ᠦᠪᠦᠷ ᠮᠤᠩᠭᠤᠯ ᠡᠮ ᠤ᠋ᠨ ᠵᠦᠢᠯᠡᠰ ᠲᠤ᠌ ᠮᠡᠷᠭᠡᠵᠢᠯ ᠤ᠋ᠨ ᠬᠢᠨᠠᠯᠳᠠ ᠬᠢᠬᠦ ᠪᠠ ᠰᠢᠯᠭᠠᠨ ᠪᠠᠢᠴᠠᠭᠠᠵᠤ ᠦᠨᠡᠯᠡᠬᠦ ᠲᠤᠰᠬᠠᠢ ᠮᠡᠷᠭᠡᠵᠢᠯᠳᠠᠨ ᠤ᠋ ᠬᠦᠮᠦᠷᠭᠡ ᠶ᠋ᠢ ᠪᠠᠢᠭᠤᠯᠪᠠ
2026-06-15 09:32:33
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠬᠢᠨᠠᠨ ᠦᠨᠡᠯᠡᠬᠦ ᠪᠠ ᠡᠮᠳᠦ ᠪᠤᠳᠠᠰ ᠤ᠋ᠨ ᠠᠶᠤᠯᠭᠦᠢ ᠶ᠋ᠢ ᠬᠢᠨᠠᠨ ᠰᠢᠯᠭᠠᠵᠤ ᠰᠡᠷᠡᠮᠵᠢᠯᠡᠭᠦᠯᠬᠦ ᠲᠦᠪ ᠤᠢᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠲᠤ᠌ ᠮᠡᠷᠭᠡᠵᠢᠯ ᠤ᠋ᠨ ᠬᠢᠨᠠᠯᠳᠠ ᠬᠢᠬᠦ ᠪᠠ ᠰᠢᠯᠭᠠᠨ ᠪᠠᠢᠴᠠᠭᠠᠵᠤ ᠦᠨᠡᠯᠡᠬᠦ ᠲᠤᠰᠬᠠᠢ ᠮᠡᠷᠭᠡᠵᠢᠯᠳᠠᠨ ᠤ᠋ ᠬᠦᠮᠦᠷᠬᠡ ᠵᠢ ᠪᠠᠢᠭᠤᠯᠬᠤ ᠵᠢᠨ ᠬᠠᠮᠳᠤ ᠲᠦᠷᠦᠭᠦᠦ ᠪᠦᠯᠦᠭ ᠤ᠋ᠨ 378 ᠲᠤᠰᠬᠠᠢ ᠮᠡᠷᠭᠡᠵᠢᠯᠳᠡᠨ ᠤ᠋ ᠨᠡᠷᠡᠰ ᠢ᠋ ᠨᠡᠢᠳᠡᠯᠡᠪᠡ᠃

ᠡᠨᠡ ᠬᠦ᠌ ᠲᠤᠰᠬᠠᠢ ᠮᠡᠷᠭᠡᠵᠢᠯᠳᠡᠨ ᠤ᠋ ᠬᠦᠮᠦᠷᠭᠡ  ᠵᠢ ᠦᠪᠡᠷᠳᠡᠭᠡᠨ ᠵᠠᠰᠠᠬᠤ ᠤᠷᠤᠨ ᠤ᠋ ᠤᠳᠤᠬᠢᠴᠢᠯᠠᠭᠰᠠᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠮᠡᠷᠭᠡᠵᠢᠯ ᠤ᠋ᠨ ᠲᠤᠯᠭᠠᠭᠤᠷᠢᠯᠠᠬᠤ ᠰᠢᠰᠲ᠋ᠧᠮ ᠢ᠋ ᠪᠠᠢᠭᠤᠯᠬᠤ ᠵᠤᠷᠢᠯᠳᠠ ᠡᠴᠡ ᠪᠠᠢᠭᠤᠯᠵᠠᠢ᠃ ᠲᠤᠰᠬᠠᠢ ᠮᠡᠷᠭᠡᠵᠢᠯᠳᠡᠨ ᠢ᠋ ᠰᠤᠩᠭᠤᠬᠤ ᠳ᠋ᠠᠭᠠᠨ ᠢᠯᠡ ᠲᠤᠳᠤ᠂ ᠡᠷᠬᠡ ᠳᠡᠭᠰᠢ᠂ ᠲᠦᠪ ᠭᠤᠤᠯᠴᠢ ᠪᠠᠢᠬᠤ ᠵᠠᠷᠴᠢᠮ ᠢ᠋ ᠵᠢᠷᠦᠮᠯᠠᠨ᠂ ᠡᠯ᠎ᠠ ᠪᠠᠢᠭᠤᠯᠭ᠎ᠠ ᠨᠢᠭᠡᠴᠢ ᠡᠴᠡ ᠳᠡᠪᠰᠢᠭᠦᠯᠦᠨ ᠲᠠᠨᠢᠯᠴᠠᠭᠤᠯᠬᠤ᠂ ᠬᠢᠷᠢ ᠭᠡᠮ ᠢ᠋ ᠨᠢ ᠬᠢᠨᠠᠨ ᠪᠠᠢᠴᠠᠭᠠᠬᠤ᠂ ᠲᠤᠰᠬᠠᠢ ᠮᠡᠷᠭᠡᠵᠢᠯ ᠤ᠋ᠨ ᠬᠢᠨᠠᠨ ᠳᠤᠭᠳᠠᠭᠠᠯᠳᠠ ᠬᠢᠬᠦ᠂ ᠨᠡᠢᠭᠡᠮ ᠨᠡᠢᠳᠡ ᠳ᠋ᠤ ᠵᠠᠷᠯᠠᠨ ᠮᠡᠳᠡᠭᠳᠡᠬᠦ ᠵᠡᠷᠭᠡ ᠶᠠᠪᠤᠴᠠ ᠪᠡᠷ ᠶᠠᠪᠤᠭᠳᠠᠵᠤ᠂ ᠪᠦᠬᠦ ᠤᠷᠤᠨ ᠤ᠋ ᠡᠯ᠎ᠠ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ᠂ ᠡᠮᠴᠢᠯᠡᠭᠡᠨ ᠤ᠋ ᠪᠠᠢᠭᠤᠯᠤᠮᠵᠢ᠂ ᠡᠮ ᠡᠮᠨᠡᠯᠭᠡ ᠶ᠋ᠢᠨ ᠠᠵᠤ ᠠᠬᠤᠢᠯᠠᠯ ᠵᠢᠴᠢ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠰᠤᠳᠤᠨ ᠴᠢᠳᠠᠪᠤᠷᠢᠳᠠᠨ ᠢ᠋ ᠦᠷᠭᠡᠨ ᠶ᠋ᠢᠡᠷ ᠰᠢᠯᠢᠨ ᠰᠤᠩᠭᠤᠭᠰᠠᠨ ᠪᠠᠢᠨ᠎ᠠ᠃ ᠬᠦᠮᠦᠷᠭᠡ ᠳ᠋ᠤ ᠤᠷᠤᠭᠰᠠᠨ ᠲᠦᠷᠦᠭᠦᠦ ᠪᠦᠯᠦᠭ ᠤ᠋ᠨ 378 ᠲᠤᠰᠬᠠᠢ ᠮᠡᠷᠭᠡᠵᠢᠯᠳᠡᠨ ᠨᠢ ᠡᠮ ᠤ᠋ᠨ ᠵᠦᠢᠯᠡᠰ ᠤ᠋ᠨ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠡᠮᠴᠢᠯᠡᠭᠡᠨ ᠪᠠ ᠬᠢᠨᠠᠯᠳᠠ ᠬᠠᠮᠢᠶᠠᠷᠤᠯᠳᠠ ᠶ᠋ᠢᠨ ᠪᠦᠬᠦ ᠬᠡᠯᠬᠢᠶ᠎ᠠ᠂ ᠡᠮ ᠤ᠋ᠨ ᠵᠦᠢᠯᠡᠰ᠂ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ ᠤ᠋ᠨ ᠭᠤᠤᠯ ᠲᠤᠬᠠᠢᠯᠠᠭᠰᠠᠨ ᠠᠵᠢᠯ ᠢ᠋ ᠴᠦᠮ ᠬᠠᠮᠤᠷᠴᠤ᠂ ᠲᠤᠰᠬᠠᠢ ᠮᠡᠷᠭᠡᠵᠢᠯ ᠤ᠋ᠨ ᠤᠨᠤᠯ ᠤ᠋ᠨ ᠰᠠᠭᠤᠷᠢ ᠭᠦᠨ ᠵᠤᠵᠠᠭᠠᠨ ᠪᠦᠭᠡᠳ ᠡᠯᠪᠡᠭ ᠪᠠᠶᠠᠯᠢᠭ ᠦᠢᠯᠡᠳᠦᠯᠭᠡ ᠶ᠋ᠢᠨ ᠲᠤᠷᠰᠢᠯᠭ᠎ᠠ ᠲᠠᠢ᠂ ᠰᠠᠢᠨ ᠰᠠᠢᠬᠠᠨ ᠠᠵᠢᠯ ᠮᠡᠷᠭᠡᠵᠢᠯ ᠤ᠋ᠨ ᠬᠡᠪ ᠪᠤᠯᠪᠠᠰᠤᠷᠠᠯ ᠲᠠᠢ ᠪᠠᠢᠵᠤ᠂ ᠪᠦᠬᠦ ᠤᠷᠤᠨ ᠤ᠋ ᠡᠮ ᠤ᠋ᠨ ᠵᠦᠢᠯᠡᠰ ᠲᠤ᠌ ᠮᠡᠷᠭᠡᠵᠢᠯ ᠤ᠋ᠨ ᠬᠢᠨᠠᠯᠳᠠ ᠬᠢᠬᠦ ᠪᠠ ᠰᠢᠯᠭᠠᠨ ᠪᠠᠢᠴᠠᠭᠠᠵᠤ ᠦᠨᠡᠯᠡᠬᠦ ᠬᠦᠷᠢᠶᠡᠨ ᠤ᠋ ᠡᠷᠬᠡ ᠰᠦᠷᠳᠦ ᠭᠤᠤᠯᠯᠠᠬᠤ ᠬᠦᠴᠦᠨ ᠪᠤᠯᠤᠨ᠎ᠠ᠃

ᠡᠮ ᠤ᠋ᠨ ᠵᠦᠢᠯᠡᠰ ᠲᠤ᠌ ᠮᠡᠷᠭᠡᠵᠢᠯ ᠤ᠋ᠨ ᠬᠢᠨᠠᠯᠳᠠ ᠬᠢᠬᠦ ᠪᠠ ᠰᠢᠯᠭᠠᠨ ᠪᠠᠢᠴᠠᠭᠠᠵᠤ ᠦᠨᠡᠯᠡᠬᠦ ᠲᠤᠰᠬᠠᠢ ᠮᠡᠷᠭᠡᠵᠢᠯᠳᠡᠨ ᠤ᠋ ᠬᠦᠮᠦᠷᠭᠡ ᠪᠠᠢᠭᠤᠯᠤᠭᠳᠠᠭᠰᠠᠨ ᠨᠢ ᠦᠪᠤᠷ ᠮᠤᠩᠭᠤᠯ ᠤ᠋ᠨ ᠡᠮ ᠤ᠋ᠨ ᠵᠦᠢᠯᠡᠰ᠂ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ ᠲᠤ᠌ ᠮᠡᠷᠭᠡᠵᠢᠯ ᠤ᠋ᠨ ᠬᠢᠨᠠᠯᠳᠠ ᠬᠢᠬᠦ ᠪᠠ ᠰᠢᠯᠭᠠᠨ ᠪᠠᠢᠴᠠᠭᠠᠵᠤ ᠦᠨᠡᠯᠡᠬᠦ ᠮᠡᠷᠭᠡᠵᠢᠯ ᠤ᠋ᠨ ᠲᠤᠯᠭᠠᠭᠤᠷᠢᠯᠠᠬᠤ ᠰᠢᠰᠲ᠋ᠧᠮ ᠰᠢᠨ᠎ᠠ ᠳᠡᠭᠳᠡᠷ ᠲᠤ᠌ ᠭᠠᠷᠤᠭᠰᠠᠨ ᠢ᠋ ᠬᠠᠷᠠᠭᠤᠯᠵᠤ᠂ ᠤᠯᠠᠨ ᠲᠦᠮᠡᠨ ᠤ᠋ ᠡᠮ ᠤ᠋ᠨ ᠵᠦᠢᠯᠡᠰ ᠢ᠋ ᠠᠮᠦᠷ ᠲᠦᠪᠰᠢᠨ ᠶ᠋ᠢᠡᠷ ᠬᠡᠷᠡᠭᠯᠡᠬᠦ ᠶ᠋ᠢ ᠰᠠᠬᠢᠨ ᠬᠠᠮᠠᠭᠠᠯᠠᠵᠤ᠂ ᠡᠷᠡᠭᠦᠯ ᠡᠩᠭᠡ ᠦᠪᠦᠷ ᠮᠤᠩᠭᠤᠯ ᠤ᠋ᠨ ᠬᠤᠯᠪᠤᠭᠳᠠᠯ ᠪᠦᠬᠦᠢ ᠠᠵᠤ ᠦᠢᠯᠡᠰ ᠤ᠋ᠨ ᠬᠦᠭᠵᠢᠯᠳᠡ ᠳ᠋ᠤ ᠪᠠᠳᠤ ᠴᠢᠩᠭ᠎ᠠ ᠤᠶᠤᠨ ᠤ᠋ ᠪᠠᠳᠤᠯᠠᠭ᠎ᠠ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号