ᠦᠨᠦᠳᠦᠷ᠎ᠢᠶᠠᠨ ᠨᠠᠨᠳᠢᠨᠭᠨᠠᠵᠦ ᠴᠢᠳᠠᠪᠠᠯ ᠰᠠᠶᠢ ᠢᠷᠡᠭᠡᠳᠤᠢ ᠲᠠᠢ
2026-06-15 10:58:00
ᠵᠣᠬᠢᠶᠠᠭ᠍ᠴᠢ᠄
ᠨᠠᠷᠠᠩᠭᠤᠸ᠎ᠠ
ᠣᠩᠱᠢᠭ᠍ᠰᠠᠨ ᠣᠳᠠᠭ᠎ᠠ᠄
★★★☆☆

ᠵᠦᠭᠡᠯᠡᠨ ᠬᠦᠷᠦᠰᠦᠨ ᠲᠡᠭᠡᠷ᠎ᠡ ᠪᠤᠰᠤᠭ᠎ᠠ ᠵᠤᠭᠰᠤᠨ ᠠᠯᠬᠤᠵᠤ ᠶᠠᠪᠤᠬᠤ ᠭᠡᠭᠴᠢ ᠶᠠᠮᠠᠷᠬᠠᠨ ᠪᠠᠢᠳᠠᠭ ᠪᠤᠯ ᠡ?ᠡᠰᠡᠬᠦᠯ᠎ᠡ ᠵᠠᠮ᠎ᠤᠨ ᠬᠦᠪᠡᠭᠡ ᠵᠢᠨ ᠬᠠᠢᠷ ᠴᠢᠯᠠᠭᠤ ᠵᠢ ᠠᠯᠢᠶᠠᠷᠬᠠᠨ ᠨᠢᠭᠡ ᠢᠰᠬᠦᠯᠵᠦ ᠦᠵᠡᠪᠡᠯ ᠶᠠᠮᠠᠷ ᠪᠠᠢᠳᠠᠭ ᠪᠤᠯ ? ᠡᠨᠡ ᠪᠤᠯ ᠲᠤᠮᠳᠠᠳᠤ ᠵᠢᠨ ᠨᠡᠷᠡᠳᠦ ᠵᠤᠬᠢᠶᠠᠯᠴᠢ ᠱᠢ ᠲᠢᠶᠸ ᠱᠸᠩ᠎ᠤᠨ ᠡᠪᠡᠳᠴᠢᠨ ᠡᠮᠭᠡᠭ ᠡᠴᠡ ᠪᠤᠯᠵᠤ ᠬᠦᠷᠳᠦᠳᠦ ᠰᠠᠨᠳᠠᠯᠢ ᠪᠡᠷ 《ᠬᠦᠯ ᠪᠤᠯᠭᠠᠵᠤ》 ᠶᠠᠪᠤᠬᠤ ᠪᠤᠯᠤᠭᠰᠠᠨ ᠬᠤᠢᠨ᠎ᠠ ᠨᠢᠭᠡᠨ ᠪᠦᠳᠦᠭᠡᠯ ᠳ᠋ᠡᠭᠡᠨ ᠪᠢᠴᠢᠭᠰᠡᠨ ᠲᠤᠳᠤᠭᠠᠳᠤ ᠰᠡᠳᠬᠢᠯᠭᠡ ᠵᠢᠨ ᠬᠢᠨᠢ ᠡᠷᠢᠯᠬᠢᠯᠡᠯ ᠪᠤᠯᠤᠨ᠎ᠠ᠃ ᠬᠦᠭᠡ ᠲᠡᠭᠷᠢ ᠬᠦᠷᠦᠰᠦᠳᠦ ᠲᠡᠯᠡᠭᠡᠢ ᠵᠢᠨ ᠲᠤᠮᠳᠠ ᠪᠤᠰᠤᠭ᠎ᠠ ᠠᠯᠬᠤᠨ ᠶᠠᠪᠤᠬᠤ ᠭᠡᠭᠴᠢ ᠦᠨᠡᠨ ᠳ᠋ᠡᠭᠡᠨ ᠬᠦᠮᠦᠨ ᠲᠦᠷᠦᠯᠬᠢᠳᠡᠨ᠎ᠤ ᠬᠠᠮᠤᠭ᠎ᠤᠨ ᠦᠨᠳᠦᠰᠦᠨ ᠴᠢᠳᠠᠪᠤᠷᠢ ᠪᠤᠶᠤ ᠪᠤᠰᠤᠳ ᠠᠮᠢᠳᠠᠨ ᠭᠤᠤᠯᠳᠠᠨ ᠡᠴᠡ ᠢᠯᠭᠠᠭᠳᠠᠬᠤ ᠦᠨᠳᠦᠰᠦᠨ ᠨᠢᠭᠡᠨ ᠪᠡᠯᠭᠡ ᠲᠡᠮᠳᠡᠭ ᠮᠦᠨ᠃ ᠬᠡᠪᠡᠴᠦ ᠡᠨᠡᠬᠦ ᠦᠨᠳᠦᠰᠦᠨ ᠴᠢᠳᠠᠪᠤᠷᠢ ᠪᠠᠨ ᠠᠯᠳᠠᠭᠰᠠᠨ ᠬᠦᠨᠳᠦ ᠡᠪᠡᠳᠴᠢᠳᠡᠨ ᠳ᠋ᠤ ᠠᠪᠴᠤ ᠬᠡᠯᠡᠪᠡᠯ᠂ ᠡᠨᠡ ᠨᠢ ᠦᠨᠡᠭᠡᠷ ᠪᠡᠶᠡᠯᠡᠭᠳᠡᠰᠢ ᠦᠭᠡᠢ ᠬᠦᠰᠡᠯ ᠮᠦᠷᠦᠭᠡᠳᠦᠯ ᠪᠤᠯᠴᠢᠬᠠᠳᠠᠭ ᠠᠵᠢ᠃

ᠵᠠᠷᠢᠮ ᠲᠤᠰᠬᠠᠢ ᠮᠡᠷᠭᠡᠵᠢᠯᠳᠡᠨ ᠡᠴᠡ ᠬᠦᠮᠦᠨ᠎ᠤ ᠠᠮᠢᠳᠤᠷᠠᠯ ᠎ᠢ ᠲᠤᠭᠠᠨ᠎ᠤ ᠤᠬᠠᠭᠠᠨ᠎ᠤ 《1》 ᠪᠠ0》 ᠤ᠋ᠨ ᠯᠤᠬᠢᠭ᠎ᠤᠨ ᠬᠠᠷᠢᠴᠠᠭ᠎ᠠ ᠪᠡᠷ ᠦᠯᠢᠳᠭᠡᠨ᠂ ᠡᠷᠡᠬᠦᠯ ᠮᠡᠨᠳᠦ ᠦᠶ᠎ᠡ ᠳ᠋ᠤ  《1》 ᠵᠢᠨ ᠠᠷᠤ ᠳ᠋ᠡᠬᠢ 《0》 ᠨᠢ ᠬᠡᠳᠦᠢ ᠤᠯᠠᠨ ᠪᠠᠢᠪᠠᠯ ᠲᠡᠳᠦᠢ ᠰᠠᠢᠨ᠂ ᠬᠡᠪᠡᠴᠦ ᠡᠷᠡᠬᠦᠯ ᠮᠡᠨᠳᠦ ᠪᠢᠰᠢ ᠪᠤᠯᠪᠠᠯ 《1》 ᠵᠢᠨ ᠠᠷᠤ ᠳ᠋ᠡᠬᠢ 《 0 》 ᠨᠢ ᠬᠡᠳᠦᠢ ᠤᠯᠠᠨ ᠪᠠᠢᠭᠰᠠᠨ ᠴᠸ᠋ ᠤᠳᠬ᠎ᠠ ᠠᠭᠤᠯᠭ᠎ᠠ ᠪᠠᠨ ᠠᠯᠳᠠᠬᠤ ᠪᠤᠯᠤᠨ᠎ᠠ ᠭᠡᠵᠡᠢ᠃  ᠡᠬᠦᠨ ᠳ᠋ᠤ 《1》 ᠨᠢ ᠡᠷᠡᠬᠦᠯ ᠮᠡᠨᠳᠦ ᠵᠢ ᠲᠦᠯᠦᠭᠡᠯᠡᠵᠦ᠂ 《0》 ᠨᠢ ᠵᠤᠭᠤᠰ ᠮᠦᠩᠬᠦ᠂ ᠡᠷᠭᠡ ᠵᠢᠩᠰᠡ᠂ ᠢᠷᠠᠭᠤ ᠠᠯᠳᠠᠷ ᠁᠎ᠢ ᠵᠢᠭᠠᠵᠤ ᠪᠤᠢ᠃ ᠡᠬᠦᠨ᠎ᠢ ᠵᠠᠷᠢᠮ ᠲᠤᠰᠬᠠᠢ ᠮᠡᠷᠭᠡᠵᠢᠯᠳᠡᠨ ᠡᠴᠡ ᠪᠠᠰᠠ ᠠᠶᠤᠯᠬᠦᠢ ᠦᠢᠯᠡᠳᠪᠦᠷᠢᠯᠡᠯ ᠲᠠᠢ ᠵᠦᠢᠷᠯᠡᠵᠦ᠂ 《1》 ᠡᠴᠡ 《0》 ᠪᠤᠯᠬᠤ ᠠᠶᠤᠯ᠎ᠢ ᠴᠢᠩᠭ᠎ᠠ ᠰᠡᠷᠭᠡᠢᠯᠡᠬᠦ ᠬᠡᠷᠡᠭᠳᠡᠢ ᠬᠡᠵᠦ ᠰᠡᠷᠡᠮᠵᠢᠯᠡᠬᠦᠯᠦᠭᠰᠡᠨ ᠪᠠᠢᠳᠠᠭ᠃ ᠡᠨᠳᠡ 《1》 ᠨᠢ ᠠᠮᠤᠷ ᠲᠦᠪᠰᠢᠨ ᠦᠢᠯᠡᠳᠪᠦᠷᠢᠯᠡᠯ ᠎ᠢ ᠲᠦᠯᠦᠭᠡᠯᠡᠵᠦ᠂ 《0》 ᠨᠢ ᠦᠷ᠎ᠡ ᠠᠰᠢᠭ᠂ ᠬᠦᠭᠵᠢᠯᠳᠡ ᠵᠢ ᠶᠠᠷᠢᠵᠤ ᠪᠤᠢ᠃ ᠠᠮᠤᠷ ᠲᠦᠪᠰᠢᠨ ᠦᠢᠯᠡᠳᠪᠦᠷᠢᠯᠡᠯ ᠪᠠᠢᠬᠤ ᠦᠭᠡᠢ ᠪᠤᠯ ᠬᠦᠭᠵᠢᠯᠳᠡ᠂ ᠦᠷ᠎ᠡ ᠠᠰᠢᠭ ᠎ᠢ ᠶᠠᠷᠢᠬᠤ ᠵᠢᠨ ᠠᠷᠭ᠎ᠠ ᠦᠭᠡᠢ ᠨᠢ ᠮᠡᠳᠡᠭᠡᠵᠢ᠃ ᠡᠳᠡᠭᠡᠷ ᠨᠢ ᠦᠨᠡᠨ ᠳ᠋ᠡᠭᠡᠨ ᠪᠢᠳᠡᠨ ᠳ᠋ᠤ ᠵᠠᠩᠬᠢᠯᠠᠭ᠎ᠠ ᠵᠢᠨ ᠦᠨᠳᠦᠰᠦᠨ ᠵᠦᠢᠯ ᠎ᠢ ᠵᠠᠪᠠᠯ ᠴᠢᠩᠭ᠎ᠠ ᠡᠵᠡᠮᠳᠡᠵᠦ᠂ 《ᠬᠤᠷᠢᠭ᠎ᠠ ᠱᠤᠭᠤᠮ》ᠤ᠋ᠨ ᠰᠡᠳᠬᠢᠬᠦᠢ ᠵᠢ ᠡᠷᠡᠰ ᠪᠠᠷᠢᠮᠳᠠᠯᠠᠬᠤ ᠵᠢᠨ ᠤᠴᠢᠷ ᠤᠳᠬ᠎ᠠ ᠵᠢ ᠴᠢᠬᠤᠯᠠᠴᠢᠯᠠᠵᠠᠢ᠃ ᠬᠤᠪᠢ ᠬᠦᠮᠦᠨ᠂ ᠭᠡᠷ ᠪᠦᠯᠢ᠂ ᠨᠡᠢᠭᠡᠮ᠂ ᠤᠯᠤᠰ ᠦᠨᠳᠦᠰᠦᠳᠡᠨ ᠎ᠤ ᠤᠷᠤᠰᠢᠨ ᠲᠤᠭᠳᠠᠨᠢᠯ ᠪᠠ ᠬᠦᠭᠵᠢᠯᠳᠡ ᠳ᠋ᠤ ᠪᠦᠷ ᠡᠢᠮᠦᠷᠬᠦᠦ  《ᠬᠤᠷᠢᠭ᠎ᠠ ᠱᠤᠭᠤᠮ 》 ᠤ᠋ᠨ ᠰᠡᠳᠬᠢᠬᠦᠢ ᠱᠠᠭᠠᠷᠳᠠᠭᠳᠠᠨ᠎ᠠ᠃

ᠲᠦᠷᠦᠬᠦᠭᠡᠨ᠂ ᠨᠢᠭᠡᠨ ᠤᠶᠤᠳᠠᠨ ᠵᠠᠯᠠᠭᠤ ᠤᠯᠠᠨ ᠤᠯᠤᠰ᠎ᠤᠨ ᠠᠶᠠᠨᠴᠢᠨ᠎ᠤ ᠭᠠᠯᠳᠤ ᠲᠡᠷᠭᠡᠨ ᠲᠡᠭᠡᠷ᠎ᠡ 100 ᠭᠠᠷᠤᠢ ᠴᠠᠭ ᠰᠠᠭᠤᠵᠤ ᠵᠠᠮ ᠭᠤᠳᠤᠰ᠎ᠤᠨ ᠲᠠᠢᠨ ᠲᠠᠵᠢᠨ ᠳ᠋ᠤ ᠲᠠᠮᠳᠤᠭᠳᠠᠭᠰᠠᠨ ᠪᠠᠷᠢᠯᠭ᠎ᠠ ᠵᠢ ᠬᠠᠷᠠᠭᠠᠳ᠂  《ᠪᠢᠳᠡ ᠶᠡᠷᠦ ᠡᠴᠡ ᠡᠩᠭᠡ ᠲᠠᠢᠪᠤᠩ ᠴᠠᠭ ᠦᠶ᠎ᠡ ᠳ᠋ᠤ ᠠᠮᠢᠳᠤᠷᠠᠵᠤ ᠪᠠᠢᠭ᠎ᠠ ᠪᠢᠰᠢ᠂ ᠬᠠᠷᠢᠨ ᠡᠩ ᠲᠡᠢᠪᠤᠩ ᠤᠯᠤᠰ ᠬᠦᠷᠦᠨ ᠳ᠋ᠤ ᠠᠮᠢᠳᠤᠷᠠᠵᠤ ᠪᠠᠢᠬᠤ ᠡᠴᠡ ᠁》 ᠬᠡᠵᠦ ᠸᠢᠳᠢᠣ᠋ ᠪᠢᠴᠢᠯᠭᠡ ᠳ᠋ᠡᠭᠡᠨ ᠪᠢᠴᠢᠭᠰᠡᠨ ᠨᠢ ᠰᠦᠯᠵᠢᠶ᠎ᠡ ᠪᠡᠷ ᠦᠷᠭᠡᠨ ᠰᠠᠴᠤᠭᠳᠠᠵᠤ ᠪᠢᠯᠡ᠃ ᠨᠡᠭᠡᠷᠡᠨ᠂ ᠮᠠᠨ ᠎ᠤ ᠦᠨᠦᠳᠦᠷ ᠎ᠤᠨ ᠠᠮᠢᠳᠤᠷᠠᠯ ᠦᠢᠯᠡᠰ᠂ ᠦᠨᠦᠳᠦᠷ᠎ᠤᠨ ᠬᠦᠭᠵᠢᠯᠳᠡ ᠬᠤᠪᠢᠷᠠᠯᠳᠠ ᠪᠤᠯ ᠦᠨᠡᠭᠡᠷ ᠬᠢᠯᠪᠠᠷ ᠪᠤᠰᠤ ᠪᠡᠷ ᠢᠷᠡᠭᠰᠡᠨ ᠶᠤᠮ᠃  ᠪᠢᠳᠡ ᠬᠤᠪᠢ ᠲᠠᠬᠢᠨ ᠵᠢᠡᠷ ᠨᠠᠨᠳᠢᠩᠨᠠᠨ᠂ ᠰᠠᠢᠳᠤᠷ ᠰᠠᠬᠢᠨ ᠬᠠᠮᠠᠭᠠᠯᠠᠪᠠᠯ ᠵᠤᠬᠢᠨ᠎ᠠ᠃ 《ᠦᠨᠦᠳᠦᠷ》ᠵᠢᠡᠨ ᠰᠠᠢᠳᠤᠷ ᠰᠠᠬᠢᠨ ᠬᠠᠮᠠᠭᠠᠯᠠᠭᠰᠠᠨ ᠰᠠᠭᠤᠷᠢᠨ ᠲᠡᠭᠡᠷ᠎ᠡ ᠰᠠᠶᠢ 《ᠤᠷᠢᠳᠤᠬᠢ》 ᠵᠢ ᠵᠠᠯᠭᠠᠮᠵᠢᠯᠠᠨ 《ᠬᠤᠢᠨᠠᠬᠢ》 ᠳ᠋ᠤ ᠵᠠᠮ ᠨᠡᠭᠡᠭᠡᠨ ᠤᠷᠤᠭᠰᠢᠯᠠᠵᠤ ᠴᠢᠳᠠᠨ᠎ᠠ᠃ ᠪᠡᠶ᠎ᠡ ᠮᠠᠬᠠᠪᠤᠳ ᠡᠷᠡᠬᠦᠯ ᠮᠡᠨᠳᠦ ᠪᠠᠢᠬᠤ ᠡᠴᠡ ᠵᠤᠯ ᠵᠢᠷᠭᠠᠯ ᠲᠠᠢ ᠠᠵᠢᠯ ᠦᠢᠯᠡᠰ ᠠᠮᠢᠳᠤᠷᠠᠯ ᠲᠡᠮᠡᠴᠡᠯ  ᠪᠤᠢ᠂ ᠤᠯᠤᠰ ᠭᠡᠷ ᠠᠮᠤᠷ ᠲᠤᠭᠳᠠᠭᠤᠨ ᠪᠠᠢᠬᠤ ᠡᠴᠡ ᠬᠦᠭᠵᠢᠯ ᠪᠠᠳᠠᠷᠠᠯ ᠬᠦᠰᠡᠯ ᠡᠷᠡᠮᠡᠯᠵᠡᠯ ᠪᠤᠢ᠃ ᠲᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢ ᠪᠡᠶᠡᠯᠡᠬᠦᠯᠬᠦ ᠠᠤᠭ᠎ᠠ ᠴᠠᠭ ᠦᠶ᠎ᠡ ᠳ᠋ᠤ ᠲᠤᠬᠢᠶᠠᠵᠤ᠂ ᠰᠠᠢᠨ ᠰᠠᠢᠬᠠᠨ ᠠᠮᠢᠳᠤᠷᠠᠯ᠎ᠢ ᠡᠳ᠋ᠯᠡᠵᠦ ᠶᠠᠪᠤᠭ᠎ᠠ ᠳ᠋ᠠᠭᠠᠨ ᠪᠢᠳᠡ ᠢᠮᠠᠭᠳᠠ ᠠᠴᠢ ᠲᠠᠯᠠᠷᠬᠠᠯ᠎ᠤᠨ ᠰᠡᠳᠬᠢᠯᠭᠡ ᠵᠢ ᠡᠪᠦᠷᠯᠡᠵᠦ᠂  ᠡᠷᠡᠬᠦᠯ ᠡᠩᠭᠡ ᠠᠮᠢᠳᠤᠷᠠᠯ᠎ᠤᠨ ᠠᠷᠭ᠎ᠠ ᠬᠡᠯᠪᠡᠷᠢ ᠵᠢ ᠰᠤᠷᠳᠠᠯᠴᠢᠯᠠᠨ ᠲᠡᠯᠭᠡᠷᠡᠬᠦᠯᠵᠦ᠂ ᠠᠵᠢᠯ ᠦᠢᠯᠡᠰ ᠲᠡᠭᠡᠨ ᠵᠦᠪ ᠵᠢᠡᠷ ᠵᠢᠳᠬᠦᠨ᠂ ᠢᠳᠡᠪᠬᠢ ᠦᠭᠡᠳᠡᠷᠭᠡᠭ ᠵᠠᠩ ᠰᠤᠷᠳᠠᠯ ᠵᠢᠡᠷ ᠦᠪᠡᠷ ᠪᠤᠰᠤᠳ᠎ᠢ ᠨᠦᠯᠦᠭᠡᠯᠡᠨ᠂ ᠦᠭᠬᠢᠶᠡᠮᠦᠷᠴᠢ ᠬᠠᠯᠠᠭᠤᠨ ᠰᠡᠳᠬᠢᠯᠭᠡ ᠪᠡᠷ ᠨᠡᠢᠭᠡᠮ ᠨᠡᠢᠳᠡ ᠳ᠋ᠤ ᠦᠢᠯᠡᠴᠢᠯᠡᠨ᠂ ᠪᠡᠶ᠎ᠡ ᠮᠠᠬᠠᠪᠤᠳ᠂ ᠰᠡᠳᠬᠢᠴᠡ᠂ ᠶᠤᠰᠤ ᠰᠤᠷᠳᠠᠬᠤᠨ ᠪᠦᠬᠦ ᠲᠠᠯ᠎ᠠ ᠪᠡᠷ ᠡᠷᠡᠬᠦᠯ ᠮᠡᠨᠳᠦ ᠠᠷᠠᠳ ᠢᠷᠭᠡᠨ ᠪᠤᠯᠬᠤ ᠪᠡᠷ ᠨᠢᠭᠡ ᠶᠤᠰᠤᠨ᠎ᠤ ᠡᠷᠢᠯ ᠬᠦᠭᠡᠭᠡᠴᠡᠯᠳᠦᠯ ᠵᠢᠡᠨ ᠪᠤᠯᠭᠠᠵᠤ ᠶᠠᠪᠤᠶ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号