ᠥᠪᠥᠷ ᠮᠣᠩᠭᠣᠯ ᠲᠣᠭ᠎ᠠ ᠪᠠᠷᠢᠮᠲᠠ᠎ᠶ᠋ᠢᠨ ᠬᠡᠷᠡᠭ᠌ᠯᠡᠭᠡᠨ᠎ᠦ ᠠᠬᠤᠶ ᠪᠠᠢᠳᠠᠯ᠎ᠤᠨ 4 ᠶᠡᠬᠡ ᠭᠤᠤᠯᠯᠠᠬᠤ ᠦᠷ᠎ᠡ ᠪᠦᠲᠦᠭᠡᠯ᠎ᠢ ᠨᠡᠢᠲᠡᠯᠡᠪᠠ
2026-06-15 11:02:53
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠭᠤᠤᠯᠯᠠᠨ ᠡᠷᠭᠢᠯᠡᠭ᠌ᠰᠡᠨ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠠᠷᠢᠮᠳᠠ᠎ᠶ᠋ᠢᠨ ᠬᠡᠷᠡᠭ᠌ᠯᠡᠭᠡᠨ᠎ᠦ ᠠᠬᠤᠢ ᠪᠠᠢᠳᠠᠯ᠎ᠢ ᠨᠡᠢᠲᠡᠯᠡᠬᠦ᠌ ᠬᠤᠷᠠᠯ ᠬᠥᠬᠡᠬᠣᠲᠠ᠎ᠳᠤ ᠶᠠᠪᠤᠭ᠍ᠳᠠᠵᠦ᠂ ᠥᠪᠥᠷ ᠮᠣᠩᠭᠣᠯ᠎ᠤᠨ ᠲᠣᠭ᠎ᠠ ᠪᠠᠷᠢᠮᠲᠠ᠎ᠶ᠋ᠢᠨ ᠴᠢᠬᠤᠯᠠ ᠡᠯᠧᠮᠧᠨ᠋ᠲ᠎ᠦᠨ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ ᠪᠣᠯᠤᠨ ᠲᠣᠭ᠎ᠠ ᠪᠠᠷᠢᠮᠲᠠ᠎ᠶ᠋ᠢᠨ ᠪᠣᠳᠠᠲᠤ ᠠᠭᠤᠰᠤᠯᠴᠠᠯ᠎ᠤᠨ ᠬᠠᠮᠤᠭ᠎ᠤᠨ ᠱᠢᠨ᠎ᠡ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠯᠭᠡᠨ ᠦᠵᠡᠭᠦᠯᠪᠡ᠃

ᠲᠣᠰ ᠤᠳᠠᠭ᠎ᠠ᠎ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠨᠢ 4 ᠶᠡᠬᠡ ᠭᠤᠤᠯᠯᠠᠬᠤ ᠦᠷ᠎ᠡ ᠪᠦᠲᠦᠭᠡᠯ᠎ᠳᠦ ᠲᠥᠪᠯᠡᠷᠡᠩᠭᠦᠶ ᠢᠯᠡᠷᠡᠵᠦ᠍᠂ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ᠎ᠤᠨ ᠢᠲᠡᠭᠡᠮᠵᠢᠲᠦ ᠲᠣᠭ᠎ᠠ ᠪᠠᠷᠢᠮᠲᠠ᠎ᠶ᠋ᠢᠨ ᠣᠷᠣᠨ ᠵᠠᠶ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠤᠷᠱᠢᠯᠲᠡ ᠵᠢᠨ ᠴᠡᠭ᠎ᠢ 13 ᠎ᠨᠡᠢᠲᠡᠯᠡᠵᠦ᠍᠂ ᠢᠲᠡᠭᠡᠮᠵᠢ᠂ ᠢᠳᠡᠭᠡᠨ᠎ᠦ ᠠᠮᠤᠷ ᠲᠦᠪᠱᠢᠨ᠂ ᠤᠰᠤᠨ ᠠᠱᠢᠭ᠍ᠯᠠᠯᠲᠠ᠂ ᠡᠨᠧᠷᠭᠢ᠂ ᠴᠠᠭᠠᠨ ᠢᠳᠡᠭᠡᠨ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ᠂ ᠵᠠᠮ ᠬᠠᠷᠢᠯᠴᠠᠭ᠎ᠠ᠂ ᠠᠮᠢ ᠠᠬᠤᠶ ᠣᠷᠴᠢᠨ ᠲᠣᠭᠣᠷᠢᠨ ᠵᠡᠷᠭᠡ ᠭᠤᠤᠯᠳᠠᠯᠭ᠎ᠠ᠎ᠲᠠᠶ ᠬᠦᠷᠢᠶ᠎ᠡ᠎ᠶ᠋ᠢ ᠬᠠᠮᠤᠷᠴᠤ᠌᠂ ᠮᠡᠷᠭᠡᠵᠢᠯ᠎ᠢᠶᠡᠷ ᠬᠦᠴᠦᠨ ᠣᠯᠭᠣᠵᠤ᠂ ᠲᠣᠭ᠎ᠠ ᠪᠠᠷᠢᠮᠲᠠ᠎ᠶ᠋ᠢᠨ ᠭᠦᠶ᠋ᠯᠭᠡᠭᠡᠨ᠎ᠦ ᠠᠮᠤᠷ ᠲᠦᠪᠱᠢᠨ ᠪᠥᠭᠡᠳ ᠲᠣᠭ᠍ᠲᠠᠭᠠᠯ᠎ᠳᠤ ᠨᠡᠢᠴᠡᠬᠦ᠌᠎ᠶ᠋ᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ᠎ᠤ ᠬᠣᠶᠠᠳᠤᠭᠠᠷ ᠪᠦᠯᠦᠭ᠎ᠦᠨ ᠣᠯᠠᠨ ᠨᠡᠢᠲᠡ᠎ᠶ᠋ᠢᠨ ᠲᠤᠭ᠎ᠠ ᠪᠡᠷᠢᠮᠳᠠ ᠵᠢ ᠵᠢᠱ᠌ᠢᠶ᠎ᠡ ᠦᠵᠡᠭᠦᠯᠬᠦ᠌ ᠠᠬᠤᠢ ᠲᠠᠯᠠᠪᠠᠶ᠎ᠶ᠋ᠢ 10 ᠨᠡᠢᠲᠡᠯᠡᠵᠦ᠍᠂ ᠬᠣᠲᠠ᠎ᠶ᠋ᠢᠨ ᠬᠠᠮᠢᠶᠠᠷᠤᠯᠲᠠ᠂ ᠭᠠᠢᠯᠢ᠎ᠶ᠋ᠢᠨ ᠶᠠᠪᠤᠳᠠᠯ᠎ᠤᠨ ᠦᠶ᠋ᠯᠡᠴᠢᠯᠡᠭᠡ᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ᠂ ᠠᠵᠤ ᠦᠶ᠋ᠯᠡᠰ᠎ᠦᠨ ᠬᠥᠭ᠌ᠵᠢᠯᠲᠡ᠂ ᠪᠠᠷᠠᠭᠠᠨ᠎ᠤ ᠭᠦᠶ᠋ᠯᠭᠡᠭᠡ ᠲᠡᠭᠡᠭᠡᠪᠦᠷᠢ ᠵᠡᠷᠭᠡ ᠲᠤᠭ᠎ᠠ ᠪᠡᠷᠢᠮᠳᠠ᠎ᠶ᠋ᠢᠨ ᠬᠡᠷᠡᠭ᠌ᠯᠡᠭᠡᠨ᠎ᠦ ᠪᠠᠢᠳᠠᠯ᠎ᠢ ᠪᠠᠭ᠍ᠲᠠᠭᠠᠵᠤ᠂ ᠰᠠᠯᠠᠭ᠎ᠠ ᠮᠥᠴᠢᠷ ᠠᠯᠤᠰᠯᠠᠭ᠍ᠰᠠᠨ ᠲᠤᠭ᠎ᠠ ᠪᠠᠷᠢᠮᠳᠠ᠎ᠶ᠋ᠢᠨ ᠠᠭᠤᠰᠤᠯᠴᠠᠯ᠎ᠢᠶᠠᠷ ᠳᠡᠮᠵᠢᠨ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠦᠷ᠎ᠡ ᠪᠦᠲᠦᠮᠵᠢ᠂ ᠬᠣᠲᠠ᠎ᠶ᠋ᠢᠨ ᠵᠠᠰᠠᠯᠲᠠ᠎ᠶ᠋ᠢ ᠨᠠᠷᠢᠯᠢᠬ᠍ᠵᠢᠭᠤᠯᠬᠤ ᠲᠦᠪᠱᠢᠨ ᠪᠠ ᠠᠵᠤ ᠦᠶ᠋ᠯᠡᠰ᠎ᠦᠨ ᠬᠠᠮᠵᠢᠯᠴᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠯᠠᠨ ᠨᠡᠢᠲᠡ᠎ᠶ᠋ᠢᠨ ᠲᠣᠭ᠎ᠠ ᠪᠠᠷᠢᠮᠲᠠ᠎ᠶ᠋ᠢᠨ ᠡᠷᠬᠡ ᠣᠯᠭᠣᠵᠤ ᠠᠵᠢᠯᠯᠠᠭᠤᠯᠤᠭ᠍ᠰᠠᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠍᠂ ᠣᠯᠠᠨ ᠨᠡᠢᠲᠡ᠎ᠶ᠋ᠢᠨ ᠲᠣᠭ᠎ᠠ ᠪᠠᠷᠢᠮᠲᠠ᠎ᠶ᠋ᠢ ᠲᠣᠭ᠍ᠲᠠᠭᠠᠯ᠎ᠳᠤ ᠨᠡᠢᠴᠡᠭᠦᠯᠦᠨ ᠴᠢᠯᠥᠭᠡᠲᠡᠶ ᠪᠣᠯᠭᠠᠬᠤ᠂ ᠦᠨ᠎ᠡ ᠥᠷᠲᠡᠭ᠎ᠢ ᠤᠯᠠᠷᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠳᠡᠯᠭᠡᠷᠡᠭᠦᠯᠵᠦ᠍ ᠪᠣᠯᠬᠤᠢᠴᠠ ᠡᠷᠬᠡ ᠣᠯᠭᠣᠵᠤ ᠠᠵᠢᠯᠯᠠᠭᠤᠯᠤᠨ ᠡᠵᠡᠩᠨᠡᠬᠦ᠌ ᠵᠠᠭ᠍ᠪᠤᠷ᠎ᠢ ᠪᠣᠶ ᠪᠣᠯᠭᠠᠵᠤ᠂ ᠣᠯᠠᠨ ᠨᠡᠢᠲᠡ᠎ᠶ᠋ᠢᠨ ᠲᠣᠭ᠎ᠠ ᠪᠠᠷᠢᠮᠲᠠ᠎ᠶ᠋ᠢ ᠡᠬᠢ ᠪᠠᠶᠠᠯᠢᠭ᠎ᠠᠴᠠ ᠡᠳ᠋ ᠬᠥᠷᠥᠩᠭᠡ ᠳᠠᠢᠰᠢ ᠤᠯᠠᠷᠢᠭᠤᠯᠬᠤ ᠵᠠᠮ᠎ᠢ ᠨᠡᠪᠲᠡᠷᠡᠭᠦᠯᠪᠠ᠃ ᠳᠠᠭᠠᠭᠤᠯᠢ ᠣᠳᠣᠨ᠎ᠤ ᠠᠯᠤᠰ ᠰᠡᠷᠡᠯ᠂ AI ᠣᠶᠤᠨᠴᠢ ᠬᠠᠪᠰᠤᠷᠤᠮᠵᠢ᠂ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠂ ᠡᠮᠴᠢᠯᠡᠭᠡᠨ᠎ᠦ ᠶᠠᠰᠤ ᠴᠢᠨᠠᠷ᠎ᠤᠨ ᠡᠵᠡᠮᠳᠡᠯ᠂ ᠴᠠᠭ ᠠᠭᠤᠷ᠎ᠤᠨ ᠦᠶ᠋ᠯᠡᠴᠢᠯᠡᠭᠡ ᠵᠡᠷᠭᠡ 20 ᠭᠠᠷᠤᠶ ᠵᠦᠶ᠋ᠯ᠎ᠦᠨ ᠲᠣᠭ᠎ᠠ ᠪᠠᠷᠢᠮᠲᠠ᠎ᠶ᠋ᠢᠨ ᠬᠡᠷᠡᠭ᠌ᠯᠡᠭᠡᠨ᠎ᠦ ᠠᠬᠤᠶ ᠪᠠᠢᠳᠠᠯ᠎ᠢ ᠨᠡᠢᠲᠡᠯᠡᠵᠦ᠍᠂ ᠠᠷᠠᠯᠵᠢᠶᠠᠨ᠎ᠤ ᠠᠬᠤᠶ ᠪᠠᠢᠳᠠᠯ᠎ᠢ ᠪᠠᠶᠠᠯᠢᠭ᠍ᠵᠢᠭᠤᠯᠵᠤ᠂ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠲᠣᠭ᠎ᠠ ᠪᠠᠷᠢᠮᠲᠠ᠎ᠶ᠋ᠢᠨ ᠡᠯᠧᠮᠧᠨ᠋ᠲ᠎ᠦᠨ ᠭᠦᠶ᠋ᠯᠭᠡᠭᠡᠨ᠎ᠦ ᠠᠷᠠᠯᠵᠢᠶ᠎ᠠ᠎ᠶ᠋ᠢ ᠲᠦᠷᠭᠡᠳᠭᠡᠵᠦ᠍᠂ ᠠᠵᠤ ᠦᠶ᠋ᠯᠡᠰ᠎ᠦᠨ ᠲᠠᠰ ᠳᠠᠪᠱᠢᠯᠲᠠ ᠪᠠ ᠠᠵᠤ ᠠᠬᠤᠶ᠎ᠶ᠋ᠢᠨ ᠨᠡᠮᠡᠭ᠌ᠳᠡᠯ᠎ᠳᠦ ᠬᠦᠴᠦᠨ ᠨᠡᠮᠡᠷᠢᠯᠡᠪᠡ᠃

ᠬᠤᠷᠠᠯ ᠳᠡᠭᠡᠷ᠎ᠡ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠂ ᠥᠪᠥᠷ ᠮᠣᠩᠭᠣᠯ᠎ᠤᠨ ᠢᠯᠢ ᠠᠵᠤ ᠦᠢᠯᠡᠰ᠎ᠦᠨ ᠪᠦᠯᠦᠭ᠌ᠯᠡᠯ᠂ ᠬᠥᠬᠡᠬᠣᠲᠠ᠎ᠶ᠋ᠢᠨ ᠴᠠᠭ ᠠᠭᠤᠷ᠎ᠤᠨ ᠲᠣᠪᠴᠢᠢ᠎ᠠ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ ᠵᠡᠷᠭᠡ ᠨᠢᠭᠡᠴᠢ ᠵᠢᠨ ᠡᠨᠧᠷᠭᠢ ᠲᠣᠭ᠎ᠠ ᠪᠠᠷᠢᠮᠲᠠ᠎ᠶ᠋ᠢ ᠠᠭᠤᠰᠤᠯᠴᠠᠭᠤᠯᠬᠤ᠂ ᠴᠠᠭᠠᠨ ᠢᠳᠡᠭᠡᠨ᠎ᠦ ᠠᠵᠤ ᠦᠢᠯᠡᠰ᠎ᠦᠨ ᠬᠡᠯᠬᠢᠶ᠎ᠡ᠎ᠶ᠋ᠢᠨ ᠲᠣᠭ᠎ᠠ ᠪᠠᠷᠢᠮᠲᠠ᠎ᠳᠤ ᠬᠦᠴᠦᠨ ᠣᠯᠭᠣᠬᠤ᠂ ᠡᠪᠡᠰᠦ ᠪᠣᠷᠳᠣᠭ᠎ᠠ ᠵᠢᠨ ᠤᠶᠤᠨᠲᠤ ᠦᠢᠯᠡᠳᠪᠤᠷᠢᠯᠡᠯ᠂ ᠪᠥᠭᠡᠮ ᠲᠠᠸᠠᠷ᠎ᠤᠨ ᠪᠠᠷᠠᠭᠠᠨ᠎ᠤ ᠭᠦᠢᠯᠭᠡᠭᠡᠨ᠎ᠦ ᠲᠣᠭ᠎ᠠ ᠪᠠᠷᠢᠮᠲᠠ᠎ᠶ᠋ᠢᠨ ᠬᠡᠷᠡᠭ᠌ᠯᠡᠯᠲᠡ ᠵᠡᠷᠭᠡ ᠠᠬᠤᠢ ᠪᠠᠢᠳᠠᠯ᠎ᠢ ᠬᠤᠪᠢᠶᠠᠯᠴᠠᠨ ᠡᠳ᠋ᠯᠡᠬᠦ᠌᠎ᠶ᠋ᠢᠨ ᠬᠠᠮᠲᠤ᠂ ᠠᠬᠤᠢ ᠲᠠᠯᠠᠪᠠᠢ᠎ᠶ᠋ᠢᠨ ᠪᠠᠢᠭᠤᠯᠤᠯᠲᠠ᠎ᠶ᠋ᠢᠨ ᠠᠷᠭ᠎ᠠ ᠵᠠᠮ᠂ ᠭᠣᠣᠯᠯᠠᠭ᠍ᠴᠢ ᠦᠷᠳᠡᠭ ᠪᠣᠯᠤᠨ ᠦᠢᠯᠡᠳᠦᠯᠭᠡ᠎ᠶ᠋ᠢᠨ ᠦᠷ᠎ᠡ ᠪᠦᠲᠦᠮᠵᠢ᠎ᠶ᠋ᠢ ᠭᠦᠨᠵᠡᠭᠡᠢ ᠲᠠᠢᠯᠪᠤᠷᠢᠯᠠᠵᠤ᠂ ᠪᠦᠬᠦ᠌ ᠣᠷᠣᠨ᠎ᠤ ᠲᠣᠭ᠎ᠠ ᠪᠠᠷᠢᠮᠲᠠ᠎ᠶ᠋ᠢᠨ ᠬᠡᠷᠡᠭ᠌ᠯᠡᠭᠡᠨ᠎ᠦ ᠱᠢᠨ᠎ᠡ᠎ᠶ᠋ᠢ ᠡᠭᠦᠳᠬᠦ᠌᠎ᠳᠦ ᠵᠢᠱ᠌ᠢᠢ᠎ᠡ ᠦᠵᠡᠭᠦᠯᠬᠦ᠌ ᠯᠠᠪᠯᠠᠯᠲᠠ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号