ᠴᠡᠷᠢᠭ᠎ᠦᠨ ᠠᠯᠪᠠ᠎ᠠᠴᠠ ᠬᠠᠯᠠᠬᠳᠠᠬᠰᠠᠨ ᠤᠶᠤᠲᠠᠳ᠎ᠲᠤ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠦᠨ᠎ᠡ
2026-06-15 15:48:59
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠪᠡᠷᠳᠡᠬᠡᠨ ᠵᠠᠰᠠᠬᠤ ᠤᠷᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠲᠢᠡᠭᠭᠢᠮ ᠡᠴᠨ ᠤᠢᠯᠠᠭᠠᠬᠰᠠᠨ ᠵᠢᠡᠷ᠂ ᠲᠦᠷᠦᠬᠦᠭᠡᠨ᠂ ᠲᠦᠩᠯᠢᠶᠣᠤ ᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠶᠠᠪᠤᠳᠠᠯ᠎ᠤᠨ ᠲᠣᠪᠴᠢᠶ᠎ᠠ ᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ᠎ᠶ᠋ᠢᠨ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠦᠶ᠋ᠯᠡᠴᠢᠯᠡᠭᠡᠨ᠎ᠦ ᠥᠷᠲᠡᠭᠡ᠎ᠶ᠋ᠢᠨ ᠪᠥᠲᠥᠭᠡᠨ ᠪᠠᠢᠭᠤᠯᠤᠯᠲᠠ ᠵᠢᠨ ᠠᠵᠢᠯᠯᠠᠭᠠᠨ᠎ᠤ ᠶᠠᠷᠢᠯᠴᠠᠬᠤ ᠬᠤᠷᠠᠯ᠎ᠬᠢᠵᠤ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠂ ᠲᠦᠩᠯᠢᠶᠣᠤ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠬᠣᠷᠴᠢᠨ ᠤᠷᠠᠯᠢᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠢ ᠬᠠᠮᠳᠤ ᠶᠡᠬᠡ ᠳᠡᠭᠡᠳᠦ ᠰᠤᠷᠭᠠᠭᠤᠯᠢ᠎ᠶ᠋ᠢᠨ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠲᠤ ᠦᠶ᠋ᠯᠡᠴᠢᠯᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠷᠭ᠎ᠠ ᠵᠠᠮ᠎ᠢ ᠬᠠᠮᠲᠤ᠎ᠪᠠᠷ ᠵᠥᠪᠳᠡᠯᠴᠡᠵᠦ᠍᠂ ᠴᠡᠷᠢᠭ᠎ᠦᠨ ᠠᠯᠪᠠ᠎ᠠᠴᠠ ᠬᠠᠯᠠᠬᠳᠠᠬᠰᠠᠨ ᠤᠶᠤᠳᠠᠳ ᠲᠸ᠋ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ᠃

ᠲᠤᠬᠠᠶ᠎ᠶ᠋ᠢᠨ ᠲᠠᠯᠠᠪᠠᠶ᠎ᠳᠤ᠂ ᠡᠯ᠎ᠡ ᠶᠡᠬᠡ ᠳᠡᠭᠡᠳᠦ ᠰᠤᠷᠭᠠᠭᠤᠯᠢ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠦᠶ᠋ᠯᠡᠴᠢᠯᠡᠭᠡᠨ᠎ᠦ ᠥᠷᠲᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠣᠳᠠᠲᠠᠶ ᠨᠠᠢᠳᠠᠪᠤᠷᠢᠵᠢᠭᠤᠯᠤᠯᠲᠠ᠎ᠶ᠋ᠢᠨ ᠨᠠᠷᠢᠨ ᠪᠠᠢᠳᠠᠯ᠎ᠢ ᠮᠡᠳᠡᠭᠦᠯᠵᠦ᠍᠂ ᠬᠤᠷᠠᠯ᠎ᠳᠤ ᠣᠷᠣᠯᠴᠠᠭ᠍ᠰᠠᠳ ᠵᠢᠭ᠍ᠰᠠᠭᠠᠯ᠎ᠤᠨ ᠭᠠᠵᠠᠷ᠎ᠤᠨ ᠡᠵᠡᠩᠨᠡᠯᠲᠡ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠣᠨᠤᠴᠠᠳᠠᠢ ᠦᠶ᠋ᠯᠡᠴᠢᠯᠡᠬᠡ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠭᠦᠨᠵᠡᠭᠡᠶ ᠰᠤᠳᠤᠯᠤᠨ ᠶᠠᠷᠢᠯᠴᠠᠪᠠ᠃ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠠᠵᠢᠯ᠎ᠨᠢ ᠴᠡᠷᠢᠭ ᠠᠩᠭᠢ ᠪᠠ ᠣᠷᠣᠨ ᠨᠤᠲᠤᠭ᠎ᠲᠠᠶ ᠬᠣᠯᠪᠣᠯᠳᠤᠵᠤ᠂ ᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ᠎ᠶ᠋ᠢᠨ ᠴᠡᠷᠢᠭ᠎ᠦᠨ ᠠᠯᠪᠠ᠎ᠠᠴᠠ ᠬᠠᠯᠠᠬᠳᠠᠬᠰᠠᠳ᠂ ᠰᠣᠷᠣᠭ᠍ᠴᠢ ᠪᠠ ᠴᠡᠷᠢᠭ᠎ᠦᠨ ᠠᠯᠪᠠ᠎ᠠᠴᠠ ᠬᠠᠯᠠᠬᠳᠠᠬᠰᠠᠳ ᠬᠤᠤᠰ ᠪᠡᠶ᠎ᠡ᠎ᠶ᠋ᠢᠨ ᠭᠠᠷᠤᠯ᠎ᠲᠠᠶ ᠪᠠᠢᠵᠤ᠂ ᠦᠶ᠋ᠯᠡᠴᠢᠯᠡᠭᠡᠨ᠎ᠦ ᠠᠵᠢᠯ᠎ᠨᠢ ᠬᠡᠯᠬᠢᠶ᠎ᠡ᠎ᠪᠡᠨ ᠤᠷᠲᠤᠳᠭᠠᠬᠤ᠂ ᠣᠯᠠᠨ ᠲᠠᠯ᠎ᠠ᠎ᠪᠠᠷ ᠠᠭᠤᠰᠤᠯᠴᠠᠬᠤ᠂ ᠬᠤᠤᠰ ᠴᠢᠭ᠌ᠯᠡᠯ᠎ᠢᠶᠡᠷ ᠬᠦᠴᠦᠨ ᠣᠯᠭᠣᠬᠤ ᠢᠯᠡ ᠲᠣᠳᠣ ᠣᠨᠴᠠᠯᠢᠭ᠎ᠢ ᠢᠯᠡᠷᠡᠭᠦᠯᠪᠡ᠃ ᠵᠠᠰᠠᠭ᠎ᠤᠨ ᠤᠷᠳᠤᠨ ᠰᠤᠷᠭᠠᠭᠤᠯᠢ ᠬᠣᠶᠠᠷ ᠲᠠᠯ᠎ᠠ᠎ᠪᠠᠷ᠎ᠢᠶᠠᠨ ᠪᠣᠳᠠᠲᠤ ᠪᠠᠢᠳᠠᠯ᠎ᠳᠤ ᠰᠠᠭᠤᠷᠢᠯᠠᠨ᠂ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠣᠯᠭ᠎ᠠ᠂ ᠴᠢᠳᠠᠪᠤᠷᠢᠲᠠᠨ᠎ᠢ ᠬᠥᠮᠦᠵᠢᠭᠦᠯᠬᠦ᠌᠂ ᠲᠡᠢᠨ᠎ᠳᠦ ᠪᠡᠯᠡᠳᠭᠡᠵᠦ᠍ ᠲᠡᠢᠨ ᠬᠢᠬᠦ᠌᠂ ᠰᠡᠳᠭᠢᠯ᠎ᠢ ᠳᠤᠯᠠᠭᠠᠴᠠᠭᠤᠯᠤᠨ ᠦᠢᠯᠡᠴᠢᠯᠡᠭᠡ ᠵᠡᠷᠭᠡ ᠭᠤᠤᠯᠳᠠᠯᠭ᠎ᠠ᠎ᠲᠠᠶ ᠡᠭᠦᠷᠭᠡ᠎ᠲᠡᠶ ᠨᠢᠭ᠍ᠲᠠ ᠤᠶᠠᠯᠳᠤᠭᠤᠯᠤᠨ᠂ ᠴᠡᠷᠢᠭ᠎ᠦᠨ ᠠᠯᠪᠠ᠎ᠠᠴᠠ ᠬᠠᠯᠠᠬᠳᠠᠬᠰᠠᠨ ᠣᠶᠤᠲᠠᠳ ᠢ᠋ ᠬᠥᠲᠥᠯᠥᠨ ᠵᠢᠯᠣᠭᠣᠳᠴᠤ᠌ ᠪᠠᠢᠭᠠᠳ ᠴᠡᠷᠢᠭ ᠬᠥᠮᠦᠨ᠎ᠦ ᠣᠤᠷ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠰᠤᠷᠭᠠᠭᠤᠯᠢ᠎ᠶ᠋ᠢᠨ ᠬᠦᠷᠢᠶᠡᠨ᠎ᠳᠦ ᠰᠠᠭᠤᠷᠢᠯᠠᠨ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠵᠣᠷᠢᠭ᠍ᠲᠠᠶ ᠡᠭᠦᠷᠭᠡᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号