ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ ᠦᠵᠡᠯ ᠤᠬᠠᠮᠰᠠᠷ ᠎ᠤᠨ ᠬᠡᠯᠪᠡᠷᠢ᠎ᠶᠢᠨ ᠬᠦᠷᠢᠶᠡᠨ ᠳ᠋ᠡᠬᠢ ᠬᠤᠯᠪᠤᠭᠳᠠᠯ ᠪᠦᠬᠦᠢ ᠠᠵᠢᠯ᠎ᠢ ᠰᠤᠳᠤᠯᠤᠨ ᠪᠠᠢᠷᠢᠯᠠᠭᠤᠯᠪᠠ
2026-06-13 11:23:18
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠸᠢ ᠵᠦᠩ ᠬᠤᠷᠠᠯ  ᠢ᠋ ᠡᠷᠬᠢᠯᠡᠵᠠᠢ


6 ᠰᠠᠷ᠎ᠠ᠎ᠶᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠪᠥᠬᠥ ᠣᠷᠣᠨ᠎ᠤ ᠦᠵᠡᠯ ᠤᠬᠠᠮᠰᠠᠷ᠎ᠤᠨ ᠬᠡᠯᠪᠡᠷᠢ᠂ ᠦᠵᠡᠯ ᠰᠠᠨᠠᠭ᠎ᠠ ᠤᠯᠤᠰ ᠲᠥᠷᠥ᠂ 《ᠱᠠᠯᠢᠭ᠋ ᠵᠠᠪᠬᠠᠢ ᠵᠦᠢᠯᠡᠰ᠎ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ᠎ᠳᠦ ᠴᠣᠬᠢᠯᠲᠠ ᠥᠭᠬᠦ 》 ᠠᠵᠢᠯ ᠎ᠤᠨ ᠪᠠᠢᠳᠠᠯ ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠣᠯᠪᠣᠭᠳᠠᠯ ᠪᠦᠬᠦᠢ ᠠᠵᠢᠯ ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠬᠤᠷᠠᠯ᠎ᠢ ᠡᠷᠭᠢᠯᠡᠵᠡᠢ᠃

ᠬᠤᠷᠠᠯ ᠡᠴᠡ᠂ ᠰᠢ ᠵᠢᠨ ᠫᠢᠩ ᠎ᠦᠨ ᠰᠣᠶᠣᠯ ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠦᠵᠡᠯ ᠤᠬᠠᠮᠰᠠᠷ ᠎ᠤᠨ ᠬᠡᠯᠪᠡᠷᠢ ᠎ᠶᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠯᠠᠪᠳᠠᠭᠤᠨ ᠪᠠᠲᠤᠲᠠᠢ ᠪᠦᠲᠦᠮᠵᠢᠲᠡᠢ ᠰᠠᠢᠲᠤᠷ ᠬᠢᠵᠦ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ ᠪᠠ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠬᠠᠩᠭᠠᠬᠤ ᠬᠡᠷᠡᠭᠲᠡᠢ᠃ ᠰᠢ ᠵᠢᠨ ᠫᠢᠩ ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ ᠎ᠤᠨ ᠦᠵᠡᠯ ᠰᠠᠨᠠᠭ᠎ᠠ᠎ᠪᠠᠷ ᠰᠡᠳᠬᠢᠯ ᠢ᠋ ᠨᠢᠭᠡᠳᠬᠡᠨ ᠰᠦᠭ ᠰᠦᠨᠡᠰᠦ ᠵᠢ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠨᠠᠮ ᠎ᠤᠨ ᠰᠢᠨ᠎ᠡ᠎ᠡᠭᠦᠳᠦᠯᠳᠡ ᠵᠢᠨ ᠤᠨᠤᠯ᠎ᠤᠨ ᠰᠤᠷᠤᠯᠴᠠᠯᠭ᠎ᠠ ᠰᠤᠳᠤᠯᠭᠠᠨ ᠪᠠ ᠤᠬᠠᠭᠤᠯᠭ᠎ᠠ ᠲᠠᠢᠯᠪᠤᠷᠢᠯᠠᠯᠲᠠ᠎ᠶᠢ ᠲᠠᠰᠤᠷᠠᠯᠳᠠ ᠦᠭᠡᠢ ᠭᠦᠨᠵᠡᠭᠡᠢᠷᠡᠭᠦᠯᠬᠦ ᠬᠡᠷᠡᠭᠲᠡᠢ᠃ ᠦᠪᠡᠷ ᠢ᠋ ᠪᠠᠨ ᠢᠳᠡᠭᠡᠵᠤ ᠥᠪᠡᠷ᠎ᠢ᠎ᠪᠡᠨ ᠬᠦᠴᠦᠷᠬᠡᠭᠵᠢᠭᠦᠯᠬᠦ᠂ ᠪᠦᠯᠬᠦᠮᠳᠡᠨ ᠲᠡᠮᠡᠴᠡᠬᠦ ᠭᠣᠣᠯ ᠬᠦᠭ ᠠᠶᠠᠰ᠎ᠢ ᠪᠠᠲᠤ ᠡᠵᠡᠮᠳᠡᠵᠦ᠂ ᠭᠣᠣᠯ ᠰᠡᠳᠦᠪᠲᠦ ᠤᠬᠠᠭᠤᠯᠭ᠎ᠠ᠂ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠂ ᠠᠮᠵᠢᠯᠲᠠ ᠪᠦᠲᠦᠮᠵᠢ ᠎ᠶᠢᠨ ᠤᠬᠠᠭᠤᠯᠭ᠎ᠠ᠂ ᠨᠡᠢᠲᠡᠯᠢᠭ ᠵᠢᠱ᠌ᠢᠶ᠎ᠡ᠎ᠶᠢᠨ ᠤᠬᠠᠭᠤᠯᠭ᠎ᠠ᠎ᠶᠢ ᠨᠠᠷᠢᠯᠢᠭ᠋ ᠥᠷᠨᠢᠭᠦᠯᠵᠦ᠂ ᠭᠣᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶᠢ ᠦᠷᠭᠦᠯᠵᠢᠯᠡᠨ ᠪᠡᠬᠢᠵᠢᠭᠦᠯᠦᠨ ᠪᠤᠵᠠᠭᠠᠢᠷᠠᠭᠤᠯᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠴᠢᠩᠭᠠᠳᠬᠠᠵᠤ᠂ ᠥᠪᠥᠷ ᠮᠣᠩᠭᠣᠯ ᠎ᠤᠨ ᠡᠬᠡ ᠭᠠᠵᠠᠷ ᠳᠡᠭᠡᠷᠡᠬᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠎ᠶᠢᠨ ᠡᠬᠢ ᠰᠤᠷᠪᠤᠯᠵᠢ ᠪᠣᠯᠣᠨ ᠠᠮᠢᠳᠤᠯᠢᠭ᠋ ᠦᠢᠯᠡᠳᠦᠯᠭᠡ᠎ᠶᠢ ᠭᠦᠨᠵᠡᠭᠡᠢ ᠠᠭᠤᠳᠠᠯᠤᠨ ᠰᠤᠳᠤᠯᠵᠤ ᠲᠣᠳᠣᠷᠬᠠᠢᠯᠠᠨ ᠲᠠᠢᠯᠪᠤᠷᠢᠯᠠᠵᠤ᠂ ᠳᠤᠮᠳᠠᠳᠤ᠎ᠶᠢᠨ ᠦᠨᠳᠦᠰᠦᠲᠡᠨ ᠎ᠦ ᠬᠠᠮᠲᠤ ᠎ᠶᠢᠨ ᠴᠣᠭᠴᠠ᠎ᠶᠢᠨ ᠦᠯᠢᠭᠡᠷ ᠎ᠢ  ᠠᠮᠢᠳᠤᠯᠢᠭ᠋ ᠳᠦᠷᠰᠦᠯᠢᠭ᠎ᠢᠶᠡᠷ ᠰᠠᠢᠲᠤᠷ ᠶᠠᠷᠢᠬᠤ ᠬᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠠᠮ ᠡᠴᠡ ᠤᠬᠠᠭᠤᠯᠭ᠎ᠠ᠎ᠶᠢ ᠬᠠᠮᠢᠶᠠᠷᠬᠤ᠂ ᠨᠠᠮ ᠡᠴᠡ ᠦᠵᠡᠯ ᠤᠬᠠᠮᠰᠠᠷ᠎ᠤᠨ ᠬᠡᠯᠪᠡᠷᠢ᠎ᠶᠢ ᠬᠠᠮᠢᠶᠠᠷᠬᠤ᠂ ᠨᠠᠮ ᠡᠴᠡ ᠵᠠᠭᠤᠴᠢᠯᠠᠭᠤᠷ᠎ᠢ ᠬᠠᠮᠢᠶᠠᠷᠬᠤ᠂ ᠨᠠᠮ ᠡᠴᠡ ᠢᠨᠲ᠋ᠸᠷ ᠰᠦᠯᠵᠢᠶ᠎ᠡ᠎ᠶᠢ ᠬᠠᠮᠢᠶᠠᠷᠬᠤ᠎ᠶᠢ ᠢᠮᠠᠭᠲᠠ ᠪᠠᠷᠢᠮᠲᠠᠯᠠᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠡᠯ᠎ᠡ ᠲᠦᠷᠦᠯ᠎ᠦᠨ ᠠᠶᠤᠯ ᠲᠦᠭᠰᠢᠭᠦᠷᠢ᠎ᠶᠢ ᠬᠦᠴᠦᠳᠠᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠵᠢᠭᠰᠠᠭᠠᠯ ᠤ᠋ᠨ ᠭᠠᠵᠠᠷ ᠢ᠋ ᠡᠷᠡᠰ ᠰᠠᠢᠲᠤᠷ ᠰᠠᠬᠢᠬᠤ ᠬᠡᠷᠡᠭᠲᠡᠢ ᠭᠡᠵᠤ ᠴᠢᠬᠤᠯᠠᠴᠢᠯᠠᠵᠠᠢ᠃

ᠬᠤᠷᠠᠯ ᠡᠴᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠠᠵᠢᠯ᠎ᠤᠨ ᠳᠦᠷᠢᠮ 》 ᠢ᠋ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠭᠣᠣᠯ ᠡᠭᠦᠷᠭᠡ ᠪᠣᠯᠣᠨ ᠠᠵᠢᠯ᠎ᠤᠨ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠤᠨ᠂ ᠦᠵᠡᠯ ᠰᠠᠨᠠᠭᠠᠨ᠎ᠤ ᠬᠥᠮᠦᠵᠢᠯ᠂ ᠤᠯᠤᠰ ᠲᠥᠷᠥ᠎ᠪᠡᠷ ᠬᠦᠳᠦᠯᠦᠨ ᠳᠠᠭᠠᠭᠤᠯᠬᠤ᠂ ᠶᠣᠰᠣ᠌ ᠰᠤᠷᠲᠠᠬᠤᠨ᠎ᠤ ᠬᠥᠮᠦᠵᠢᠯ᠂ ᠰᠣᠶᠣᠯ᠎ᠤᠨ ᠬᠥᠮᠦᠵᠢᠯ ᠵᠡᠷᠭᠡ ᠦᠢᠯᠡᠳᠦᠯᠭᠡ᠎ᠶᠢᠨ ᠠᠵᠢᠯᠯᠠᠭ᠎ᠠ ᠎ᠶᠢ ᠨᠠᠷᠢᠨ ᠬᠢᠨᠠᠮᠠᠭᠠᠢ ᠲᠥᠯᠥᠪᠵᠢᠭᠦᠯᠦᠨ ᠥᠷᠨᠢᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ  ᠠᠵᠢᠯ᠎ᠤᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠨᠡᠢᠭᠡᠮ᠎ᠦᠨ ᠬᠠᠮᠲᠤᠯᠢᠭ᠋᠎ᠤᠨ ᠬᠥᠭᠵᠢᠯᠲᠡ ᠬᠤᠪᠢᠷᠠᠯᠲᠠ᠎ᠳᠤ ᠵᠣᠬᠢᠴᠠᠭᠤᠯᠤᠨ᠂ ᠡᠯ᠎ᠡ ᠬᠦᠷᠢᠶᠡᠨ᠎ᠦ ᠪᠣᠳᠠᠲᠤ ᠪᠠᠢᠳᠠᠯ ᠪᠠ ᠣᠨᠴᠠᠯᠢᠭ᠋᠎ᠲᠠᠢ ᠤᠶᠠᠯᠳᠤᠭᠤᠯᠵᠤ᠂ ᠠᠵᠤ ᠠᠬᠤᠢᠯᠠᠯ᠂ ᠬᠥᠳᠡᠭᠡ ᠲᠣᠰᠬᠣᠨ᠂ ᠪᠠᠢᠭᠤᠯᠭ᠎ᠠ ᠪᠠ ᠠᠵᠢᠯ ᠦᠢᠯᠡᠰ᠎ᠦᠨ ᠨᠢᠭᠡᠴᠢ᠂ ᠰᠤᠷᠭᠠᠭᠤᠯᠢ᠂ ᠨᠡᠢᠭᠡᠮ ᠲᠣᠭᠣᠷᠢᠭ᠋᠂ ᠰᠢᠨ᠎ᠡ᠎ᠪᠡᠷ ᠮᠠᠨᠳᠤᠭᠰᠠᠨ ᠬᠦᠷᠢᠶ᠎ᠡ ᠪᠠ ᠰᠦᠯᠵᠢᠶᠡᠨ᠎ᠦ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ ᠎ᠢ  ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ ᠬᠡᠷᠡᠭᠲᠡᠢ᠃ ᠦᠵᠡᠯ ᠰᠠᠨᠠᠭᠠᠨ ᠎ᠤ  ᠠᠰᠠᠭᠤᠳᠠᠯ᠎ᠢ ᠰᠢᠢᠳᠪᠦᠷᠢᠯᠡᠬᠦ᠎ᠶᠢ ᠪᠣᠳᠠᠲᠠᠢ ᠠᠰᠠᠭᠤᠳᠠᠯ ᠎ᠢ ᠰᠢᠢᠳᠪᠦᠷᠢᠯᠡᠬᠦ᠎ᠲᠠᠢ ᠤᠶᠠᠯᠳᠤᠭᠤᠯᠬᠤ᠎ᠶᠢ ᠴᠢᠬᠤᠯᠠᠴᠢᠯᠠᠵᠤ᠂ ᠠᠷᠠᠳ ᠎ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠣᠷᠪᠤᠯᠵᠢᠯᠠᠯ ᠤ᠋ᠨ ᠠᠰᠠᠭᠤᠳᠠᠯ ᠎ᠢ ᠰᠢᠢᠳᠪᠦᠷᠢᠯᠡᠬᠦ᠎ᠶᠢ ᠴᠢᠩᠭ᠎ᠠ ᠠᠳᠬᠤᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠬᠤ ᠪᠠ ᠲᠤᠰ ᠪᠡᠶ᠎ᠡ᠎ᠶᠢᠨ ᠠᠰᠢᠭ᠋ ᠲᠤᠰᠠ᠎ᠶᠢᠨ ᠠᠰᠠᠭᠤᠳᠠᠯ᠎ᠢ ᠦᠨᠡᠨ ᠪᠣᠳᠠᠲᠠᠢ ᠰᠠᠢᠲᠤᠷ ᠰᠢᠢᠳᠪᠦᠷᠢᠯᠡᠵᠦ᠂ ᠬᠥᠮᠥᠰ᠎ᠦᠨ ᠰᠡᠳᠬᠢᠯ᠎ᠢ ᠤᠯᠬᠤ᠂ ᠬᠥᠮᠥᠰ᠎ᠦᠨ ᠰᠡᠳᠬᠢᠯ ᠎ᠢ ᠳᠤᠯᠠᠭᠠᠴᠠᠭᠤᠯᠬᠤ᠂ ᠬᠦᠮᠦᠰ ᠤ᠋ᠨ ᠰᠡᠳᠭᠢᠯ ᠢ᠋ ᠲᠤᠭᠳᠠᠪᠤᠷᠢᠵᠢᠭᠤᠯᠬᠤ ᠠᠵᠢᠯ᠎ᠢ ᠢᠯᠡᠭᠦᠬᠡᠨ ᠬᠢᠵᠦ᠂ ᠠᠷᠠᠳ᠎ᠤᠨ ᠲᠥᠯᠥᠭᠡ ᠪᠣᠳᠠᠲᠠᠢ ᠶᠠᠪᠤᠳᠠᠯ ᠬᠢᠬᠦ ᠳᠤᠮᠳᠠ ᠨᠠᠮ᠎ᠤᠨ ᠲᠦᠷᠦ᠎ᠶᠢᠨ ᠪᠣᠳᠣᠯᠭ᠎ᠠ᠎ᠶᠢ ᠰᠠᠢᠲᠤᠷ ᠤᠬᠠᠭᠤᠯᠵᠤ᠂ ᠨᠠᠮ ᠎ᠤᠨ ᠬᠠᠢᠷ᠎ᠠ ᠬᠠᠯᠠᠮᠵᠢ᠎ᠶᠢ ᠰᠠᠢᠲᠤᠷ ᠢᠯᠡᠷᠡᠭᠦᠯᠵᠦ᠂ ᠥᠷᠭᠡᠨ ᠤᠯᠠᠨ ᠲᠦᠮᠡᠨ᠎ᠦ ᠴᠢᠩ ᠰᠡᠳᠬᠢᠯ᠎ᠡᠴᠡ᠎ᠪᠡᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ ᠭᠡᠵᠤ ᠴᠢᠬᠤᠯᠠᠴᠢᠯᠠᠵᠠᠢ᠃

ᠬᠤᠷᠠᠯ ᠡᠴᠡ᠂ 《ᠱᠠᠯᠢᠭ᠋ ᠵᠠᠪᠬᠠᠢ ᠵᠦᠢᠯᠡᠰ᠎ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ᠎ᠳᠦ ᠴᠣᠬᠢᠯᠲᠠ ᠥᠭᠬᠦ》 ᠠᠵᠢᠯ ᠎ᠢ ᠯᠠᠪᠳᠠᠭᠤᠨ ᠪᠠᠲᠤᠲᠠᠢ ᠥᠷᠨᠢᠭᠦᠯᠵᠦ᠂ ᠲᠤᠰᠬᠠᠢ ᠴᠡᠭᠴᠡᠯᠡᠨ ᠵᠠᠰᠠᠯᠳᠠ ᠪᠠ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠵᠤ᠂ ᠰᠦᠯᠵᠢᠶᠡᠨ ᠳᠡᠭᠡᠷ᠎ᠡ ᠴᠡᠪᠡᠷᠯᠡᠬᠦ ᠪᠠ ᠰᠦᠯᠵᠢᠶᠠᠨ ᠤ᠋ ᠭᠠᠳᠠᠨ᠎ᠠ ᠴᠣᠬᠢᠯᠲᠠ ᠥᠭᠬᠦ᠎ᠶᠢ ᠵᠡᠷᠭᠡ᠎ᠪᠡᠷ ᠠᠬᠢᠭᠤᠯᠵᠤ ᠂ ᠡᠷᠡᠭᠦᠯ ᠥᠭᠡᠳᠡᠷᠬᠡᠭ ᠨᠡᠢᠭᠡᠮ᠎ᠦᠨ ᠰᠣᠶᠣᠯ᠎ᠤᠨ ᠣᠷᠴᠢᠨ᠎ᠢ ᠴᠢᠷᠮᠠᠢᠨ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号