6 ᠰᠠᠷ᠎ᠠ᠎ᠶᠢᠨ 13᠎ᠤ᠋ ᠡᠳᠦᠷ᠂ ᠮᠣᠩᠭᠣᠯ ᠡᠮ ᠡᠮᠨᠡᠯᠭᠡ᠎ᠶᠢᠨ ᠮᠡᠳᠡᠯᠭᠡ᠎ᠶᠢᠨ ᠬᠥᠮᠥᠷᠭᠡ᠎ᠶᠢᠨ ᠲᠠᠪᠴᠠᠩ᠎ᠢ ᠨᠡᠶ᠋ᠢᠲᠡᠯᠡᠬᠦ᠌ ᠬᠤᠷᠠᠯ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠦᠪᠡᠳᠡᠭᠰᠢ ᠶᠡᠬᠡᠪᠡᠷ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠡᠮᠴᠢᠯᠡᠭᠡᠨ᠎ᠦ ᠪᠠᠶ᠋ᠢᠭᠤᠯᠤᠮᠵᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠰᠣᠶᠣᠯ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ ᠵᠢᠴᠢ ᠠᠵᠢᠯ ᠲᠥᠷᠥᠯ᠎ᠦᠨ ᠲᠤᠰᠬᠠᠢ ᠮᠡᠷᠭᠡᠵᠢᠯᠲᠡᠨ᠂ ᠡᠷᠳᠡᠮᠲᠡᠨ᠂ ᠵᠠᠭᠤᠴᠢᠯᠠᠭᠤᠷ᠎ᠤᠨ ᠲᠥᠯᠥᠭᠡᠯᠡᠭᠴᠢ ᠵᠡᠷᠭᠡ 100 ᠭᠠᠷᠤᠢ ᠬᠥᠮᠥᠨ ᠬᠤᠷᠠᠯ᠎ᠳᠤ ᠣᠷᠣᠯᠴᠠᠵᠤ᠂ ᠡᠨᠡ ᠬᠦ᠌ ᠦᠨᠳᠦᠰᠦᠲᠡᠨ᠎ᠦ ᠡᠮ ᠡᠮᠨᠡᠯᠭᠡ᠎ᠶᠢᠨ ᠲᠣᠭᠠᠴᠢᠯᠠᠭᠰᠠᠨ ᠬᠦᠷᠢᠶᠡᠨ᠎ᠦ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠨᠠᠶ᠋ᠢᠳᠠᠪᠤᠷᠢᠵᠢᠭᠤᠯᠬᠤ᠎ᠶᠢ ᠬᠠᠮᠲᠤ᠎ᠪᠠᠷ ᠭᠡᠷᠡᠴᠢᠯᠡᠪᠡ᠃
ᠲᠣᠰ ᠲᠠᠪᠴᠠᠩ᠎ᠢ ᠥᠪᠥᠷ ᠮᠣᠩᠭᠣᠯ᠎ᠤᠨ ᠶᠡᠬᠡ ᠰᠤᠷᠭᠠᠭᠤᠯᠢ ᠡᠴᠡ ᠲᠣᠯᠣᠭᠠᠶ᠋ᠢᠯᠠᠭᠤᠯᠵᠤ᠂ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶᠢᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠭᠡᠯᠡ ᠥᠰᠥᠭ ᠪᠢᠴᠢᠭ᠎ᠢ ᠰᠤᠳᠤᠯᠤᠨ ᠬᠡᠷᠡᠭᠯᠡᠬᠦ᠌ ᠲᠥᠪ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠂ ᠥᠪᠥᠷ ᠮᠣᠩᠭᠣᠯ᠎ᠤᠨ ᠤᠶᠤᠨ ᠮᠡᠳᠡᠭᠡ ᠵᠠᠩᠭᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠬᠢᠵᠠᠭᠠᠷᠲᠤ᠌ ᠺᠤᠮᠫᠠᠨᠢ ᠵᠡᠷᠭᠡ ᠲᠠᠪᠤᠨ ᠨᠢᠭᠡᠴᠢ ᠬᠣᠯᠪᠤᠭᠠᠯᠠᠨ ᠳᠥᠷᠪᠡᠨ ᠵᠢᠯ ᠬᠠᠮᠵᠢᠯᠴᠠᠨ ᠬᠠᠮᠲᠤ᠎ᠪᠠᠷ ᠪᠠᠶ᠋ᠢᠭᠤᠯᠵᠤ᠂ ᠣᠳᠣᠬᠠᠨ᠎ᠤ ᠪᠦᠭᠦ᠌ ᠪᠥᠮᠪᠥᠷᠴᠡᠭᠲᠤ᠌ ᠬᠡᠪᠴᠢᠶ᠎ᠡ᠎ᠪᠡᠷ ᠲᠡᠷᠢᠭᠦᠯᠡᠭᠰᠡᠨ᠂ ᠰᠢᠰᠲ᠋ᠧᠮ ᠨᠢ ᠪᠦᠷᠢᠨ ᠲᠡᠭᠦᠯᠳᠡᠷ ᠮᠣᠩᠭᠣᠯ ᠡᠮ ᠡᠮᠨᠡᠯᠭᠡ᠎ᠶᠢᠨ ᠲᠣᠭᠠᠴᠢᠯᠠᠭᠰᠠᠨ ᠮᠡᠳᠡᠯᠭᠡ᠎ᠶᠢᠨ ᠲᠥᠪ ᠪᠣᠯᠵᠤ᠂ ᠮᠣᠩᠭᠣᠯ ᠡᠮ ᠡᠮᠨᠡᠯᠭᠡ᠎ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ᠎ᠶᠢ ᠡᠭᠦᠳᠦᠭᠰᠡᠨ ᠪᠡᠯᠭᠡ ᠲᠡᠮᠳᠡᠭ᠎ᠦᠨ ᠢᠨᠵᠧᠨᠧᠷᠢᠩ ᠪᠣᠯᠪᠠ᠃
ᠮᠣᠩᠭᠣᠯ ᠡᠮ ᠡᠮᠨᠡᠯᠭᠡ ᠪᠣᠯ ᠳᠤᠮᠳᠠᠳᠤ᠎ᠶᠢᠨ ᠤᠯᠠᠮᠵᠢᠯᠠᠯᠲᠤ᠌ ᠠᠨᠠᠭᠠᠬᠤ ᠤᠬᠠᠭᠠᠨ᠎ᠤ ᠦᠨᠡᠲᠦ᠍ ᠡᠷᠳᠡᠨᠢ ᠮᠥᠨ᠃ ᠣᠷᠳᠣ ᠬᠤᠭᠤᠴᠠᠭᠠᠨ᠎ᠤ ᠲᠤᠷᠰᠢ᠂ ᠮᠣᠩᠭᠣᠯ ᠡᠮ ᠡᠮᠨᠡᠯᠭᠡ᠎ᠶᠢᠨ ᠬᠥᠭᠵᠢᠯᠲᠡ ᠭᠤᠷᠪᠠᠨ ᠶᠡᠬᠡ ᠬᠦᠴᠢᠷᠳᠡᠯ᠎ᠳᠦ ᠲᠤᠯᠭᠠᠷᠠᠬᠰᠠᠭᠠᠷ ᠢᠷᠡᠵᠠᠢ᠄ ᠬᠣᠪᠣᠷ ᠨᠠᠨᠳᠢᠨ ᠡᠷᠲᠡᠨ᠎ᠦ ᠰᠤᠷᠪᠤᠯᠵᠢ ᠪᠢᠴᠢᠭ ᠬᠢᠭᠡᠳ ᠨᠠᠷᠠᠲᠤ᠌ ᠠᠬᠠᠮᠠᠳ ᠮᠣᠩᠭᠣᠯ ᠡᠮᠴᠢ᠎ᠶᠢᠨ ᠡᠮᠴᠢᠯᠡᠭᠡ ᠵᠢᠨ ᠲᠤᠷᠰᠢᠯᠭ᠎ᠠ ᠭᠡᠭᠡᠭᠳᠡᠵᠦ᠍᠂ ᠤᠯᠠᠮᠵᠢᠯᠠᠯᠲᠤ᠌ ᠠᠮᠠ᠎ᠪᠠᠷ ᠤᠯᠠᠮᠵᠢᠯᠠᠬᠤ ᠵᠠᠭᠪᠤᠷ ᠨᠢ ᠬᠡᠪᠴᠢᠶᠡᠵᠢᠭᠰᠡᠨ ᠴᠢᠳᠠᠪᠤᠷᠢᠲᠠᠨ᠎ᠢ ᠬᠥᠮᠥᠵᠢᠭᠦᠯᠬᠦ᠌᠎ᠳᠦ ᠲᠣᠬᠢᠷᠠᠬᠤᠶᠠ ᠪᠡᠷᠬᠡ; ᠶᠡᠬᠡ ᠬᠡᠮᠵᠢᠶᠡᠨ᠎ᠦ ᠰᠤᠷᠪᠤᠯᠵᠢ ᠪᠢᠴᠢᠭ᠎ᠢ ᠡᠷᠢᠬᠦ᠌ ᠨᠢ ᠶᠠᠷᠰᠢᠭᠲᠠᠶ᠂ ᠠᠰᠢᠭᠯᠠᠮᠵᠢ ᠨᠢ ᠳᠣᠣᠷ᠎ᠠ; ᠪᠠᠷᠢᠮᠵᠢᠶᠠᠵᠢᠭᠰᠠᠨ ᠮᠡᠳᠡᠯᠭᠡ᠎ᠶᠢᠨ ᠰᠢᠰᠲ᠋ᠧᠮ ᠬᠢᠭᠡᠳ ᠦᠨᠡᠨ ᠪᠣᠳᠠᠲᠠᠢ ᠳᠡᠯᠡᠬᠡᠢ᠎ᠶᠢᠨ ᠡᠮᠴᠢᠯᠡᠭᠡᠨ᠎ᠦ ᠲᠣᠭ᠎ᠠ ᠪᠠᠷᠢᠮᠲᠠ ᠬᠦᠷᠦᠯᠴᠡᠬᠦ᠌ ᠦᠭᠡᠢ ᠪᠠᠶ᠋ᠢᠵᠤ᠂ ᠣᠳᠣᠬᠢᠴᠢᠯᠠᠭᠰᠠᠨ ᠰᠤᠳᠤᠯᠭᠠᠨ ᠪᠠ ᠣᠯᠠᠨ ᠤᠯᠤᠰ᠎ᠤᠨ ᠮᠡᠳᠡᠷᠡᠯᠲᠡ᠎ᠶᠢᠨ ᠬᠡᠮᠵᠢᠶ᠎ᠡ᠎ᠶᠢᠨ ᠳᠡᠭᠡᠭᠰᠢᠯᠡᠯᠲᠡ᠎ᠶᠢ ᠬᠢᠵᠠᠭᠠᠷᠯᠠᠵᠤ ᠪᠠᠶ᠋ᠢᠪᠠ᠃ ᠬᠦᠴᠢᠷ ᠠᠰᠠᠭᠤᠳᠠᠯ᠎ᠢ ᠰᠢ᠌ᠳᠪᠦᠷᠢᠯᠡᠵᠦ᠍᠂ ᠴᠠᠭ ᠦᠶ᠎ᠡ᠎ᠶᠢᠨ ᠬᠡᠷᠡᠭᠴᠡᠭᠡ᠎ᠶᠢ ᠴᠤᠤᠷᠢᠶᠠᠲᠤᠨ ᠳᠠᠭᠠᠬᠤ᠎ᠶᠢᠨ ᠲᠥᠯᠥᠭᠡ᠂ ᠲᠥᠷᠥᠯ ᠵᠦᠢᠯ᠎ᠤᠨ ᠡᠯ᠎ᠡ ᠲᠠᠯ᠎ᠠ᠎ᠶᠢᠨ ᠭᠢᠨ ᠡᠷᠡᠭᠦᠯ ᠡᠩᠬᠡ ᠳᠤᠮᠳᠠᠳᠤ ᠤᠯᠤᠰ᠂ ᠰᠣᠶᠣᠯ᠎ᠢᠶᠠᠷ ᠤᠯᠤᠰ᠎ᠢᠶᠠᠨ ᠬᠦᠴᠦᠷᠬᠡᠭᠵᠢᠭᠦᠯᠬᠦ᠌ ᠪᠠᠶ᠋ᠢᠯᠳᠤᠬᠤ ᠪᠣᠳᠣᠯᠭ᠎ᠠ᠎ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠪᠠᠶ᠋ᠢᠷᠢ ᠲᠣᠭᠲᠠᠭᠠᠯᠲᠠ ᠬᠢᠭᠡᠳ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠣᠣᠯ ᠰᠢᠵᠢᠮ᠎ᠲᠠᠶ ᠨᠢᠭᠲᠠ ᠤᠶᠠᠯᠳᠤᠭᠤᠯᠤᠨ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶ᠋ᠢᠲ᠋ᠠ᠂ ᠪᠠᠶ᠋ᠢᠭᠠᠯᠢ ᠬᠡᠯᠡᠨ᠎ᠦ ᠰᠢ᠌ᠳᠪᠦᠷᠢᠯᠡᠯᠲᠡ ᠵᠡᠷᠭᠡ ᠬᠣᠰᠢᠭᠤᠷᠠᠯ ᠮᠡᠷᠭᠡᠵᠢᠯ᠎ᠳᠦ ᠲᠦᠰᠢᠭᠯᠡᠨ᠂ ᠮᠣᠩᠭᠣᠯ ᠡᠮ ᠡᠮᠨᠡᠯᠭᠡ᠎ᠶᠢᠨ ᠮᠡᠳᠡᠯᠭᠡ᠎ᠶᠢᠨ ᠬᠥᠮᠥᠷᠭᠡ᠎ᠶᠢᠨ ᠲᠠᠪᠴᠠᠩ᠎ᠢ ᠪᠠᠶ᠋ᠢᠭᠤᠯᠵᠤ᠂ ᠰᠢᠨᠵᠢᠯᠡᠬᠦ᠌ ᠤᠬᠠᠭᠠᠨ ᠮᠡᠷᠭᠡᠵᠢᠯ᠎ᠢᠶᠡᠷ ᠮᠢᠩᠭᠠᠨ ᠣᠨ᠎ᠤ ᠮᠣᠩᠭᠣᠯ ᠡᠮ ᠡᠮᠨᠡᠯᠭᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃
《ᠲᠠᠪᠴᠠᠩ᠎ᠢ ᠪᠠᠶ᠋ᠢᠭᠤᠯᠤᠭᠰᠠᠨ ᠨᠢ ᠮᠣᠩᠭᠣᠯ ᠡᠮ ᠡᠮᠨᠡᠯᠭᠡ᠎ᠶᠢᠨ ᠤᠯᠠᠮᠵᠢᠯᠠᠨ ᠰᠢᠨ᠎ᠡ᠎ᠶᠢ ᠡᠭᠦᠳᠦᠭᠰᠡᠨ ᠬᠥᠰᠢᠶ᠎ᠡ ᠳᠤᠷᠠᠰᠬᠠᠯ᠎ᠤᠨ ᠦᠷ᠎ᠡ ᠪᠦᠲᠦᠭᠡᠯ ᠮᠥᠨ᠃ ᠡᠨᠡᠬᠦ᠌ ᠰᠢᠨ᠎ᠡ ᠶ᠋ᠢ ᠡᠭᠦᠳᠦᠭᠰᠡᠨ ᠨᠢ ᠤᠯᠠᠮᠵᠢᠯᠠᠯᠲᠤ᠌ ᠮᠣᠩᠭᠣᠯ ᠡᠮ ᠡᠮᠨᠡᠯᠭᠡ ᠵᠢᠨ ᠤᠯᠠᠮᠵᠢᠯᠠᠯ᠎ᠤᠨ ᠪᠡᠬᠢᠯᠡᠯᠲᠡ᠎ᠶᠢ ᠡᠪᠳᠡᠵᠦ᠍᠂ ᠲᠣᠭᠠᠴᠢᠯᠠᠭᠰᠠᠨ ᠮᠡᠷᠭᠡᠵᠢᠯ᠎ᠢᠶᠡᠷ ᠮᠢᠩᠭᠠᠨ ᠣᠨ᠎ᠤ ᠡᠬᠢ ᠪᠠᠶᠠᠯᠢᠭ᠎ᠢ ᠠᠮᠢᠯᠠᠭᠤᠯᠵᠤ᠂ ᠡᠷᠲᠡᠨ᠎ᠦ ᠰᠤᠷᠪᠤᠯᠵᠢ ᠪᠢᠴᠢᠭ᠂ ᠣᠨᠣᠰᠢᠯᠠᠨ ᠡᠮᠨᠡᠬᠦ᠌ ᠲᠤᠷᠰᠢᠯᠭ᠎ᠠ᠂ ᠲᠤᠷᠰᠢᠯᠭᠠᠲᠤ᠌ ᠡᠮᠴᠢᠯᠡᠭᠡᠨ᠎ᠦ ᠰᠢᠰᠲ᠋ᠧᠮ᠎ᠢ ᠰᠢᠰᠲ᠋ᠧᠮᠵᠢᠭᠦᠯᠬᠦ᠂ ᠲᠣᠭᠠᠴᠢᠯᠠᠬᠤ᠂ ᠵᠢᠷᠤᠮᠵᠢᠭᠤᠯᠬᠤ᠎ᠶᠢ ᠠᠬᠢᠭᠤᠯᠵᠤ᠂ ᠮᠣᠩᠭᠣᠯ ᠡᠮ ᠡᠮᠨᠡᠯᠭᠡ᠎ᠶᠢᠨ ᠮᠡᠳᠡᠯᠭᠡ᠎ᠶᠢ ᠬᠠᠳᠠᠭᠠᠯᠠᠬᠤ᠂ ᠡᠷᠳᠡᠮ ᠰᠢᠨᠵᠢᠯᠡᠭᠡᠨ᠎ᠦ ᠰᠣᠯᠢᠯᠴᠠᠭ᠎ᠠ ᠬᠢᠬᠦ᠂ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ᠌᠎ᠳᠦ ᠡᠷᠬᠡ ᠰᠦᠷᠲᠦ᠍ ᠥᠨᠳᠥᠷ ᠪᠦᠲᠦᠮᠵᠢᠲᠡᠶ ᠠᠴᠢᠶᠠᠯᠠᠪᠤᠷᠢ᠎ᠶᠢ ᠪᠠᠶ᠋ᠢᠭᠤᠯᠵᠤ ᠥᠭᠪᠡ》 ᠭᠡᠵᠦ᠍ ᠨᠠᠷᠠᠲᠤ᠌ ᠡᠮᠴᠢ ᠬᠠᠩᠭᠠᠶ᠋ᠢᠪᠠᠭᠠᠲᠤᠷ ᠶᠠᠷᠢᠨ᠎ᠠ᠃
ᠰᠤᠳᠤᠯᠤᠨ ᠨᠡᠭᠡᠭᠡᠬᠦ᠌ ᠪᠦᠯᠭᠦᠮ᠎ᠦᠨ ᠳᠠᠭᠠᠭᠤᠯᠤᠭᠴᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠹᠧᠢ ᠯᠦᠩ ᠫᠷᠤᠹᠸᠰᠰᠤᠷ᠂ ᠲᠤᠰ ᠲᠠᠪᠴᠠᠩ ᠨᠢ 《ᠲᠣᠭ᠎ᠠ ᠪᠠᠷᠢᠮᠲᠠ᠎ᠪᠠᠷ ᠰᠠᠭᠤᠷᠢ ᠪᠤᠯᠭᠠᠵᠤ᠂ ᠮᠡᠳᠡᠯᠭᠡ᠎ᠪᠡᠷ ᠴᠥᠮ᠎ᠡ ᠪᠤᠯᠭᠠᠵᠤ᠂ ᠬᠡᠷᠡᠭᠯᠡᠯᠲᠡ᠎ᠪᠡᠷ ᠭᠣᠣᠯᠳᠠᠯᠭ᠎ᠠ ᠪᠤᠯᠭᠠᠬᠤ》 ᠣᠶ᠋ᠢᠯᠠᠭᠠᠭᠳᠠᠬᠤᠨ᠎ᠢ ᠪᠠᠷᠢᠮᠲᠠᠯᠠᠵᠤ᠂ ᠡᠬᠢ ᠪᠠᠶᠠᠯᠢᠭ᠎ᠢ ᠬᠠᠳᠠᠭᠠᠯᠠᠬᠤ᠂ ᠮᠡᠳᠡᠯᠭᠡ ᠰᠤᠷᠤᠯᠴᠠᠬᠤ᠂ ᠡᠷᠳᠡᠮ ᠰᠢᠨᠵᠢᠯᠡᠭᠡᠨ᠎ᠦ ᠰᠤᠳᠤᠯᠭᠠᠨ ᠬᠢᠬᠦ᠂ ᠡᠮᠴᠢᠯᠡᠭᠡᠨ᠎ᠳᠦ ᠲᠤᠰᠠᠯᠠᠬᠤ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠦᠨ ᠤᠯᠠᠮᠵᠢᠯᠠᠬᠤ ᠪᠦᠭᠦ᠌ ᠪᠠᠶ᠋ᠢᠳᠠᠯ᠎ᠢ ᠬᠠᠮᠤᠷᠤᠭᠰᠠᠨ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ᠎ᠦ ᠰᠢᠰᠲ᠋ᠧᠮ᠎ᠢ ᠪᠠᠶ᠋ᠢᠭᠤᠯᠵᠠᠢ ᠭᠡᠵᠦ᠍ ᠲᠠᠨᠢᠯᠴᠠᠭᠤᠯᠪᠠ᠃ ᠡᠬᠢ ᠪᠠᠶᠠᠯᠢᠭ᠎ᠤᠨ ᠬᠥᠮᠥᠷᠭᠡ᠎ᠳᠦ 931 ᠵᠦᠢᠯ᠎ᠦᠨ ᠡᠮ᠂ 1.2 ᠲᠦᠮᠡ ᠭᠠᠷᠤᠢ ᠡᠮ᠎ᠦᠨ ᠵᠣᠷ᠂ 1463 ᠵᠦᠢᠯ᠎ᠦᠨ ᠡᠪᠡᠳᠴᠢᠨ ᠡᠮᠭᠡᠭ᠂ 188 ᠵᠦᠢᠯ᠎ᠦᠨ ᠡᠮᠨᠡᠬᠦ᠌ ᠠᠷᠭ᠎ᠠ᠂ 199 ᠨᠡᠷᠡᠰ ᠨᠠᠷᠠᠲᠤ᠌ ᠡᠮᠴᠢ᠂ 118 ᠡᠮᠴᠢᠯᠡᠭᠡᠨ᠎ᠦ ᠪᠠᠶ᠋ᠢᠭᠤᠯᠤᠮᠵᠢ᠂ 1613 ᠰᠠᠭᠤᠷᠢ ᠣᠨᠣᠯ᠎ᠤᠨ ᠡᠮ᠎ᠦᠨ ᠮᠠᠲ᠋ᠧᠷᠢᠶᠠᠯ᠎ᠢ ᠣᠷᠣᠭᠤᠯᠪᠠ; ᠮᠣᠩᠭᠣᠯ ᠡᠮᠨᠡᠯᠭᠡ᠎ᠶᠢᠨ ᠨᠠᠷᠠᠲᠤ᠌ ᠠᠬᠠᠮᠠᠳ ᠡᠮᠴᠢ ᠵᠢᠨ ᠬᠡᠷᠡᠭ᠎ᠦᠨ ᠵᠢᠱ᠌ᠢᠶ᠎ᠡ᠎ᠶᠢ 2693 ᠵᠤᠷᠪᠤᠰ ᠲᠣᠭᠠᠴᠢᠯᠠᠨ ᠲᠠᠩᠰᠠ ᠡᠪᠬᠡᠮᠡᠯ᠎ᠳᠦ ᠣᠷᠣᠭᠤᠯᠵᠤ᠂ 28 ᠲᠦᠮᠡ ᠭᠠᠷᠤᠢ ᠡᠪᠡᠳᠴᠢᠨ᠎ᠦ ᠲᠠᠩᠰᠠ᠎ᠶᠢ ᠪᠦᠳᠦᠴᠡᠵᠢᠭᠦᠯᠦᠨ ᠰᠢ᠌ᠳᠪᠦᠷᠢᠯᠡᠪᠡ; 1200 ᠭᠠᠷᠤᠢ ᠵᠦᠢᠯ᠎ᠦᠨ ᠡᠯᠧᠺᠲᠷᠣᠨ ᠨᠣᠮ ᠪᠢᠴᠢᠭ᠂ 670 ᠭᠠᠷᠤᠢ ᠵᠦᠢᠯ᠎ᠦᠨ ᠵᠢᠭᠠᠨ ᠰᠤᠷᠭᠠᠯᠲᠠ᠎ᠶᠢᠨ ᠸᠢᠳᠢᠤ᠋᠎ᠶᠢ ᠰᠢᠩᠭᠡᠬᠡᠨ ᠠᠪᠴᠤ᠌᠂ ᠰᠦᠯᠵᠢᠶᠡᠨ ᠳᠡᠭᠡᠷᠡᠬᠢ ᠮᠣᠩᠭᠣᠯ ᠡᠮ ᠡᠮᠨᠡᠯᠭᠡ᠎ᠶᠢᠨ ᠲᠣᠭᠠᠴᠢᠯᠠᠭᠰᠠᠨ ᠨᠣᠮ᠎ᠤᠨ ᠰᠠᠩ᠎ᠢ ᠪᠠᠶ᠋ᠢᠭᠤᠯᠪᠠ᠃ ᠲᠠᠪᠴᠠᠩ ᠨᠢ 《ᠣᠶᠤᠨᠴᠢ ᠮᠠᠰᠢᠨ ᠲᠤᠰᠬᠠᠢ ᠮᠡᠷᠭᠡᠵᠢᠯᠲᠡᠨ》 ᠤ᠋ ᠵᠠᠭᠪᠤᠷ᠎ᠢᠶᠠᠷ ᠮᠡᠳᠡᠯᠭᠡ᠎ᠶᠢᠨ ᠵᠢᠷᠤᠭ᠎ᠤᠨ ᠵᠢᠭᠰᠠᠯ᠎ᠢ ᠪᠠᠶ᠋ᠢᠭᠤᠯᠵᠤ᠂ 2.2 ᠲᠦᠮᠡ ᠭᠠᠷᠤᠢ ᠮᠡᠳᠡᠯᠭᠡ᠎ᠶᠢᠨ ᠪᠣᠳᠠᠲᠤ᠌ ᠴᠣᠭᠴᠠ᠂ 10.8 ᠲᠦᠮᠡ ᠭᠠᠷᠤᠢ ᠬᠠᠷᠢᠴᠠᠭᠠᠨ᠎ᠤ ᠭᠤᠷᠪᠠᠨ ᠡᠰᠢᠲᠦ᠍ ᠳᠤᠭᠤᠶ᠋ᠢᠯᠠᠩ᠎ᠢ ᠪᠠᠭᠲᠠᠭᠠᠵᠤ᠂ ᠬᠥᠳᠡᠯᠦᠩᠭᠦᠢ ᠣᠶᠤᠨᠯᠢᠭ ᠰᠦᠯᠵᠢᠶ᠎ᠡ᠎ᠶᠢ ᠬᠣᠯᠪᠣᠨ ᠪᠦᠷᠢᠯᠳᠦᠭᠦᠯᠪᠡ; ᠣᠶᠤᠨᠴᠢ ᠬᠠᠶ᠋ᠢᠯᠲᠠ᠂ ᠬᠣᠯᠪᠣᠭᠳᠠᠬᠤ ᠠᠶᠠᠯᠠᠯ ᠵᠠᠯᠠᠬᠤ ᠵᠢᠴᠢ ᠡᠮᠴᠢᠯᠡᠭᠡᠨ᠎ᠦ ᠲᠤᠰᠠᠯᠠᠬᠤ ᠣᠨᠣᠰᠢᠯᠠᠨ ᠡᠮᠨᠡᠬᠦ᠌ ᠰᠢᠰᠲ᠋ᠧᠮ᠎ᠢ ᠲᠥᠭᠦᠷᠵᠢᠭᠦᠯᠵᠦ᠍᠂ ᠮᠣᠩᠭᠣᠯ ᠡᠮᠨᠡᠯᠭᠡ᠎ᠶᠢᠨ ᠡᠮᠴᠢᠯᠡᠭᠡᠨ᠎ᠦ ᠪᠠᠷᠢᠮᠵᠢᠶᠠᠵᠢᠯᠲᠠ᠂ ᠵᠢᠷᠦᠮᠵᠢᠯᠲᠡ᠂ ᠣᠶᠤᠨᠴᠢᠯᠠᠯᠲᠠ᠎ᠶᠢ ᠠᠬᠢᠭᠤᠯᠵᠤ᠂ ᠮᠣᠩᠭᠣᠯ ᠡᠮ ᠡᠮᠨᠡᠯᠭᠡ᠎ᠶᠢᠨ ᠲᠣᠮᠣ ᠵᠠᠭᠪᠤᠷ᠎ᠢ ᠰᠤᠳᠤᠯᠤᠨ ᠨᠡᠭᠡᠭᠡᠬᠦ᠌᠎ᠳᠦ ᠲᠣᠭ᠎ᠠ ᠪᠠᠷᠢᠮᠲᠠ᠎ᠶᠢᠨ ᠰᠠᠭᠤᠷᠢ᠎ᠶᠢ ᠪᠡᠬᠢᠵᠢᠭᠦᠯᠵᠡᠢ᠃
ᠲᠣᠰ ᠤᠳᠠᠭ᠎ᠠ ᠵᠢᠨ ᠮᠣᠩᠭᠣᠯ ᠡᠮ ᠡᠮᠨᠡᠯᠭᠡ᠎ᠶᠢᠨ ᠮᠡᠳᠡᠯᠭᠡ᠎ᠶᠢᠨ ᠬᠥᠮᠥᠷᠭᠡ᠎ᠶᠢᠨ ᠲᠠᠪᠴᠠᠩ᠎ᠢ ᠨᠡᠶ᠋ᠢᠲᠡᠯᠡᠭᠰᠡᠨ ᠨᠢ ᠮᠣᠩᠭᠣᠯ ᠡᠮ ᠡᠮᠨᠡᠯᠭᠡ᠎ᠶᠢᠨ ᠰᠣᠶᠣᠯ᠎ᠤᠨ ᠦᠨᠳᠦᠰᠦ ᠰᠤᠳᠠᠰᠤ᠎ᠶᠢ ᠰᠠᠬᠢᠨ ᠬᠠᠮᠠᠭᠠᠯᠠᠭᠰᠠᠨ᠎ᠢᠶᠠᠷ ᠪᠠᠷᠠᠬᠤ ᠦᠭᠡᠢ᠂ ᠨᠠᠩ ᠴᠤ᠌ ᠰᠢᠨᠵᠢᠯᠡᠬᠦ᠌ ᠤᠬᠠᠭᠠᠨ ᠮᠡᠷᠭᠡᠵᠢᠯ᠎ᠦᠨ ᠰᠢᠨ᠎ᠡ ᠡᠭᠦᠳᠦᠯᠲᠡ᠎ᠪᠡᠷ ᠤᠯᠠᠮᠵᠢᠯᠠᠯᠲᠤ᠌ ᠡᠮ ᠡᠮᠨᠡᠯᠭᠡ᠎ᠶᠢᠨ ᠠᠮᠢᠳᠤᠯᠢᠭ ᠦᠢᠯᠡᠳᠦᠯᠭᠡ᠎ᠶᠢ ᠪᠤᠶ ᠪᠣᠯᠭᠠᠵᠠᠢ᠃