ᠶᠠᠨ ᠠᠨ᠄ ᠬᠤᠪᠢᠰᠬᠠᠯ᠎ᠤᠨ ᠠᠷᠢᠭᠤᠨ ᠤᠷᠤᠨ ᠬᠦᠭᠵᠢᠯ ᠴᠡᠴᠡᠭᠯᠡᠯ ᠤ᠋ᠨ ᠭᠠᠢᠬᠠᠮᠰᠢᠭᠳᠤ ᠬᠤᠪᠢᠷᠠᠯᠳᠠ ᠵᠢᠨ ᠬᠠᠭᠤᠳᠠᠰᠤ ᠵᠢ ᠪᠢᠴᠢᠭᠯᠡᠨ᠎ᠠ
2026-06-15 10:00:53
ᠵᠣᠬᠢᠶᠠᠭ᠍ᠴᠢ᠄
ᠵᠦ᠍ ᠭᠤᠤ ᠰᠢᠶᠠᠩ ᠂ ᠵᠧᠩ ᠰᠢᠨ ᠂ ᠴᠧᠨ ᠴᠧᠨ
ᠣᠩᠱᠢᠭ᠍ᠰᠠᠨ ᠣᠳᠠᠭ᠎ᠠ᠄
★★★☆☆

ᠶᠠᠨ ᠠᠨ ᠪᠣᠯ ᠳᠤᠮᠳᠠᠳᠤ ᠤᠯᠤᠰ᠎ᠤᠨ ᠬᠤᠪᠢᠰᠬᠠᠯ᠎ᠤᠨ ᠠᠷᠢᠭᠤᠨ ᠤᠷᠤᠨ ᠮᠥᠨ᠂ ᠰᠢᠨ᠎ᠡ ᠳᠤᠮᠳᠠᠳᠤ ᠤᠯᠤᠰ᠎ᠤᠨ ᠥᠯᠥᠭᠡᠢ ᠮᠥᠨ᠃ 1935 ᠣᠨ᠎ᠡᠴᠡ 1948 ᠣᠨ ᠪᠣᠯᠲᠠᠯ᠎ᠠ᠂ ᠨᠠᠮ᠎ᠤᠨ ᠲᠥᠪ ᠬᠣᠷᠢᠶ᠎ᠠ ᠶᠠᠨ ᠠᠨ᠎ᠳᠤ ᠳᠤᠮᠳᠠᠳᠤ ᠤᠯᠤᠰ᠎ᠤᠨ ᠬᠤᠪᠢᠰᠬᠠᠯ᠎ᠤᠨ ᠦᠢᠯᠡᠰ᠎ᠢ ᠤᠳᠤᠷᠢᠳᠤᠨ ᠪᠠᠭᠤᠷᠠᠯᠲᠠ ᠡᠴᠡ ᠥᠷᠨᠢᠯᠲᠡ ᠳ᠋ᠤ ᠬᠦᠷᠭᠡᠵᠤ᠂ ᠲᠡᠦᠬᠡᠲᠦ ᠴᠢᠨᠠᠷᠲᠠᠢ ᠡᠷᠭᠢᠯᠲᠡ᠎ᠶᠢ ᠪᠡᠶᠡᠯᠡᠭᠦᠯᠵᠦ᠂ ᠳᠤᠮᠳᠠᠳᠤ ᠤᠯᠤᠰ᠎ᠤᠨ ᠢᠷᠡᠭᠡᠳᠦᠢ ᠬᠤᠪᠢ ᠵᠠᠶᠠᠭ᠎ᠠ᠎ᠶᠢ ᠬᠤᠪᠢᠷᠠᠭᠤᠯᠪᠠ᠃ ᠭᠡᠷᠡᠯ ᠰᠠᠴᠤᠷᠠᠩᠭᠤᠢ ᠶᠠᠨ ᠠᠨ᠎ᠤ ᠵᠣᠷᠢᠭ᠋ ᠰᠠᠨᠠᠭ᠎ᠠ ᠡᠨᠳᠡ ᠬᠦᠪᠦᠷᠡᠨ ᠬᠥᠭᠵᠢᠪᠡ᠃

ᠶᠡᠷᠦᠩᠬᠡᠢ ᠱᠦᠵᠢ ᠰᠢ ᠵᠢᠨ ᠫᠢᠩ᠂ ᠶᠠᠨ ᠠᠨ᠎ᠤ ᠦᠶ᠎ᠡ᠎ᠳᠦ ᠪᠦᠷᠢᠯᠳᠦᠭᠦᠯᠦᠨ ᠪᠠᠳᠠᠷᠠᠭᠤᠯᠤᠭᠰᠠᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ᠂ ᠡᠷᠡᠰ ᠪᠠᠲᠤ ᠵᠥᠪ ᠣᠨᠣᠪᠴᠢᠲᠠᠢ ᠤᠯᠤᠰ ᠲᠦᠷᠦ᠎ᠶᠢᠨ ᠴᠢᠭᠯᠡᠯ᠂ ᠦᠵᠡᠯ ᠰᠠᠨᠠᠭ᠎ᠠ᠎ᠪᠠᠨ ᠴᠢᠯᠦᠭᠡᠯᠡᠨ ᠦᠨᠡᠨ᠎ᠡᠴᠡ ᠵᠥᠪ᠎ᠢ ᠡᠷᠢᠬᠦ ᠦᠵᠡᠯ ᠰᠠᠨᠠᠭᠠᠨ᠎ᠤ ᠱᠤᠭᠤᠮ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠂ ᠥᠪᠡᠷ᠎ᠦᠨ ᠬᠦᠴᠦ᠎ᠪᠡᠷ᠎ᠢᠶᠡᠨ ᠳᠡᠭᠵᠢᠷᠡᠵᠦ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ ᠦᠢᠯᠡᠰ ᠪᠣᠰᠬᠠᠬᠤ ᠵᠣᠷᠢᠭ᠋ ᠰᠠᠨᠠᠭ᠎ᠠ᠎ᠪᠠᠷ ᠭᠣᠣᠯ ᠠᠭᠤᠯᠭ᠎ᠠ ᠪᠣᠯᠭᠠᠭᠰᠠᠨ ᠶᠠᠨ ᠠᠨ᠎ᠤ ᠵᠣᠷᠢᠭ᠋ ᠰᠠᠨᠠᠭ᠎ᠠ ᠪᠤᠯ ᠨᠠᠮ᠎ᠤᠨ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠥᠷᠥᠩᠭᠡ ᠮᠥᠨ᠂ ᠲᠡᠭᠦᠨ᠎ᠢ ᠦᠶ᠎ᠡ᠎ᠶᠢᠨ ᠦᠶ᠎ᠡ᠎ᠳᠦ ᠤᠯᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠣᠶᠤᠨ ᠰᠠᠨᠠᠭᠠᠨ᠎ᠤ ᠤᠴᠢ᠂ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ᠶᠠᠨ ᠠᠨ᠎ᠤ ᠬᠥᠮᠥᠰ ᠢᠷᠠᠭᠤ ᠠᠯᠳᠠᠷᠲᠤ ᠤᠯᠠᠮᠵᠢᠯᠠᠯ᠎ᠢᠶᠠᠨ ᠵᠠᠯᠭᠠᠮᠵᠢᠯᠠᠵᠤ᠂ ᠬᠤᠪᠢᠰᠬᠠᠯ᠎ᠤᠨ ᠦᠨᠳᠦᠰᠦ ᠰᠤᠳᠠᠰᠤ᠎ᠶᠢ ᠰᠠᠢᠲᠤᠷ ᠰᠠᠬᠢᠵᠤ᠂ ᠨᠣᠮᠢᠨ ᠨᠣᠭᠣᠭᠠᠨ ᠭᠡᠷ ᠣᠷᠣᠨ᠎ᠢᠶᠠᠨ ᠬᠠᠢᠷᠠᠯᠠᠨ ᠬᠠᠮᠠᠭᠠᠯᠠᠵᠤ᠂ ᠬᠤᠪᠢᠰᠬᠠᠯ᠎ᠤᠨ ᠠᠷᠢᠭᠤᠨ ᠤᠷᠤᠨ ᠶᠠᠭ ᠴᠢᠨᠠᠷ ᠰᠠᠢᠲᠠᠢ ᠬᠥᠭᠵᠢᠯᠲᠡ ᠲᠡᠢᠰᠢ ᠤᠷᠤᠭᠰᠢᠯᠠᠬᠤ ᠭᠠᠢᠬᠠᠮᠰᠢᠭᠳᠤ ᠬᠤᠪᠢᠷᠠᠯᠲᠠ᠎ᠶᠢ ᠦᠷᠨᠢᠭᠦᠯᠵᠤ ᠪᠠᠢᠨ᠎ᠠ᠃

ᠣᠶᠤᠨ ᠤᠬᠠᠭᠠᠨ᠎ᠢᠶᠠᠨ ᠨᠢᠭ᠍ᠲᠠᠷᠠᠭᠤᠯᠵᠤ ᠦᠨᠳᠦᠰᠦ ᠰᠤᠳᠠᠰᠤ᠎ᠪᠡᠨ ᠰᠠᠬᠢᠨ᠎ᠠ

ᠵᠤᠨ᠎ᠤ ᠤᠯᠠᠷᠢᠯ ᠤ᠋ᠨ ᠶᠠᠨ ᠠᠨ ᠳ᠋ᠤ ᠤᠯᠠᠭᠠᠨ ᠨᠠᠷᠠᠠ ᠳᠤᠸᠠᠯᠠᠵᠤ᠂ ᠭᠠᠯ ᠤᠯᠠᠭᠠᠨ ᠨᠠᠮ᠎ᠤᠨ ᠲᠤᠭ ᠶᠠᠩ ᠵᠢᠶᠠ ᠯᠢᠩ᠎ᠦᠨ ᠬᠤᠪᠢᠰᠬᠠᠯ᠎ᠤᠨ ᠬᠠᠭᠤᠴᠢᠨ ᠪᠠᠭᠤᠷᠢ᠎ᠶᠢᠨ ᠲᠥᠪ ᠶᠣᠰᠣᠯᠠᠯ᠎ᠤᠨ ᠲᠠᠩᠬᠢᠮ᠎ᠳᠤ  ᠨᠠᠮᠢᠷᠠᠨ᠎ᠠ᠃ ᠲᠠᠢᠯᠪᠤᠷᠢᠯᠠᠭ᠍ᠴᠢ ᠯᠢᠦ ᠴᠢᠩ ᠶᠠᠨ ᠤᠳᠠᠭᠠᠨ ᠵᠢᠯ ᠶᠣᠰᠣᠯᠠᠯ᠎ᠤᠨ ᠲᠢᠩᠬᠢᠮ᠎ᠢᠶᠡᠷ ᠶᠠᠪᠤᠵᠤ᠂ ᠰᠡᠳᠬᠢᠯ ᠬᠥᠳᠡᠯᠭᠡᠮ᠎ᠡ ᠦᠯᠢᠭᠡᠷ᠎ᠢ ᠶᠠᠷᠢᠬᠤ᠎ᠪᠦᠷᠢ ᠱᠠᠨᠪᠧᠢ ᠠᠷᠠᠳ᠎ᠤᠨ ᠳᠠᠭᠤᠤ᠎ᠶᠢ ᠭᠢᠩᠰᠢᠵᠦ᠂ ᠵᠢᠭᠤᠯᠴᠢᠯᠠᠭᠰᠠᠳ᠎ᠢ ᠲᠡᠷᠡ ᠬᠦ᠌ ᠭᠠᠢᠬᠠᠮᠰᠢᠭ᠍ᠲᠤ ᠣᠨ ᠰᠠᠷ᠎ᠠ᠎ᠳᠤ ᠠᠪᠠᠴᠢᠳᠠᠭ᠃ ᠲᠡᠷᠡ᠄ 《ᠶᠠᠩ ᠵᠢᠶᠠ ᠯᠢᠩ᠎ᠦᠨ ᠨᠦᠬᠡᠨ ᠭᠡᠷ᠂ ᠶᠣᠰᠣᠯᠠᠯ᠎ᠤᠨ ᠲᠠᠩᠬᠢᠮ᠂ ᠬᠠᠭᠤᠴᠢᠨ ᠳᠤᠷᠠᠰᠬᠠᠯᠳᠤ ᠪᠣᠳᠠᠰ ᠪᠣᠯ ᠤᠭ ᠰᠠᠨᠠᠭ᠎ᠠ᠎ᠵᠢ ᠬᠠᠳᠠᠭᠠᠯᠠᠭᠰᠠᠨ ᠠᠮᠢᠳᠤ ᠲᠡᠦᠬᠡ᠎ᠶᠢᠨ ᠨᠣᠮ ᠪᠣᠯᠣᠨ᠎ᠠ》 ᠭᠡᠨ᠎ᠠ᠃

2026 ᠣᠨ᠎ᠤ ᠲᠦᠷᠦᠭᠦᠦ 5 ᠰᠠᠷ᠎ᠠ᠎ᠳᠤ᠂ ᠶᠠᠩ ᠵᠢᠶᠠ ᠯᠢᠩ ᠨᠡᠶ᠋ᠢᠲᠡ 55 ᠲᠦᠮᠡ ᠰᠢᠬᠠᠮ ᠵᠢᠭᠤᠯᠴᠢᠯᠠᠭᠴᠢ᠎ᠶᠢ ᠭᠥᠯᠢᠶᠡᠨ ᠠᠪᠴᠤ᠂ ᠡᠭᠦᠨ᠎ᠳᠦ ᠴᠥᠭᠡᠨ ᠪᠤᠰᠤ ᠨᠢ ᠰᠣᠷᠣᠭ᠍ᠴᠢ᠎ᠶᠢᠨ ᠰᠤᠳᠤᠯᠤᠨ ᠰᠤᠷᠤᠯᠴᠠᠬᠤ ᠪᠠ ᠡᠴᠢᠭᠡ ᠡᠬᠡ ᠦᠷ᠎ᠡ ᠬᠡᠦᠬᠡᠳ᠎ᠦᠨ ᠠᠵᠢᠯᠯᠠᠭ᠎ᠠ ᠪᠣᠯᠣᠨ᠎ᠠ᠃ 《ᠶᠠᠨ ᠠᠨ᠎ᠳᠤ ᠢᠷᠡᠬᠦ ᠪᠦᠷᠢ᠂ ᠠᠮᠢᠳᠤᠯᠢᠭ᠋ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ ᠣᠷᠣᠵᠤ᠂ ᠲᠡᠭᠦᠨ᠎ᠦ ᠳᠤᠮᠳᠠ ᠡᠴᠡ ᠤᠶᠤᠨ ᠰᠠᠨᠠᠭᠠᠨ᠎ᠤ ᠬᠦᠴᠦᠨ ᠴᠢᠳᠠᠯ ᠣᠯᠳᠠᠭ》 ᠭᠡᠵᠦ ᠰᠢ ᠵᠢᠩ ᠳᠡᠭᠡᠳᠦ ᠰᠤᠷᠭᠠᠭᠤᠯᠢ᠎ᠶᠢᠨ ᠪᠠᠭ᠍ᠰᠢ ᠵᠠᠩ ᠱᠤᠸᠠᠩ ᠬᠡᠯᠡᠪᠡ᠃

ᠤᠢ᠌ᠷ᠎ᠠ᠎ᠶᠢᠨ ᠵᠢᠯ᠎ᠳ᠋ᠤ᠂ ᠲᠤᠬᠠᠢ᠎ᠶᠢᠨ ᠭᠠᠵᠠᠷ᠎ᠤᠨ ᠬᠢᠨ 《ᠲᠡᠦᠬᠡ᠎ᠶᠢ ᠬᠦᠨᠳᠦᠳᠬᠡᠵᠦ᠍᠂ ᠰᠠᠯᠪᠢᠨ ᠵᠠᠰᠠᠬᠤ ᠳ᠋ᠡᠭᠠᠨ ᠬᠠᠭᠤᠴᠢᠨ ᠬᠡᠪ᠎ᠢ ᠨᠢ ᠬᠠᠳᠠᠭᠠᠯᠠᠬᠤ》 ᠵᠠᠷᠴᠢᠮ ᠶᠣᠰᠣᠭᠠᠷ᠂ ᠵᠠᠭᠤ ᠭᠠᠷᠤᠢ ᠬᠤᠪᠢᠰᠬᠠᠯ᠎ᠤᠨ ᠬᠠᠭᠤᠴᠢᠨ ᠪᠠᠭᠤᠷᠢ᠎ᠶᠢ ᠨᠠᠷᠢᠨ ᠨᠢᠮᠪᠠᠢ ᠰᠡᠯᠪᠢᠨ ᠵᠠᠰᠠᠪᠠ᠃ ᠲᠠᠨᠢᠯᠴᠠᠭᠤᠯᠤᠭᠰᠠᠨ᠎ᠢᠶᠠᠷ᠂ ᠶᠠᠨ ᠠᠨ᠎ᠳᠤ ᠤᠳᠤ 445 ᠬᠤᠪᠢᠰᠬᠠᠯ᠎ᠤᠨ ᠬᠠᠭᠤᠴᠢᠨ ᠪᠠᠭᠤᠷᠢ᠂ 19 ᠬᠤᠪᠢᠰᠬᠠᠯ᠎ᠤᠨ ᠲᠦᠷᠦᠯ᠎ᠦᠨ ᠳᠤᠷᠠᠰᠬᠠᠯ᠎ᠤᠨ ᠣᠷᠳᠣᠨ ᠪᠠᠶ᠋ᠢᠵᠤ᠂ 4.3 ᠲᠦᠮᠡᠨ ᠲᠡᠦᠬᠡ᠎ᠶᠢᠨ ᠳᠤᠷᠠᠰᠬᠠᠯᠲᠤ᠌ ᠵᠦᠢᠯᠡᠰ᠎ᠢ ᠬᠠᠳᠠᠭᠠᠯᠠᠵᠤ ᠪᠠᠶ᠋ᠢᠨ᠎ᠠ᠃

ᠡᠯᠪᠡᠭ ᠪᠠᠶᠠᠯᠢᠭ ᠬᠤᠪᠢᠰᠬᠠᠯ᠎ᠤᠨ ᠡᠬᠢ ᠪᠠᠶᠠᠯᠢᠭ᠎ᠲᠤ᠌ ᠲᠦᠰᠢᠭᠯᠡᠨ᠂ ᠶᠠᠨ ᠠᠨ ᠤᠢ᠌ᠷ᠎ᠠ᠎ᠶᠢᠨ ᠵᠢᠯ᠎ᠳᠦ ᠵᠠᠯᠭᠠᠭ᠎ᠠ᠎ᠪᠠᠷ 《ᠶᠠᠨ ᠠᠨ᠎ᠤ ᠠᠷᠪᠠᠨ ᠭᠤᠷᠪᠠᠨ ᠵᠢᠯ》᠂ 《ᠶᠠᠨ ᠠᠨ᠎ᠳᠤ ᠲᠠᠬᠢᠨᠳᠠ ᠪᠤᠴᠠᠬᠰᠡᠨ ᠨᠢ》 ᠵᠡᠷᠭᠡ ᠬᠤᠪᠢᠰᠬᠠᠯᠲᠤ᠌ ᠲᠣᠭᠯᠠᠯᠲᠠ᠎ᠶᠢᠨ ᠲᠦᠷᠦᠯ ᠵᠦᠢᠯ᠎ᠢ ᠭᠠᠷᠭᠠᠵᠤ᠂ ᠭᠠᠯ ᠤᠯᠠᠭᠠᠨ ᠬᠤᠪᠢᠰᠬᠠᠯ᠎ᠤᠨ ᠲᠡᠤᠭᠡ ᠵᠢ ᠦᠵᠡᠭᠴᠢᠳ᠎ᠦᠨ ᠡᠮᠦᠨ᠎ᠠ ᠲᠡᠯᠭᠡᠪᠡ᠃ ᠪᠦᠦ ᠲᠠ ᠱᠠᠨ ᠠᠭᠤᠯᠠ᠂ ᠶᠠᠩ ᠵᠢᠶᠠ ᠯᠢᠩ᠂ ᠶᠠᠨ ᠠᠨ᠎ᠤ ᠬᠤᠪᠢᠰᠬᠠᠯ᠎ᠤᠨ ᠳᠤᠷᠠᠰᠬᠠᠯ᠎ᠤᠨ ᠣᠷᠳᠣᠨ ᠵᠡᠷᠭᠡ ᠬᠠᠭᠤᠴᠢᠨ ᠪᠠᠭᠤᠷᠢ᠎ᠶᠢ ᠬᠡᠶ᠋ᠢᠰᠪᠦᠷᠢ ᠪᠤᠳᠠᠳᠤ ᠠᠬᠤᠢ᠂ 3D ᠵᠡᠷᠭᠡ ᠮᠡᠷᠭᠡᠵᠢᠯ᠎ᠳᠦ ᠣᠷᠣᠭᠤᠯᠵᠤ᠂ ᠵᠣᠭᠰᠣᠩᠭᠢ ᠪᠠᠶ᠋ᠢᠳᠠᠯ᠎ᠲᠠᠶ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ᠌ ᠵᠦᠢᠯᠡᠰ᠎ᠢ ᠲᠠᠰᠤᠷᠠᠯᠲᠠ ᠦᠭᠡᠢ 《ᠠᠮᠢᠯᠠᠭᠤᠯᠵᠤ》᠂  《ᠬᠥᠭᠵᠢᠭᠡᠵᠦ᠍》 ᠪᠠᠶ᠋ᠢᠨ᠎ᠠ᠃

《ᠨᠢᠳᠤᠨᠤᠨ ᠵᠢᠯ᠎ᠦᠨ ᠰᠡᠭᠦᠯᠴᠢ᠎ᠪᠡᠷ ᠰᠢ ᠠᠨ ᠡᠴᠡ ᠶᠠᠨ ᠠᠨ ᠬᠦᠷᠬᠦ ᠲᠦᠷᠭᠡᠨ᠎ᠦ ᠲᠡᠮᠦᠷ ᠵᠠᠮ ᠲᠡᠷᠭᠡ ᠨᠡᠪᠲᠡᠷᠡᠵᠦ᠍᠂ ᠰᠣᠶᠣᠯ ᠵᠢᠭᠤᠯᠴᠢᠯᠠᠯ᠎ᠳᠤ ᠰᠢᠨ᠎ᠡ ᠬᠥᠳᠡᠯᠭᠡᠬᠦ᠌ ᠡᠨᠧᠷᠭᠢ ᠣᠯᠭᠣᠪᠠ》᠃ ᠶᠠᠨ ᠠᠨ ᠬᠤᠳᠠ᠎ᠶᠢᠨ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠳ᠋ᠧᠩ ᠯᠢ ᠶᠠ᠂ ᠢᠷᠡᠭᠡᠳᠦᠢ᠎ᠳᠦ ᠶᠠᠨ ᠠᠨ 15 ᠵᠤᠷᠪᠤᠰ 《ᠬᠤᠪᠢᠰᠬᠠᠯ + ᠵᠠᠩ ᠦᠢᠯᠡ》᠂ 《ᠬᠤᠪᠢᠰᠬᠠᠯ + ᠠᠮᠢ ᠠᠬᠤᠢ》 ᠵᠢᠨ ᠰᠤᠳᠤᠯᠤᠨ ᠰᠤᠷᠤᠯᠴᠠᠬᠤ ᠱᠤᠭᠤᠮ᠎ᠢ ᠨᠠᠷᠢᠯᠢᠭ ᠴᠣᠭᠴᠠᠯᠠᠵᠤ᠂ ᠲᠣᠭᠠᠴᠢᠯᠠᠭᠰᠠᠨ ᠦᠢᠯᠡᠳᠭᠦᠨ  ᠭᠠᠷᠭᠠᠵᠤ᠂ ᠶᠠᠨ ᠠᠨ᠎ᠤ ᠵᠣᠷᠢᠭ ᠰᠠᠨᠠᠭ᠎ᠠ᠎ᠶᠢ ᠲᠠᠶ᠋ᠢᠯᠪᠤᠷᠢᠯᠠᠬᠤ ᠠᠴᠢᠶᠠᠯᠠᠪᠤᠷᠢ᠎ᠶᠢ ᠳᠠᠰᠤᠷᠠᠯᠳᠠ ᠦᠭᠡᠢ ᠪᠠᠶᠠᠯᠢᠭᠵᠢᠭᠤᠯᠬᠤ ᠪᠣᠯᠤᠨ᠎ᠠ ᠭᠡᠵᠦ᠍ ᠬᠡᠯᠡᠪᠡ᠃

ᠠᠮᠢ ᠠᠬᠤᠶ᠎ᠪᠡᠷ ᠲᠠᠷᠢᠶᠠᠴᠢᠳ ᠢ᠋ ᠪᠠᠶᠠᠵᠢᠭᠤᠯᠵᠤ ᠰᠢᠨ᠎ᠡ ᠳᠦᠷᠢ ᠲᠥᠷᠬᠦ᠌᠎ᠵᠢ ᠪᠤᠢ ᠪᠤᠯᠭᠠᠨ᠎ᠠ

ᠣᠳᠣᠬᠠᠨ ᠳ᠋ᠤ ᠶᠠᠭ ᠶᠠᠨ ᠠᠨ᠎ᠤ ᠠᠯᠮᠤᠷᠠᠳ ᠤ᠋ᠨ ᠤᠭᠤᠲᠠᠯᠠᠬᠤ ᠴᠠᠭ ᠲᠤᠬᠢᠶᠠᠬᠰᠡᠨ ᠵᠢᠡᠷ ᠶᠠᠨ ᠠᠨ᠎ᠤ ᡁᠢ ᠳ᠋ᠠᠨ ᠰᠢᠶᠠᠨ᠎ᠤ ᠰᠢᠩ ᠾᠧ ᠪᠠᠯᠭᠠᠰᠤᠨ᠎ᠤ᠋ ᠲᠡᠨᠵᠢ ᠬᠦᠳᠤᠯ ᠵᠢᠡᠷ ᠲᠠᠷᠢᠶᠠᠴᠢᠳ ᠴᠠᠭ ᠢ᠋ ᠠᠮᠵᠢᠨ ᠶᠠᠭᠠᠷᠠᠯᠳᠠᠢ ᠠᠵᠢᠯᠯᠠᠵᠠᠭᠠᠨ᠎ᠠ᠃

《ᠪᠠᠯᠭᠠᠰᠤᠨ᠎ᠤ ᠵᠠᠰᠠᠭ᠎ᠤᠨ ᠣᠷᠳᠣᠨ ᠵᠢᠮᠢᠰ᠎ᠦᠨ ᠬᠦᠷᠢᠶᠡᠯᠡᠩ᠎ᠳᠦ ᠮᠥᠨᠳᠥᠷ ᠰᠡᠷᠭᠡᠶ᠋ᠢᠯᠡᠬᠦ᠌ ᠰᠢᠨ᠎ᠡ ᠲᠤᠤᠷ ᠤᠭᠰᠠᠷᠠᠨ ᠦᠭᠴᠤ᠂ ᠬᠠᠪᠤᠷ ᠪᠠᠰᠠ ᠬᠢᠷᠠᠭᠤ ᠰᠡᠷᠭᠡᠶ᠋ᠢᠯᠡᠬᠦ᠌ ᠮᠠᠰᠢᠨ᠎ᠢᠶᠠᠷ ᠬᠥᠯᠳᠡᠬᠦ᠌ ᠭᠠᠮᠰᠢᠭ᠎ᠢ ᠨᠠᠮᠳᠠᠭᠤᠯᠵᠠᠢ》 ᠭᠡᠵᠤ ᠵᠢᠮᠢᠰ᠎ᠦᠨ ᠲᠠᠷᠢᠶᠠᠴᠢᠨ ᠹᠠᠨ ᠫᠢᠩ ᠠᠢ ᠠᠯᠮᠤᠷᠠᠳ᠎ᠤᠨ ᠮᠤᠳᠤᠨ ᠤ᠋ ᠪᠡᠨ ᠤᠷᠭᠤᠴᠡ ᠵᠢᠨ ᠪᠠᠢᠳᠠᠯ ᠢ᠋ ᠦᠵᠡᠭᠡᠳ ᠪᠠᠶᠠᠷ ᠤ᠋ᠨ ᠮᠦᠰᠢᠶᠡᠳᠤ ᠲᠤᠳᠤᠷᠠᠭᠤᠯᠤᠨ᠎ᠠ᠃

2020 ᠣᠨ᠎ᠡᠴᠡ ᠡᠬᠢᠯᠡᠨ᠂ ᠶᠠᠨ ᠠᠨ ᠶᠡᠬᠡ ᠬᠡᠮᠵᠢᠶᠡᠨ᠎ᠦ ᠵᠢᠮᠢᠰ᠎ᠦᠨ ᠬᠦᠷᠢᠶᠡᠯᠡᠩ᠎ᠢ ᠥᠭᠡᠷᠡᠴᠢᠯᠡᠨ ᠰᠢᠨᠡᠳᠬᠡᠵᠦ᠍ ᠲᠠᠰ ᠳᠡᠪᠰᠢᠭᠦᠯᠦᠨ᠂ ᠭᠠᠵᠠᠷ ᠰᠢᠷᠣᠶ᠎ᠶᠢᠨ ᠠᠰᠢᠭᠯᠠᠯᠲᠠ᠎ᠶᠢᠨ ᠨᠣᠷᠮ᠎ᠠ᠎ᠶᠢ 4% ᠣᠷᠴᠢᠮ ᠳᠡᠭᠡᠭᠰᠢᠯᠡᠭᠦᠯᠵᠦ᠍᠂ ᠮᠥ᠍ ᠪᠦᠷᠢ᠎ᠶᠢᠨ ᠠᠰᠢᠭ ᠣᠷᠣᠯᠭ᠎ᠠ᠎ᠶᠢ ᠳᠠᠬᠢᠨ᠎ᠢᠶᠠᠷ ᠨᠡᠮᠡᠭᠳᠡᠭᠦᠯᠦᠨ᠂ ᠵᠢᠮᠢᠰ᠎ᠦᠨ ᠬᠦᠷᠢᠶᠡᠯᠡᠩ᠎ᠦᠨ 80% ᠵᠢᠨ ᠠᠵᠢᠯ᠎ᠢ ᠮᠧᠬᠠᠨᠢᠭᠵᠢᠭᠤᠯᠪᠠ᠃ 2025 ᠣᠨ᠎ᠳᠤ᠂ ᠶᠠᠨ ᠠᠨ᠎ᠤ ᠠᠯᠮᠤᠷᠠᠳ᠎ᠤᠨ ᠭᠠᠷᠤᠯᠲᠠ 528 ᠲᠦᠮᠡᠨ ᠲᠣᠨ᠎ᠳᠤ ᠬᠦᠷᠴᠦ᠍᠂ ᠶᠡᠷᠦᠩᠬᠡᠶ᠋ᠢᠯᠡᠭᠰᠡᠨ ᠦᠢᠯᠡᠳᠬᠦᠨ᠎ᠦ ᠦᠷᠲᠡᠭ 619.9 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠪᠦᠬᠦ᠌ ᠬᠤᠲᠠ᠎ᠶᠢᠨ ᠲᠠᠷᠢᠶᠠᠴᠢᠳ᠎ᠤᠨ ᠡᠵᠡᠩᠨᠡᠯᠲᠡ᠎ᠶᠢᠨ ᠣᠷᠣᠯᠭ᠎ᠠ᠎ᠶᠢᠨ 60% ᠡᠴᠡ ᠳᠡᠭᠡᠭᠰᠢᠬᠢ ᠨᠢ ᠠᠯᠮᠤᠷᠠᠳ᠎ᠤᠨ ᠠᠵᠤ ᠦᠢᠯᠡᠰ᠎ᠡᠴᠡ ᠢᠷᠡᠭᠰᠡᠨ ᠪᠠᠢᠨ᠎ᠠ᠃

《ᠠᠯᠮᠤᠷᠠᠳ ᠨᠢ ᠠᠷᠠᠳ ᠤᠯᠠᠨ᠎ᠤ 〈ᠪᠠᠶᠠᠵᠢᠯ᠎ᠤᠨ ᠵᠢᠮᠢᠰ〉 ᠪᠣᠯᠬᠤ᠎ᠪᠠᠷ ᠪᠠᠷᠠᠬᠤ ᠦᠭᠡᠢ ᠪᠠᠰᠠ ᠶᠠᠨ ᠠᠨ᠎ᠤ ᠠᠭᠤᠯᠠᠨ ᠪᠠᠯ᠎ᠳᠠᠬᠢ ᠰᠠᠢ᠌ᠨ ᠨᠣᠭᠣᠭᠠᠷᠠᠭᠤᠯᠤᠯᠲᠠ᠎ᠶᠢᠨ ᠮᠣᠳᠣᠨ᠎ᠤ ᠲᠦᠷᠦᠯ ᠪᠣᠯᠤᠨ᠎ᠠ》᠃ ᠶᠠᠨ ᠠᠨ ᠬᠣᠲᠠ᠎ᠶᠢᠨ ᠵᠢᠮᠢᠰ᠎ᠦᠨ ᠦᠢᠯᠡᠰ᠎ᠦᠨ ᠲᠥᠪ᠎ᠦᠨ ᠡᠷᠬᠢᠯᠡᠭᠴᠢ ᠯᠦ᠍ ᠱᠤ᠌ ᠭᠦᠸᠧ᠂ ᠠᠯᠮᠤᠷᠠᠳ᠎ᠢ ᠶᠡᠬᠡ ᠬᠡᠪᠴᠢᠶ᠎ᠡ᠎ᠪᠡᠷ ᠳᠠᠷᠢᠬᠤ᠎ᠪᠠᠷ ᠳᠡᠮᠵᠢᠨ᠂ ᠶᠠᠨ ᠠᠨ ᠪᠠᠰᠠ ᠬᠥᠷᠥᠰᠥ᠍ ᠰᠢᠷᠣᠶ᠎ᠶᠢᠨ ᠢᠳᠡᠭᠳᠡᠯ᠎ᠢ ᠵᠠᠰᠠᠬᠤ᠂ ᠣᠷᠣᠨ ᠪᠦᠰᠡ᠎ᠶᠢᠨ ᠠᠮᠢ ᠠᠬᠤᠶ ᠣᠷᠴᠢᠨ ᠲᠤᠭᠤᠷᠢᠨ᠎ᠢ ᠰᠠᠶ᠋ᠢᠵᠢᠷᠠᠭᠤᠯᠬᠤ ᠲᠠᠯ᠎ᠠ᠎ᠪᠠᠷ ᠰᠠᠶ᠋ᠢᠨ ᠠᠬᠢᠯᠲᠠ᠎ᠲᠠᠶ ᠪᠣᠯᠵᠠᠶ ᠭᠡᠪᠡ᠃

ᠤᠷᠲᠤ ᠬᠤᠭᠤᠴᠠᠭ᠎ᠠ᠎ᠪᠡᠷ ᠪᠠᠷᠢᠮᠲᠠᠯᠠᠨ ᠵᠢᠳᠬᠦᠵᠦ᠍᠂ ᠬᠥᠬᠡᠮᠳᠦᠭ ᠠᠭᠤᠯᠠ᠎ᠶᠢ ᠬᠥᠰᠡᠷᠳᠡᠭᠦᠯᠬᠦ᠌ ᠦᠭᠡᠢ᠃ ᠮᠣᠳᠣ ᠲᠠᠷᠢᠵᠤ ᠣᠶ᠋ᠢᠵᠢᠭᠤᠯᠬᠤ᠎ᠡᠴᠡ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠶᠡᠷᠦᠩᠬᠡᠶ᠋ᠢᠯᠡᠨ ᠵᠠᠰᠠᠬᠤ ᠬᠦᠷᠲᠡᠯ᠎ᠡ᠂ ᠶᠠᠨ ᠠᠨ᠎ᠤ ᠺᠠᠳ᠋ᠷ ᠤᠯᠠᠨ ᠲᠦᠮᠡᠨ ᠰᠠᠢ᠌ᠨ ᠳᠤᠷ᠎ᠠ᠎ᠡᠴᠡ᠎ᠪᠠᠨ ᠣᠷᠣᠯᠴᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠲᠡᠨᠡᠭ ᠡᠪᠦᠭᠡᠨ ᠠᠭᠤᠯᠠ᠎ᠶᠢ ᠨᠡᠭᠦᠯᠭᠡᠭᠰᠡᠨ ᠵᠣᠷᠢᠭ ᠰᠠᠨᠠᠭ᠎ᠠ ᠪᠠᠷ ᠨᠣᠮᠢᠨ ᠨᠣᠭᠣᠭᠠᠨ ᠭᠠᠶ᠋ᠢᠬᠠᠮᠰᠢᠭ᠎ᠢ ᠡᠭᠦᠳᠪᠡ᠃ ᠡᠳᠦᠭᠡ᠂ ᠶᠠᠨ ᠠᠨ᠎ᠤ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ ᠨᠢᠭᠡᠨᠲᠡ 86.9% ᠳ᠋ᠦ᠍ ᠬᠦᠷᠴᠡᠢ; ᠲᠤᠬᠠᠶ᠎ᠶᠢᠨ ᠭᠠᠵᠠᠷ᠎ᠤᠨ ᠵᠢᠯ᠎ᠦᠨ ᠬᠠᠲᠤᠨ ᠭᠤᠤᠯ᠎ᠳᠤ ᠤᠷᠤᠰᠤᠨ ᠣᠷᠣᠬᠤ ᠡᠯᠡᠰᠦ ᠰᠢᠪᠠᠷ᠎ᠤᠨ ᠬᠡᠮᠵᠢᠶ᠎ᠡ ᠨᠢ ᠲᠠᠷᠢᠶᠠᠯᠠᠬᠤ᠎ᠪᠠᠨ ᠵᠣᠭᠰᠣᠬᠤ᠎ᠡᠴᠡ ᠡᠮᠦᠨᠡᠬᠢ 2.58 ᠳ᠋ᠦᠩᠰᠢᠭᠤᠷ ᠲᠣᠨ ᠪᠠᠶ᠋ᠢᠭᠰᠠᠨ᠎ᠡᠴᠡ᠎ᠪᠠᠨ 0.31 ᠳ᠋ᠦᠩᠰᠢᠭᠤᠷ ᠲᠣᠨ ᠪᠣᠯᠵᠣ ᠪᠠᠭᠤᠷᠠᠪᠠ᠃

ᠥᠩᠭᠡᠷᠡᠭᠰᠡᠨ᠎ᠦ 《ᠶᠡᠬᠡ ᠰᠠᠯᠬᠢ ᠰᠠᠯᠬᠢᠯᠠᠵᠤ᠂ ᠰᠢᠷ᠎ᠠ ᠰᠢᠷᠣᠢ ᠬᠡᠶ᠋ᠢᠰᠦᠭᠰᠡᠨ》 ᠶᠠᠨ ᠠᠨ ᠠᠯᠢ ᠡᠷᠲᠡ ᠳᠦᠷᠰᠦ ᠪᠠᠶ᠋ᠢᠳᠠᠯ᠎ᠢᠶᠠᠨ ᠬᠤᠪᠢᠷᠠᠭᠤᠯᠵᠠᠢ᠄ ᠨᠠᠨ ᠨᠢ ᠸᠠᠨ ᠭᠤᠷᠪᠠᠨ ᠤᠯᠠᠷᠢᠯ᠎ᠳᠤ ᠴᠡᠴᠡᠭ ᠳᠡᠯᠭᠡᠷᠡᠵᠦ᠍᠂ ᠲᠦᠷᠪᠡᠨ ᠤᠯᠠᠷᠢᠯ᠎ᠳᠤ ᠦᠵᠡᠮᠵᠢ ᠪᠦᠷᠢᠳᠴᠤ᠂ 《ᠱᠠᠨᠪᠸᠢ ᠵᠢᠨ ᠦᠵᠡᠰᠬᠦᠯᠡᠩᠲᠦ᠍ ᠰᠠᠶ᠋ᠢᠬᠠᠨ ᠵᠢᠶᠠᠩᠨᠠᠨ》 ᠰᠢᠨ᠎ᠡ ᠭᠠᠶ᠋ᠢᠬᠠᠮᠰᠢᠭ᠎ᠢ ᠦᠷᠭᠦᠯᠵᠢᠯᠡᠨ ᠪᠢᠴᠢᠭᠯᠡᠵᠦ᠍ ᠪᠠᠶ᠋ᠢᠯ᠎ᠠ; ᠬᠤᠸᠠᠩ ᠯᠦᠩ ᠰᠢᠶᠠᠨ ᠪᠠᠰᠠ ᠮᠢᠬᠠᠯᠢᠭ ᠰᠠᠶ᠋ᠢᠬᠠᠨ ᠨᠠᠢ᠍ᠮᠠᠯᠵᠢ᠎ᠶᠢ ᠲᠡᠵᠢᠭᠡᠵᠦ᠍᠂ ᠬᠥᠮᠦᠰ᠎ᠦᠨ ᠰᠢᠷ᠎ᠠ ᠬᠥᠷᠥᠰᠥᠲᠦ᠍ ᠬᠥᠲᠥᠯ᠎ᠦᠨ ᠲᠤᠬᠠᠢ ᠬᠡᠪᠰᠢᠮᠡᠯ ᠲᠠᠨᠢᠯᠲᠠ᠎ᠶᠢ ᠡᠪᠳᠡᠪᠡ; ᠠᠭᠤᠯᠠ ᠳᠦᠭᠦᠷᠡᠩ ᠨᠣᠭᠣᠭᠠᠷᠠᠭᠤᠯᠤᠭᠰᠠᠨ ᠤᠷᠭᠤᠮᠠᠯ ᠨᠢ ᠤᠰᠤ ᠰᠢᠷᠣᠶ᠎ᠶᠢ 《ᠨᠤᠭᠲᠤᠯᠠᠵᠤ》᠂ ᠪᠠᠭ᠎ᠠ ᠠᠭᠤᠷ ᠠᠮᠢᠰᠬᠤᠯ ᠰᠠᠶ᠋ᠢᠵᠢᠷᠠᠵᠤ᠂ ᠬᠡᠭᠡᠷ᠎ᠡ᠎ᠶᠢᠨ ᠠᠮᠢᠲᠠᠨ᠎ᠤ ᠳᠦᠷᠰᠦ᠎ᠶᠢᠨ ᠰᠦᠷᠦᠭ᠎ᠦᠨ ᠲᠣᠭ᠎ᠠ ᠬᠡᠮᠵᠢᠶ᠎ᠡ ᠢᠯᠡᠳᠲᠡ ᠨᠡᠮᠡᠭᠳᠡᠪᠡ᠃

ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠠᠷᠠᠳ᠎ᠤᠨ ᠵᠣᠪᠠᠨᠢᠯ᠎ᠢ ᠠᠷᠢᠯᠭᠠᠨ᠎ᠠ

ᠥᠨᠳᠥᠷ ᠰᠦᠷᠯᠢᠭ ᠪᠦᠦ ᠲᠠ ᠱᠠᠨ ᠠᠭᠤᠯᠠ᠂ ᠳᠠᠪᠠᠯᠭᠠᠯᠠᠨ ᠤᠷᠤᠰᠬᠤ ᠶᠠᠨ ᠾᠧ ᠭᠤᠤᠯ᠃ ᠶᠠᠨ ᠠᠨ ᠬᠤᠲᠠ᠎ᠶᠢᠨ ᠪᠦᠦ ᠲᠠ ᠲᠣᠭᠣᠷᠢᠭ᠎ᠤᠨ ᠭᠤᠤ ᠵᠢᠶᠠ ᠶᠤᠸᠠᠨ ᠭᠤᠤ ᠰᠤᠪᠠᠭ᠎ᠲᠤ᠌ ᠠᠯᠬᠤᠨ ᠣᠷᠣᠬᠤ᠎ᠳᠤ᠂ ᠴᠠᠶ᠋ᠢᠪᠤᠷ ᠰᠢᠷ᠎ᠠ ᠦᠩᠭᠡ᠎ᠲᠡᠶ ᠨᠦᠭᠡᠨ ᠭᠡᠷ ᠵᠢᠭᠳᠡ ᠰᠠᠶ᠋ᠢᠬᠠᠨ ᠬᠠᠷᠠᠭᠳᠠᠵᠤ᠂ ᠬᠠᠷᠮᠠᠨ ᠴᠡᠴᠡᠷᠯᠢᠭ᠎ᠢᠶᠡᠷ ᠴᠢᠮᠡᠵᠡᠢ᠃ ᠡᠨᠡ ᠨᠢ ᠡᠮᠦᠨᠡᠬᠢ ᠵᠢᠷᠤᠭ ᠳᠦᠷᠰᠦ᠎ᠲᠡᠶ ᠢᠯᠡ ᠲᠣᠳᠣ ᠬᠠᠷᠢᠴᠠᠭᠤᠯᠤᠯ ᠪᠣᠯᠪᠠ᠃

ᠥᠩᠭᠡᠷᠡᠭᠰᠡᠨ᠎ᠳᠦ᠂ ᠡᠨᠡ ᠬᠦ᠌ ᠠᠭᠤᠯᠠ ᠤᠰᠤᠨ᠎ᠤ ᠬᠣᠭᠣᠷᠣᠨᠳᠣ᠂ ᠶᠠᠨ ᠠᠨ᠎ᠤ ᠬᠠᠭᠤᠴᠢᠨ ᠬᠤᠲᠠ᠎ᠶᠢᠨ ᠲᠣᠭᠣᠷᠢᠭ᠎ᠤᠨ 32 ᠵᠤᠷᠪᠤᠰ ᠠᠭᠤᠯᠠᠨ ᠭᠤᠤ᠎ᠳᠤ 9.5 ᠲᠦᠮᠡᠨ ᠲᠠᠰᠤᠯᠭ᠎ᠠ ᠨᠦᠬᠡᠨ ᠭᠡᠷ ᠲᠥᠪᠯᠡᠷᠡᠵᠦ᠍ ᠪᠠᠶ᠋ᠢᠪᠠ᠃ ᠠᠭᠤᠯᠠᠨ ᠵᠠᠮ ᠰᠢᠪᠠᠷ ᠱᠠᠯᠴᠢᠭ᠎ᠲᠠᠶ᠂ ᠤᠰᠤ ᠢᠳᠡᠬᠦ᠌᠎ᠳᠦ ᠬᠦᠴᠢᠷᠲᠡᠶ᠂ ᠪᠣᠷᠣᠭᠠᠨ᠎ᠤ ᠤᠯᠠᠷᠢᠯ᠎ᠤᠨ ᠶᠡᠭᠦᠷᠡᠬᠦ᠌ ᠳᠠᠯᠳᠠ ᠬᠡᠮ ᠨᠢ ᠰᠠᠭᠤᠭᠠᠯᠢ ᠠᠷᠠᠳ᠎ᠤᠨ ᠠᠮᠤᠷ ᠲᠦᠪᠰᠢᠨ᠎ᠢ ᠨᠠᠩ ᠴᠤ᠌ ᠴᠠᠭ ᠢᠮᠠᠭᠲᠠ ᠰᠦᠷᠳᠡᠭᠦᠯᠵᠦ᠍ ᠪᠠᠶ᠋ᠢᠪᠠ᠃

2022 ᠣᠨ᠎ᠳᠤ᠂ ᠶᠠᠨ ᠠᠨ ᠬᠤᠳᠠ᠎ᠶᠢᠨ ᠪᠦᠦ ᠲᠠ ᠲᠣᠭᠣᠷᠢᠭ᠎ᠤᠨ 9245 ᠲᠠᠰᠤᠯᠭ᠎ᠠ ᠨᠤᠷᠠᠬᠤ ᠠᠶᠤᠯᠲᠠᠢ ᠭᠡᠷ ᠪᠠᠢᠰᠢᠩ ᠪᠠ ᠨᠦᠬᠡᠨ ᠭᠡᠷ᠎ᠢ ᠨᠤᠷᠠᠭᠠᠵᠤ᠂ ᠭᠠᠵᠠᠷ᠎ᠤᠨ ᠭᠠᠮᠰᠢᠭ᠎ᠤᠨ ᠭᠡᠮ ᠰᠣᠭᠣᠭ ᠲᠠᠢ 95 ᠴᠡᠭ᠎ᠢ ᠴᠡᠭᠴᠡᠯᠡᠨ ᠵᠠᠰᠠᠵᠤ᠂ ᠥᠩᠭᠡᠷᠡᠭᠰᠡᠨ᠎ᠳᠦ ᠪᠣᠬᠢᠷ ᠤᠰᠤ ᠤᠷᠤᠰᠴᠤ᠌ ᠪᠠᠶ᠋ᠢᠭᠰᠠᠨ ᠪᠠᠶ᠋ᠢᠳᠠᠯ ᠪᠦᠷᠢᠮᠦᠰᠦᠨ ᠠᠷᠢᠯᠵᠤ᠂ ᠰᠠᠭᠤᠭᠠᠯᠢ ᠠᠷᠠᠳ᠎ᠤᠨ ᠠᠮᠢᠳᠤᠷᠠᠯ᠎ᠤᠨ ᠣᠷᠴᠢᠨ ᠲᠣᠭᠣᠷᠢᠨ ᠶᠡᠬᠡ᠎ᠪᠡᠷ ᠰᠠᠶ᠋ᠢᠵᠢᠷᠠᠪᠠ᠃

82 ᠵᠢᠯ᠎ᠦᠨ ᠡᠮᠦᠨ᠎ᠡ ᠠᠯᠳᠠᠷᠲᠤ᠌ 《ᠠᠷᠠᠳ ᠲᠦᠮᠡᠨ᠎ᠳᠦ ᠦᠢᠯᠡᠴᠢᠯᠡᠶ᠎ᠡ》 ᠭᠡᠬᠦ᠌ ᠶᠠᠷᠢᠶ᠎ᠠ ᠢᠯᠡᠳᠬᠡᠯ ᠨᠡᠶ᠋ᠢᠲᠡᠯᠡᠭᠳᠡᠭᠰᠡᠨ᠎ᠡᠴᠡ ᠰᠢᠨ᠎ᠡ ᠴᠠᠭ ᠦᠶ᠎ᠡ᠎ᠶᠢᠨ ᠬᠤᠪᠢᠰᠬᠠᠯ᠎ᠤᠨ ᠡᠷᠲᠡ ᠴᠢᠯᠥᠭᠡᠯᠡᠭᠳᠡᠭᠰᠡᠨ ᠣᠷᠣᠨ᠎ᠤ ᠯᠤᠲᠤ᠌ ᠶᠡᠬᠡ ᠬᠤᠪᠢᠷᠠᠯᠲᠠ ᠬᠦᠷᠳᠡᠯ᠎ᠡ᠂ ᠪᠦᠬᠦ᠌ ᠰᠡᠳᠬᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠲᠥᠪ ᠴᠢᠩᠭ᠎ᠠ ᠠᠮᠠᠯᠠᠯᠲᠠ ᠡᠨᠡ ᠬᠦ᠌ ᠬᠤᠪᠢᠰᠬᠠᠯᠲᠤ᠌ ᠨᠤᠲᠤᠭ ᠳᠡᠪᠢᠰᠬᠡᠷ ᠳᠡᠭᠡᠷ᠎ᠡ ᠶᠠᠪᠤᠬᠤ ᠲᠤᠳᠤᠮ ᠪᠡᠬᠢᠵᠢᠪᠡ᠃

ᠡᠨᠡ ᠬᠦ᠌ 《〈ᠮᠦᠨᠭᠭᠦᠨ ᠭᠦᠢᠯᠭᠡᠭᠡᠨ᠎ᠦ ᠠᠪᠤᠷᠠᠨ ᠲᠤᠰᠠᠯᠠᠬᠤ〉 ᠲᠠᠪᠴᠠᠩ ᠪᠠᠶ᠋ᠢᠭᠰᠠᠨ ᠦᠭᠡᠢ ᠪᠣᠯ ᠮᠢᠨᠦ᠍ ᠪᠠᠭ᠎ᠠ ᠬᠦᠦ᠎ᠶᠢᠨ ᠴᠢᠰᠤ ᠴᠠᠶ᠋ᠢᠬᠤ ᠡᠪᠡᠳᠴᠢᠨ᠎ᠢ ᠵᠠᠰᠠᠭᠰᠠᠨ 30 ᠭᠠᠷᠤᠢ ᠲᠦᠮᠡᠨ ᠲᠥᠭᠥᠷᠢᠭ᠎ᠢ ᠯᠠᠪᠲᠠᠢ ᠭᠠᠷᠭᠠᠵᠤ ᠳᠡᠶ᠋ᠢᠯᠬᠦ᠌ ᠦᠭᠡᠢ ᠪᠦᠭᠡᠳ ᠪᠦᠬᠦ᠌ ᠭᠡᠷ᠎ᠢᠶᠡᠷ᠎ᠢᠶᠡᠨ ᠲᠤᠮᠤ ᠲᠠᠷᠤᠭᠠᠰᠤ ᠲᠠᠢ ᠪᠣᠯᠤᠨ᠎ᠠ》᠃ ᠶᠠᠨ ᠠᠨ᠎ᠤ ᠢ ᠴᠤᠸᠠᠨ ᠰᠢᠶᠠᠨ᠎ᠤ ᠵᠶ᠋ᠢ ᠢ ᠪᠠᠯᠭᠠᠰᠤ᠎ᠶᠢᠨ ᠲᠣᠰᠬᠣᠨ᠎ᠤ ᠠᠷᠠᠳ ᠳ᠋ᠧᠩ ᠵᠢᠨ ᠬᠤ᠌ ᠵᠠᠰᠠᠭ᠎ᠤᠨ ᠣᠷᠳᠣᠨ᠎ᠤ ᠠᠪᠤᠷᠠᠨ ᠲᠤᠰᠠᠯᠠᠯᠲᠠ᠎ᠶᠢ ᠳᠤᠷᠠᠳᠬᠤ ᠲᠠᠢ ᠵᠡᠷᠭᠡ ᠨᠢᠳᠤᠨ᠎ᠳᠦᠨᠢ ᠨᠢᠯᠪᠤᠰᠤ ᠲᠦᠭᠦᠷᠴᠦ ᠪᠠᠶ᠋ᠢᠯ᠎ᠠ᠃

2022 ᠣᠨ᠎ᠤ 10 ᠰᠠᠷ᠎ᠠ᠎ᠳᠤ᠂ ᠳ᠋ᠧᠩ ᠵᠢᠨ ᠬᠤ᠌ ᠵᠢᠨ ᠭᠡᠷ᠎ᠦᠨ ᠪᠠᠶ᠋ᠢᠳᠠᠯ᠎ᠢ ᠮᠡᠳᠡᠭᠰᠡᠨ᠎ᠦ ᠳᠠᠷᠠᠭ᠎ᠠ᠂ ᠢ ᠴᠤᠸᠠᠨ ᠰᠢᠶᠠᠨ᠎ᠤ ᠮᠥᠩᠭᠥᠨ ᠭᠦᠢᠯᠭᠡᠭᠡᠨ᠎ᠦ ᠠᠪᠤᠷᠠᠨ ᠲᠤᠰᠠᠯᠠᠬᠤ ᠲᠥᠪ ᠲᠡᠭᠦᠨ᠎ᠦ ᠪᠦᠬᠦ᠌ ᠡᠷᠦᠬᠡ᠎ᠶᠢ ᠬᠥᠳᠡᠭᠡ ᠲᠣᠰᠬᠣᠨ᠎ᠤ ᠨᠠᠭᠠᠳᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠵᠤ᠂ ᠲᠡᠭᠦᠨ᠎ᠳᠦ ᠨᠠᠭᠠᠳᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ᠎ᠶᠢᠨ ᠡᠮ ᠡᠮᠨᠡᠯᠭᠡ᠎ᠶᠢᠨ ᠠᠪᠤᠷᠠᠨ ᠲᠤᠰᠠᠯᠠᠯᠲᠠ᠂ 《ᠪᠠᠴᠢᠮ ᠬᠦᠴᠢᠷ ᠬᠦᠨᠳᠦ ᠣᠨᠴᠠᠭᠠᠢ》 ᠪᠡᠯᠡ ᠮᠥᠩᠭᠥ᠎ᠶᠢᠨ ᠠᠪᠤᠷᠠᠨ ᠲᠤᠰᠠᠯᠠᠯᠲᠠ ᠵᠡᠷᠭᠡ 6 ᠵᠦᠢᠯ᠎ᠦᠨ ᠳᠠᠪᠬᠤᠴᠠᠭ᠎ᠠ ᠠᠪᠤᠷᠠᠨ ᠲᠤᠰᠠᠯᠠᠬᠤ ᠲᠦᠷᠦᠯ ᠵᠦᠢᠯ᠎ᠢ ᠬᠦᠷᠲᠡᠭᠡᠪᠡ᠃

ᠭᠠᠮᠰᠢᠭ᠎ᠤᠨ ᠳᠠᠷᠠᠭᠠᠬᠢ ᠳᠠᠬᠢᠨ ᠪᠥᠲᠥᠭᠡᠨ ᠪᠠᠶ᠋ᠢᠭᠤᠯᠤᠯᠲᠠ᠎ᠶᠢ ᠰᠠᠶ᠋ᠢᠲᠤᠷ ᠬᠢᠵᠦ᠍᠂ ᠶᠡᠬᠡ ᠰᠤᠷᠭᠠᠭᠤᠯᠢ᠎ᠶᠢᠨ ᠬᠦᠴᠢᠷᠳᠡᠯᠲᠡᠶ ᠰᠢᠨ᠎ᠡ ᠤᠶᠤᠲᠠᠳ᠎ᠢ ᠡᠳ᠋ ᠮᠥᠩᠭᠥ᠎ᠪᠡᠷ ᠲᠤᠰᠠᠯᠠᠵᠤ᠂ ᠵᠡᠮᠳᠡᠭᠴᠦᠳ᠎ᠤᠨ ᠭᠡᠷ ᠪᠦᠯᠢ ᠵᠢ ᠲᠡᠳᠭᠦᠨ ᠲᠡᠮᠵᠢᠪᠡ ᠁ 2022 ᠣᠨ᠎ᠡᠴᠡ ᠣᠲᠣ ᠪᠣᠯᠲᠠᠯ᠎ᠠ᠂ ᠢ ᠴᠤᠸᠠᠨ ᠰᠢᠶᠠᠨ ᠨᠢᠭᠡᠨᠲᠡ 656 ᠪᠦᠯᠦᠭ ᠤᠳᠠᠭ᠎ᠠ᠎ᠶᠢᠨ ᠠᠪᠤᠷᠠᠨ ᠲᠤᠰᠠᠯᠠᠬᠤ ᠲᠥᠷᠥᠯ ᠵᠦᠢᠯ᠎ᠢ ᠬᠡᠷᠡᠭᠵᠢᠭᠦᠯᠵᠦ᠍᠂ 3.49 ᠲᠦᠮᠡᠨ ᠡᠷᠦᠬᠡ᠂ 5.18 ᠲᠦᠮᠡᠨ ᠬᠥᠮᠦᠨ ᠤᠳᠠᠭ᠎ᠠ᠎ᠳᠤ ᠠᠰᠢᠭ ᠬᠦᠷᠲᠡᠭᠡᠪᠡ᠃

ᠤᠭ ᠰᠠᠨᠠᠭ᠎ᠠ ᠦᠨᠢ ᠪᠠᠳᠤ᠂ ᠦᠶ᠎ᠡ ᠤᠯᠠᠷᠢᠨ ᠤᠯᠠᠮᠵᠢᠯᠠᠭᠳᠠᠨ᠎ᠠ; ᠰᠢᠨ᠎ᠡ᠎ᠶᠢ ᠡᠭᠦᠳᠦᠨ ᠠᠯᠤᠰ᠎ᠢ ᠪᠠᠷᠠᠯᠠᠵᠤ᠂ ᠰᠢᠨ᠎ᠡ ᠬᠠᠭᠤᠳᠠᠰᠤ᠎ᠶᠢ ᠲᠠᠬᠢᠨ ᠪᠢᠴᠢᠭᠯᠡᠨ᠎ᠡ᠃ ᠪᠤᠤ ᠲᠠ᠎ᠶᠢᠨ ᠭᠡᠷᠡᠯ ᠭᠢᠯᠪᠠᠭ᠎ᠠ ᠤᠷᠤᠭᠰᠢᠯᠠᠯᠲᠠ᠎ᠶᠢᠨ ᠵᠠᠮ᠎ᠢ ᠭᠡᠶ᠋ᠢᠭᠦᠯᠵᠦ᠍᠂ ᠶᠠᠨ ᠠᠨ᠎ᠤ ᠵᠣᠷᠢᠭ ᠰᠠᠨᠠᠭ᠎ᠠ ᠨᠢ ᠬᠤᠪᠢᠰᠬᠠᠯ᠎ᠤᠨ ᠡᠷᠲᠡ ᠴᠢᠯᠥᠭᠡᠯᠡᠭᠳᠡᠭᠰᠡᠨ ᠣᠷᠣᠨ᠎ᠤ ᠺᠠᠳ᠋ᠷ ᠤᠯᠠᠨ ᠲᠦᠮᠡᠨ᠎ᠦ ᠰᠢᠷᠭᠠᠭᠤ ᠬᠠᠲᠠᠭᠤᠵᠢᠯᠲᠠᠢ᠎ᠪᠠᠷ ᠦᠢᠯᠡᠰ ᠪᠤᠰᠬᠠᠬᠤ᠎ᠶᠢᠨ ᠪᠠᠷᠠᠭᠳᠠᠰᠢ ᠦᠭᠡᠢ ᠬᠥᠳᠡᠯᠭᠡᠬᠦ᠌ ᠬᠦᠴᠦᠨ ᠪᠣᠯᠪᠠ᠃ ᠶᠠᠨ ᠠᠨ᠎ᠤ ᠴᠢᠨᠠᠷ ᠰᠠᠶ᠋ᠢᠲᠠᠢ ᠬᠥᠭᠵᠢᠯᠲᠡ᠎ᠶᠢᠨ ᠠᠯᠬᠤᠭ᠎ᠠ ᠶᠠᠪᠤᠬᠤ ᠲᠤᠳᠤᠮ ᠪᠠᠲᠤ᠌ ᠴᠢᠩᠭ᠎ᠠ ᠬᠦᠴᠦᠨ᠎ᠲᠡᠶ ᠪᠤᠯᠵᠤ ᠪᠠᠶ᠋ᠢᠨ᠎ᠠ᠃  

(ᠰᠢᠨᠬᠤᠸᠠ ᠬᠤᠷᠢᠶ᠎ᠠ ᠵᠢᠨ ᠰᠢ ᠠᠨ᠎ᠤ 6 ᠰᠠᠷ᠎ᠠ᠎ᠶᠢᠨ 12᠎ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号