ᠤᠢᠷ᠎ᠠ᠎ᠳᠦ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠶ᠋ᠢᠨ ᠪᠠᠢᠭᠤᠯᠭ᠎ᠠ᠎ᠶ᠋ᠢᠨ ᠱᠢᠰᠲ᠋ᠧᠮ ᠪᠠᠭ᠍ᠰᠢ᠎ᠶ᠋ᠢᠨ ᠶᠡᠬᠡ ᠰᠤᠷᠭᠠᠭᠤᠯᠢ ᠨᠡᠢᠭᠡᠮ ᠲᠣᠭᠣᠷᠢᠭ᠎ᠲᠤ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠠ ᠤᠷᠤᠬᠰᠢᠯᠠᠬᠤ 》 ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ — ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ ᠭᠤᠤᠯ ᠰᠡᠳᠦᠪᠲᠦ ᠨᠠᠮ᠎ᠤᠨ ᠡᠳᠦᠷᠯᠢᠭ᠎ᠦᠨ ᠠᠵᠢᠯᠯᠠᠭ᠎ᠠ ᠥᠷᠨᠢᠭᠦᠯᠵᠦ᠂ ᠡᠪᠯᠡᠯ᠎ᠦᠨ ᠬᠣᠷᠢᠶᠠᠨ᠎ᠤ ᠨᠠᠮ᠎ᠤᠨ ᠭᠡᠱᠢᠭᠦᠨ᠂ ᠺᠠᠳ᠋ᠷ᠂ ᠥᠪᠥᠷ ᠮᠣᠩᠭᠣᠯ᠎ᠤᠨ ᠬᠢᠲᠠᠳ ᠡᠮᠨᠡᠯᠭᠡ᠎ᠶ᠋ᠢᠨ ᠬᠣᠷᠢᠶᠠᠨ᠎ᠤ ᠡᠮᠴᠢ ᠰᠤᠪᠢᠯᠠᠭ᠍ᠴᠢ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠵᠠᠯᠠᠭᠤ ᠰᠠᠢᠨ ᠳᠤᠷᠠᠴᠤᠳ᠂ ᠨᠡᠢᠭᠡᠮ ᠲᠣᠭᠣᠷᠢᠭ᠎ᠤᠨ ᠠᠵᠢᠯᠲᠠᠨ ᠵᠢᠴᠢ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠬᠠᠮᠲᠤ᠎ᠪᠠᠷ ᠠᠵᠢᠯᠯᠠᠭ᠎ᠠ᠎ᠳᠤ ᠣᠷᠣᠯᠴᠠᠪᠠ᠃
ᠥᠪᠥᠷ ᠮᠣᠩᠭᠣᠯ᠎ᠤᠨ ᠬᠢᠲᠠᠳ ᠡᠮᠨᠡᠯᠭᠡ᠎ᠶ᠋ᠢᠨ ᠬᠣᠷᠢᠶᠠᠨ᠎ᠤ ᠡᠮᠴᠢ ᠰᠤᠪᠢᠯᠠᠭ᠍ᠴᠢᠨᠠᠷ ᠰᠠᠭᠤᠭᠠᠯᠢ ᠠᠷᠠᠳ᠎ᠲᠤ ᠴᠢᠰᠤᠨ ᠳᠠᠷᠤᠯᠲᠠ ᠴᠢᠰᠤᠨ ᠱᠢᠬᠢᠷ᠎ᠢ ᠱᠢᠯᠭᠠᠨ ᠪᠠᠢᠴᠠᠭᠠᠬᠤ᠂ ᠪᠠᠢᠩᠭᠤ ᠲᠣᠬᠢᠶᠠᠯᠳᠤᠳᠠᠭ ᠡᠪᠡᠳᠴᠢᠨ᠎ᠢ ᠯᠠᠪᠯᠠᠭ᠎ᠠ ᠣᠨᠣᠱᠢᠯᠠᠭᠠ᠂ ᠤᠳᠠᠭᠠᠨ ᠴᠢᠨᠠᠷᠲᠠᠶ ᠡᠪᠡᠳᠴᠢᠨ᠎ᠦ ᠬᠠᠮᠢᠶᠠᠷᠤᠯᠲᠠ᠂ ᠡᠮ ᠬᠡᠷᠡᠭ᠌ᠯᠡᠬᠦ᠌ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠯᠣᠭᠣᠳᠣᠯᠭ᠎ᠠ ᠵᠢᠴᠢ ᠬᠢᠲᠠᠳ ᠡᠮᠨᠡᠯᠭᠡ᠎ᠶ᠋ᠢᠨ ᠣᠨᠴᠠᠯᠢᠬᠳᠦ ᠡᠷᠡᠭᠦᠯᠵᠢᠯ᠎ᠦᠨ ᠦᠶ᠋ᠯᠡᠴᠢᠯᠡᠭᠡ ᠥᠷᠨᠢᠭᠦᠯᠵᠦ᠍᠂ ᠣᠯᠠᠨ ᠲᠦᠮᠡᠨ᠎ᠦ ᠪᠡᠶ᠎ᠡ ᠰᠡᠳᠭᠢᠯ᠎ᠦᠨ ᠡᠷᠡᠭᠦᠯ ᠮᠡᠨᠳᠦ᠍᠎ᠶ᠋ᠢ ᠬᠠᠮᠠᠭᠠᠯᠠᠪᠠ; ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠰᠠᠢ᠌ᠨ ᠲᠤᠷᠠᠴᠤᠳ ᠳᠠᠭᠤᠤ ᠪᠥᠵᠢᠭ᠂ ᠤᠷᠠᠨ ᠤᠩᠱᠢᠯᠭ᠎ᠠ᠂ ᠬᠥᠭ᠌ᠵᠢᠮ ᠵᠡᠷᠭᠡ ᠤᠷᠠᠨ ᠰᠠᠢᠬᠠᠨ᠎ᠤ ᠲᠣᠭ᠍ᠯᠠᠯᠲᠠ ᠬᠦᠷᠭᠡᠵᠦ᠂ ᠱᠢᠨ᠎ᠡ ᠰᠣᠷᠭᠣᠭ ᠤᠳᠭ᠎ᠠ ᠤᠷᠠᠯᠢᠭ᠎ᠤᠨ ᠠᠴᠢᠶᠠᠯᠠᠪᠤᠷᠢ᠎ᠪᠠᠷ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠢᠳᠡᠪᠬᠢ ᠬᠦᠴᠦᠨ᠎ᠢ ᠤᠯᠠᠮᠵᠢᠯᠠᠪᠠ᠃
ᠨᠠᠮ᠎ᠤᠨ ᠭᠡᠱᠢᠭᠦᠨ ᠰᠠᠢᠨ ᠳᠤᠷᠠᠴᠤᠳ ᠳᠤᠭᠤᠢᠯᠠᠩ ᠬᠤᠪᠢᠶᠠᠨ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠬᠠᠮᠠᠭᠠᠯᠠᠬᠤ ᠤᠬᠠᠭᠤᠯᠭ᠎ᠠ᠂ ᠡᠷᠡᠭᠦᠯ ᠬᠠᠮᠠᠭᠠᠯᠠᠯ᠎ᠤᠨ ᠴᠡᠪᠡᠷᠯᠡᠭᠡ ᠬᠢᠬᠦ ᠵᠢᠨ ᠬᠠᠮᠳᠦ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠨᠢᠭᠤᠷᠲᠠᠨ ᠤᠬᠠᠭᠤᠯᠤᠨ ᠲᠠᠢᠯᠪᠤᠷᠢᠯᠠᠬᠤ᠎ᠶ᠋ᠢ ᠵᠡᠷᠭᠡ᠎ᠪᠡᠷ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ᠎ᠶ᠋ᠢᠨ ᠮᠠᠲ᠋ᠧᠷᠢᠶᠠᠯ᠎ᠢ ᠲᠠᠷᠬᠠᠭᠠᠵᠦ᠂ ᠣᠯᠠᠨ ᠲᠦᠮᠡᠨ᠎ᠳᠦ ᠦᠨᠳᠦᠰᠦᠲᠡᠨ᠎ᠦ ᠪᠦᠯᠬᠦᠮᠳᠡᠯ᠎ᠦᠨ ᠭᠤᠤᠯ ᠰᠡᠳᠦᠪᠲᠦ ᠰᠣᠶᠣᠯ᠎ᠤᠨ ᠡᠭᠦᠳᠦᠯᠲᠡ᠎ᠶ᠋ᠢᠨ ᠡᠳ᠋ ᠪᠣᠳᠠᠰ ᠪᠡᠯᠡᠭ᠌ᠯᠡᠨ ᠥᠭ᠌ᠴᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠪᠠ᠃
ᠲᠣᠰ ᠤᠳᠠᠭ᠎ᠠ ᠶᠢᠨ ᠠᠵᠢᠯᠯᠠᠭ᠎ᠠ᠎ᠨᠢ ᠨᠠᠮᠴᠢ ᠴᠢᠨᠠᠷ᠎ᠤᠨ ᠬᠥᠮᠦᠵᠢᠯ ᠂ ᠠᠷᠠᠳ ᠲᠦᠮᠡᠨ᠎ᠳᠦ ᠦᠶ᠋ᠯᠡᠴᠢᠯᠡᠬᠦ᠌᠂ ᠦᠨᠳᠦᠰᠦᠲᠡᠨ᠎ᠦ ᠪᠦᠯᠬᠦᠮᠳᠡᠯ ᠳᠠᠪᠰᠢᠯᠳᠠ ᠵᠢ ᠠᠬᠢᠭᠤᠯᠬᠤ ᠤᠬᠠᠭᠤᠯᠭ᠎ᠠ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ ᠣᠯᠠᠨ ᠲᠦᠮᠡᠨ᠎ᠳᠦ ᠦᠨᠡᠨ ᠬᠦ᠌ ᠪᠣᠳᠠᠲᠤ ᠶᠠᠪᠤᠳᠠᠯ ᠬᠢᠵᠦ᠍᠂ ᠬᠦᠴᠢᠷ ᠠᠰᠠᠭᠤᠳᠠᠯ᠎ᠢ᠎ᠨᠢ ᠱᠢᠶ᠋ᠳᠪᠦᠷᠢᠯᠡᠵᠦ᠂ ᠨᠠᠮ ᠪᠠ ᠣᠯᠠᠨ ᠲᠦᠮᠡᠨ᠎ᠦ ᠬᠠᠷᠢᠴᠠᠭ᠎ᠠ᠎ᠶ᠋ᠢ ᠨᠢᠭ᠍ᠲᠠᠷᠠᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭ᠎ᠠ ᠪᠠ ᠡᠭᠦᠷᠭᠡᠯᠡᠯ᠎ᠢ ᠢᠯᠡᠷᠡᠭᠦᠯᠪᠡ᠃