ᠠᠷᠪᠠᠨ ᠳᠥᠷᠪᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠳᠠᠭᠤᠷᠢᠯᠢᠭ᠋ ᠤ᠋ᠨ ᠮᠠᠨᠳᠠᠷᠠᠸ᠎ᠠ ᠱᠠᠩᠨᠠᠯ ᠤ᠋ᠨ ᠪᠦᠲᠦᠭᠡᠯ ᠣᠢᠷ᠎ᠠ ᠳ᠋ᠤ ᠨᠡᠢᠲᠡᠯᠡᠭᠳᠡᠵᠦ᠂ ᠦᠦᠰᠢᠨ ᠬᠣᠰᠢᠭᠤᠨ ᠤ᠋ ᠤᠯᠠᠭᠠᠨᠮᠥ᠋ᠴᠢᠷ ᠤ᠋ᠨ ᠵᠤᠬᠢᠶᠠᠨ ᠪᠦᠲᠦᠭᠡᠭᠰᠡᠨ ᠪᠣᠳᠠᠲᠤ ᠠᠬᠤᠢ ᠵᠢᠨ ᠰᠡᠳᠦᠪᠲᠦ ᠲᠠᠭᠤᠷᠢᠯᠢᠭ ᠤ᠋ᠨ ᠪᠦᠲᠦᠭᠡᠯ《ᠨᠤᠮᠢᠨ ᠤᠶᠠᠩᠭ᠎ᠠ》 ᠮᠠᠨᠳᠠᠷᠠᠤ᠎ᠠ ᠱᠠᠩᠨᠠᠯ ᠬᠦᠷᠳᠡᠪᠡ᠃
ᠤᠢᠯᠠᠭᠠᠭᠰᠠᠨ ᠶ᠋ᠢᠡᠷ᠂ ᠲᠤᠰ ᠪᠦᠲᠦᠭᠡᠯ ᠨᠢ ᠮᠣᠩᠭᠣᠯ ᠦᠨᠳᠦᠰᠦᠲᠡᠨ ᠤ᠋ ᠮᠠᠭᠲᠠᠭᠠᠯ ᠪᠣᠯᠣᠨ ᠤᠯᠠᠨ ᠬᠦᠮᠦᠨ ᠤ᠋ ᠬᠤᠯᠪᠤᠭ᠎ᠠ ᠪᠡᠷ ᠲᠣᠭᠯᠠᠯᠲᠠ ᠵᠢᠨ ᠬᠡᠯᠪᠡᠷᠢ ᠪᠡᠨ ᠪᠣᠯᠭᠠᠵᠤ᠂ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠵᠢᠨ ᠭᠣᠣᠯ ᠰᠡᠳᠦᠪ ᠲᠠᠢ ᠨᠢᠭ᠍ᠲᠠ ᠤᠶᠠᠯᠳᠤᠭᠤᠯᠤᠨ᠂ ᠦᠦᠰᠢᠨ ᠨᠤᠲᠤᠭ ᠤ᠋ᠨ ᠮᠤᠤᠠᠤᠰᠤ ᠵᠢᠨ ᠡᠯᠡᠰᠦᠷᠬᠡᠭ ᠭᠠᠵᠠᠷ ᠤ᠋ᠨ ᠡᠯᠡᠰᠦ ᠵᠢ ᠵᠠᠰᠠᠭᠰᠠᠨ ᠥᠩᠭᠡᠷᠡᠯᠲᠡ ᠳ᠋ᠤ ᠰᠠᠭᠤᠷᠢᠯᠠᠵᠤ᠂ ᠬᠡᠳᠦᠨ ᠦᠶ᠎ᠡ ᠵᠢᠨ ᠡᠯᠡᠰᠦ ᠵᠢ ᠵᠠᠰᠠᠭ᠍ᠴᠢᠳ ᠤ᠋ᠨ ᠡᠷᠡᠯᠬᠡᠭᠯᠡᠨ ᠲᠡᠮᠡᠴᠡᠵᠦ᠂ ᠡᠯᠡᠰᠦᠷᠬᠡᠭ ᠭᠠᠵᠠᠷ ᠢ᠋ ᠥᠭᠡᠷᠡᠴᠢᠯᠡᠨ᠂ ᠳᠡᠯᠡᠬᠡᠢ ᠵᠢᠨ ᠳᠡᠰ ᠤ᠋ᠨ ᠠᠮᠢ ᠠᠬᠤᠢ ᠵᠢᠨ ᠵᠠᠰᠠᠯᠲᠠ ᠵᠢᠨ ᠦᠯᠢᠭᠡᠷ ᠳᠠᠭᠤᠷᠢᠶᠠᠯ ᠢ᠋ ᠡᠭᠦᠳᠦᠭᠰᠡᠨ ᠰᠡᠳᠬᠢᠯ ᠬᠥᠳᠡᠯᠭᠡᠮ᠎ᠡ ᠦᠯᠢᠭᠡᠷ ᠢ᠋ ᠠᠮᠢᠳᠤᠯᠢᠭ᠋ ᠶ᠋ᠢᠡᠷ ᠲᠤᠭᠯᠠᠵᠠᠢ᠃ ᠲᠣᠰ ᠪᠦᠲᠦᠭᠡᠯ ᠨᠢ ᠲᠤᠬᠠᠢ ᠵᠢᠨ ᠭᠠᠵᠠᠷ ᠤ᠋ᠨ ᠴᠡᠪᠡᠷ ᠡᠨᠧᠷᠭᠢ ᠵᠡᠷᠭᠡ ᠪᠣᠬᠢᠷᠲᠤᠯ ᠦᠭᠡᠢ ᠠᠵᠤ ᠦᠢᠯᠡᠰ ᠤ᠋ᠨ ᠬᠥᠭᠵᠢᠯᠲᠡ ᠵᠢᠨ ᠪᠣᠳᠠᠲᠤ ᠦᠵᠡᠮᠵᠢ ᠲᠠᠢ ᠤᠶᠠᠯᠳᠤᠭᠤᠯᠤᠨ᠂ ᠣᠷᠳᠣᠰ ᠤ᠋ᠨ ᠶᠠᠷᠢᠵᠤ ᠳᠠᠭᠤᠯᠠᠬᠤ ᠬᠥᠭ ᠠᠶᠠᠰ ᠶ᠋ᠢᠡᠷ ᠬᠥᠳᠡᠭᠡ ᠲᠣᠰᠬᠣᠨ ᠤ᠋ ᠣᠷᠣᠰᠢᠨ ᠰᠠᠭᠤᠬᠤ ᠳ᠋ᠤ ᠲᠣᠬᠢᠷᠠᠮᠵᠢᠲᠠᠢ᠂ ᠮᠠᠯᠴᠢᠨ ᠲᠠᠷᠢᠶᠠᠴᠢᠨ ᠤ᠋ ᠠᠮᠤᠷ ᠲᠠᠢᠪᠤᠩ ᠠᠵᠤ ᠲᠦᠷᠦᠵᠦ ᠪᠠᠢᠭ᠎ᠠ ᠰᠢᠨ᠎ᠡ ᠳᠦᠷᠬᠦ ᠵᠢ ᠠᠮᠢᠳᠤᠯᠢᠭ᠋ ᠶ᠋ᠢᠡᠷ ᠳᠡᠯᠭᠡᠨ ᠦᠵᠡᠭᠦᠯᠦᠭᠰᠡᠨ ᠪᠠᠢᠨ᠎ᠠ᠃
ᠳᠤᠮᠳᠠᠳᠤ ᠤᠯᠤᠰ ᠤ᠋ᠨ ᠳᠠᠭᠤᠷᠢᠯᠢᠭ᠋ ᠤ᠋ᠨ ᠮᠠᠨᠳᠠᠷᠠᠸ᠎ᠠ ᠱᠠᠩᠨᠠᠯ ᠪᠣᠯ ᠨᠠᠮ ᠤ᠋ᠨ ᠲᠥᠪ ᠬᠣᠷᠢᠶᠠᠨ ᠤ᠋ ᠵᠥᠪᠰᠢᠶᠡᠷᠡᠯ ᠶ᠋ᠢᠡᠷ ᠳᠤᠮᠳᠠᠳᠤ ᠤᠯᠤᠰ ᠤ᠋ᠨ ᠤᠳᠬ᠎ᠠ ᠤᠷᠠᠯᠢᠭ᠋ ᠤ᠋ᠨ ᠬᠢᠨ ᠤ᠋ ᠬᠣᠯᠪᠣᠭ᠎ᠠ᠂ ᠳᠤᠮᠳᠠᠳᠤ ᠤᠯᠤᠰ ᠤ᠋ᠨ ᠲᠠᠭᠤᠷᠢᠯᠢᠭ ᠤ᠋ᠨ ᠨᠡᠢᠭᠡᠮᠯᠢᠭᠡᠴᠡ ᠬᠠᠮᠲᠤᠷᠠᠨ ᠡᠷᠭᠢᠯᠡᠭᠰᠡᠨ ᠪᠥᠬᠥ ᠤᠯᠤᠰ ᠤ᠋ᠨ ᠴᠢᠨᠠᠷᠲᠠᠢ ᠲᠠᠭᠤᠷᠢᠯᠢᠭ ᠤ᠋ᠨ ᠲᠤᠰᠬᠠᠢ ᠮᠡᠷᠭᠡᠵᠢᠯ ᠤ᠋ᠨ ᠱᠠᠩᠨᠠᠯ ᠪᠤᠯᠬᠤ ᠶᠤᠮ᠃ ᠪᠦᠳᠦᠭᠡᠯ 《 ᠨᠤᠮᠢᠨ ᠤᠶᠠᠩᠭ᠎ᠠ 》 ᠵᠢᠨ ᠰᠤᠩᠭᠤᠭᠳᠠᠭᠰᠠᠨ ᠨᠢ ᠦᠦᠰᠢᠨ ᠬᠣᠰᠢᠭᠤᠨ ᠤ᠋ ᠤᠯᠠᠭᠠᠨᠮᠥ᠋ᠴᠢᠷ ᠤ᠋ᠨ ᠦᠨᠳᠦᠰᠦᠨ ᠱᠠᠲᠤᠨ ᠳ᠋ᠤ ᠭᠦᠨᠵᠡᠭᠡᠢᠷᠡᠵᠦ ᠂ ᠳᠠᠭᠤᠷᠢᠯᠢᠭ᠋ ᠤ᠋ᠨ ᠡᠬᠢ ᠪᠠᠶᠠᠯᠢᠭ ᠢ᠋ ᠠᠭᠤᠳᠠᠯᠤᠨ᠂ ᠲᠣᠰ ᠭᠠᠵᠠᠷ ᠣᠷᠣᠨ ᠤ᠋ ᠪᠠᠨ ᠪᠣᠳᠠᠲᠤ ᠪᠠᠢᠳᠠᠯ ᠳ᠋ᠤ ᠰᠠᠭᠤᠷᠢᠯᠠᠨ᠂ ᠰᠢᠨ᠎ᠡ ᠵᠢ ᠡᠭᠦᠳᠦᠨ ᠵᠣᠬᠢᠶᠠᠨ ᠪᠦᠲᠦᠭᠡᠭᠦ ᠣᠢᠯᠠᠭᠠᠭᠳᠠᠬᠤᠨ ᠢ᠋ ᠭᠦᠢᠴᠡᠳ ᠨᠤᠲᠠᠯᠠᠭᠰᠠᠨ ᠪᠦᠭᠡᠳ ᠨᠠᠢᠷᠠᠭᠤᠯᠤᠨ ᠪᠦᠳᠦᠭᠡᠬᠦ ᠂ ᠳᠠᠢᠰᠠᠨ ᠤ᠋ ᠲᠤᠭᠯᠠᠯᠲᠠ᠂ ᠤᠷᠠᠯᠢᠭ ᠤ᠋ᠨ ᠢᠯᠡᠷᠡᠬᠦᠯᠬᠦ ᠳᠦᠪᠰᠢᠨ ᠢ᠋ ᠮᠡᠳᠡᠷᠡᠭᠰᠡᠨ ᠶᠠᠪᠤᠳᠠᠯ ᠪᠤᠯᠤᠨ᠎ᠠ ᠃