ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠥᠭ᠌ᠵᠢᠯᠲᠡ᠎ᠳᠦ ᠵᠣᠭᠢᠴᠬᠠᠰᠠᠨ ᠣᠳᠣᠬᠢᠴᠢᠯᠠᠭ᠍ᠰᠠᠨ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠤᠨ᠎ᠠ
2026-06-15 09:14:52
ᠵᠣᠬᠢᠶᠠᠭ᠍ᠴᠢ᠄
ᠯᠢᠦ ᡁᠢ ᠱᠢᠶᠠᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠲᠢᠩᠬᠢᠮ᠎ᠦᠨ ᠳᠡᠳ᠋ ᠳᠠᠷᠤᠭ᠎ᠠ ᠴᠧᠨ ᠮᠢᠩ᠎ᠢ ᠰᠤᠷᠪᠤᠯᠵᠢᠯᠠᠭ᠍ᠰᠠᠨ᠎ᠨᠢ

                        

ᠴᠢᠳᠠᠪᠤᠷᠢᠲᠠᠨ᠎ᠤ ᠦᠢᠯᠡᠴᠢᠯᠡᠭᠡ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃

— 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠢ ᠲᠥᠰᠦᠯ》 ᠡᠴᠡ ᠰᠡᠢᠷᠡᠬᠦᠯᠪᠡ


ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ (ᠳᠣᠷᠣᠭ᠍ᠰᠢ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠭᠡᠵᠦ᠍ ᠲᠣᠪᠴᠢᠯᠠᠨ᠎ᠠ) ᠢ᠋ ᠪᠦᠲᠦᠭᠡᠨ ᠪᠠᠢᠭᠤᠯᠬᠤ ᠶᠠᠪᠤᠴᠠ᠎ᠳᠤ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠱᠢᠰᠲ᠋ᠧᠮ ᠨᠢ ᠴᠤᠬᠤᠮ ᠶᠠᠭᠤ ᠬᠢᠬᠦ ᠪᠤᠢ?ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠦᠨ ᠳᠠᠷᠤᠭ᠎ᠠ ᠴᠧᠨ ᠮᠢᠩ᠎ᠢ ᠰᠤᠷᠪᠤᠯᠵᠢᠯᠠᠪᠠ᠃

ᠴᠧᠨ ᠮᠢᠩ ᠲᠠᠨᠢᠯᠴᠠᠭᠤᠯᠬᠤ᠎ᠳᠠᠭᠠᠨ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠵᠥᠪᠱᠢᠶᠡᠷᠡᠭ᠌ᠳᠡᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠦᠢᠯᠡᠳᠦᠯ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠲᠠᠶ ᠪᠥᠬᠥ᠌ ᠲᠠᠯ᠎ᠠ᠎ᠪᠠᠷ ᠪᠠᠷᠢᠮᠵᠢᠶᠠᠯᠠᠵᠤ᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ ᠳ᠋ᠤ ᠰᠠᠨᠠᠭᠠᠴᠢᠯᠠᠭ᠎ᠠ᠎ᠡᠴᠡ᠎ᠪᠠᠨ ᠦᠶ᠋ᠯᠡᠴᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠱᠠᠲᠤ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠥᠭ᠌ᠵᠢᠯᠲᠡ᠎ᠳᠦ ᠵᠣᠬᠢᠴᠠᠭ᠍ᠰᠠᠨ ᠣᠳᠣᠬᠢᠴᠢᠯᠠᠭ᠍ᠰᠠᠨ ᠰᠤᠷᠭᠠᠨ ᠬᠥᠮᠦᠵᠢᠯ᠎ᠦᠨ ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠵᠤ ᠪᠠᠢᠨ᠎ᠠ ᠬᠡᠵᠡᠢ᠃

ᠰᠠᠭᠤᠷᠢ ᠰᠤᠷᠭᠠᠨ ᠬᠥᠮᠦᠵᠢᠯ᠎ᠢ ᠱᠢᠯᠢᠳᠡᠭ᠌ᠵᠢᠭᠦᠯᠦᠨ᠎ᠡ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠥᠮᠦᠨ ᠠᠮᠠ᠎ᠶ᠋ᠢᠨ ᠱᠢᠯᠵᠢᠯᠲᠡ ᠪᠠ ᠬᠥᠭ᠌ᠵᠢᠯᠲᠡ᠎ᠶ᠋ᠢᠨ ᠲᠥᠯᠥᠪᠵᠢᠭᠦᠯᠭᠡ᠎ᠲᠡᠶ ᠤᠶᠠᠯᠳᠤᠭᠤᠯᠤᠨ᠂ ᠴᠢᠨᠠᠷ ᠰᠠᠢᠲᠠᠢ ᠰᠠᠭᠤᠷᠢ ᠰᠤᠷᠭᠠᠨ ᠬᠥᠮᠦᠵᠢᠯ᠎ᠦᠨ ᠰᠤᠷᠤᠬᠴᠢ ᠵᠢᠨ ᠤᠷᠤᠨ ᠲᠤᠭ᠎ᠠ ᠵᠢᠨ ᠬᠠᠩᠭᠠᠯᠭ᠎ᠠ᠎ᠶ᠋ᠢ ᠥᠷᠭᠡᠳᠭᠡᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠴᠢᠳᠠᠪᠤᠷᠢᠲᠠᠨ᠎ᠤ ᠦᠷ᠎ᠡ ᠬᠡᠦᠬᠡᠳ᠎ᠦᠨ ᠰᠤᠷᠭᠠᠭᠤᠯᠢ᠎ᠳᠤ ᠣᠷᠣᠬᠤ ᠬᠦᠴᠢᠷ ᠠᠰᠠᠭᠤᠳᠠᠯ᠎ᠢ ᠦᠨᠡᠨ ᠬᠦ᠌ ᠱᠢᠢᠳᠪᠦᠷᠢᠯᠡᠨ᠎ᠡ᠃ ᠤᠯᠤᠰ᠎ᠤᠨ ᠡᠭᠦᠳᠡᠨ᠎ᠦ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠬᠥᠭ᠌ᠵᠢᠭ᠌ᠰᠡᠨ ᠭᠠᠵᠠᠷ ᠣᠷᠣᠨ᠎ᠤ ᠴᠢᠨᠠᠷ ᠰᠠᠢᠲᠠᠶ ᠰᠤᠷᠭᠠᠭᠤᠯᠢ᠎ᠯᠤᠭ᠎ᠠ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ᠌ ᠬᠠᠷᠢᠴᠠᠭ᠎ᠠ ᠪᠠᠢᠭᠤᠯᠬᠤ᠂ ᠰᠤᠷᠭᠠᠨ ᠬᠥᠮᠦᠵᠢᠯ᠎ᠦᠨ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠰᠠᠭᠤᠷᠢ ᠰᠤᠷᠭᠠᠨ ᠬᠥᠮᠦᠵᠢᠯ᠎ᠦᠨ ᠪᠦᠬᠦᠯᠢ ᠴᠣᠭ᠍ᠴᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠬᠢᠯᠢ ᠬᠢᠵᠠᠭᠠᠷ᠎ᠤᠨ ᠬᠡᠦᠬᠡᠳ᠎ᠦᠳ᠎ᠤᠨ ᠬᠡᠷ᠎ᠤ᠋ᠨ ᠡᠭᠦᠳᠡᠨ ᠳ᠋ᠡᠭᠡᠨ ᠲᠠᠷᠤᠢ ᠱᠢᠯᠢᠳᠡᠭ ᠰᠤᠷᠭᠠᠨ ᠬᠥᠮᠦᠵᠢᠯ ᠬᠦᠷᠲᠡᠬᠦ ᠵᠢ ᠪᠡᠶᠡᠯᠡᠬᠦᠯᠦᠨ᠎ᠡ᠃

ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠢ ᠬᠦᠴᠦᠷᠬᠡᠭ᠌ᠵᠢᠭᠦᠯᠦᠨ᠎ᠡ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠤ ᠦᠢᠯᠡᠰ᠎ᠦᠨ ᠬᠡᠷᠡᠭ᠌ᠴᠡᠭᠡ᠎ᠲᠠᠶ ᠵᠣᠯᠭᠠᠭᠤᠯᠵᠤ᠂ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ᠎ᠶ᠋ᠢ ᠬᠥᠳᠡᠯᠦᠩᠭᠦᠶ᠎ᠪᠡᠷ ᠲᠣᠬᠢᠷᠠᠭᠤᠯᠤᠨ᠎ᠠ᠃ ᠬᠥᠬᠡᠬᠣᠲᠠ᠎ᠶ᠋ᠢᠨ ᠬᠡᠰᠡᠭ ᠲᠤ᠌ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠲᠣᠮᠣ ᠳ᠋ᠠᠢᠲ᠋ᠠ᠂ ᠢᠳᠡᠭᠡᠨ᠎ᠦ ᠱᠢᠨᠵᠢᠯᠡᠬᠦ᠌ ᠤᠬᠠᠭᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡ ᠵᠡᠷᠭᠡ ᠱᠢᠨᠵᠢᠯᠡᠭᠡᠨ᠎ᠦ ᠲᠤᠰᠭᠠᠶ ᠮᠡᠷᠭᠡᠵᠢᠯ᠎ᠢ ᠭᠤᠤᠯᠳᠠᠯᠭ᠎ᠠ᠎ᠲᠠᠶ ᠪᠠᠢᠷᠢᠱᠢᠭᠤᠯᠬᠤ᠎ᠶ᠋ᠢ ᠳᠡᠮᠵᠢᠵᠦ᠍᠂ ᠣᠷᠣᠨ ᠪᠦᠰᠡ᠎ᠶ᠋ᠢᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠤᠯ ᠬᠦᠶ᠋ᠰᠦ᠎ᠶ᠋ᠢ ᠪᠣᠶ ᠪᠣᠯᠭᠠᠨ᠎ᠠ; ᠮᠠᠨᠵᠤᠤᠷ᠎ᠤᠨ ᠬᠡᠰᠡᠭ ᠲᠤ᠌ ᠣᠯᠠᠨ ᠤᠯᠤᠰ᠎ᠤᠨ ᠠᠵᠤ ᠠᠬᠤᠶ ᠠᠷᠠᠯᠵᠢᠶ᠎ᠠ᠂ ᠬᠢᠯᠢ ᠠᠯᠤᠰᠯᠠᠭ᠍ᠰᠠᠨ ᠪᠠᠷᠠᠭᠠᠨ᠎ᠤ ᠭᠦᠶ᠋ᠯᠭᠡᠭᠡ᠂ ᠣᠷᠣᠰ ᠬᠡᠯᠡ᠂ ᠬᠢᠯᠢ ᠵᠢᠨ ᠪᠣᠭᠣᠮᠲᠠ᠎ᠶ᠋ᠢᠨ ᠬᠠᠮᠢᠶᠠᠷᠤᠯᠲᠠ᠂ ᠬᠢᠯᠢ ᠠᠯᠤᠰᠯᠠᠭ᠍ᠰᠠᠨ ᠵᠢᠭᠤᠯᠴᠢᠯᠠᠯ ᠵᠡᠷᠭᠡ ᠲᠤᠰᠭᠠᠶ ᠮᠡᠷᠭᠡᠵᠢᠯ᠎ᠢ ᠭᠤᠤᠯᠳᠠᠯᠭ᠎ᠠ᠎ᠲᠠᠶ ᠬᠥᠭ᠌ᠵᠢᠭᠦᠯᠵᠦ᠍᠂ ᠳᠤᠮᠳᠠᠳᠤ ᠣᠷᠣᠰ᠎ᠤᠨ ᠬᠢᠯᠢ᠎ᠶ᠋ᠢᠨ ᠰᠤᠷᠭᠠᠨ ᠬᠥᠮᠦᠵᠢᠯ᠎ᠦᠨ ᠬᠠᠮᠲᠤᠷᠠᠯᠴᠠᠭ᠎ᠠ᠎ᠶ᠋ᠢᠨ ᠥᠨᠳᠥᠷᠯᠢᠭ᠎ᠢ ᠪᠠᠢᠭᠤᠯᠤᠨ᠎ᠠ; ᠡᠷᠢᠶᠡᠨ ᠬᠣᠲᠠ᠎ᠶ᠋ᠢᠨ ᠬᠡᠰᠡᠭ ᠲᠤ᠌ ᠮᠣᠩᠭᠣᠯ ᠬᠡᠯᠡ᠂ ᠣᠯᠠᠨ ᠤᠯᠤᠰ᠎ᠤᠨ ᠠᠷᠠᠯᠵᠢᠶ᠎ᠠ᠂ ᠣᠯᠠᠨ ᠤᠯᠤᠰ᠎ᠤᠨ ᠪᠠᠷᠠᠭᠠᠨ᠎ᠤ ᠭᠦᠶ᠋ᠯᠭᠡᠭᠡ᠂ ᠬᠢᠯᠢ ᠠᠯᠤᠰᠯᠠᠭ᠍ᠰᠠᠨ ᠡᠮᠴᠢᠯᠡᠭᠡ ᠵᠡᠷᠭᠡ ᠲᠤᠰᠭᠠᠶ ᠮᠡᠷᠭᠡᠵᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ ᠮᠣᠩᠭᠣᠯ᠎ᠤᠨ ᠰᠣᠶᠣᠯ ᠢᠷᠭᠡᠨᠱᠢᠯ᠎ᠦᠨ ᠰᠣᠯᠢᠯᠴᠠᠭᠠᠨ᠎ᠤ ᠭᠤᠤᠯ ᠲᠠᠪᠴᠠᠩ᠎ᠢ ᠪᠠᠢᠭᠤᠯᠤᠨ᠎ᠠ᠃ 《ᠰᠤᠷᠭᠠᠨ ᠬᠥᠮᠦᠵᠢᠯ᠎ᠦᠨ ᠨᠡᠭᠡᠭᠡᠯᠲᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠴᠢᠳᠠᠪᠤᠷᠢᠲᠠᠨ᠎ᠢ ᠬᠥᠮᠦᠵᠢᠭᠦᠯᠬᠦ᠌᠂ ᠦᠷ᠎ᠡ ᠪᠦᠲᠦᠭᠡᠯ᠎ᠢ ᠤᠨᠳᠤᠤᠰᠢᠭᠤᠯᠬᠤ᠂ ᠣᠯᠠᠨ ᠤᠯᠤᠰ᠎ᠤ᠋ᠨ ᠬᠠᠮᠲᠤᠷᠠᠯᠴᠠᠭ᠎ᠠ᠂ ᠠᠵᠤ ᠦᠶ᠋ᠯᠡᠰ᠎ᠲᠦ ᠡᠨᠧᠷᠭᠢ ᠣᠯᠭᠣᠬᠤ》 ᠵᠢᠷᠭᠤᠭᠠᠨ ᠶᠡᠬᠡ ᠴᠢᠭ᠌ᠯᠡᠯ ᠤ᠋ᠨ ᠲᠣᠭᠣᠷᠢᠨ᠎ᠳᠤ᠂ ᠠᠮᠢ ᠨᠠᠰᠤᠨ᠎ᠤ ᠡᠷᠡᠭᠦᠯ ᠮᠡᠨᠳᠦ ᠬᠢᠭᠡᠳ ᠠᠮᠢᠳᠤ ᠪᠣᠳᠠᠰ᠎ᠤᠨ ᠡᠭᠦᠯᠳᠡᠷ᠎ᠢ ᠪᠣᠢᠵᠢᠭᠤᠯᠬᠤ᠂ ᠵᠣᠬᠢᠶᠠᠮᠠᠯ ᠣᠶᠤᠨ ᠴᠢᠳᠠᠪᠤᠷᠢ ᠬᠢᠭᠡᠳ ᠪᠤᠳᠤᠯᠳᠠ ᠵᠢᠨ ᠬᠦᠴᠦᠨ ᠴᠠᠬᠢᠯᠭᠠᠨ ᠬᠦᠴᠦᠨ᠎ᠢ ᠬᠠᠮᠵᠢᠯᠴᠠᠭᠤᠯᠬᠤ᠂ ᠭᠠᠳᠠᠭᠠᠳᠤ᠎ᠳᠤ ᠬᠣᠯᠪᠣᠭ᠍ᠳᠠᠬᠤ ᠠᠷᠠᠯᠵᠢᠶ᠎ᠠ ᠬᠢᠭᠡᠳ ᠬᠠᠤᠯᠢ᠎ᠶ᠋ᠢᠨ ᠶᠠᠪᠤᠳᠠᠯ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠢ ᠡᠳ᠋ᠱᠢᠭᠦᠯᠬᠦ᠌᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶ᠋ᠢᠨ ᠬᠣᠩᠭᠢᠯ᠎ᠤᠨ ᠪᠦᠲᠦᠭᠡᠨ ᠪᠠᠢᠭᠤᠯᠤᠯᠲᠠ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠨ ᠬᠥᠮᠦᠵᠢᠯ᠂ ᠴᠢᠳᠠᠪᠤᠷᠢᠲᠠᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠢᠭᠡᠳ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠠᠮᠵᠢᠯᠴᠠᠨ ᠬᠥᠳᠡᠯᠦᠯᠴᠡᠵᠦ᠍ ᠬᠥᠭ᠌ᠵᠢᠬᠦ᠌ ᠱᠢᠰᠲ᠋ᠧᠮ ᠢ᠋ ᠪᠠᠢᠭᠤᠯᠤᠨ᠎ᠠ᠃

ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠢ ᠪᠣᠳᠠᠲᠠᠢᠵᠢᠭᠤᠯᠤᠨ᠎ᠠ᠃ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ ᠭᠦᠶ᠋ᠯᠭᠡᠭᠡ᠂ ᠲᠣᠭᠠᠴᠢᠯᠠᠭ᠍ᠰᠠᠨ ᠠᠵᠤ ᠠᠬᠤᠶ᠂ ᠬᠢᠯᠢ ᠠᠯᠤᠰᠯᠠᠭ᠍ᠰᠠᠨ ᠵᠢᠭᠤᠯᠴᠢᠯᠠᠯ᠂ ᠣᠯᠠᠨ ᠤᠯᠤᠰ᠎ᠤᠨ ᠠᠷᠠᠯᠵᠢᠶ᠎ᠠ᠂ ᠣᠯᠠᠨ ᠤᠯᠤᠰ᠎ᠤᠨ ᠪᠠᠷᠠᠭᠠᠨ᠎ᠤ ᠭᠦᠶ᠋ᠯᠭᠡᠭᠡ ᠵᠡᠷᠭᠡ ᠲᠤᠰᠭᠠᠶ ᠮᠡᠷᠭᠡᠵᠢᠯ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠤᠷᠤᠨ᠎ᠤ ᠠᠵᠤ ᠠᠬᠤᠢᠯᠠᠯ᠂ ᠠᠵᠢᠯ ᠲᠥᠷᠥᠯ᠎ᠦᠨ ᠪᠠᠢᠭᠤᠯᠤᠮᠵᠢ᠎ᠯᠤᠭ᠎ᠠ ᠭᠦᠨᠵᠡᠭᠡᠶ ᠬᠣᠯᠪᠣᠵᠤ᠂ ᠬᠠᠮᠵᠢᠯᠴᠠᠨ ᠠᠬᠢᠭᠤᠯᠵᠤ᠂ ᠨᠢᠭᠡ ᠪᠦᠯᠦᠭ ᠣᠨᠴᠠᠯᠢᠭ᠎ᠢᠶᠠᠷ ᠢᠯᠡ ᠲᠣᠳᠣ᠂ ᠳᠠᠪᠠᠭᠤᠯᠢᠭ᠎ᠢᠶᠠᠷ ᠲᠣᠪᠣᠢᠮ᠎ᠠ ᠪᠣᠭᠣᠮᠲᠠ᠎ᠶ᠋ᠢᠨ ᠣᠨᠴᠠᠯᠢᠭ᠍ᠲᠤ ᠲᠤᠰᠭᠠᠶ ᠮᠡᠷᠭᠡᠵᠢᠯ᠎ᠢ ᠪᠤᠢ ᠪᠣᠯᠭᠠᠨ᠎ᠠ᠃ ᠬᠣᠲᠠ᠎ᠶ᠋ᠢᠨ ᠬᠡᠪᠴᠢᠶᠡᠨ᠎ᠦ ᠠᠵᠤ ᠦᠶ᠋ᠯᠡᠰ ᠪᠠ ᠰᠤᠷᠭᠠᠨ ᠬᠥᠮᠦᠵᠢᠯ᠎ᠦᠨ ᠬᠣᠯᠪᠣᠭᠠᠲᠤ ᠴᠣᠭ᠍ᠴᠠ᠂ ᠠᠵᠢᠯ ᠲᠥᠷᠥᠯ᠎ᠦᠨ ᠠᠵᠤ ᠦᠶ᠋ᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠬᠠᠮᠲᠤ᠎ᠶ᠋ᠢᠨ ᠴᠣᠭ᠍ᠴᠠ᠎ᠪᠠᠷ ᠭᠤᠤᠯ ᠠᠴᠢᠶᠠᠯᠠᠪᠤᠷᠢ ᠪᠣᠯᠭᠠᠵᠤ᠂ ᠣᠷᠣᠨ ᠪᠦᠰᠡ᠂ ᠠᠵᠢᠯ ᠲᠥᠷᠥᠯ᠎ᠦᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠤᠷᠤᠨ᠎ᠤ ᠡᠯ᠎ᠡ ᠬᠡᠰᠡᠭ᠎ᠤᠨ ᠠᠵᠤ ᠦᠶ᠋ᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠤᠨ᠎ᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠦᠨ᠎ᠡ᠃ ᠬᠥᠬᠡᠬᠣᠲᠠ᠎ᠶ᠋ᠢᠨ ᠬᠡᠰᠡᠭ᠎ᠢ ᠳᠡᠮᠵᠢᠵᠦ᠍ ᠣᠷᠣᠨ᠎ᠤ ᠲᠥᠪ᠎ᠦᠨ ᠰᠤᠷᠭᠠᠨ ᠬᠥᠮᠦᠵᠢᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ ᠣᠷᠣᠨ ᠪᠦᠰᠡ᠎ᠶ᠋ᠢᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠭᠤᠤᠯᠳᠠᠯᠭ᠎ᠠ᠎ᠲᠠᠶ ᠪᠠᠢᠭᠤᠯᠤᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠮᠠᠯ ᠠᠵᠤ ᠠᠬᠤᠶ ᠲᠠᠷᠢᠶᠠᠯᠠᠩ᠂ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠂ ᠪᠣᠬᠢᠷᠲᠤᠯ ᠥᠬᠡᠶ ᠪᠤᠳᠤᠯᠲᠠ᠎ᠵᠢᠨ ᠬᠦᠴᠦᠨ᠂ ᠡᠮ ᠡᠮᠨᠡᠯᠭᠡ᠎ᠶ᠋ᠢᠨ ᠠᠵᠤ ᠦᠶ᠋ᠯᠡᠰ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠱᠢᠨ᠎ᠡ ᠮᠠᠲ᠋ᠧᠷᠢᠶᠠᠯ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠤᠷᠤᠯᠳᠤᠭᠠᠨ᠎ᠤ ᠵᠠᠮ᠎ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠬᠢᠨ᠎ᠤ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠤ ᠠᠬᠤᠢᠯᠠᠯ᠎ᠤᠨ 《ᠪᠣᠭᠣᠮᠢ》 ᠪᠤᠯᠵᠤ ᠪᠠᠢᠭ᠎ᠠ ᠮᠡᠷᠭᠡᠵᠢᠯ᠎ᠦᠨ ᠬᠦᠴᠢᠷ ᠠᠰᠠᠭᠤᠳᠠᠯ ᠪᠠ ᠠᠵᠤ ᠦᠶ᠋ᠯᠡᠰ᠎ᠦᠨ ᠨᠡᠢᠲᠡᠯᠢᠭ ᠴᠢᠨᠠᠷᠲᠠᠶ ᠮᠡᠷᠭᠡᠵᠢᠯ᠎ᠦᠨ ᠬᠡᠷᠡᠭ᠌ᠴᠡᠭᠡ᠎ᠶ᠋ᠢ ᠵᠠᠯᠭᠠᠨ ᠠᠪᠬᠤ᠎ᠶ᠋ᠢ ᠳᠡᠮᠵᠢᠨ᠎ᠡ᠃ ᠶᠡᠬᠡ ᠳᠡᠭᠡᠳᠦ ᠰᠤᠷᠭᠠᠭᠤᠯᠢ᠎ᠶ᠋ᠢᠨ ᠲᠤᠱᠢᠶᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠡᠷᠬᠡ ᠣᠯᠭᠣᠬᠤ ᠥᠭᠡᠷᠡᠴᠢᠯᠡᠯᠲᠡ᠎ᠵᠢ ᠭᠦᠨᠵᠡᠭᠡᠢᠷᠡᠭᠦᠯᠬᠦ ᠵᠡᠷᠭᠡ᠎ᠪᠡᠷ ᠳᠠᠮᠵᠢᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠤᠨᠳᠤᠤᠱᠢᠭᠤᠯᠬᠤ ᠵᠠᠮ ᠰᠤᠪᠠᠭ᠎ᠢ ᠨᠡᠪᠲᠡᠷᠡᠭᠦᠯᠦᠨ᠎ᠡ᠃

ᠤᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭ᠎ᠠ᠎ᠶ᠋ᠢ ᠴᠢᠩᠭᠠᠳᠭᠠᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠲᠦᠷᠢᠮ᠎ᠦᠨ ᠱᠢᠨ᠎ᠡ᠎ᠶ᠋ᠢ ᠡᠭᠦᠳᠬᠦ᠌ ᠪᠠ ᠨᠡᠭᠡᠭᠡᠯᠲᠡ ᠬᠢᠵᠦ᠍ ᠬᠠᠷᠢᠯᠴᠠᠨ ᠠᠱᠢᠭ᠍ᠲᠠᠶ ᠪᠠᠢᠬᠤ ᠲᠥᠷᠥ᠎ᠶ᠋ᠢᠨ ᠪᠣᠳᠣᠯᠭ᠎ᠠ᠎ᠶ᠋ᠢᠨ ᠳᠠᠪᠠᠭᠤᠯᠢᠭ᠎ᠲᠤ ᠲᠦᠱᠢᠭ᠌ᠯᠡᠨ᠂ ᠣᠷᠣᠰ ᠮᠣᠩᠭᠣᠯ ᠵᠡᠷᠭᠡ 《ᠨᠢᠭᠡ ᠪᠦᠰᠡ ᠨᠢᠭᠡ ᠵᠠᠮ》᠎ᠤ᠋ᠨ ᠤᠯᠤᠰ᠎ᠤᠳ᠎ᠯᠤᠭ᠎ᠠ᠎ᠶ᠋ᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭᠠᠳᠭᠠᠵᠤ᠂ ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠭᠢᠯᠡᠬᠦ᠌᠎ᠶ᠋ᠢ ᠥᠷᠨᠢᠭᠦᠯᠦᠨ᠂ ᠨᠢᠭᠡ ᠪᠦᠯᠦᠭ ᠭᠠᠳᠠᠭᠠᠳᠤ ᠬᠡᠯᠡᠨ᠎ᠳᠦ ᠨᠡᠪᠲᠡᠷᠡᠭ᠌ᠰᠡᠨ᠂ ᠠᠵᠤ ᠠᠬᠤᠶ ᠠᠷᠠᠯᠵᠢᠶᠠᠨ᠎ᠤ ᠲᠦᠷᠢᠮ᠎ᠢ ᠨᠡᠪᠲᠡᠷᠬᠡᠶ ᠮᠡᠳᠡᠭ᠌ᠰᠡᠨ᠂ ᠬᠢᠯᠢ ᠠᠯᠤᠰᠯᠠᠭ᠍ᠰᠠᠨ ᠪᠣᠳᠠᠲᠤ ᠶᠠᠪᠤᠳᠠᠯ᠎ᠢ ᠬᠦᠢᠴᠡᠳᠬᠡᠬᠦ ᠴᠢᠳᠠᠪᠤᠷᠢ᠎ᠲᠠᠶ ᠬᠠᠮ ᠬᠡᠯᠪᠡᠷᠢ᠎ᠶ᠋ᠢᠨ ᠤᠯᠠᠨ ᠤᠯᠤᠰ᠎ᠤᠨ ᠴᠢᠨᠠᠷᠲᠠᠢ ᠴᠢᠳᠠᠪᠤᠷᠢᠲᠠᠨ᠎ᠢ ᠬᠥᠮᠦᠵᠢᠭᠦᠯᠦᠨ᠎ᠡ᠃ 《ᠳᠤᠮᠳᠠᠳᠤ ᠤᠯᠤᠰ᠎ᠲᠦ ᠰᠤᠷᠤᠯᠴᠠᠬᠤ·ᠥᠪᠥᠷ ᠮᠣᠩᠭᠣᠯ᠎ᠳᠤ ᠰᠤᠷᠤᠯᠴᠠᠬᠤ》 ᠣᠨᠴᠠᠯᠢᠭ᠍ᠲᠤ ᠲᠥᠷᠥᠯ ᠲᠡᠮᠳᠡᠭ᠌᠎ᠢ ᠡᠬᠦᠳᠴᠤ᠂ ᠳᠤᠮᠳᠠᠳᠤ ᠭᠠᠳᠠᠭᠠᠳᠤ᠎ᠶ᠋ᠢᠨ ᠶᠡᠬᠡ ᠳᠡᠭᠡᠳᠦ ᠰᠤᠷᠭᠠᠭᠤᠯᠢ ᠬᠠᠮᠲᠤᠷᠠᠨ ᠰᠤᠷᠭᠠᠭᠤᠯᠢ ᠡᠷᠬᠢᠯᠡᠬᠦ᠌᠂ ᠰᠤᠷᠤᠯᠭ᠎ᠠ᠎ᠶ᠋ᠢᠨ ᠬᠤᠪᠢ᠎ᠶ᠋ᠢ ᠬᠠᠷᠢᠯᠴᠠᠨ ᠮᠡᠳᠡᠷᠡᠬᠦ᠌᠂ ᠬᠢᠯᠢ ᠠᠯᠤᠰᠯᠠᠨ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ᠎ᠶ᠋ᠢ ᠳᠠᠮᠵᠢᠵᠤ᠂ ᠣᠯᠠᠨ ᠳᠡᠰ ᠳᠠᠪᠬᠤᠷᠭ᠎ᠠ᠎ᠶ᠋ᠢᠨ᠂ ᠥᠷᠭᠡᠨ ᠬᠡᠪᠴᠢᠶᠡᠨ᠎ᠦ ᠰᠤᠷᠭᠠᠨ ᠬᠥᠮᠦᠵᠢᠯ᠎ᠦᠨ ᠰᠣᠯᠢᠯᠴᠠᠭᠠᠨ᠎ᠤ ᠲᠠᠪᠴᠠᠩ ᠢ᠋ ᠪᠠᠢᠭᠤᠯᠤᠨ᠎ᠠ᠃ ᠳᠤᠮᠳᠠᠳᠤ᠎ᠳᠤ ᠢᠷᠡᠵᠦ᠍ ᠰᠤᠷᠤᠯᠴᠠᠬᠤ ᠰᠤᠷᠤᠭ᠍ᠴᠢᠳ᠎ᠤᠨ ᠳᠠᠳᠤᠯᠭ᠎ᠠ ᠬᠢᠵᠤ ᠦᠶ᠋ᠯᠡᠳᠦᠯᠭᠡ ᠳ᠋ᠤ ᠤᠷᠤᠯᠴᠠᠬᠤ᠎ᠰᠠᠭᠤᠷᠢᠨ᠎ᠢ ᠪᠠᠢᠭᠤᠯᠵᠤ᠂ ᠳᠤᠮᠳᠠᠳᠤ᠎ᠳᠤ ᠢᠷᠡᠵᠦ᠍ ᠰᠤᠷᠤᠯᠴᠠᠬᠤ ᠰᠤᠷᠤᠭ᠍ᠴᠢᠳ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠤ ᠠᠬᠤᠢᠯᠠᠯ᠂ ᠤᠯᠤᠰ ᠠᠯᠤᠰᠯᠠᠭ᠍ᠰᠠᠨ ᠪᠠᠢᠭᠤᠯᠤᠮᠵᠢ᠎ᠳᠤ ᠳᠠᠳᠤᠯᠭ᠎ᠠ ᠬᠢᠬᠦ᠌᠂ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ᠎ᠶ᠋ᠢ ᠳᠡᠮᠵᠢᠵᠦ᠍᠂ 《ᠭᠠᠳᠠᠭᠠᠳᠤ᠎ᠳᠤ ᠰᠤᠷᠤᠯᠴᠠᠬᠤ — ᠳᠠᠳᠤᠯᠭ᠎ᠠ ᠬᠢᠬᠦ᠌ — ᠠᠵᠢᠯ ᠤᠯᠬᠤ》 ᠵᠠᠮ᠎ᠢ ᠨᠡᠪᠲᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠳᠡᠯᠡᠬᠡᠢᠴᠢᠯᠡᠭᠰᠡᠨ ᠲᠥᠷᠥᠯ ᠵᠦᠢᠯ ᠥᠷᠨᠢᠭᠦᠯᠬᠦ᠌᠎ᠶ᠋ᠢ ᠳᠡᠮᠵᠢᠵᠦ᠍᠂ ᠳᠤᠮᠳᠠᠳᠤ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠠᠷᠢᠮᠵᠢᠶ᠎ᠠ᠎ᠶ᠋ᠢᠨ ᠤᠯᠠᠨ ᠤᠯᠤᠰ᠎ᠤᠨ ᠮᠡᠳᠡᠷᠡᠬᠦ ᠬᠡᠮᠵᠢᠶ᠎ᠡ ᠪᠣᠯᠤᠨ ᠣᠷᠣᠨ ᠪᠦᠰᠡ᠎ᠶ᠋ᠢᠨ ᠨᠡᠢᠳᠡᠮ ᠬᠡᠷᠡᠭ᠌ᠯᠡᠭ᠌ᠳᠡᠬᠦ᠌ ᠴᠢᠨᠠᠷ᠎ᠢ ᠳᠡᠭᠡᠭ᠌ᠰᠢᠯᠡᠭᠦᠯᠦᠨ᠎ᠡ᠃

ᠴᠧᠨ ᠮᠢᠩ᠄ 《ᠪᠢᠳᠡ ᠤᠯᠤᠰ᠎ᠤᠨ ᠰᠤᠷᠭᠠᠨ ᠬᠥᠮᠦᠵᠢᠯ᠎ᠦᠨ ᠭᠠᠳᠠᠭᠠᠳᠤ ᠨᠡᠭᠡᠭᠡᠯᠲᠡ᠎ᠶ᠋ᠢᠨ ᠡᠯ᠎ᠡ ᠵᠦᠶ᠋ᠯ᠎ᠦᠨ ᠲᠤᠷᠱᠢᠯᠲᠠ᠎ᠶ᠋ᠢᠨ ᠴᠡᠭ᠎ᠤᠨ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠶ ᠲᠡᠮᠡᠴᠡᠨ ᠣᠯᠵᠤ᠂ ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠭᠢᠯᠡᠬᠦ᠌᠂ ᠭᠠᠳᠠᠭᠠᠳᠤ᠎ᠳᠤ ᠰᠤᠷᠤᠯᠴᠠᠬᠤ ᠰᠣᠷᠣᠭ᠍ᠴᠢ ᠡᠯᠰᠡᠬᠦ᠌᠂ ᠭᠠᠳᠠᠭᠠᠳᠤ᠎ᠶ᠋ᠢᠨ ᠬᠠᠷᠢᠶ᠎ᠠ᠎ᠲᠠᠶ ᠪᠠᠭ᠍ᠰᠢ᠎ᠶ᠋ᠢ ᠤᠷᠢᠵᠤ ᠬᠡᠷᠡᠭ᠌ᠯᠡᠬᠦ᠌ ᠵᠡᠷᠭᠡ ᠲᠠᠯ᠎ᠠ᠎ᠪᠠᠷ ᠤᠷᠢᠳ᠎ᠢᠶᠠᠷ ᠬᠢᠵᠦ ᠤᠷᠢᠳ᠎ᠢᠶᠠᠷ ᠲᠤᠷᠱᠢᠵᠤ᠂ ᠵᠣᠷᠢᠭ᠍ᠲᠠᠶ᠎ᠪᠠᠷ ᠰᠦᠪᠡᠭ᠌ᠴᠢᠯᠡᠵᠦ᠍᠂ ᠰᠤᠷᠭᠠᠨ ᠬᠥᠮᠦᠵᠢᠯ᠎ᠦᠨ ᠲᠢᠩᠬᠢᠮ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠵᠥᠪᠯᠡᠯ᠂ ᠡᠯ᠎ᠡ ᠶᠡᠬᠡ ᠳᠡᠭᠡᠳᠦ ᠰᠤᠷᠭᠠᠭᠤᠯᠢ᠂ ᠡᠯ᠎ᠡ ᠲᠥᠷᠥᠯ᠎ᠦᠨ ᠠᠵᠤ ᠠᠬᠤᠢᠯᠠᠯ ᠵᠡᠷᠬᠡ ᠳᠥᠷᠪᠡᠨ ᠲᠠᠯ᠎ᠠ᠎ᠡᠴᠡ ᠬᠣᠯᠪᠣᠭᠠᠯᠠᠨ ᠬᠥᠳᠡᠯᠦᠯᠴᠡᠬᠦ᠌ ᠠᠵᠢᠯ᠎ᠤᠨ ᠲᠣᠭ᠍ᠲᠡᠴᠡ᠎ᠶ᠋ᠢ ᠪᠠᠢᠭᠤᠯᠵᠤ᠂ ᠰᠤᠷᠭᠠᠨ ᠬᠥᠮᠦᠵᠢᠯ᠎ᠦᠨ ᠬᠠᠩᠭᠠᠯᠭ᠎ᠠ᠎ᠶ᠋ᠢᠨ ᠪᠦᠲᠦᠴᠡ᠎ᠶ᠋ᠢ ᠬᠥᠳᠡᠯᠦᠩᠭᠦᠶ᠎ᠪᠡᠷ ᠲᠣᠬᠢᠷᠠᠭᠤᠯᠵᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠳᠤ ᠰᠤᠷᠭᠠᠨ ᠬᠥᠮᠦᠵᠢᠯ᠎ᠦᠨ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号