ᠶᠢᠰᠦᠨ ᠰᠠᠷ᠎ᠠ᠎ᠶ᠋ᠢᠨ ᠠᠷᠪᠠᠨ ᠨᠠᠢ᠍ᠮᠠᠨ᠎ᠤ ᠬᠡᠷᠡᠭ ᠬᠤᠪᠢᠰᠤᠯ᠎ᠤᠨ ᠳᠠᠷᠠᠭ᠎ᠠ᠂ ᠥᠪᠥᠷ ᠮᠣᠩᠭᠣᠯ᠎ᠤᠨ ᠵᠡᠭᠦᠨ ᠪᠡᠶ᠎ᠡ ᠵᠢᠨ ᠭᠠᠵᠠᠷ ᠣᠷᠣᠨ ᠪᠣᠯᠤᠨ ᠵᠡᠭᠦᠨ ᠬᠣᠢᠲᠤ᠎ᠶ᠋ᠢᠨ ᠭᠤᠷᠪᠠᠨ ᠮᠤᠵᠢ ᠶᠠᠫᠣᠨ ᠡᠵᠡᠷᠬᠡᠭ ᠲᠦᠷᠢᠮᠡᠭᠡᠢ᠌ᠳᠡᠨᠦ ᠺᠣᠯᠣᠨᠢ ᠵᠢᠨ ᠣᠷᠣᠨ ᠪᠣᠯᠵᠠᠶ᠃ ᠳᠡᠮᠡᠶ ᠤᠳᠠᠭ᠍ᠰᠠᠨ ᠦᠭᠡᠢ᠂ ᠬᠣᠪᠳᠣᠭ ᠱᠢᠨᠤᠬᠠᠶ ᠶᠠᠫᠣᠨ ᠲᠦᠷᠢᠮᠡᠬᠡᠢᠯᠡᠭ᠌ᠴᠢᠳ ᠤᠮᠠᠷᠠᠲᠤ ᠣᠷᠣᠨ ᠪᠣᠯᠤᠨ ᠥᠪᠥᠷ ᠮᠣᠩᠭᠣᠯ᠎ᠤᠨ ᠪᠠᠷᠠᠭᠤᠨ ᠪᠡᠶ᠎ᠡ ᠵᠢᠨ ᠭᠠᠵᠠᠷ ᠣᠷᠣᠨ ᠵᠦᠭ ᠲᠦᠷᠢᠮᠡᠬᠡᠢᠯᠡᠯ᠎ᠢᠶᠡᠨ ᠱᠠᠯᠠᠪᠳᠠᠨ ᠥᠷᠭᠡᠳᠭᠡᠪᠡ᠃ ᠡᠨᠡ ᠬᠦ᠌ ᠵᠠᠩᠭᠢᠯᠠᠭ᠎ᠠ᠎ᠶ᠋ᠢᠨ ᠦᠶ᠎ᠡ᠎ᠳᠦ᠂ ᠱᠢᠯᠢ᠎ᠶ᠋ᠢᠨ ᠭᠣᠣᠯ᠎ᠤᠨ ᠴᠢᠭᠤᠯᠭᠠᠨ᠎ᠤ ᠰᠥᠨᠢᠳ ᠪᠠᠷᠠᠭᠤᠨ ᠬᠣᠱᠢᠭᠤᠨ᠎ᠤ ᠵᠠᠰᠠᠭ ᠴᠢᠨ ᠸᠠᠩ ᠲᠠᠮᠴᠤᠭ᠍ᠳᠤᠩᠷᠤᠪ (ᠳ᠋ᠧ ᠸᠠᠩ) ᠬᠠᠷᠢᠨ ᠶᠠᠫᠣᠨ ᠲᠦᠷᠢᠮᠡᠬᠡᠢᠯᠡᠭ᠌ᠴᠢᠳ᠎ᠲᠡᠶ ᠢᠯᠡ᠎ᠪᠡᠷ ᠰᠦᠯᠪᠡᠭᠡᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠱᠢᠭ ᠲᠤᠰᠠ᠎ᠶ᠋ᠢ ᠬᠤᠳᠠᠯᠳᠤᠵᠠᠢ᠃ ᠤᠯᠠᠭᠠᠨᠬᠦᠦ᠍ᠪᠡᠷ ᠱᠦᠵᠢ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠷᠠᠭᠤᠨ ᠮᠣᠩᠭᠣᠯ᠎ᠤᠨ ᠠᠵᠢᠯ᠎ᠤᠨ ᠬᠣᠷᠢᠶ᠎ᠠ ᠲᠡᠭᠦᠨ᠎ᠦ ᠬᠠᠨᠳᠤᠰᠢ᠎ᠶ᠋ᠢ ᠨᠢᠭ᠍ᠲᠠ ᠠᠩᠬᠠᠷᠴᠤ᠌᠂ ᠭᠠᠷᠴᠤ᠌ ᠮᠡᠳᠡᠬᠦ᠌ ᠪᠠᠭᠤᠵᠤ ᠥᠭ᠌ᠬᠦ ᠠᠵᠢᠯᠯᠠᠭ᠎ᠠ᠎ᠳᠤ ᠴᠣᠬᠢᠯᠲᠠ ᠥᠭ᠌ᠬᠦ᠎ᠪᠡᠷ ᠴᠠᠭ ᠢᠮᠠᠭ᠍ᠲᠠ ᠪᠡᠯᠡᠬᠡᠨ ᠪᠠᠢᠪᠠ᠃
1931 ᠣᠨ᠎ᠤ ᠤᠷᠢᠳ ᠬᠣᠵᠢᠳ᠂ ᠤᠯᠠᠭᠠᠨᠬᠦᠦ ᠪᠠᠲᠤᠬᠠᠭᠠᠯᠭ᠎ᠠ᠎ᠡᠴᠡ ᠤᠯᠠᠭᠠᠨᠪᠠᠭᠠᠲᠤᠷ ᠬᠥᠷᠬᠥ᠌ ᠨᠢᠭᠤᠴᠠ ᠵᠠᠮ᠎ᠢ ᠨᠡᠭᠡᠭᠡᠵᠦ᠍᠂ ᠪᠠᠲᠤᠬᠠᠭᠠᠯᠭ᠎ᠠ ᠣᠷᠴᠢᠮ᠎ᠤᠨ ᠤᠯᠤᠰ ᠲᠥᠷᠥ᠍ ᠠᠷᠠᠳ᠎ᠤᠨ ᠪᠠᠢᠳᠠᠯ᠎ᠢ ᠨᠠᠷᠢᠨ ᠣᠢᠯᠠᠭᠠᠭ᠍ᠰᠠᠨ ᠪᠠᠢᠨ᠎ᠠ᠃ 1934 ᠣᠨ᠎ᠤ 4 ᠰᠠᠷ᠎ᠠ᠎ᠳᠤ᠂ ᠨᠠᠨᠵᠢᠩ᠎ᠤᠨ ᠢᠷᠭᠡᠨ᠎ᠦ ᠵᠠᠰᠠᠭ᠎ᠤᠨ ᠭᠠᠵᠠᠷ ᠪᠠᠲᠤᠬᠠᠭᠠᠯᠭ᠎ᠠ᠎ᠳᠤ ᠮᠣᠩᠭᠣᠯ ᠤ᠋ᠨ ᠤᠷᠤᠨ ᠨᠤᠳᠤᠭ ᠤ᠋ᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ᠎ᠢ ᠪᠠᠢᠭᠤᠯᠬᠤ᠎ᠶ᠋ᠢ ᠵᠥᠪᠱᠢᠶᠡᠷᠡᠪᠡ᠃ ᠲᠤᠬᠠᠶ᠎ᠶ᠋ᠢᠨ ᠦᠶ᠎ᠡ᠎ᠳᠦ ᠮᠣᠩᠭᠣᠯ ᠤ᠋ᠨ ᠤᠷᠤᠨ ᠨᠤᠳᠤᠭ ᠤ᠋ᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ᠎ᠤᠨ ᠨᠠᠷᠢᠨ ᠪᠢᠴᠢᠭ᠎ᠦᠨ ᠳᠠᠷᠤᠭ᠎ᠠ ᠪᠤᠯᠤᠭᠰᠠᠨ ᠲᠠᠮᠴᠤᠭ᠍ᠳᠤᠩᠷᠤᠪ ᠮᠣᠩᠭᠣᠯ ᠤ᠋ᠨ ᠤᠷᠤᠨ ᠨᠤᠳᠤᠭ ᠤ᠋ᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ᠎ᠤᠨ ᠪᠣᠳᠠᠲᠤ ᠡᠷᠬᠡ᠎ᠶ᠋ᠢ ᠡᠵᠡᠮᠱᠢᠭ᠌ᠰᠡᠨᠦ ᠳᠠᠷᠠᠭ᠎ᠠ᠂ ᠲᠡᠭᠦᠨ᠎ᠦ ᠪᠠᠢᠭᠤᠯᠤᠭ᠍ᠰᠠᠨ ᠦ᠋ ᠫᠠᠩ᠎ᠤᠨ ᠰᠠᠬᠢᠨ ᠬᠠᠮᠠᠭᠠᠯᠠᠬᠤ ᠴᠡᠷᠢᠭ ᠠᠩᠭᠢ᠎ᠪᠠᠷ ᠰᠠᠭᠤᠷᠢ ᠪᠣᠯᠭᠠᠵᠤ᠂ ᠮᠢᠩᠭ᠎ᠠ ᠭᠠᠷᠤᠶ ᠬᠥᠮᠦᠨ᠎ᠲᠡᠶ ᠮᠣᠩᠭᠣᠯ ᠤ᠋ᠨ ᠤᠷᠤᠨ ᠨᠤᠳᠤᠭ ᠤ᠋ᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ᠎ᠤᠨ ᠠᠮᠤᠷ᠎ᠢ ᠬᠠᠮᠠᠭᠠᠯᠠᠬᠤ ᠠᠩᠭᠢ᠎ᠶ᠋ᠢ ᠥᠷᠭᠡᠳᠭᠡᠨ ᠪᠠᠢᠭᠤᠯᠵᠠᠶ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠷᠠᠭᠤᠨ ᠮᠣᠩᠭᠣᠯ᠎ᠤᠨ ᠠᠵᠢᠯ᠎ᠤᠨ ᠬᠣᠷᠢᠶ᠎ᠠ ᠮᠣᠩᠭᠣᠯ ᠤ᠋ᠨ ᠤᠷᠤᠨ ᠨᠤᠳᠤᠭ ᠤ᠋ᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ᠎ᠤᠨ ᠠᠮᠤᠷ᠎ᠢ ᠬᠠᠮᠠᠭᠠᠯᠠᠬᠤ ᠠᠩᠭᠢ᠎ᠶ᠋ᠢᠨ ᠴᠡᠷᠢᠭ ᠡᠯᠰᠡᠬᠦ᠌ ᠲᠣᠬᠢᠶᠠᠯ᠎ᠢ ᠠᠱᠢᠭ᠍ᠯᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠶᠦᠨ ᠴᠢᠩ᠂ ᠵᠣᠣ ᠴᠧᠩ᠂ ᠵᠣᠣ ᠵᠢᠶᠦ᠋ᠨ ᠴᠧᠨᠨᠡᠷᠢ ᠲᠣᠮᠢᠯᠠᠨ ᠮᠣᠩᠭᠣᠯ ᠤ᠋ᠨ ᠤᠷᠤᠨ ᠨᠤᠳᠤᠭ ᠤ᠋ᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ᠎ᠤᠨ ᠠᠮᠤᠷ᠎ᠢ ᠬᠠᠮᠠᠭᠠᠯᠠᠬᠤ ᠠᠩᠭᠢ᠎ᠳᠤ ᠨᠢᠭᠤᠴᠠ᠎ᠪᠠᠷ ᠣᠷᠣᠯᠴᠠᠭᠤᠯᠵᠠᠶ᠃ ᠳᠠᠷᠠᠭ᠎ᠠ᠎ᠨᠢ᠂ ᠤᠯᠠᠭᠠᠨᠬᠦᠦ᠍ᠶ᠋ᠢᠨ ᠨᠥᠯᠥᠭᠡ ᠪᠠ ᠳᠠᠢᠴᠢᠯᠠᠯᠲᠠ ᠳᠣᠣᠷ᠎ᠠ᠂ ᠵᠠᠯᠠᠭᠤ᠎ᠳᠠᠭᠠᠨ ᠨᠡᠢᠭᠡᠮ ᠵᠢᠷᠤᠮᠲᠤ ᠵᠠᠯᠠᠭᠤᠴᠤᠳ᠎ᠤᠨ ᠡᠪᠯᠡᠯ᠎ᠳᠦ ᠣᠷᠣᠵᠤ᠂ ᠬᠤᠸᠠᠩᠫᠦ᠋ ᠴᠡᠷᠢᠭ᠎ᠦᠨ ᠰᠤᠷᠭᠠᠭᠤᠯᠢ᠎ᠶ᠋ᠢᠨ ᠳᠥᠷᠪᠡᠳᠦᠭᠡᠷ ᠬᠤᠭᠤᠴᠠᠭ᠎ᠠ᠎ᠡᠴᠡ ᠲᠡᠭᠦᠰᠦᠭ᠌ᠰᠡᠨ ᠶᠦᠨ ᠵᠶ᠋ᠢ ᠱᠢᠶᠠᠨ ᠮᠣᠩᠭᠣᠯ ᠤ᠋ᠨ ᠤᠷᠤᠨ ᠨᠤᠳᠤᠭ ᠤ᠋ᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ᠎ᠤᠨ ᠠᠮᠤᠷ᠎ᠢ ᠬᠠᠮᠠᠭᠠᠯᠠᠬᠤ ᠭᠠᠵᠠᠷ᠎ᠤᠨ ᠬᠣᠶᠠᠳᠤᠭᠠᠷ ᠰᠠᠯᠠᠭᠠᠨ᠎ᠤ ᠰᠠᠯᠠᠭᠠᠨ ᠳᠠᠷᠤᠭ᠎ᠠ ᠪᠥᠭᠡᠳ ᠰᠤᠷᠭᠠᠭ᠍ᠴᠢ᠎ᠶ᠋ᠢᠨ ᠲᠤᠱᠢᠶᠠᠯ᠎ᠢ ᠡᠭᠦᠷᠭᠡᠯᠡᠪᠡ; ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠵᠦ᠍ ᠱ᠌ᠢ ᠹᠦ᠋ ᠮᠣᠩᠭᠣᠯ ᠤ᠋ᠨ ᠤᠷᠤᠨ ᠨᠤᠳᠤᠭ ᠤ᠋ᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ᠎ᠤᠨ ᠠᠮᠤᠷ᠎ᠢ ᠬᠠᠮᠠᠭᠠᠯᠠᠬᠤ ᠭᠠᠵᠠᠷ᠎ᠤᠨ ᠭᠤᠷᠪᠠᠳᠤᠭᠠᠷ ᠰᠠᠯᠠᠭᠠᠨ᠎ᠤ ᠰᠠᠯᠠᠭᠠᠨ ᠳᠠᠷᠤᠭ᠎ᠠ ᠪᠥᠭᠡᠳ ᠰᠤᠷᠭᠠᠭ᠍ᠴᠢ᠎ᠶ᠋ᠢᠨ ᠲᠤᠱᠢᠶᠠᠯ᠎ᠢ ᠡᠭᠦᠷᠭᠡᠯᠡᠪᠡ᠃ ᠬᠤᠸᠠᠩᠫᠦ᠋ᠴᠡᠷᠢᠭᠤᠨ ᠰᠤᠷᠭᠠᠭᠤᠯᠢ ᠵᠢᠨ ᠳᠥᠷᠪᠡᠳᠦᠭᠡᠷ ᠬᠤᠭᠤᠴᠠᠭ᠎ᠠ᠎ᠡᠴᠡ ᠲᠡᠭᠦᠰᠦᠭ᠌ᠰᠡᠨ ᠷᠦᠩ ᠴᠥᠩ ᠷᠧᠨ᠂ ᠶᠢᠰᠦᠳᠦᠭᠡᠷ ᠬᠤᠭᠤᠴᠠᠭ᠎ᠠ᠎ᠡᠴᠡ ᠲᠡᠭᠦᠰᠦᠭ᠌ᠰᠡᠨ ᠶᠦᠨ ᠸᠧᠶ ᠪᠣᠯᠤᠨ ᠷᠧᠨ ᠪᠢᠩ ᠵᠢᠶᠦ᠋ᠨ ᠵᠡᠷᠭᠡ ᠲᠦᠮᠡᠳ᠎ᠦᠨ ᠳᠠᠪᠱᠢᠩᠭᠤᠶ ᠵᠠᠯᠠᠭᠤᠴᠤᠳ ᠠᠮᠤᠷ᠎ᠢ ᠬᠠᠮᠠᠭᠠᠯᠠᠬᠤ ᠠᠩᠭᠢ᠎ᠳᠤ ᠣᠷᠣᠵᠤ ᠲᠤᠱᠢᠶᠠᠯ ᠡᠭᠦᠷᠭᠡᠯᠡᠪᠡ᠃ ᠪᠡᠭᠡᠵᠢᠩ᠎ᠦᠨ ᠮᠣᠩᠭᠣᠯ ᠲᠥᠪᠡᠳ᠎ᠦᠨ ᠰᠤᠷᠭᠠᠭᠤᠯᠢ᠎ᠡᠴᠡ ᠲᠡᠭᠦᠰᠦᠭ᠌ᠰᠡᠨ ᠬᠡᠳᠦᠨ ᠠᠷᠪᠠᠨ ᠰᠤᠷᠤᠭ᠍ᠴᠢ᠂ ᠲᠠᠷᠬᠠᠭᠠᠭ᠍ᠰᠠᠨ 《ᠬᠠᠭᠤᠴᠢᠨ ᠨᠢᠭᠡᠳᠦᠭᠡᠷ ᠬᠣᠷᠢᠶ᠎ᠠ》 ᠶ᠋ᠢᠨ ᠳᠠᠷᠤᠭ᠎ᠠ ᠪᠠᠢᠯᠳᠤᠭ᠍ᠴᠢ ᠪᠣᠯᠤᠨ ᠲᠦᠮᠡᠳ᠎ᠦᠨ ᠥᠨᠳᠥᠷ ᠵᠡᠷᠭᠡ᠎ᠶ᠋ᠢᠨ ᠪᠠᠭ᠎ᠠ ᠰᠤᠷᠭᠠᠭᠤᠯᠢ᠎ᠶ᠋ᠢᠨ 30 ᠭᠠᠷᠤᠶ ᠰᠤᠷᠤᠭ᠍ᠴᠢ ᠪᠠᠰᠠ ᠠᠮᠤᠷ᠎ᠢ ᠬᠠᠮᠠᠭᠠᠯᠠᠬᠤ ᠠᠩᠭᠢ᠎ᠳᠤ ᠣᠷᠣᠵᠠᠶ᠃ ᠶᠦᠨ ᠵᠶ᠋ᠢ ᠱᠢᠶᠠᠨ᠂ ᠵᠦ᠍ ᠱ᠌ᠢ ᠹᠦ᠋ ᠤᠯᠠᠭᠠᠨᠬᠦᠦ᠍ᠲᠡᠶ ᠢᠮᠠᠭ᠍ᠲᠠ ᠨᠢᠭ᠍ᠲᠠ ᠬᠠᠷᠢᠯᠴᠠᠭ᠎ᠠ ᠪᠠᠨ ᠪᠠᠳᠤᠯᠠᠵᠤ ᠪᠠᠢᠵᠠᠢ᠃
ᠤᠯᠠᠭᠠᠨᠬᠦᠦ ᠪᠠᠰᠠ ᠤᠷᠢᠳ ᠬᠣᠵᠢᠳ ᠬᠣᠶᠠᠷ ᠤᠳᠠᠭ᠎ᠠ ᠪᠠᠲᠤᠬᠠᠭᠠᠯᠭ᠎ᠠ᠎ᠳᠤ ᠬᠦᠷᠴᠦ᠍ ᠪᠠᠢᠳᠠᠯ᠎ᠢ ᠣᠢᠯᠠᠭᠠᠭ᠍ᠰᠠᠨ ᠪᠥᠭᠡᠳ ᠲᠠᠮᠴᠤᠭ᠍ᠳᠤᠩᠷᠤᠪ ᠪᠣᠯᠤᠨ ᠠᠮᠤᠷ᠎ᠢ ᠬᠠᠮᠠᠭᠠᠯᠠᠬᠤ ᠠᠩᠭᠢ᠎ᠶ᠋ᠢᠨ ᠳᠠᠷᠤᠭ᠎ᠠ ᠪᠠᠢᠯᠳᠤᠭ᠍ᠴᠢᠳᠲᠤ᠌ ᠠᠵᠢᠯ ᠬᠢᠵᠦ᠍᠂ ᠲᠠᠬᠢᠨ ᠳᠠᠪᠲᠠᠨ ᠰᠤᠳᠤᠯᠬᠤ᠎ᠪᠠᠷ ᠲᠠᠮᠵᠢᠨ᠂ ᠠᠮᠤᠷ᠎ᠢ ᠬᠠᠮᠠᠭᠠᠯᠠᠬᠤ ᠠᠩᠭᠢ᠎ᠶ᠋ᠢ ᠲᠡᠮᠡᠴᠡᠨ ᠤᠯᠬᠤ ᠪᠠ ᠡᠵᠡᠮᠱᠢᠬᠦ᠌ ᠠᠵᠢᠯ᠎ᠤᠨ ᠴᠢᠭ᠌ᠯᠡᠯᠲᠡ᠎ᠶ᠋ᠢ ᠲᠣᠳᠣᠷᠬᠠᠢᠯᠠᠪᠠ᠃ 1935 ᠣᠨ᠎ᠤ 10 ᠰᠠᠷ᠎ᠠ᠎ᠳᠤ᠂ ᠲᠥᠪ᠎ᠦᠨ ᠤᠯᠠᠭᠠᠨ ᠴᠡᠷᠢᠭ ᠤᠷᠳᠤ ᠵᠠᠮ᠎ᠤᠨ ᠠᠶᠠᠨ ᠲᠠᠢ᠌ᠨ᠎ᠳᠦ ᠢᠯᠠᠯᠲᠠ ᠣᠯᠵᠤ ᠱᠠᠨᠰᠢ᠎ᠶ᠋ᠢᠨ ᠬᠣᠢᠲᠤ ᠬᠡᠰᠡᠭ᠎ᠲᠦ ᠬᠦᠷᠦᠭ᠌ᠰᠡᠨ᠎ᠦ ᠲᠠᠷᠠᠭ᠎ᠠ᠂ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠤᠨ ᠠᠵᠢᠯ᠎ᠢ ᠴᠢᠬᠤᠯᠠ ᠵᠥᠪᠯᠡᠬᠦ᠌ ᠵᠦᠢᠯ᠎ᠳᠡᠭᠡᠨ ᠣᠷᠣᠭᠤᠯᠪᠠ᠃ ᠡᠢᠮᠦᠷᠬᠦᠦ ᠠᠬᠤᠢ ᠪᠠᠢᠳᠠᠯ ᠳᠣᠣᠷ᠎ᠠ᠂ ᠤᠯᠠᠭᠠᠨᠬᠦᠦ ᠯᠢ ᠰᠸᠨ ᠢ᠋ ᠲᠣᠮᠢᠯᠠᠨ ᠪᠠᠲᠤᠬᠠᠭᠠᠯᠭ᠎ᠠ᠎ᠳᠤ ᠲᠠᠬᠢᠨ ᠣᠴᠢᠭᠤᠯᠵᠤ᠂ ᠠᠮᠤᠷ᠎ᠢ ᠬᠠᠮᠠᠭᠠᠯᠠᠬᠤ ᠠᠨᠭᠭᠢ᠎ᠶ᠋ᠢᠨ ᠳᠠᠪᠱᠢᠩᠭᠤᠢ ᠳᠠᠷᠤᠭ᠎ᠠ ᠪᠠᠢᠯᠳᠤᠭ᠍ᠴᠢᠳ᠎ᠲᠤ ᠡᠨᠡ ᠬᠦ᠌ ᠪᠠᠶᠠᠷ᠎ᠤᠨ ᠴᠢᠮᠡᠭᠡ᠎ᠶ᠋ᠢ ᠳᠠᠮᠵᠢᠭᠤᠯᠵᠤ᠂ ᠨᠠᠮ᠎ᠤᠨ ᠭᠡᠱᠢᠭᠦᠨ ᠪᠠ ᠳᠠᠪᠱᠢᠩᠭᠤᠢ ᠳᠠᠷᠤᠭ᠎ᠠ ᠪᠠᠢᠯᠳᠤᠭ᠍ᠴᠢᠳ᠎ᠤᠨ ᠳᠤᠮᠳᠠ ᠢᠳᠡᠪᠬᠢᠲᠡᠢ ᠨᠥᠯᠥᠭᠡ ᠭᠠᠷᠭᠠᠭ᠍ᠰᠠᠨ ᠪᠠᠢᠨ᠎ᠠ᠃ ᠶᠦᠨ ᠴᠢᠩ᠂ ᠵᠣᠣ ᠴᠧᠩ᠂ ᠵᠣᠣ ᠵᠢᠶᠦ᠋ᠨ ᠴᠧᠨ ᠵᠡᠷᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠵᠢᠴᠢ ᠶᠦᠨ ᠸᠧᠶ᠂ ᠵᠢᠶ ᠱᠸᠦ ᠱᠠᠨ ᠵᠡᠷᠭᠡ ᠳᠠᠪᠱᠢᠩᠭᠤᠶ ᠴᠡᠷᠢᠭ᠎ᠦᠨ ᠨᠣᠶᠠᠳ ᠪᠣᠰᠣᠯᠭ᠎ᠠ᠎ᠶ᠋ᠢᠨ ᠶᠠᠪᠤᠳᠠᠯ᠎ᠢ ᠨᠢᠭᠤᠴᠠ᠎ᠪᠠᠷ ᠵᠥᠪᠳᠡᠯᠴᠡᠵᠦ᠍ ᠡᠬᠢᠯᠡᠪᠡ᠃ ᠲᠠᠮᠴᠤᠭ᠍ᠳᠤᠩᠷᠤᠪ ᠢᠯᠡ᠎ᠪᠡᠷ ᠶᠠᠫᠣᠨ᠎ᠳᠤ ᠪᠠᠭᠤᠵᠤ ᠥᠭ᠌ᠬᠦ ᠳ᠋ᠤ ᠯᠡ ᠬᠦᠷᠪᠡᠯ ᠠᠮᠤᠷ᠎ᠢ ᠬᠠᠮᠠᠭᠠᠯᠠᠬᠤ ᠠᠩᠭᠢ ᠲᠠᠷᠤᠢ ᠶᠠᠫᠣᠨ᠎ᠢ ᠡᠰᠡᠷᠭᠦᠴᠡᠬᠦ᠌ ᠲᠤᠭ᠎ᠤᠨ ᠳᠣᠣᠷ᠎ᠠ ᠪᠣᠰᠣᠯᠭ᠎ᠠ ᠭᠠᠷᠭᠠᠨ᠎ᠠ ᠭᠡᠵᠦ ᠲᠤᠭᠳᠠᠪᠠ᠃
1936 ᠣᠨ᠎ᠤ 2 ᠰᠠᠷ᠎ᠠ᠎ᠶ᠋ᠢᠨ 10 ᠤ᠋ ᠡᠳᠦᠷ᠂ ᠲᠠᠮᠴᠤᠭ᠍ᠳᠤᠩᠷᠤᠪ ᠢᠯᠡ᠎ᠪᠡᠷ ᠶᠠᠫᠣᠨ ᠲᠦᠷᠢᠮᠡᠬᠡᠢᠯᠡᠭ᠌ᠴᠢᠳ᠎ᠢ ᠲᠦᠱᠢᠵᠦ᠍᠂ ᠬᠠᠭᠤᠷᠮᠠᠭ ᠮᠣᠩᠭᠣᠯ ᠴᠡᠷᠢᠭ᠎ᠦᠨ ᠰᠸᠯᠢᠩᠪᠦ᠋ ᠵᠢ ᠪᠠᠢᠭᠤᠯᠵᠤ᠂ ᠥᠪᠡᠷ᠎ᠢᠶᠡᠨ ᠬᠠᠭᠤᠷᠮᠠᠭ ᠮᠣᠩᠭᠣᠯ ᠴᠡᠷᠢᠭ᠎ᠦᠨ ᠶᠡᠷᠦᠩᠬᠡᠶ ᠺᠣᠮᠠᠨᠳ᠋ᠯᠠᠭ᠍ᠴᠢ᠎ᠶ᠋ᠢᠨ ᠲᠤᠱᠢᠶᠠᠯ᠎ᠢ ᠬᠠᠷᠢᠭᠤᠴᠠᠪᠠ᠃ ᠲᠠᠮᠴᠤᠭ᠍ᠳᠤᠩᠷᠤᠪᠤᠨ ᠶᠠᠫᠣᠨ᠎ᠳᠤ ᠪᠠᠭᠤᠵᠤ ᠥᠭ᠌ᠭᠦ ᠰᠠᠨᠠᠭ᠎ᠠ ᠨᠢ ᠪᠤᠳᠠᠳᠤ ᠠᠵᠢᠯᠯᠠᠭ᠎ᠠ ᠪᠤᠯᠵᠤ ᠬᠤᠪᠢᠷᠠᠬᠰᠠᠨ ᠪᠠᠢᠨ᠎ᠠ᠂ ᠶᠦᠨ ᠵᠶ᠋ᠢ ᠱᠢᠶᠠᠨ᠂ ᠵᠦ᠍ ᠱ᠌ᠢ ᠹᠦ᠋ᠨᠡᠷ ᠶᠦᠨ ᠸᠧᠢ᠎ᠲᠡᠶ ᠲᠠᠬᠢᠨ ᠳᠠᠪᠲᠠᠨ ᠶᠠᠷᠢᠯᠴᠠᠭ᠍ᠰᠠᠨᠤ ᠲᠠᠷᠠᠭ᠎ᠠ᠂ ᠠᠮᠤᠷ᠎ᠢ ᠬᠠᠮᠠᠭᠠᠯᠠᠬᠤ ᠠᠩᠭᠢ᠎ᠶ᠋ᠢᠨ ᠤᠯᠤᠰ᠎ᠢᠶᠡᠨ ᠬᠠᠢᠷᠠᠯᠠᠬᠤ ᠳᠠᠷᠤᠭ᠎ᠠ ᠪᠠᠢᠯᠳᠤᠭ᠍ᠴᠢᠳ᠎ᠢ ᠳᠠᠭᠠᠭᠤᠯᠤᠨ ᠤᠯᠠᠭᠠᠨᠬᠦᠦ᠍ᠶ᠋ᠢᠨ ᠵᠢᠭᠠᠪᠤᠷᠢ᠎ᠪᠠᠷ ᠪᠣᠰᠣᠯᠭ᠎ᠠ ᠭᠠᠷᠭᠠᠬᠤ᠎ᠪᠠᠷ ᠲᠣᠭ᠍ᠲᠠᠪᠠ᠃ 2 ᠰᠠᠷ᠎ᠠ᠎ᠶ᠋ᠢᠨ 21 ᠤ᠋ ᠡᠳᠦᠷ᠂ ᠤᠷᠢᠳᠴᠢᠯᠠᠨ ᠲᠣᠭ᠍ᠲᠠᠭ᠍ᠰᠠᠨ ᠲᠥᠯᠥᠪᠯᠡᠭᠡ ᠶᠣᠰᠣᠭᠠᠷ᠂ ᠪᠣᠰᠣᠯᠭ᠎ᠠ᠎ᠶ᠋ᠢᠨ ᠴᠡᠷᠢᠭ ᠠᠩᠭᠢ ᠲᠤᠰ ᠲᠤᠰ᠎ᠲᠠᠭᠠᠨ ᠬᠥᠳᠡᠯᠦᠯᠴᠡᠪᠡ᠃ ᠨᠢᠭᠡ ᠵᠠᠮ᠎ᠤᠨ ᠪᠤᠰᠤᠯᠭ᠎ᠠ᠎ᠵᠢᠨ ᠴᠡᠷᠢᠭ ᠶᠦᠨ ᠸᠧᠶ᠎ᠶ᠋ᠢᠨ ᠳᠠᠭᠠᠭᠤᠯᠭ᠎ᠠ᠎ᠪᠠᠷ ᠪᠠᠢᠴᠠᠭᠠᠬᠤ ᠭᠠᠵᠠᠷ᠎ᠲᠤ ᠬᠦᠷᠴᠦ᠍᠂ ᠲᠠᠮᠴᠤᠭ᠍ᠳᠤᠩᠷᠤᠪᠤᠨ ᠬᠠᠮᠰᠠᠭᠠᠲᠠᠨ ᠯᠢ ᠹᠸᠩ ᠴᠧᠩ᠎ᠢ ᠠᠯᠠᠵᠤ᠂ ᠬᠣᠷᠢᠭ᠍ᠳᠠᠵᠤ ᠪᠠᠢᠭ᠍ᠰᠠᠨ ᠴᠡᠷᠢᠭ᠎ᠢ ᠲᠠᠯᠪᠢᠵᠤ ᠭᠠᠷᠭᠠᠪᠠ᠃ ᠨᠥᠭᠥᠭᠡ ᠨᠢᠭᠡ ᠵᠠᠮ᠎ᠤᠨ ᠪᠣᠰᠣᠯᠭ᠎ᠠ᠎ᠶ᠋ᠢᠨ ᠴᠡᠷᠢᠭ ᠵᠠᠷ ᠵᠡᠪᠰᠡᠭ᠎ᠦᠨ ᠬᠥᠮᠥᠷᠭᠡ᠎ᠶ᠋ᠢ ᠨᠡᠭᠡᠭᠡᠵᠦ᠍᠂ ᠪᠣᠰᠣᠯᠭ᠎ᠠ᠎ᠶ᠋ᠢᠨ ᠴᠡᠷᠢᠭᠵᠢᠡᠨ ᠵᠡᠪᠰᠡᠭ᠌ᠯᠡᠪᠡ᠃ ᠪᠤᠰᠤᠳ ᠬᠡᠳᠦᠨ ᠵᠠᠮ᠎ᠤᠨ ᠴᠡᠷᠢᠭ᠎ᠦᠨ ᠵᠠᠷᠢᠮ ᠨᠢ ᠷᠠᠳᠢᠣ᠋ ᠰᠲ᠋ᠠᠨᠼᠢ᠎ᠶ᠋ᠢ ᠪᠠᠯᠪᠠᠴᠢᠵᠤ᠂ ᠮᠣᠩᠭᠣᠯ᠎ᠤᠨ ᠤᠷᠤᠨ ᠨᠤᠲᠤᠭ᠎ᠤᠨ ᠦᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ ᠪᠣᠯᠤᠨ ᠲᠠᠮᠴᠤᠭ᠍ᠳᠤᠩᠷᠤᠪᠤᠨ ᠣᠷᠳᠣᠨ᠎ᠤ ᠬᠠᠷᠢᠯᠴᠠᠭ᠎ᠠ᠎ᠶ᠋ᠢ ᠲᠠᠰᠤᠯᠪᠠ; ᠵᠠᠷᠢᠮ ᠨᠢ ᠮᠣᠩᠭᠣᠯ ᠤ᠋ᠨ ᠤᠷᠤᠨ ᠨᠤᠳᠤᠭ ᠤ᠋ᠨ ᠥᠪᠡᠷᠲᠡᠭᠡᠨ ᠵᠠᠰᠠᠬᠤ ᠵᠠᠰᠠᠭ᠎ᠤᠨ ᠶᠠᠪᠤᠳᠠᠯ᠎ᠤᠨ ᠵᠦᠪᠯᠡᠯ ᠳᠤ ᠰᠠᠭᠤᠭ᠎ᠠ ᠨᠣᠶᠠᠳᠢ ᠪᠦᠰᠡᠯᠡᠵᠦ᠍᠂ ᠪᠢᠴᠢᠭ᠎ᠦᠨ ᠲᠤᠱᠢᠶᠠᠯᠲᠠᠨ᠎ᠢ ᠰᠢᠬᠠᠮᠳᠠᠭᠤᠯᠵᠤ ᠪᠣᠰᠣᠯᠭ᠎ᠠ᠎ᠳᠤ ᠣᠷᠣᠯᠴᠠᠭᠤᠯᠵᠠᠶ᠃ ᠪᠣᠰᠣᠯᠭ᠎ᠠ᠎ᠶ᠋ᠢᠨ ᠴᠡᠷᠢᠭ ᠠᠩᠭᠢ ᠪᠠᠰᠠ ᠨᠢᠭ᠍ᠲᠠᠯᠠᠨ ᠪᠤᠳᠤᠬᠤ ᠰᠠᠯᠠᠭᠠᠨ᠎ᠤ ᠵᠣᠭᠣᠰ᠎ᠤᠨ ᠬᠣᠷᠭᠣ᠎ᠶ᠋ᠢ ᠨᠡᠭᠡᠭᠡᠵᠦ᠍᠂ ᠬᠣᠶᠠᠷ ᠲᠦᠮᠡᠨ ᠮᠥᠩᠭᠥᠨ ᠲᠦᠭᠦᠷᠢᠭ᠎ᠢ ᠪᠦᠬᠦᠨ᠎ᠢ ᠭᠠᠵᠠᠷ ᠱᠢᠳᠡᠵᠦ᠍᠂ ᠥᠷᠭᠡᠨ ᠤᠯᠠᠨ ᠳᠠᠷᠤᠭ᠎ᠠ ᠪᠠᠢᠯᠳᠤᠭ᠍ᠴᠢᠳ᠎ᠤᠨ ᠶᠠᠫᠣᠨ᠎ᠢ ᠡᠰᠡᠷᠭᠦᠴᠡᠨ ᠤᠯᠤᠰ᠎ᠢᠶᠠᠨ ᠠᠪᠤᠷᠠᠬᠤ᠎ᠳᠤ ᠵᠣᠭᠣᠰ ᠮᠥᠩᠭᠥᠨ᠎ᠳᠦ ᠱᠢᠨᠤᠬᠤ ᠦᠭᠡᠢ ᠣᠪᠣᠷ᠎ᠢ ᠢᠯᠡᠳᠭᠡᠪᠡ᠃ ᠪᠣᠰᠣᠯᠭ᠎ᠠ ᠠᠮᠵᠢᠯᠲᠠ ᠣᠯᠤᠭ᠍ᠰᠠᠨ᠎ᠤ ᠳᠠᠷᠠᠭ᠎ᠠ᠂ ᠪᠣᠰᠣᠯᠭ᠎ᠠ᠎ᠶ᠋ᠢᠨ ᠴᠡᠷᠢᠭ ᠨᠠᠨ ᠶᠢᠩ ᠫᠠᠨ᠎ᠳᠤ ᠤᠷᠢᠳ᠎ᠢᠶᠡᠷ ᠬᠦᠷᠦᠭ᠌ᠰᠡᠨ ᠶᠦᠨ ᠵᠶ᠋ᠢ ᠱᠢᠶᠠᠨ᠂ ᠵᠦ᠍ ᠱ᠌ᠢ ᠹᠦ᠋᠎ᠲᠡᠶ ᠨᠡᠢᠯᠡᠵᠦ᠍᠂ ᠡᠨᠡ ᠬᠦ᠌ ᠮᠢᠩᠭ᠎ᠠ ᠱᠢᠬᠠᠮ ᠬᠥᠮᠦᠨ᠎ᠲᠡᠶ ᠪᠣᠰᠣᠯᠭ᠎ᠠ᠎ᠶ᠋ᠢᠨ ᠴᠡᠷᠢᠭ ᠠᠩᠭᠢ᠎ᠶ᠋ᠢ ᠰᠥᠨᠢ᠎ᠪᠡᠷ ᠪᠠᠲᠤᠬᠠᠭᠠᠯᠭ᠎ᠠ᠎ᠡᠴᠡ ᠰᠢᠯᠵᠢᠭᠦᠯᠪᠡ᠃ ᠲᠠᠮᠴᠤᠭ᠍ᠳᠤᠩᠷᠤᠪᠤᠨ ᠬᠠᠮᠰᠠᠭᠠᠲᠠᠨ ᠨᠢ 《ᠲᠡᠷᠯᠢᠭ᠎ᠲᠦ ᠠᠩᠭᠢ》 ᠵᠡᠷᠭᠡ ᠵᠡᠪᠰᠡᠭ᠌ᠲᠦ ᠬᠦᠴᠦᠨ᠎ᠢ ᠴᠤᠭ᠍ᠯᠠᠭᠤᠯᠤᠨ᠂ ᠮᠣᠷᠢᠲᠤ ᠴᠡᠷᠢᠭ ᠪᠣᠯᠤᠨ ᠮᠠᠱᠢᠨ ᠲᠡᠷᠭᠡ ᠬᠥᠳᠡᠯᠭᠡᠵᠦ᠍᠂ ᠪᠣᠰᠣᠯᠭ᠎ᠠ᠎ᠶ᠋ᠢᠨ ᠴᠡᠷᠢᠭ ᠠᠩᠭᠢ᠎ᠶ᠋ᠢ ᠨᠡᠬᠡᠮᠵᠢᠯᠡᠨ ᠴᠣᠬᠢᠵᠤ᠂ ᠬᠠᠱᠢᠶᠠᠲᠤᠳᠤ ᠪᠣᠰᠣᠯᠭ᠎ᠠ᠎ᠶ᠋ᠢᠨ ᠴᠡᠷᠢᠭ᠎ᠲᠡᠶ ᠲᠤᠯᠤᠯᠳᠤᠵᠤ᠂ ᠶᠦᠨ ᠸᠧᠶ ᠵᠡᠷᠭᠡ ᠬᠥᠮᠦᠰ᠎ᠦᠨ ᠳᠠᠭᠠᠭᠤᠯᠤᠭ᠍ᠰᠠᠨ ᠪᠣᠰᠣᠯᠭ᠎ᠠ᠎ᠶ᠋ᠢᠨ ᠭᠣᠣᠯ ᠬᠦᠴᠦᠨ᠎ᠳᠦ ᠴᠣᠬᠢᠭ᠍ᠳᠠᠨ ᠤᠬᠤᠷᠢᠪᠠ᠃ ᠪᠣᠰᠣᠯᠭ᠎ᠠ᠎ᠶ᠋ᠢᠨ ᠴᠡᠷᠢᠭ ᠠᠩᠭᠢ ᠭᠣᠮᠢᠨᠳᠠᠩ᠎ᠤᠨ ᠹᠦ᠋ ᠽᠦᠸᠧ ᠢ᠎ᠶ᠋ᠢᠨ ᠴᠡᠷᠢᠭ ᠠᠩᠭᠢ᠎ᠶ᠋ᠢᠨ ᠳᠡᠮᠵᠢᠯᠭᠡ ᠳᠣᠣᠷ᠎ᠠ ᠬᠦᠢᠰᠦ᠋ᠢ ᠳ᠋ᠦ᠍ ᠬᠦᠷᠦᠭ᠌ᠰᠡᠨ᠎ᠦ ᠳᠠᠷᠠᠭ᠎ᠠ᠂ ᠲᠤᠰ ᠲᠤᠰ ᠬᠦᠢᠰᠦ᠋ᠢ ᠱᠢᠶᠠᠨ᠎ᠤ ᠰᠠᠯᠠᠭ᠎ᠠ ᠲᠣᠰᠭᠣᠨ ᠪᠣᠯᠤᠨ ᠰᠠᠭᠠᠯᠢᠴᠢᠨ ᠱᠢᠶᠠᠨ᠎ᠤ ᠱᠦᠢ ᠵᠢᠶᠠᠨ ᠭᠸᠤ ᠮᠸᠨ ᠲᠣᠰᠭᠣᠨ᠎ᠳᠤ ᠰᠡᠷᠭᠡᠢᠯᠡᠨ ᠰᠠᠭᠤᠪᠠ᠃ 1936 ᠣᠨ᠎ᠤ 2 ᠰᠠᠷ᠎ᠠ᠎ᠶ᠋ᠢᠨ 25᠎ᠤ᠋ ᠡᠳᠦᠷ᠂ ᠶᠦᠨ ᠵᠶ᠋ᠢ ᠱᠢᠶᠠᠨ ᠲᠦᠷᠦᠭᠦᠯᠡᠨ ᠴᠠᠬᠢᠯᠭᠠᠨ ᠮᠡᠳᠡᠭᠡ ᠨᠡᠢᠲᠡᠯᠡᠵᠦ᠍᠂ ᠪᠣᠰᠣᠯᠭ᠎ᠠ᠎ᠶ᠋ᠢᠨ ᠴᠡᠷᠢᠭ ᠠᠩᠭᠢ᠎ᠨᠢ ᠲᠠᠮᠴᠤᠭ᠍ᠳᠤᠩᠷᠤᠪᠤᠨ ᠡᠩᠨᠡᠭᠡ᠎ᠡᠴᠡ ᠰᠠᠯᠵᠤ᠂ ᠶᠠᠫᠣᠨ᠎ᠢ ᠡᠰᠡᠷᠭᠦᠴᠡᠬᠦ᠌ ᠡᠩᠨᠡᠭᠡ᠎ᠳᠦ ᠤᠷᠤᠭ᠍ᠰᠠᠨ᠎ᠢ ᠲᠤᠩᠬᠠᠭ᠍ᠯᠠᠪᠠ᠃
ᠪᠠᠲᠤᠬᠠᠭᠠᠯᠭ᠎ᠠ᠎ᠶ᠋ᠢᠨ ᠶᠠᠫᠣᠨ᠎ᠢ ᠡᠰᠡᠷᠭᠦᠴᠡᠬᠦ᠌ ᠵᠡᠪᠰᠡᠭ᠌ᠲᠦ ᠪᠣᠰᠣᠯᠭ᠎ᠠ ᠭᠠᠷᠤᠭ᠍ᠰᠠᠨ᠎ᠤ ᠳᠠᠷᠠᠭ᠎ᠠ᠂ ᠪᠦᠬᠦ᠌ ᠤᠯᠤᠰ᠎ᠢᠶᠠᠷ᠎ᠢᠶᠠᠨ ᠵᠢᠷᠤᠮ᠎ᠤᠨ ᠲᠤᠭ᠎ᠢ ᠥᠨᠳᠥᠷ ᠮᠠᠨᠳᠤᠭᠤᠯᠤᠭ᠍ᠰᠠᠨ ᠶᠠᠫᠣᠨ᠎ᠢ ᠡᠰᠡᠷᠭᠦᠴᠡᠬᠦ᠌ ᠮᠣᠩᠭᠣᠯ ᠦᠨᠳᠦᠰᠦᠲᠡᠨ᠎ᠦ ᠵᠡᠪᠰᠡᠭ᠌ᠲᠦ ᠬᠦᠴᠦᠨ᠎ᠢ ᠬᠦᠴᠦᠲᠡᠶ ᠳᠡᠮᠵᠢᠨ ᠲᠤᠰᠠᠯᠠᠪᠠ᠃ ᠪᠣᠰᠣᠯᠭ᠎ᠠ᠎ᠶ᠋ᠢᠨ ᠴᠡᠷᠢᠭ ᠠᠩᠭᠢ᠎ᠶ᠋ᠢ ᠥᠭᠡᠷᠡᠴᠢᠯᠡᠨ ᠪᠠᠢᠭᠤᠯᠬᠤ᠂ ᠤᠷᠪᠠᠯᠭ᠎ᠠ ᠭᠠᠷᠭᠠᠬᠤ᠂ ᠲᠠᠷᠬᠠᠭᠠᠬᠤ᠂ ᠬᠤᠷᠢᠶᠠᠮᠵᠢᠯᠠᠬᠤ᠂ ᠴᠡᠭ᠌ᠴᠡᠯᠡᠬᠦ᠌᠎ᠪᠡᠷ ᠳᠠᠮᠵᠢᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠷᠠᠭᠤᠨ ᠮᠣᠩᠭᠣᠯ᠎ᠤᠨ ᠠᠵᠢᠯ᠎ᠤᠨ ᠬᠣᠷᠢᠶ᠎ᠠ᠎ᠶ᠋ᠢᠨ ᠴᠢᠷᠮᠠᠢᠯᠭ᠎ᠠ ᠳᠣᠣᠷ᠎ᠠ᠂ ᠭᠣᠣᠯᠯᠠᠭ᠍ᠴᠢ ᠬᠦᠴᠦᠨ᠎ᠢᠶᠡᠨ ᠦᠯᠡᠳᠡᠭᠡᠵᠦ᠍᠂ ᠡᠨᠡ ᠬᠦ᠌ ᠰᠠᠯᠠᠭ᠎ᠠ ᠵᠡᠪᠰᠡᠭ᠌ᠲᠦ ᠬᠦᠴᠦᠨ᠎ᠢ ᠦᠨᠡᠨ᠎ᠳᠡᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠬᠰᠠᠨ ᠪᠠ ᠡᠵᠡᠮᠱᠢᠭᠰᠡᠨ 《ᠥᠪᠥᠷ ᠮᠣᠩᠭᠣᠯ᠎ᠤᠨ ᠦᠨᠳᠦᠰᠦᠲᠡᠨ᠎ᠦ ᠳᠣᠲᠣᠷᠠᠬᠢ ᠬᠠᠮᠤᠭ᠎ᠤᠨ ᠶᠡᠬᠡ ᠳᠠᠪᠰᠢᠨᠭᠭᠤᠢ ᠬᠦᠴᠦᠨ᠂ ᠬᠠᠮᠤᠭ᠎ᠤᠨ ᠶᠡᠬᠡ ᠶᠠᠫᠣᠨ᠎ᠢ ᠡᠰᠡᠷᠭᠦᠴᠡᠬᠦ᠌ ᠴᠡᠷᠢᠭ ᠠᠩᠭᠢ》 ᠪᠣᠯᠭᠠᠵᠠᠶ᠃ ᠤᠯᠠᠨ ᠤᠳᠠᠭ᠎ᠠ ᠴᠡᠭ᠌ᠴᠡᠯᠡᠨ ᠪᠠᠢᠭᠤᠯᠤᠭ᠍ᠰᠠᠨ ᠡᠨᠡ ᠴᠡᠷᠢᠭ ᠠᠩᠬᠢ ᠨᠢ ᠬᠣᠵᠢᠮ ᠨᠢ ᠶᠡᠬᠡ ᠵᠤᠤ ᠠᠢᠮᠠᠭ᠎ᠲᠦ ᠰᠢᠯᠵᠢᠨ ᠰᠡᠷᠭᠡᠢᠯᠡᠨ ᠰᠠᠭᠤᠵᠤ᠂ ᠤᠷᠳᠤᠰ᠎ᠤᠨ ᠥᠨᠳᠥᠷᠯᠢᠭ᠎ᠲᠦ ᠪᠠᠢᠯᠳᠤᠵᠤ᠂ ᠱᠠᠨᠰᠢ ᠭᠠᠨᠰᠦ ᠨᠢᠩᠱᠢᠶᠠ᠎ᠶ᠋ᠢᠨ ᠬᠢᠵᠠᠭᠠᠷ ᠣᠷᠣᠨ᠎ᠢ ᠰᠠᠬᠢᠨ ᠬᠠᠮᠠᠭᠠᠯᠠᠬᠤ ᠴᠢᠬᠤᠯᠠ ᠵᠡᠪᠰᠡᠭ᠌ᠲᠦ ᠬᠦᠴᠦᠨ ᠪᠣᠯᠪᠠ᠃
ᠪᠠᠲᠤᠬᠠᠭᠠᠯᠭ᠎ᠠ᠎ᠶ᠋ᠢᠨ ᠶᠠᠫᠣᠨ᠎ᠢ ᠡᠰᠡᠷᠭᠦᠴᠡᠬᠦ ᠵᠡᠪᠰᠡᠭ᠌ᠲᠦ ᠪᠣᠰᠣᠯᠭ᠎ᠠ ᠨᠢ 《ᠭᠡᠨᠡᠳᠲᠡᠡᠭᠦᠰᠦᠭᠰᠡᠨ ᠨᠢᠬᠡᠨ ᠬᠡᠷᠡᠭ ᠪᠢᠰᠢ᠂ ᠬᠠᠷᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠷᠠᠭᠤᠨ ᠮᠣᠩᠭᠣᠯ᠎ᠤᠨ ᠠᠵᠢᠯ᠎ᠤᠨ ᠬᠣᠷᠢᠶ᠎ᠠ ᠣᠷᠣᠨ ᠨᠤᠲᠤᠭ᠎ᠤᠨ ᠴᠡᠷᠢᠭ ᠠᠩᠭᠢ᠎ᠳᠤ ᠣᠯᠠᠨ ᠵᠢᠯ ᠠᠵᠢᠯ ᠬᠢᠭᠰᠡᠨ᠎ᠤ ᠦᠷ᠎ᠡ ᠳ᠋ᠦᠩ ᠮᠥᠨ》᠃ ᠪᠠᠲᠤᠬᠠᠭᠠᠯᠭ᠎ᠠ᠎ᠶ᠋ᠢᠨ ᠶᠠᠫᠣᠨ᠎ᠢ ᠡᠰᠡᠷᠭᠦᠴᠡᠬᠦ ᠵᠡᠪᠰᠡᠭ᠌ᠲᠦ ᠪᠣᠰᠣᠯᠭ᠎ᠠ ᠨᠢ ᠥᠪᠥᠷ ᠮᠣᠩᠭᠣᠯ᠎ᠤᠨ ᠪᠠᠷᠠᠭᠤᠨ ᠣᠷᠣᠨ᠎ᠤ ᠠᠷᠠᠳ᠎ᠤᠨ ᠵᠡᠪᠰᠡᠭ᠌ᠲᠦ ᠬᠦᠴᠦᠨ᠎ᠦ ᠶᠠᠫᠣᠨ᠎ᠢ ᠡᠰᠡᠷᠭᠦᠴᠡᠨ ᠬᠠᠭᠠᠴᠠᠭᠤᠯᠤᠯ᠎ᠢ ᠡᠰᠡᠷᠭᠦᠴᠡᠬᠦ᠌ ᠫᠤᠤ᠎ᠶ᠋ᠢᠨ ᠳᠠᠭᠤᠨ᠎ᠢ ᠴᠤᠤᠷᠢᠶᠠᠲᠤᠭᠤᠯᠵᠤ᠂ ᠶᠠᠫᠣᠨ ᠴᠡᠷᠢᠭ᠎ᠦᠨ ᠮᠣᠩᠭᠣᠯ᠎ᠤᠨ ᠵᠠᠯᠢᠬᠠᠶ᠎ᠶ᠋ᠢ ᠠᠱᠢᠭ᠍ᠯᠠᠨ ᠪᠠᠷᠠᠭᠤᠨᠰᠢ ᠳᠦᠷᠢᠬᠦ ᠬᠡᠰᠡᠨ ᠪᠠᠢᠷᠢᠯᠠᠭᠤᠯᠤᠯᠲᠠ᠎ᠶ᠋ᠢ ᠰᠦᠢᠷᠡᠬᠦᠯᠵᠤ᠂ ᠲᠠᠮᠴᠤᠭ᠍ᠳᠤᠩᠷᠤᠪ ᠵᠡᠷᠭᠡ ᠳᠠᠢᠰᠤᠨ᠎ᠳᠤ ᠪᠠᠭᠤᠵᠤ ᠥᠭ᠌ᠭᠦᠭᠰᠡᠨ ᠤᠯᠤᠰ᠎ᠢᠶᠠᠨ ᠬᠤᠳᠠᠯᠳᠤᠭ᠍ᠴᠢᠳᠲᠤ ᠬᠦᠨᠳᠦ ᠴᠣᠬᠢᠯᠲᠠ ᠥᠭ᠌ᠴᠦ᠂ ᠥᠪᠥᠷ ᠮᠣᠩᠭᠣᠯ᠎ᠤᠨ ᠦᠨᠳᠦᠰᠦᠲᠡᠨ ᠨᠤᠬᠦᠳ᠎ᠦᠨ ᠠᠷᠠᠳ ᠲᠦᠮᠡᠨ᠎ᠦ ᠶᠠᠫᠣᠨ᠎ᠤ ᠡᠵᠡᠷᠬᠡᠭ ᠲᠦᠷᠢᠮᠡᠭᠡᠢ᠌ᠳᠡᠨᠦ ᠲᠦᠷᠢᠮᠡᠬᠡᠢᠯᠡᠯ᠎ᠢ ᠡᠷᠡᠰ ᠡᠰᠡᠷᠭᠦᠴᠡᠬᠦ᠌᠂ ᠲᠠᠮᠴᠤᠭ᠍ᠳᠤᠩᠷᠤᠪᠤᠨ ᠤᠯᠤᠰ᠎ᠢᠶᠠᠨ ᠬᠤᠳᠠᠯᠳᠤᠨ ᠪᠠᠭᠤᠵᠤ ᠥᠭ᠌ᠬᠦ᠎ᠶ᠋ᠢ ᠡᠰᠡᠷᠭᠦᠴᠡᠬᠦ᠌ ᠲᠡᠮᠡᠴᠡᠯ᠎ᠦᠨ ᠵᠣᠷᠢᠭ᠎ᠢ ᠨᠢ ᠬᠥᠪᠴᠢᠯᠡᠵᠦ᠍᠂ ᠪᠦᠬᠦ᠌ ᠤᠯᠤᠰ᠎ᠤᠨ ᠠᠷᠠᠳ ᠤᠯᠠᠨ᠎ᠤ ᠶᠠᠫᠣᠨ᠎ᠢ ᠡᠰᠡᠷᠭᠦᠴᠡᠨ ᠮᠥᠬᠥᠯ᠎ᠡᠴᠡ ᠠᠪᠤᠷᠠᠬᠤ ᠡᠷᠴᠢ ᠵᠣᠷᠢᠭ᠎ᠢ ᠨᠢ ᠬᠥᠪᠴᠢᠯᠡᠭ᠌ᠰᠡᠨ ᠪᠠᠢᠨ᠎ᠠ᠃