪᠥᠬᠥ᠌ ᠵᠢᠯ ᠳ᠋ᠦ ᠰᠤᠳᠤᠯᠤᠨ ᠰᠤᠷᠤᠯᠴᠠᠬᠤ ᠪᠦᠯᠬᠦᠮ ᠢ᠋ 5 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ 2024 ᠣᠨ ᠳ᠋ᠤ ᠭᠠᠷ ᠦᠶ᠋ᠯᠡᠳᠭᠡᠯ ᠤ᠋ᠨ ᠭᠠᠵᠠᠷ ᠤ᠋ᠨ ᠦᠶ᠋ᠯᠡᠳᠬᠦᠨ ᠤ᠋ ᠥᠷᠲᠡᠭ 3000 ᠲᠦᠮᠡᠨ ᠲᠥᠭᠥᠷᠢᠭ ᠲᠦ᠍ ᠬᠦᠷᠪᠡ》 ᠬᠡᠵᠤ ᠪᠠᠭᠠᠷᠢᠨ ᠪᠠᠷᠠᠭᠤᠨ ᠬᠣᠱᠢᠭᠤᠨ ᠤ᠋ ᠵᠠᠩ ᠦᠶ᠋ᠯᠡ ᠶ᠋ᠢᠨ ᠮᠦᠽᠧᠶ ᠶ᠋ᠢᠨ ᠳᠠᠷᠤᠭ᠎ᠠ ᠨᠠᠰᠤᠨᠮᠦ᠋ᠡᠭ᠌ᠭᠡ ᠶᠡᠷᠢᠵᠤ ᠪᠠᠢᠯ᠎ᠠ᠃

ᠲᠤᠰ ᠦᠶ᠋ᠯᠡᠳᠭᠡᠯ ᠤ᠋ᠨ ᠭᠠᠵᠠᠷ ᠨᠢ ᠡᠷᠬᠢᠨ ᠲᠣᠭᠣᠷᠢᠨ ᠤ᠋ ᠬᠥᠳᠡᠭᠡ ᠲᠣᠰᠭᠣᠨ ᠲᠠᠶ ᠬᠣᠯᠪᠣᠭᠠᠯᠠᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠤᠳᠤᠯᠤᠨ ᠰᠤᠷᠤᠯᠴᠠᠬᠤ ᠨᠢᠭᠡ ᠡᠳᠦᠷ ᠤ᠋ᠨ ᠵᠢᠭᠤᠯᠴᠢᠯᠠᠯ ᠤ᠋ᠨ ᠵᠠᠮ ᠱᠤᠭᠤᠮ ᠭᠠᠷᠭᠠᠵᠦ᠂ ᠬᠠᠳᠭᠤᠮᠠᠯ᠂ ᠠᠷᠠᠰᠤ ᠱᠢᠷᠢ ᠶ᠋ᠢᠨ ᠤᠷᠠᠯᠠᠯ᠂ ᠲᠠᠯ᠎ᠠ ᠨᠤᠲᠤᠭ ᠤ᠋ᠨ ᠵᠠᠩ ᠦᠶ᠋ᠯᠡ ᠶ᠋ᠢᠨ ᠪᠣᠳᠠᠲᠤ ᠦᠵᠡᠮᠵᠢ ᠵᠢ ᠬᠣᠯᠪᠣᠵᠤ᠂ ᠤᠯᠠᠭᠠᠨᠬᠠᠳᠠ ᠬᠤᠳᠠ ᠶ᠋ᠢᠨ ᠲᠠᠯ᠎ᠠ ᠨᠤᠲᠤᠭ ᠤ᠋ᠨ ᠰᠤᠳᠤᠯᠤᠨ ᠰᠤᠷᠤᠯᠴᠠᠬᠤ ᠭᠤᠤᠯ ᠬᠠᠷᠠᠯᠲᠠᠲᠤ ᠭᠠᠵᠠᠷ ᠪᠣᠯᠪᠠ᠃

ᠤᠳᠤ ᠪᠦᠬᠦ ᠤᠷᠤᠨ ᠤ᠋ ᠡᠯ᠎ᠠ ᠭᠠᠵᠠᠷ ᠲᠦ᠍ ᠬᠣᠲᠠ ᠬᠥᠳᠡᠭᠡ ᠶ᠋ᠢᠨ ᠵᠦᠷᠢᠶᠡᠴᠢᠯᠡᠭ᠌ᠰᠡᠨ ᠰᠤᠳᠤᠯᠤᠨ ᠰᠤᠷᠤᠯᠴᠠᠬᠤ ᠡᠵᠡᠩᠨᠡᠯᠲᠡ ᠶᠡᠬᠡ ᠬᠦᠭᠵᠢᠬᠡᠨ ᠲᠠᠢ ᠪᠠᠢᠵᠤ᠂ ᠬᠣᠲᠠ ᠶ᠋ᠢᠨ ᠬᠤᠳᠠᠯᠳᠤᠭᠠᠨ ᠤ᠋ ᠲᠣᠭᠣᠷᠢᠭ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠵᠢᠵᠢᠭ ᠬᠡᠯᠪᠡᠷᠢ ᠶ᠋ᠢᠨ ᠦᠢᠯᠡᠳᠬᠡᠯ ᠤ᠋ᠨ ᠭᠠᠵᠠᠷ ᠲᠦ᠍ 1 — 2 ᠴᠠᠭ ᠤ᠋ᠨ ᠪᠡᠶᠡᠴᠢᠯᠡᠨ ᠤᠢᠯᠠᠭᠠᠯᠳᠠ ᠬᠢᠬᠦ ᠨᠢ ᠬᠣᠲᠠ ᠶ᠋ᠢᠨ ᠠᠷᠠᠳ ᠤ᠋ᠨ ᠣᠢᠷ᠎ᠠ ᠵᠠᠮ ᠤ᠋ᠨ ᠵᠤᠭ᠎ᠠ ᠰᠡᠯᠡᠭᠦᠴᠡᠯ ᠪᠤᠯᠵᠤ ᠪᠠᠢᠨ᠎ᠠ; ᠣᠢᠷ᠎ᠠ ᠲᠡᠭᠦᠷᠭᠡ ᠳ᠋ᠡᠬᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠶ᠋ᠯᠡᠳᠭᠡᠯ ᠤ᠋ᠨ ᠭᠠᠵᠠᠷ ᠨᠢ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭᠴᠢᠳ ᠤ᠋ᠨ ᠪᠦᠬᠦᠯᠢ ᠡᠳᠦᠷ ᠤ᠋ᠨ ᠰᠤᠳᠤᠯᠤᠨ ᠰᠤᠷᠤᠯᠴᠠᠬᠤ᠂ ᠠᠵᠤ ᠠᠬᠤᠢᠯᠠᠯ ᠪᠠᠢᠭᠤᠯᠭ᠎ᠠ ᠨᠢᠬᠡᠴᠢ ᠶ᠋ᠢᠨ ᠪᠦᠯᠬᠦᠮᠳᠡᠯ ᠤ᠋ᠨ ᠴᠤᠭᠯᠠᠭᠠᠨ ᠢ᠋ ᠭᠤᠤᠯᠳᠠᠢ ᠶᠠᠪᠤᠭᠳᠠᠭᠤᠯᠵᠤ᠂ ᠬᠥᠳᠡᠭᠡ ᠲᠣᠰᠭᠣᠨ ᠳ᠋ᠡᠬᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠬᠡᠯ ᠤ᠋ᠨ ᠭᠠᠵᠠᠷ ᠨᠢ ᠲᠠᠯ᠎ᠠ ᠨᠤᠲᠤᠭ᠂ ᠣᠶ ᠱᠢᠭᠤᠶ᠂ ᠬᠠᠲᠤᠨ ᠭᠤᠤᠯ ᠤ᠋ᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠲᠠᠶ ᠬᠣᠯᠪᠣᠭᠠᠯᠠᠨ ᠬᠥᠳᠡᠯᠦᠯᠴᠡᠵᠦ᠍᠂ 2 ᠡᠳᠦᠷ ᠤ᠋ᠨ ᠬᠦᠨᠵᠡᠬᠡᠢ ᠪᠡᠶᠡᠴᠢᠯᠡᠨ ᠤᠢᠯᠠᠭᠠᠬᠤ ᠮᠠᠶᠢᠭ ᠤ᠋ᠨ ᠤᠷᠠᠨ ᠳᠠᠷᠬᠠᠨ ᠤ᠋ ᠬᠤᠧᠠᠷᠠᠨ ᠵᠢᠡᠷ ᠲᠠᠮᠵᠢᠨ ᠠᠳᠠᠯᠢ ᠪᠤᠰᠤ ᠬᠥᠮᠦᠰ ᠤ᠋ᠨ ᠬᠡᠷᠡᠭ᠌ᠴᠡᠭᠡ ᠵᠢ ᠬᠠᠩᠭᠠᠳᠠᠭ ᠪᠤᠯᠵᠠᠢ᠃

ᠬᠥᠯᠥᠨ ᠪᠣᠢᠷ ᠤ᠋ᠨ ᠣᠷᠴᠣᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠬᠤᠰᠤᠨ ᠮᠣᠳᠣᠨ ᠤᠢᠰᠤᠨ ᠤᠷ᠎ᠠ ᠮᠡᠷᠭᠡᠵᠢᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠶ᠋ᠯᠡᠳᠭᠡᠯ ᠤ᠋ᠨ ᠭᠠᠵᠠᠷ ᠨᠢ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠷᠥᠯ ᠵᠦᠶ᠋ᠯ ᠳ᠋ᠦ ᠲᠦᠱᠢᠭ᠌ᠯᠡᠨ ᠣᠶ ᠱᠢᠭᠤᠶ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠤᠳᠤᠯᠤᠨ ᠰᠤᠷᠤᠯᠴᠠᠬᠤ ᠱᠢᠨ᠎ᠡ ᠡᠵᠡᠩᠨᠡᠯᠲᠡ ᠶ᠋ᠢᠨ ᠬᠡᠯᠪᠡᠷᠢ ᠵᠢ ᠪᠣᠶ ᠪᠣᠯᠭᠠᠪᠠ᠃ ᠲᠤᠰ ᠦᠶ᠋ᠯᠡᠳᠭᠡᠯ ᠤ᠋ᠨ ᠭᠠᠵᠠᠷ ᠨᠢ ᠤᠯᠠᠮᠵᠢᠯᠠᠯᠲᠤ ᠬᠤᠰᠤᠨ ᠮᠣᠳᠣᠨ ᠤ᠋ ᠤᠢᠰᠤᠨ ᠦᠶ᠋ᠯᠡᠳᠭᠡᠯ ᠢ᠋ ᠳᠥᠭᠥᠮᠴᠢᠯᠡᠭᠡᠳ ᠨᠤᠮ ᠤ᠋ᠨ ᠱᠤᠰᠢᠭ᠎ᠠ᠂ DIY ᠬᠢᠴᠢᠶᠡᠯ ᠪᠣᠯᠭᠠᠨ᠂ ᠶᠡᠬᠡ ᠬᠢᠩᠭᠠᠨ ᠳᠠᠪᠠᠭ᠎ᠠ ᠶ᠋ᠢᠨ ᠠᠩ ᠠᠩᠨᠠᠯ ᠤ᠋ᠨ ᠰᠣᠶᠣᠯ ᠢ᠋ ᠲᠦᠭᠡᠮᠡᠯᠵᠢᠭᠦᠯᠬᠦ᠌ ᠲᠠᠢ ᠠᠭᠤᠰᠤᠯᠴᠠᠭᠤᠯᠵᠤ᠂ 500 ᠭᠠᠷᠤᠶ ᠬᠥᠮᠦᠨ ᠳ᠋ᠦ ᠠᠵᠢᠯ ᠣᠯᠭᠣᠭᠰᠠᠨ ᠵᠢᠡᠷ ᠪᠠᠷᠠᠬᠤ ᠦᠬᠡᠢ ᠠᠵᠤ ᠦᠶ᠋ᠯᠡᠰ ᠤ᠋ᠨ ᠵᠢᠯ ᠤ᠋ᠨ ᠦᠶ᠋ᠯᠡᠳᠬᠦᠨ ᠤ᠋ ᠥᠷᠲᠡᠭ ᠨᠢ 500 ᠲᠦᠮᠡᠨ ᠲᠥᠭᠥᠷᠢᠭ ᠢ᠋ ᠳᠠᠪᠠᠵᠤ᠂ ᠨᠢᠬᠡᠨᠳᠡ ᠱᠢᠭᠤᠢᠲᠤ ᠣᠷᠣᠨ ᠤ᠋ ᠣᠨᠴᠠᠯᠢᠭ᠍ᠲᠤ ᠦᠶ᠋ᠯᠡᠳᠭᠡᠯ ᠤ᠋ᠨ ᠭᠠᠵᠠᠷ ᠪᠤᠯᠵᠤ ᠬᠦᠭᠵᠢᠪᠡ᠃

ᠥᠪᠡᠷᠲᠡᠭᠡᠨ ᠵᠠᠰᠠᠬᠤ ᠣᠷᠣᠨ ᠡᠴᠡ ᠨᠢᠬᠡᠨᠳᠡ ᠣᠷᠣᠨ ᠤ᠋ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠵᠢᠭᠤᠯᠴᠢᠯᠠᠯ ᠤ᠋ᠨ ᠪᠡᠶᠡᠴᠢᠯᠡᠨ ᠣᠢᠯᠠᠭᠠᠬᠤ ᠰᠠᠭᠤᠷᠢᠨ ᠢ᠋ 19 ᠦᠨᠡᠯᠡᠨ ᠲᠣᠭ᠍ᠲᠠᠭᠠᠵᠤ᠂ 36 ᠵᠤᠷᠪᠤᠰ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠭᠤᠤᠯ ᠰᠡᠳᠦᠪᠲᠦ ᠵᠢᠭᠤᠯᠴᠢᠯᠠᠯ ᠤ᠋ᠨ ᠵᠠᠮ ᠱᠤᠭᠤᠮ ᠭᠠᠷᠭᠠᠨ᠂ ᠡᠯ᠎ᠡ ᠭᠠᠵᠠᠷ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠬᠡᠯ ᠤ᠋ᠨ ᠭᠠᠵᠠᠷ ᠤ᠋ᠨ ᠬᠢᠨ ᠬᠤᠭᠤᠯᠠ ᠤᠮᠳᠠ᠂ ᠬᠤᠨᠤᠭ ᠪᠠᠭᠤᠳᠠᠯ᠂ ᠪᠣᠳᠠᠲᠤ ᠦᠵᠡᠮᠵᠢ ᠶ᠋ᠢᠨ ᠲᠣᠭ᠍ᠯᠠᠯᠲᠠ᠂ ᠠᠷᠠᠳ ᠤ᠋ᠨ ᠵᠠᠩ ᠦᠶ᠋ᠯᠡ ᠶ᠋ᠢ ᠪᠡᠶᠡᠴᠢᠯᠡᠨ ᠣᠢᠯᠠᠭᠠᠬᠤ ᠵᠢ ᠢᠵᠢ ᠪᠥᠷᠢᠳᠦᠭᠦᠯᠦᠭᠰᠡᠨ ᠡᠵᠡᠩᠨᠡᠯᠲᠡ ᠶ᠋ᠢᠨ ᠪᠠᠢᠳᠠᠯ ᠢ᠋ ᠪᠦᠷᠢᠯᠳᠦᠬᠦᠯᠵᠤ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠤᠳᠤᠯᠤᠨ ᠰᠤᠷᠤᠯᠴᠠᠯᠭ᠎ᠠ ᠵᠢ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠱᠢᠨ᠎ᠡ ᠨᠡᠮᠡᠭ᠌ᠳᠡᠯ ᠤ᠋ᠨ ᠴᠡᠭ ᠪᠣᠯᠭᠠᠨ ᠠᠬᠢᠭᠤᠯᠵᠤ ᠪᠠᠢᠨ᠎ᠠ᠃

ᠪᠠᠶᠡᠴᠢᠯᠡᠨ ᠤᠷᠤᠯᠴᠠᠨ᠎ᠠ᠂ ᠰᠤᠳᠤᠯᠤᠨ ᠰᠤᠷᠤᠯᠴᠠᠨ᠎ᠠ ᠁ ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠶ᠋ᠯᠡᠳᠭᠡᠯ ᠤ᠋ᠨ ᠭᠠᠵᠠᠷ ᠨᠢ ᠲᠠᠩ ᠭᠠᠭ᠍ᠴᠠ ᠭᠠᠷ ᠤᠷᠠᠯᠠᠯ ᠬᠢᠬᠦ ᠡᠴᠡ ᠪᠠᠨ ᠠᠵᠢᠯ ᠲᠥᠷᠥᠯ ᠠᠯᠤᠰᠯᠠᠨ ᠠᠭᠤᠰᠤᠯᠴᠠᠵᠤ᠂ ᠪᠤᠳᠠᠰ ᠤ᠋ᠨ ᠪᠤᠰᠤ ᠰᠤᠶᠤᠯ ᠤ᠋ᠨ ᠦᠪ ᠢ᠋ ᠤᠯᠠᠮᠵᠢᠯᠠᠨ ᠬᠦᠭᠵᠢᠬᠦᠯᠬᠦ᠂ ᠪᠠᠶᠠᠴᠢᠯᠠᠨ ᠤᠢᠯᠠᠭᠠᠬᠤ ᠠᠵᠤ ᠠᠬᠤᠢ ᠵᠢ ᠬᠦᠭᠵᠢᠬᠡᠬᠦ᠂ ᠰᠤᠶᠤᠯ ᠵᠢᠭᠤᠯᠴᠢᠯᠠᠯ ᠤ᠋ᠨ ᠬᠡᠷᠡᠭᠯᠡᠬᠡ ᠵᠢ ᠠᠬᠢᠭᠤᠯᠬᠤ ᠵᠡᠷᠬᠡ ᠵᠢ ᠨᠢᠬᠡ ᠴᠤᠭᠴᠠᠵᠢᠭᠤᠯᠤᠭᠰᠠᠨ ᠰᠢᠨ᠎ᠠ ᠵᠠᠮ ᠢ᠋ ᠨᠡᠭᠡᠭᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号