ᠥᠪᠥᠷ ᠮᠣᠩᠭᠣᠯ ᠵᠢᠱ᠌ᠢᠯᠲᠡ᠎ᠪᠡᠷ 6 ᠰᠠᠷ᠎ᠠ᠎ᠶᠢᠨ 24᠎ᠤ᠋ ᠡᠳᠦᠷ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠬᠢᠷᠢ ᠪᠦᠳᠦᠮᠵᠢ ᠵᠢ ᠨᠡᠢᠳᠡᠯᠡᠨ᠎ᠠ
2026-06-12 10:19:16
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠡᠴᠡ ᠣᠢᠯᠠᠭᠠᠭᠰᠠᠨ᠎ᠢᠶᠠᠷ᠂ ᠰᠢᠯᠭᠠᠯᠲᠠ ᠳᠠᠭᠤᠰᠤᠭᠰᠠᠨ᠎ᠤ ᠳᠠᠷᠠᠭ᠎ᠠ ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠰᠢᠯᠭᠠᠯᠲᠠ᠎ᠶᠢᠨ ᠬᠠᠭᠤᠳᠠᠰᠤ᠎ᠶᠢ ᠬᠢᠨᠠᠬᠤ ᠠᠵᠢᠯ ᠲᠡᠷᠡ ᠳᠠᠷᠤᠢᠬᠠᠨ ᠡᠬᠢᠯᠡᠵᠡᠢ᠃ ᠡᠨᠡ ᠵᠢᠯ ᠰᠢᠯᠭᠠᠯᠲᠠ᠎ᠶᠢᠨ ᠬᠠᠭᠤᠳᠠᠰᠤ᠎ᠶᠢ ᠦᠷᠬᠦᠯᠵᠢᠯᠡᠨ ᠺᠣᠮᠫᠢᠦ᠋ᠲᠧᠷ᠎ᠢᠶᠡᠷ ᠰᠦᠯᠵᠢᠶᠡᠨ ᠳᠡᠭᠡᠷ᠎ᠡ ᠬᠢᠨᠠᠵᠤ᠂ ᠵᠢᠱ᠌ᠢᠯᠲᠡ᠎ᠪᠡᠷ 6 ᠰᠠᠷ᠎ᠠ᠎ᠶᠢᠨ 24᠎ᠤ᠋ ᠡᠳᠦᠷ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠢᠷᠢ ᠪᠦᠲᠦᠮᠵᠢ᠎ᠶᠢ ᠨᠡᠢᠲᠡᠯᠡᠨ᠎ᠡ᠂ ᠰᠢᠯᠭᠠᠭᠤᠯᠤᠭ᠍ᠴᠢ ᠥᠪᠥᠷ ᠮᠣᠩᠭᠣᠯ᠎ᠤᠨ ᠰᠣᠷᠣᠭ᠍ᠴᠢ ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ ᠵᠡᠷᠭᠡ ᠠᠯᠪᠠᠨ᠎ᠤ ᠲᠠᠯ᠎ᠠ᠎ᠶᠢᠨ ᠰᠦᠯᠵᠢᠶ᠎ᠠ ᠡᠴᠡ ᠰᠢᠯᠭᠠᠯᠳᠠ ᠵᠢᠨ ᠬᠢᠷᠢ ᠪᠦᠳᠦᠮᠵᠢ ᠪᠠᠨ ᠠᠰᠠᠭᠤᠨ ᠯᠠᠪᠯᠠᠵᠤ ᠪᠤᠯᠤᠨ᠎ᠠ᠃

ᠤᠢᠯᠠᠭᠠᠭᠰᠠᠨ ᠵᠢᠡᠷ᠂ ᠡᠨᠡ ᠵᠢᠯ ᠥᠪᠥᠷ ᠮᠣᠩᠭᠣᠯ ᠨᠡᠶ᠋ᠢᠲᠡ 4 ᠤᠳᠠᠭ᠎ᠠ ᠵᠢᠨ ᠰᠣᠷᠣᠭ᠍ᠴᠢ ᠡᠯᠰᠡᠬᠦ ᠪᠦᠯᠦᠭ ᠤᠳᠠᠭ᠎ᠠ ᠳᠤᠬᠢᠷᠠᠭᠤᠯᠵᠠᠢ᠃ ᠡᠭᠦᠨ᠎ᠳᠦ᠂ ᠵᠢᠩᠬᠢᠨᠢ ᠠᠩᠭᠢ᠎ᠶᠢᠨ ᠲᠠᠰ ᠳᠠᠪᠬᠤᠷᠭ᠎ᠠ᠎ᠳ᠋ᠤ 2 ᠪᠦᠯᠦᠭ ᠤᠳᠠᠭ᠎ᠠ ᠳᠤᠬᠢᠷᠠᠭᠤᠯᠪᠠ᠂ ᠲᠤᠬᠠᠢᠯᠠᠪᠠᠯ ᠵᠢᠩᠬᠢᠨᠢ ᠠᠩᠭᠢ᠎ᠶᠢᠨ ᠤᠷᠢᠳᠴᠢᠯᠡᠨ ᠡᠯᠰᠡᠬᠦ ᠪᠦᠯᠦᠭ ᠪᠠ ᠵᠢᠩᠬᠢᠨᠢ ᠠᠩᠭᠢ᠎ᠶᠢᠨ ᠪᠦᠯᠦᠭ ᠪᠣᠯᠣᠨ᠎ᠠ; ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠲᠠᠰ ᠳᠠᠪᠬᠤᠷᠭ᠎ᠠ᠎ᠳᠤ ᠪᠠᠰᠠ 2 ᠪᠦᠯᠦᠭ ᠤᠳᠠᠭ᠎ᠠ ᠵᠢ ᠲᠤᠬᠢᠷᠠᠭᠤᠯᠪᠠ᠂ ᠲᠤᠬᠠᠢᠯᠠᠪᠠᠯ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤ᠋ᠨ ᠤᠷᠢᠳᠴᠢᠯᠠᠨ ᠡᠯᠰᠡᠬᠦ ᠪᠦᠯᠦᠭ ᠪᠠ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤ᠋ᠨ ᠪᠦᠯᠦᠭ ᠪᠣᠯᠣᠨ᠎ᠠ᠃ ᠵᠢᠩᠬᠢᠨᠢ ᠠᠩᠭᠢ᠎ᠶᠢᠨ ᠤᠷᠢᠳᠴᠢᠯᠡᠨ ᠡᠯᠰᠡᠬᠦ ᠪᠦᠯᠦᠭ᠎ᠦᠨ A ᠬᠡᠰᠡᠭ᠎ᠲᠦ ᠡᠷᠡᠮᠡᠯᠵᠡᠯ᠎ᠤᠨ ᠲᠠᠰ ᠳᠠᠷᠠᠭᠠᠯᠠᠯ᠎ᠵᠢᠡᠷ ᠰᠤᠷᠤᠭᠴᠢ ᠡᠯᠰᠡᠬᠦ ᠵᠠᠭᠪᠤᠷ᠎ᠢ ᠬᠡᠷᠡᠭᠯᠡᠬᠦ᠎ᠡᠴᠡ ᠭᠠᠳᠠᠨ᠎ᠠ ᠪᠤᠰᠤᠳ ᠡᠯ᠎ᠡ ᠪᠦᠯᠦᠭ (ᠬᠡᠰᠡᠭ) ᠤᠳᠠᠭᠠᠨ᠎ᠤ ᠡᠷᠡᠮᠡᠯᠵᠡᠯ ᠲᠠᠬᠯᠠᠬᠤ᠎ᠳᠦ ᠭᠣᠣᠯᠳᠠᠭᠤ 《ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠪᠦᠯᠦᠭ》 ᠤ᠋ᠨ ᠵᠡᠷᠭᠡᠴᠡᠭᠡ ᠡᠷᠡᠮᠡᠯᠵᠡᠯ᠎ᠦᠨ ᠵᠠᠭᠪᠤᠷ᠎ᠢ ᠬᠡᠷᠡᠭᠯᠡᠨ᠎ᠡ᠃

ᠰᠢᠯᠭᠠᠯᠲᠠ ᠳᠠᠭᠤᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠤᠨ ᠬᠢᠨ ᠰᠢᠯᠭᠠᠭᠤᠯᠤᠭ᠍ᠴᠢ᠎ᠶᠢᠨ ᠡᠷᠡᠮᠡᠯᠵᠡᠯ ᠲᠠᠭᠯᠠᠬᠤ᠎ᠳᠤ ᠣᠯᠠᠨ ᠲᠠᠯ᠎ᠠ᠎ᠶᠢᠨ ᠦᠢᠯᠡᠴᠢᠯᠡᠭᠡ ᠬᠠᠩᠭᠠᠬᠤ ᠪᠣᠯᠣᠨ᠎ᠠ᠃ ᠪᠥᠬᠥ ᠣᠷᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠡᠷᠡᠮᠡᠯᠵᠡᠯ ᠲᠠᠭᠯᠠᠬᠤ ᠪᠣᠯᠪᠠᠰᠤᠷᠠᠯ᠎ᠢ ᠥᠷᠨᠢᠭᠦᠯᠵᠦ᠂ ᠡᠷᠡᠮᠡᠯᠵᠡᠯ ᠲᠠᠭᠯᠠᠬᠤ ᠨᠡᠶ᠋ᠢᠲᠡ᠎ᠶᠢᠨ ᠠᠰᠠᠷᠠᠮᠵᠢ᠎ᠶᠢᠨ ᠲᠠᠢᠯᠤᠮᠵᠢ ᠡᠷᠭᠢᠯᠡᠬᠦ᠎ᠶᠢᠨ ᠬᠠᠮᠲᠤ᠂ ᠬᠥᠮᠥᠨ ᠲᠣᠮᠢᠯᠠᠨ ᠡᠯ᠎ᠡ ᠠᠢᠮᠠᠭ ᠬᠣᠲᠠ᠎ᠳᠤ ᠣᠴᠢᠭᠤᠯᠵᠤ ᠡᠷᠡᠮᠡᠯᠵᠡᠯ ᠲᠠᠭᠯᠠᠬᠤ ᠲᠤᠬᠠᠢ᠎ᠶᠢᠨ ᠲᠠᠯᠠᠪᠤᠷ᠎ᠤᠨ  ᠵᠢᠯᠣᠭᠣᠳᠤᠯᠭ᠎ᠠ ᠬᠢᠯᠭᠡᠵᠦ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ  ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠡᠷᠡᠮᠡᠯᠵᠡᠯ ᠲᠠᠭᠯᠠᠬᠤ ᠠᠬᠤᠢ ᠲᠡᠯᠡᠪᠡᠢ ᠵᠢᠨ ᠨᠡᠶ᠋ᠢᠲᠡ᠎ᠶᠢᠨ ᠠᠰᠠᠷᠠᠮᠵᠢ᠎ᠶᠢᠨ ᠬᠠᠪᠰᠤᠷᠤᠨ ᠲᠡᠳᠬᠦᠬᠦ ᠠᠵᠢᠯᠯᠠᠭ᠎ᠠ᠎ᠶᠢ ᠵᠡᠷᠭᠡ ᠪᠡᠷ ᠥᠷᠨᠢᠭᠦᠯᠦᠨ᠎ᠡ᠃ ᠰᠢᠯᠭᠠᠯᠲᠠ᠎ᠶᠢᠨ ᠬᠦᠷᠢᠶᠡᠯᠡᠩ᠎ᠤᠨ ᠬᠢᠨ ᠪᠠᠰᠠ ᠰᠦᠯᠵᠢᠶᠡᠨ ᠳᠡᠭᠡᠷ᠎ᠡ ᠡᠷᠡᠮᠡᠯᠵᠡᠯ ᠲᠠᠬᠯᠠᠬᠤ ᠪᠣᠯᠪᠠᠰᠤᠷᠠᠯ᠎ᠤᠨ ᠸᠢᠳᠢᠤ᠋ ᠵᠢᠭᠠᠬᠤ ᠮᠠᠲᠧᠷᠢᠶᠠᠯ᠎ᠢ ᠦᠢᠯᠡᠳᠴᠤ ᠠᠯᠪᠠᠨ᠎ᠤ ᠰᠦᠯᠵᠢᠶ᠎ᠡ ᠠᠯᠪᠠᠨ᠎ᠤ ᠵᠢᠷᠬᠢᠶ᠎ᠡ ᠲᠡᠪᠴᠡᠩ᠎ᠲᠡᠭᠡᠷ᠎ᠡ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠬᠦ ᠪᠣᠯᠣᠨ᠎ᠠ᠃ 《ᠡᠷᠡᠮᠡᠯᠵᠡᠯ ᠲᠠᠭᠯᠠᠬᠤ ᠬᠠᠪᠰᠤᠷᠤᠮᠵᠢ ᠰᠢᠰᠲᠧᠮ》᠎ᠢ᠋ ᠤᠯᠠᠮ ᠨᠢᠭᠡ ᠠᠯᠬᠤᠮ ᠲᠠᠰ ᠳᠡᠪᠰᠢᠭᠦᠯᠵᠦ᠂ ᠥᠷᠭᠡᠨ ᠣᠯᠠᠨ ᠰᠢᠯᠭᠠᠭᠤᠯᠤᠭᠰᠠᠳ ᠲᠸ᠋ ᠨᠡᠷ᠎ᠡ ᠮᠡᠳᠡᠭᠦᠯᠦᠭᠰᠡᠨ ᠲᠣᠭ᠎ᠠ ᠪᠠᠷᠢᠮᠲᠠ᠎ᠶᠢ ᠪᠠᠢᠴᠠᠭᠠᠨ ᠯᠠᠪᠯᠠᠬᠤ ᠪᠠ ᠡᠷᠡᠮᠡᠯᠵᠡᠯ ᠲᠠᠭᠯᠠᠬᠤ ᠰᠢᠨᠵᠢᠯᠡᠬᠦ ᠤᠬᠠᠭᠠᠨᠴᠢ᠂ ᠣᠨᠣᠪᠴᠢᠲᠠᠶ᠂ ᠪᠥᠬᠥ ᠲᠠᠯ᠎ᠠ ᠵᠢᠨ᠎ᠬᠠᠪᠰᠤᠷᠤᠮᠵᠢ ᠦᠢᠯᠡᠴᠢᠯᠡᠭᠡ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号