ᠥᠪᠥᠷ ᠮᠣᠩᠭᠣᠯ ᠤ᠋ᠨ 54 ᠲᠦᠮᠡᠨ ᠮᠥ᠍ ᠴᠠᠷᠭᠠᠰᠤ ᠬᠠᠳᠤᠵᠤ ᠬᠤᠷᠢᠶᠠᠬᠤ ᠬᠤᠭᠤᠴᠠᠭᠠᠨ ᠳ᠋ᠦ ᠤᠷᠤᠯ᠎ᠠ
2026-06-13 11:56:58
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠣᠳᠣᠬᠠᠨ ᠳ᠋ᠤ ᠮᠠᠨ ᠤ᠋ ᠤᠷᠤᠨ ᠤ᠋ ᠲᠠᠷᠢᠭᠰᠠᠨ ᠴᠠᠷᠭᠠᠰᠤ ᠡᠴᠡ 54 ᠲᠦᠮᠡᠨ ᠮᠥ᠍ ᠨᠢ ᠠᠡᠭᠬᠠᠨ ᠤ᠋ ᠡᠭᠡᠯᠵᠢ ᠶ᠋ᠢᠨ ᠬᠠᠳᠤᠵᠤ ᠬᠤᠷᠢᠶᠠᠬᠤ ᠰᠢᠵᠢᠷ ᠠᠯᠲᠠᠨ ᠤᠯᠠᠷᠢᠯ ᠳ᠋ᠤ ᠤᠷᠤᠪᠠ᠃

ᠬᠥᠬᠡᠬᠣᠲᠠ ᠶ᠋ᠢᠨ ᠴᠡᠯᠡᠭᠡᠷ ᠲᠠᠯ᠎ᠠ ᠠᠮᠢ ᠠᠬᠤᠶ ᠶ᠋ᠢᠨ ᠣᠶᠤᠨᠴᠢ ᠡᠪᠡᠰᠦᠨ ᠤ᠋ ᠦᠶ᠋ᠯᠡᠰ ᠤ᠋ᠨ ᠰᠠᠭᠤᠷᠢᠨ ᠳ᠋ᠤ 2 ᠲᠣᠮᠣ ᠬᠡᠯᠪᠡᠷᠢ ᠶ᠋ᠢᠨ ᠬᠠᠳᠤᠵᠤ ᠬᠤᠷᠢᠶᠠᠬᠤ ᠮᠠᠱᠢᠨ ᠨᠠᠭᠠᠰᠢ ᠴᠠᠭᠠᠰᠢ ᠰᠦᠯᠵᠢᠯᠳᠦᠵᠤ ᠬᠦᠬᠡᠷᠡᠨ ᠲᠠᠪᠠᠯᠭᠠᠯᠠᠬᠤ ᠴᠠᠷᠭᠠᠰᠤ ᠵᠢ ᠬᠠᠳᠤᠵᠤ ᠬᠤᠷᠢᠶᠠᠨ᠎ᠠ᠃ ᠲᠤᠰ ᠰᠠᠭᠤᠷᠢᠨ ᠨᠢ ᠲᠠᠷᠢᠶᠠᠨ ᠭᠠᠵᠠᠷ ᠤ᠋ᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠤᠯᠤᠰ ᠤ᠋ᠨ ᠳᠣᠲᠣᠭᠠᠳᠤ ᠶ᠋ᠢᠨ ᠠᠡᠭᠬᠠᠨ ᠤ᠋ ᠡᠭᠦᠳᠦᠯᠲᠡ ᠪᠤᠯᠬᠤ ᠴᠠᠷᠭᠠᠰᠤ ᠲᠠᠷᠢᠬᠤ SOP ᠪᠠᠷᠢᠮᠵᠢᠶᠠᠵᠢᠭᠤᠯᠤᠭ᠍ᠰᠠᠨ ᠬᠠᠮᠢᠶᠠᠷᠤᠯᠲᠠ ᠶ᠋ᠢᠨ ᠱᠢᠰᠲ᠋ᠧᠮ ᠲᠠᠢ ᠤᠶᠠᠯᠳᠤᠭᠤᠯᠤᠭᠰᠠᠨ ᠡᠴᠡ ᠡᠨᠡ ᠵᠢᠯ ᠴᠠᠷᠭᠠᠰᠤ ᠶ᠋ᠢᠨ ᠬᠢᠨᠢ ᠤᠷᠭᠤᠴᠠ ᠨᠢ ᠥᠩᠭᠡᠷᠡᠭ᠌ᠰᠡᠨ ᠵᠢᠯ ᠤ᠋ᠳ᠎ᠡᠴᠡ ᠬᠣᠯᠠ ᠰᠠᠢᠨ ᠪᠤᠯᠵᠠᠢ᠃ ᠰᠠᠭᠤᠷᠢᠨ ᠤ᠋ ᠬᠢᠨ ᠠᠡᠭᠬᠠᠨ ᠤ᠋ ᠡᠭᠡᠯᠵᠢ ᠶ᠋ᠢᠨ ᠬᠠᠳᠤᠵᠤ ᠬᠤᠷᠢᠶᠠᠭᠰᠠᠨ ᠴᠠᠷᠭᠠᠰᠤ ᠪᠠᠨ《ᠡᠪᠡᠰᠦᠨ ᠭᠤᠸᠠᠨᠲ᠋ᠧᠦ》 ᠪᠤᠯᠭᠠᠵᠤ ᠂ ᠮᠠᠯᠵᠢᠯ ᠤ᠋ᠨ ᠲᠠᠯᠠᠪᠠᠶ ᠶ᠋ᠢᠨ ᠵᠢᠡᠨ 1.2 ᠲᠦᠮᠡᠨ ᠰᠠᠭᠠᠯᠢ ᠶ᠋ᠢᠨ ᠦᠨᠢᠶ᠎ᠡ ᠳ᠋ᠦ ᠬᠠᠡᠭᠭᠠᠬᠤ ᠪᠤᠯᠤᠨ᠎ᠠ᠃

ᠤᠢᠷ᠎ᠡ ᠶ᠋ᠢᠨ ᠡᠳᠦᠷ ᠪᠠᠶᠠᠨᠨᠠᠭᠤᠷ ᠬᠣᠲᠠ ᠶ᠋ᠢᠨ ᠳ᠋ᠸᠩᠺᠸᠤ ᠱᠢᠶᠠᠨ 3 ᠲᠦᠮᠡᠨ ᠮᠥ᠍ ᠣᠷᠭᠠᠨᠢᠭ ᠴᠠᠷᠭᠠᠰᠤ ᠪᠠᠨ ᠬᠠᠳᠤᠵᠤ ᠬᠤᠷᠢᠶᠠᠬᠤ ᠠᠵᠢᠯ ᠶ᠋ᠢᠡᠨ ᠪᠦᠬᠦ ᠲᠠᠯ᠎ᠠ ᠪᠡᠷ ᠡᠬᠢᠯᠡᠭᠦᠯᠵᠡᠢ᠃ ᠡᠨᠡ ᠵᠢᠯ ᠳᠤᠰ ᠱᠢᠶᠠᠨ ᠴᠠᠷᠭᠠᠰᠤ ᠲᠠᠷᠢᠬᠤ ᠦᠶ᠋ᠯᠡᠰ ᠢ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠲᠠᠶ ᠤᠶᠠᠯᠳᠤᠭᠤᠯᠵᠤ᠂ ᠤᠯᠤᠰ ᠤ᠋ᠨ ᠦᠮᠴᠢᠯᠡᠯᠲᠦ ᠲᠠᠷᠢᠶᠠᠯᠠᠩ ᠤ᠋ᠨ ᠲᠠᠯᠠᠪᠠᠶ ᠪᠠ ᠰᠤᠮᠤ ᠪᠠᠯᠭᠠᠰᠤ᠎ᠶ᠋ᠢ ᠬᠥᠲᠥᠯᠦᠨ ᠵᠢᠯᠣᠭᠣᠳᠴᠤ᠌ ᠪᠠᠢᠭᠠᠳ ᠱᠧᠩ ᠮᠥ᠍᠂ ᠮᠸᠩ ᠨᠢᠤ ᠵᠡᠷᠭᠡ ᠰᠦ ᠶ᠋ᠢᠨ ᠦᠶ᠋ᠯᠡᠰ ᠤ᠋ᠨ ᠠᠵᠤ ᠠᠬᠤᠢᠯᠠᠯ ᠲᠡᠶ ᠬᠠᠮᠲᠤᠷᠠᠨ ᠠᠵᠢᠯᠯᠠᠬᠤ ᠵᠢ ᠠᠬᠢᠭᠤᠯᠵᠤ᠂ ᠳᠠᠷᠢᠬᠤ ᠪᠣᠯᠪᠠᠰᠤᠷᠠᠭᠤᠯᠬᠤ ᠬᠠᠳᠠᠭᠠᠯᠠᠬᠤ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠠᠵᠤ ᠦᠶ᠋ᠯᠡᠰ ᠤ᠋ᠨ ᠬᠡᠯᠬᠢᠶ᠎ᠡ ᠶ᠋ᠢ ᠪᠠᠢᠭᠤᠯᠵᠤ᠂ ᠵᠢᠱ᠌ᠢᠯᠳᠡ ᠪᠡᠷ ᠪᠥᠬᠥ᠌ ᠱᠢᠶᠠᠨ ᠤ᠋ ᠴᠠᠷᠭᠠᠰᠤ ᠶ᠋ᠢᠨ ᠠᠵᠤ ᠦᠶ᠋ᠯᠡᠰ ᠤ᠋ᠨ ᠵᠢᠯ ᠤ᠋ᠨ ᠦᠶ᠋ᠯᠡᠳᠬᠦᠨ ᠤ᠋ ᠥᠷᠲᠡᠭ ᠨᠢ 2 ᠳ᠋ᠦᠩᠱᠢᠭᠤᠷ ᠲᠥᠭᠥᠷᠢᠭ ᠢ᠋ ᠳᠠᠪᠠᠬᠤ ᠪᠤᠯᠤᠨ᠎ᠠ᠃

ᠤᠢᠯᠠᠭᠠᠭᠰᠠᠨ ᠶ᠋ᠢᠡᠷ᠂ ᠮᠠᠨ ᠤ᠋ ᠤᠷᠤᠨ ᠡᠨᠡ ᠵᠢᠯ ᠱᠢᠨ᠎ᠡ ᠪᠡᠷ 10 ᠲᠦᠮᠡᠨ ᠮᠥ᠍ ᠴᠠᠷᠭᠠᠰᠤ ᠳᠠᠷᠢᠵᠤ ᠂ ᠤᠳᠤ ᠪᠦᠬᠦ ᠤᠷᠤᠨ ᠤ᠋ ᠴᠠᠷᠭᠠᠰᠤ ᠶ᠋ᠢᠨ ᠲᠠᠯᠠᠪᠠᠶ 200 ᠲᠦᠮᠡᠨ ᠮᠥ᠍ ᠶ᠋ᠢ ᠳᠠᠪᠠᠪᠠ᠃ ᠥᠪᠡᠷᠲᠡᠭᠡᠨ ᠵᠠᠰᠠᠬᠤ ᠣᠷᠣᠨ ᠡᠴᠡ ᠤᠯᠤᠰ ᠪᠠ ᠣᠷᠣᠨ ᠨᠤᠲᠤᠭ ᠤ᠋ᠨ ᠪᠡᠯᠡ ᠮᠥᠩᠭᠥ᠎ᠶ᠋ᠢ ᠨᠢᠭᠡᠳᠦᠯᠲᠡᠶ ᠲᠦᠯᠦᠪᠵᠢᠭᠦᠯᠵᠦ ᠂ 300 ᠮᠦ᠍᠎ᠡᠴᠡ ᠳᠡᠭᠡᠭ᠌ᠰᠢ ᠲᠦᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠲᠠᠷᠢᠭ᠍ᠰᠠᠨ ᠮᠥᠷᠲᠡᠭᠡᠨ ᠲᠡᠵᠢᠭᠡᠨ ᠦᠷᠡᠵᠢᠭᠦᠯᠬᠦ᠌ ᠲᠠᠯᠠᠪᠠᠶ (ᠡᠷᠦᠬᠡ) ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠤᠷᠤᠯᠠᠭᠤᠯᠭ᠎ᠠ ᠶ᠋ᠢᠨ ᠭᠡᠷ᠎ᠡ ᠲᠣᠭ᠍ᠲᠠᠭ᠍ᠰᠠᠨ ᠴᠠᠷᠭᠠᠰᠤ ᠲᠠᠷᠢᠭᠰᠠᠨ ᠭᠣᠣᠯ ᠴᠣᠭ᠍ᠴᠠ ᠳ᠋ᠤ ᠮᠦ᠍ ᠪᠦᠷᠢ ᠳ᠋ᠤ 1000 ᠲᠥᠭᠥᠷᠢᠭ ᠤ᠋ᠨ ᠨᠥᠬᠥᠪᠥᠷᠢ ᠤᠯᠭᠤᠵᠤ ᠂ ᠪᠡᠯᠡ ᠮᠥᠩᠭᠥ ᠶ᠋ᠢᠨ ᠳᠠᠷᠤᠯᠲᠠ ᠶ᠋ᠢ ᠨᠢ ᠪᠦᠳᠦᠮᠵᠢᠳᠠᠢ ᠨᠠᠮᠳᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号