《ᠠᠷᠪᠠ ᠵᠠᠭᠤ ᠮᠢᠩᠭ᠎ᠠ ᠲᠦᠮᠡ᠎ᠶ᠋ᠢᠨ ᠰᠠᠭᠤᠷᠢ᠎ᠵᠢ ᠪᠡᠬᠢᠵᠢᠬᠦᠯᠬᠦ ᠢᠨᠵᠧᠨᠧᠷᠢᠩ》 ᠵᠢᠡᠷ ᠦᠨᠳᠦᠰᠦᠨ ᠱᠠᠲᠤᠨ᠎ᠤ ᠪᠢᠴᠢᠯ ᠵᠠᠰᠠᠯᠲᠠ᠎ᠳ᠋ᠤ ᠬᠦᠴᠦᠨ ᠤᠯᠭᠤᠨ᠎ᠠ
2026-06-15 09:42:30
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

— ᠤᠯᠠᠭᠠᠨᠬᠤᠲᠠ᠎ᠵᠢᠨ ᠡᠾᠸ ᠫᠢᠩ ᠵᠡᠭᠡᠯᠢ ᠭᠤᠲᠤᠮᠵᠢ᠎ᠵᠢᠨ ᠬᠡᠷᠡᠭ ᠡᠷᠬᠢᠯᠡᠬᠦ ᠭᠠᠵᠠᠷ᠎ᠤᠨ ᠵᠠᠰᠠᠯᠲᠠ᠎ᠵᠢᠨ ᠰᠢᠨ᠎ᠠ ᠵᠠᠬᠪᠤᠷ᠎ᠢ ᠲᠡᠮᠳᠡᠭᠯᠡᠪᠡ


ᠤᠢᠷ᠎ᠠ᠎ᠵᠢᠨ ᠬᠤᠭᠤᠴᠠᠭᠠᠨ᠎ᠳ᠋ᠤ᠂ ᠤᠯᠠᠭᠠᠨᠬᠣᠲᠠ᠎ᠶ᠋ᠢᠨ ᠾᠧ ᠫᠢᠩ ᠵᠡᠭᠡᠯᠢ ᠭᠤᠳᠤᠮᠵᠢ᠎ᠵᠢᠨ ᠬᠡᠷᠡᠭ ᠡᠷᠬᠢᠯᠡᠬᠦ ᠭᠠᠵᠠᠷ ᠬᠠᠷᠢᠶ᠎ᠠ ᠣᠷᠣᠨ᠎ᠤ᠎ᠪᠠᠨ ᠪᠣᠳᠠᠲᠤ ᠪᠠᠢᠳᠠᠯ᠎ᠳᠤ ᠰᠠᠭᠤᠷᠢᠯᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡ᠂ ᠨᠠᠰᠤᠲᠠᠨ᠎ᠢ ᠬᠠᠷᠠᠭᠠᠯᠵᠠᠵᠦ ᠠᠰᠠᠷᠠᠬᠤ᠂ ᠠᠳᠠᠯ ᠠᠬᠤᠶ᠎ᠶ᠋ᠢᠨ ᠦᠶ᠋ᠯᠡᠴᠢᠯᠡᠭᠡ ᠵᠡᠷᠭᠡ ᠣᠯᠠᠨ ᠲᠦᠮᠡᠨ᠎ᠦ ᠳᠡᠷᠭᠡᠳᠡᠬᠢ ᠶᠠᠪᠤᠳᠠᠯ᠎ᠳᠤ ᠠᠩᠬᠠᠷᠤᠯ ᠵᠢᠡᠨ ᠲᠦᠪᠯᠡᠷᠡᠬᠦᠯᠵᠦ᠂ 《ᠨᠠᠮ᠎ᠤᠨ ᠪᠠᠢᠭᠤᠯᠤᠯᠲᠠ +》 ᠱᠢᠨ᠎ᠡ ᠵᠠᠭ᠍ᠪᠤᠷ᠎ᠢ ᠡᠬᠦᠳᠴᠦ᠂ 《ᠠᠷᠪᠠ ᠵᠠᠭᠤ ᠮᠢᠩᠭ᠎ᠠ ᠲᠦᠮᠡ᠎ᠶ᠋ᠢᠨ ᠰᠠᠭᠤᠷᠢ᠎ᠵᠢ ᠪᠡᠬᠢᠵᠢᠬᠦᠯᠬᠦ ᠢᠨᠵᠧᠨᠧᠷᠢᠩ》 ᠤ᠋ᠨ ᠨᠠᠮ᠎ᠤᠨ ᠪᠠᠢᠭᠤᠯᠤᠯᠲᠠ᠎ᠶ᠋ᠢᠨ ᠨᠠᠷᠠᠲᠤ ᠲᠡᠮᠳᠡᠭ᠎ᠢ ᠲᠠᠰᠤᠷᠠᠯᠲᠠ ᠥᠬᠡᠶ ᠲᠡᠬᠦᠯᠳᠡᠷᠵᠢᠬᠦᠯᠵᠦ᠂  ᠪᠢᠴᠢᠯ ᠲᠤᠤᠷᠵᠢᠯ᠎ᠤᠨ ᠱᠢᠰᠲ᠋ᠧᠮ᠎ᠢ ᠪᠠᠢᠭᠤᠯᠬᠤ᠂ ᠣᠯᠠᠨ ᠲᠦᠮᠡᠨ᠎ᠢ ᠳᠠᠢᠴᠢᠯᠠᠨ ᠣᠷᠣᠯᠴᠠᠭᠤᠯᠬᠤ᠂ ᠣᠯᠠᠨ ᠡᠱᠢᠲᠦ ᠬᠦᠴᠦᠨ᠎ᠢ ᠡᠮᠬᠢᠯᠡᠨ ᠨᠡᠢᠯᠡᠭᠦᠯᠬᠦ ᠪᠡᠷ ᠳᠠᠮᠵᠢᠨ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠂ ᠰᠠᠭᠤᠭᠠᠯᠢ ᠠᠷᠠᠳ᠎ᠤᠨ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠲᠠ ᠦᠬᠡᠢ ᠨᠡᠮᠡᠭᠳᠡᠬᠦᠯᠪᠡ᠃

ᠦᠨᠳᠦᠰᠦᠲᠡᠨ᠎ᠦ ᠪᠦᠯᠬᠦᠮᠳᠡᠯ᠎ᠢ ᠭᠦᠨᠵᠡᠭᠡᠢᠷᠡᠭᠦᠯᠵᠦ᠍ ᠵᠠᠰᠠᠯᠲᠠ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ

ᠲᠦᠷᠦᠭᠦᠭᠡᠨ᠂ ᠤᠯᠠᠭᠠᠨᠬᠣᠲᠠ᠎ᠶ᠋ᠢᠨ ᠾᠧ ᠫᠢᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠲᠦ ᠬᠥᠮᠦᠰ ᠬᠠᠷ᠎ᠠ ᠴᠤᠬᠯᠠᠷᠠᠵᠦ᠂ ᠨᠡᠢᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ ᠪᠠ ᠠᠨᠠᠷ᠎ᠤᠨ ᠬᠣᠯᠪᠣᠭ᠎ᠠ᠎ᠶ᠋ᠢᠨ 123 ᠨᠢᠭᠡᠴᠢ᠎ᠶ᠋ᠢᠨ ᠲᠥᠯᠥᠭᠡᠯᠡᠭ᠌ᠴᠢᠳ ᠨᠢᠭᠡ ᠲᠠᠩᠬᠢᠮ᠎ᠳᠤ ᠴᠤᠭ᠍ᠯᠠᠷᠠᠵᠤ᠂ ᠨᠢᠭᠡ ᠤᠳᠠᠭᠠᠨ᠎ᠤ 《ᠠᠷᠪᠠ ᠵᠠᠭᠤ ᠮᠢᠩᠭ᠎ᠠ ᠲᠦᠮᠡ᠎ᠵᠢᠨ ᠰᠠᠭᠤᠷᠢ ᠵᠢ ᠪᠡᠬᠢᠵᠢᠬᠦᠯᠬᠦ ᠢᠨᠵᠧᠨᠧᠷᠢᠩ》 ᠤ᠋ᠨ ᠪᠥᠬᠥ᠌ ᠵᠢᠯ᠎ᠦᠨ ᠠᠵᠢᠯᠯᠠᠭ᠎ᠠ᠎ᠶ᠋ᠢᠨ ᠵᠢᠯᠣᠭᠣᠳᠤᠮᠵᠢ ᠨᠡᠢᠲᠡᠯᠡᠬᠦ᠌ ᠵᠢᠴᠢ 《ᠠᠨᠠᠷ᠎ᠤᠨ ᠦᠷ᠎ᠡ》 ᠵᠢᠨ ᠵᠠᠰᠠᠯᠲᠠ᠎ᠶ᠋ᠢᠨ ᠲᠥᠷᠥᠯ ᠵᠦᠶ᠋ᠯ᠎ᠢ ᠲᠠᠨᠢᠵᠤ ᠠᠪᠬᠤ ᠡᠬᠢᠯᠡᠯᠲᠡ᠎ᠶ᠋ᠢᠨ ᠶᠣᠰᠣᠯᠠᠯ᠎ᠳᠤ ᠬᠠᠮᠲᠤ᠎ᠪᠠᠷ ᠤᠷᠤᠯᠴᠠᠪᠠ᠃ ᠠᠵᠢᠯᠯᠠᠭ᠎ᠠ᠎ᠶ᠋ᠢᠨ ᠠᠬᠤᠶ ᠲᠠᠯᠠᠪᠠᠶ᠎ᠳᠤ᠂ ᠨᠡᠢᠭᠡᠮ ᠲᠣᠭᠣᠷᠢᠭ᠎ᠤᠨ ᠪᠥᠲᠥᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ ᠵᠡᠷᠭᠡ ᠬᠦᠷᠢᠶ᠎ᠠ ᠴᠠᠷᠠᠭᠠᠨ᠎ᠳᠡᠬᠢ ᠮᠢᠩᠭᠠᠨ ᠵᠤᠷᠪᠤᠰ ᠵᠠᠰᠠᠯᠲᠠ᠎ᠶ᠋ᠢᠨ ᠲᠥᠷᠥᠯ ᠵᠦᠶ᠋ᠯ᠎ᠨᠢ ᠲᠤᠬᠠᠶ᠎ᠶ᠋ᠢᠨ ᠲᠠᠯᠠᠪᠠᠶ᠎ᠳᠤ ᠨᠢᠭᠡᠳ ᠨᠢᠭᠡ᠎ᠪᠡᠷ ᠮᠡᠳᠡᠷᠡᠭ᠌ᠳᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠢᠭ᠍ᠲᠠ ᠬᠣᠯᠪᠣᠭ᠍ᠰᠠᠨ ᠬᠠᠢᠷ᠎ᠠ ᠰᠡᠳᠭᠢᠯᠭᠡ᠎ᠶ᠋ᠢᠨ ᠬᠣᠯᠪᠣᠭᠠᠰᠤ ᠨᠡᠩ ᠪᠠᠲᠤ ᠪᠠᠬᠢ ᠪᠣᠯᠪᠠ᠃ ᠡᠨᠡ᠎ᠬᠦ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠭ᠍ᠰᠠᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠢᠯᠡᠳᠦᠯᠭᠡ ᠨᠢ ᠬᠠᠮᠲᠤ᠎ᠪᠠᠷ ᠪᠠᠢᠭᠤᠯᠬᠤ ᠨᠢᠭᠡᠴᠢ᠎ᠶ᠋ᠢᠨ ᠡᠬᠢ ᠪᠠᠶᠠᠯᠢᠭ ᠪᠠ ᠤᠯᠠᠨ ᠲᠦᠮᠡᠨ᠎ᠦ ᠪᠣᠳᠠᠲᠠᠢ ᠬᠡᠷᠡᠭ᠌ᠴᠡᠭᠡ᠎ᠵᠢ ᠣᠨᠣᠴᠠᠲᠠᠢ ᠵᠣᠯᠭᠠᠭᠤᠯᠪᠠ᠃ 《ᠪᠢᠳᠡ ᠦᠷᠭᠦᠯᠵᠢᠯᠡᠨ ᠢᠳᠡᠪᠬᠢᠲᠡᠶ ᠣᠷᠣᠯᠴᠠᠵᠤ᠂ ᠰᠠᠨᠠᠭᠠᠴᠢᠯᠠᠭ᠎ᠠ᠎ᠠᠴᠠ᠎ᠪᠠᠨ ᠬᠦᠴᠦᠯᠡᠵᠦ᠍᠂ ᠦᠨᠳᠦᠰᠦᠨ ᠱᠠᠲᠤᠨ᠎ᠤ ᠵᠠᠰᠠᠯᠲᠠ᠎ᠳᠤ ᠦᠨᠡᠨ ᠪᠣᠳᠠᠲᠠᠶ ᠬᠦᠴᠦᠨ ᠨᠡᠮᠡᠷᠢᠯᠡᠵᠦ᠍᠂ ᠬᠠᠷᠢᠶ᠎ᠠ ᠣᠷᠣᠨ᠎ᠤ ᠣᠯᠠᠨ ᠲᠦᠮᠡᠨ᠎ᠳᠦ ᠦᠶ᠋ᠯᠡᠴᠢᠯᠡᠵᠦ᠍᠂ ᠵᠡᠭᠡᠯᠢ ᠭᠤᠳᠤᠮᠵᠢ᠎ᠵᠢᠨ ᠬᠡᠷᠡᠭ ᠡᠷᠬᠢᠯᠡᠬᠦ ᠭᠠᠵᠠᠷ᠎ᠲᠠᠶ ᠬᠠᠮᠲᠤ᠎ᠪᠠᠷ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠠᠩ ᠰᠠᠢᠲᠤᠷ᠂ ᠨᠠᠩ ᠪᠣᠳᠠᠲᠠᠶ ᠬᠢᠨ᠎ᠠ》 ᠭᠡᠵᠦ᠍ ᠤᠯᠠᠭᠠᠨᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠾᠧ ᠢᠦᠶ ᠮᠧᠶ ᠬᠡᠯᠡᠪᠡ᠃


3294425e-1535-4488-b05a-584d0b9e4345.png


ᠤᠯᠠᠭᠠᠨᠬᠣᠲᠠ᠎ᠶ᠋ᠢᠨ ᠾᠧ ᠫᠢᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ ᠭᠠᠵᠠᠷ᠎ᠤᠨ ᠨᠠᠮ᠎ᠤᠨ ᠠᠵᠢᠯ᠎ᠤᠨ ᠬᠣᠷᠢᠶ᠎ᠠ᠎ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠭᠡᠱᠢᠭᠦᠨ ᠯᠢᠦ ᠱᠢᠨ᠄ 《ᠲᠤᠰ ᠤᠳᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠪᠣᠯ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ᠎ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠴᠢᠬᠤᠯᠠ ᠦᠢᠯᠡᠳᠦᠯᠭᠡ᠎ᠶ᠋ᠢᠨ ᠠᠴᠢᠶᠠᠯᠠᠪᠤᠷᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌ ᠲᠠᠢ᠌ᠴᠢᠯᠠᠯᠳᠠ ᠪᠠᠢᠷᠢᠯᠠᠭᠤᠯᠤᠯᠲᠠ ᠪᠣᠯᠤᠨ᠎ᠠ᠃ ᠤᠯᠠᠭᠠᠨᠬᠣᠲᠠ᠎ᠶ᠋ᠢᠨ ᠾᠧ ᠫᠢᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ ᠭᠠᠵᠠᠷ᠎ᠤᠨ᠎ᠬᠢᠨ ᠲᠣᠰ ᠤᠳᠠᠭ᠎ᠠ᠎ᠶ᠋ᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠠᠷᠠᠳ᠎ᠤᠨ ᠲᠥᠯᠥᠭᠡ ᠭᠡᠬᠦ᠌ ᠣᠭ ᠰᠠᠨᠠᠭ᠎ᠠ᠎ᠪᠠᠨ ᠢᠮᠠᠭ᠍ᠲᠠ ᠪᠠᠲᠤ ᠰᠠᠬᠢᠵᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ᠎ᠪᠠᠷ ᠵᠠᠰᠠᠯᠲᠠ᠎ᠶ᠋ᠢᠨ ᠲᠥᠷᠥᠯ ᠵᠦᠶ᠋ᠯ᠎ᠦᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠰᠡᠳᠭᠢᠯ᠎ᠢ ᠳᠤᠯᠠᠭᠠᠴᠠᠭᠤᠯᠬᠤ ᠦᠶ᠋ᠯᠡᠴᠢᠯᠡᠭᠡ᠎ᠪᠡᠷ ᠡᠯ᠎ᠡ ᠵᠦᠶ᠋ᠯ᠎ᠦᠨ ᠠᠵᠢᠯᠯᠠᠭ᠎ᠠ᠎ᠶ᠋ᠢ ᠪᠣᠳᠠᠲᠠᠶ ᠠᠳᠭᠤᠵᠤ᠂ ᠬᠠᠷᠢᠶ᠎ᠠ ᠣᠷᠣᠨ᠎ᠤ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠠᠵᠠ ᠵᠢᠷᠭᠠᠯ᠎ᠢ ᠲᠠᠰᠤᠷᠠᠯᠲᠠ ᠥᠬᠡᠶ ᠨᠡᠮᠡᠭᠳᠡᠬᠦᠯᠦᠨ᠎ᠡ》 ᠬᠡᠪᠡ᠃

《ᠲᠡᠮᠦᠷ ᠭᠤᠷᠪᠠᠯᠵᠢᠨ》 ᠱᠢᠰᠲ᠋ᠧᠮ᠎ᠢ ᠴᠢᠩᠭᠠᠳᠬᠠᠨ ᠵᠠᠰᠠᠯᠲᠠ᠎ᠶ᠋ᠢᠨ ᠰᠠᠭᠤᠷᠢ᠎ᠶ᠋ᠢ ᠪᠡᠬᠢᠵᠢᠭᠦᠯᠪᠡ

《ᠠᠷᠪᠠ ᠵᠠᠭᠤ ᠮᠢᠩᠭ᠎ᠠ ᠲᠦᠮᠡ᠎ᠶ᠋ᠢᠨ ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ》 ᠵᠢᠡᠷ ᠲᠦᠱᠢᠭ ᠪᠣᠯᠭᠠᠵᠤ᠂ 《ᠲᠡᠮᠦᠷ ᠭᠤᠷᠪᠠᠯᠵᠢᠨ》 ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠱᠢᠰᠲ᠋ᠧᠮ᠎ᠢ ᠦᠷᠭᠦᠯᠵᠢᠯᠡᠨ ᠪᠡᠬᠢᠵᠢᠭᠦᠯᠪᠡ᠃ 10 ᠲᠤᠤᠷᠵᠢᠯ᠎ᠤᠨ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠦᠷᠳᠡᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠂ 117 ᠲᠤᠤᠷᠵᠢᠯ᠎ᠤᠨ ᠨᠠᠮ᠎ᠤᠨ ᠤᠳᠤᠷᠢᠳᠬᠤ ᠪᠠᠭ᠎ᠠ ᠳᠤᠭᠤᠢᠯᠠᠩ᠎ᠢ ᠲᠤᠬᠢᠷᠠᠭᠤᠯᠵᠤ᠂ 1619 ᠨᠠᠮ᠎ᠤᠨ ᠬᠡᠰᠢᠬᠦᠨ ᠪᠤᠶᠤ ᠤᠯᠠᠨ ᠲᠦᠮᠡᠨ᠎ᠵᠢᠡᠷ ᠪᠦᠷᠢᠯᠳᠦᠭᠰᠡᠨ ᠨᠢᠭᠡᠴᠢ᠎ᠶ᠋ᠢᠨ ᠳᠠᠷᠤᠭ᠎ᠠ᠎ᠶ᠋ᠢ ᠰᠣᠩᠭᠣᠬᠤ ᠪᠡᠷ ᠳᠠᠮᠵᠢᠨ᠂ ᠲᠦᠮᠡᠨ ᠬᠥᠮᠦᠨ᠎ᠢ ᠳᠠᠭᠠᠭᠤᠯᠤᠨ ᠬᠦᠴᠦᠷᠬᠡᠭ᠌ᠵᠢᠭᠦᠯᠬᠦ᠌᠂ ᠲᠦᠮᠡᠨ ᠡᠷᠦᠭᠡ᠎ᠳᠦ ᠦᠢᠯᠡᠴᠢᠯᠡᠬᠦ᠌᠎ᠶ᠋ᠢ ᠪᠡᠶᠡᠯᠡᠭᠦᠯᠵᠦ᠍᠂ 《ᠠᠷᠪᠠ ᠵᠠᠭᠤ ᠮᠢᠩᠭ᠎ᠠ ᠲᠦᠮᠡ》 ᠶ᠋ᠢᠨ ᠵᠠᠰᠠᠯᠲᠠ᠎ᠶ᠋ᠢᠨ ᠪᠣᠷᠣ ᠲᠥᠯᠥᠪ᠎ᠢ ᠪᠤᠢ ᠪᠣᠯᠭᠠᠪᠠ᠃ ᠡᠭᠦᠨ᠎ᠢᠶᠡᠷ ᠰᠠᠭᠤᠷᠢ ᠪᠣᠯᠭᠠᠵᠤ᠂ ᠵᠢᠯ᠎ᠦᠨ ᠡᠬᠢᠨ᠎ᠳᠦ 300 ᠭᠠᠷᠤᠶ ᠨᠡᠷᠡᠰ ᠨᠢᠭᠡᠴᠢ᠎ᠵᠢᠨ ᠳᠠᠷᠤᠭ᠎ᠠ᠎ᠵᠢ ᠰᠢᠯᠢᠳᠡᠭᠵᠢᠬᠦᠯᠦᠨ ᠲᠤᠬᠢᠷᠠᠭᠤᠯᠵᠦ᠂ ᠮᠢᠩᠭ᠎ᠠ ᠭᠠᠷᠤᠶ ᠨᠡᠷᠡᠰ ᠨᠢᠭᠡᠴᠢ᠎ᠶᠢᠨ ᠳᠠᠷᠤᠭ᠎ᠠ ᠪᠦᠬᠦᠳᠡᠭᠡᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠮᠠᠯᠠᠯᠲᠠ᠎ᠶ᠋ᠢᠨ ᠸᠢᠳᠢᠣ᠋᠎ᠶ᠋ᠢ ᠱᠢᠩᠭᠡᠭᠡᠨ ᠦᠶ᠋ᠯᠡᠳᠴᠦ ᠢᠯᠡ᠎ᠪᠡᠷ ᠨᠡᠢᠲᠡᠯᠡᠵᠦ᠍᠂ ᠵᠡᠭᠡᠯᠢ ᠭᠤᠳᠤᠮᠵᠢ᠎ᠵᠢᠨ ᠬᠡᠷᠡᠭ ᠡᠷᠬᠢᠯᠡᠬᠦ ᠭᠠᠵᠠᠷ ᠡᠴᠡ ᠰᠠᠷ᠎ᠠ ᠪᠦᠷᠢ ᠠᠵᠢᠯᠯᠠᠭ᠎ᠠ ᠥᠷᠨᠢᠭᠦᠯᠦᠭ᠌ᠰᠡᠨ ᠪᠠᠢᠳᠠᠯ᠎ᠢ ᠦᠨᠳᠦᠰᠦᠯᠡᠨ ᠨᠢᠭᠡᠴᠢ᠎ᠶ᠋ᠢᠨ ᠳᠠᠷᠤᠭ᠎ᠠ᠎ᠶ᠋ᠢᠨ ᠡᠭᠦᠷᠭᠡ᠎ᠶ᠋ᠢᠨ ᠨᠠᠷᠢᠨ ᠳᠠᠩᠰᠠ᠎ᠶ᠋ᠢ ᠨᠢᠭᠡᠳᠦᠯᠲᠡᠶ ᠨᠡᠢᠲᠡᠯᠡᠵᠦ᠍᠂ ᠬᠠᠷᠢᠭᠤᠴᠠᠯᠭ᠎ᠠ᠎ᠶ᠋ᠢ ᠬᠥᠮᠦᠨ ᠪᠦᠬᠦᠨ᠎ᠳᠦ ᠨᠠᠢᠳᠠᠪᠤᠷᠢᠵᠢᠭᠤᠯᠪᠠ᠃ ᠵᠢᠯ᠎ᠦᠨ ᠰᠡᠭᠦᠯᠴᠢ᠎ᠳᠦ ᠱᠢᠯᠢᠳᠡᠭ ᠨᠢᠭᠡᠴᠢ᠎ᠶ᠋ᠢᠨ ᠳᠠᠷᠤᠭ᠎ᠠ᠎ᠶ᠋ᠢ ᠰᠣᠩᠭᠣᠨ ᠱᠢᠯᠭᠠᠷᠠᠭᠤᠯᠵᠤ ᠬᠥᠬᠢᠭᠦᠯᠦᠨ ᠰᠠᠢᠱᠢᠶᠠᠵᠤ᠂ ᠡᠯ᠎ᠡ ᠨᠡᠢᠭᠡᠮ ᠲᠣᠭᠣᠷᠢᠭ᠎ᠠᠴᠠ ᠵᠣᠬᠢᠶᠠᠨ ᠪᠠᠢᠭᠤᠯᠤᠨ ᠲᠠᠨᠢᠯᠴᠠᠭᠤᠯᠵᠦ᠂ ᠰᠠᠭᠤᠭᠠᠯᠢ ᠠᠷᠠᠳ᠎ᠤᠨ ᠥᠪᠡᠷ᠎ᠢ᠎ᠪᠡᠨ ᠲᠠᠨᠢᠯᠴᠠᠭᠤᠯᠬᠤ ᠪᠤᠶᠤ ᠪᠤᠰᠤᠳ ᠬᠥᠮᠦᠨ᠎ᠡᠴᠡ ᠪᠠᠲᠤᠯᠠᠨ ᠲᠠᠨᠢᠯᠴᠠᠭᠤᠯᠬᠤ᠎ᠶ᠋ᠢ ᠵᠣᠷᠢᠭ᠍ᠵᠢᠭᠤᠯᠵᠤ᠂ ᠱᠢᠯᠢᠳᠡᠭ ᠨᠢᠭᠡᠴᠢ᠎ᠶ᠋ᠢᠨ ᠳᠠᠷᠤᠭ᠎ᠠ᠎ᠶ᠋ᠢᠨ ᠵᠢᠱ᠌ᠢᠭ᠌ᠳᠡᠭ᠌ᠰᠡᠳ᠎ᠢ ᠭᠦᠶ᠋ᠴᠡᠳ ᠠᠭᠤᠳᠠᠯᠵᠤ᠂ ᠡᠩᠨᠡᠭᠡᠨ᠎ᠦ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠂ 《ᠲᠡᠮᠦᠷ ᠭᠤᠷᠪᠠᠯᠵᠢᠨ》 ᠰᠢᠰᠲᠸᠮ᠎ᠤᠨ ᠦᠶ᠋ᠯᠡᠳᠦᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠳᠠᠷᠠᠭᠤᠯᠵᠤ᠂ ᠲᠣᠣᠷᠵᠢᠯ᠎ᠤᠨ ᠨᠠᠮ᠎ᠤᠨ ᠤᠳᠤᠷᠢᠳᠬᠤ ᠪᠠᠭ᠎ᠠ ᠳᠤᠭᠤᠢᠯᠠᠩ ᠬᠥᠲᠥᠯᠥᠨ ᠳᠠᠭᠠᠭᠤᠯᠵᠤ᠂ ᠲᠤᠰᠭᠠᠶ ᠲᠤᠱᠢᠶᠠᠯᠲᠤ ᠲᠣᠣᠷᠵᠢᠯ᠎ᠤᠨ ᠬᠠᠮᠢᠶᠠᠷᠤᠯᠲᠠ᠎ᠶ᠋ᠢᠨ ᠠᠵᠢᠯᠲᠠᠨ ᠭᠤᠤᠯᠯᠠᠵᠦ᠂ ᠨᠢᠭᠡᠴᠢ᠎ᠶ᠋ᠢᠨ ᠳᠠᠷᠤᠭ᠎ᠠ ᠬᠠᠪᠰᠤᠷᠤᠭ᠍ᠴᠢ ᠪᠣᠯᠵᠣ᠂ 2 ᠲᠦᠮᠡ ᠭᠠᠷᠤᠶ ᠭᠡᠷ ᠪᠦᠯᠢ᠎ᠳᠦ ᠦᠢᠯᠡᠴᠢᠯᠡᠬᠦ᠌᠎ᠶ᠋ᠢ ᠪᠡᠶᠡᠯᠡᠭᠦᠯᠪᠡ᠃


986bfa06-d8a7-4a0c-b5ec-2c66b1e72fe2.png


《ᠵᠢᠷᠭᠤᠭ᠎ᠠ᠎ᠶ᠋ᠢ ᠪᠠᠢᠭᠤᠯᠬᠤ》 ᠲᠥᠷᠥᠯ ᠵᠦᠶ᠋ᠯ᠎ᠢ ᠬᠡᠷᠡᠭ᠌ᠵᠢᠭᠦᠯᠦᠨ ᠵᠠᠰᠠᠯᠲᠠ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠪᠡ

ᠵᠡᠭᠡᠯᠢ ᠭᠤᠳᠤᠮᠵᠢ᠎ᠶ᠋ᠢᠨ ᠶᠡᠷᠦᠩᠬᠡᠢᠯᠡᠨ ᠵᠠᠰᠠᠬᠤ ᠲᠥᠪ᠎ᠨᠢ ᠣᠯᠠᠨ ᠲᠠᠯ᠎ᠠ᠎ᠶ᠋ᠢᠨ ᠡᠬᠢ ᠪᠠᠶᠠᠯᠢᠭ᠎ᠢ ᠢᠳᠡᠪᠬᠢᠲᠡᠶ᠎ᠪᠡᠷ ᠡᠮᠬᠢᠯᠡᠨ ᠨᠡᠢᠯᠡᠭᠦᠯᠵᠦ᠍᠂ ᠠᠵᠢᠯ᠎ᠤᠨ ᠵᠠᠭ᠍ᠪᠤᠷ᠎ᠤᠨ ᠱᠢᠨ᠎ᠡ᠎ᠶ᠋ᠢ ᠡᠭᠦᠳᠪᠠ᠃ ᠵᠥᠷᠢᠴᠡᠯ ᠵᠠᠭᠤᠷᠠᠯᠳᠤᠭᠠᠨ᠎ᠢ ᠪᠠᠢᠴᠠᠭᠠᠨ ᠱᠢᠢᠳᠪᠦᠷᠢᠯᠡᠬᠦ ᠪᠤᠲᠠᠲᠠᠢ ᠠᠵᠢᠯ᠎ᠤᠨ ᠠᠷᠭ᠎ᠠ᠎ᠶ᠋ᠢ ᠬᠡᠷᠡᠭ᠌ᠵᠢᠭᠦᠯᠵᠦ᠂ ᠵᠥᠷᠢᠴᠡᠯ᠎ᠢ ᠡᠬᠢ ᠡᠭᠦᠰᠦᠯ᠎ᠡᠴᠡ᠎ᠨᠢ ᠰᠡᠷᠭᠡᠢᠯᠡᠬᠦ᠎ᠵᠢᠨ ᠬᠠᠮᠲᠤ᠂ ᠡᠶᠡᠳᠡᠭᠦᠯᠬᠦ᠌ ᠲᠠᠰᠤᠭ᠎ᠤᠨ ᠨᠠᠷᠠᠲᠤ ᠲᠡᠮᠳᠡᠭ᠎ᠢ ᠪᠥᠬᠥ᠌ ᠬᠦᠴᠦᠨ᠎ᠢᠶᠡᠷ᠎ᠢᠶᠡᠨ ᠡᠭᠦᠳᠴᠦ᠍᠂ ᠨᠡᠢᠲᠡᠯᠢᠭ ᠵᠢᠱ᠌ᠢᠶ᠎ᠡ᠎ᠵᠢᠨ ᠦᠶ᠋ᠯᠡᠳᠦᠯ᠎ᠢ ᠬᠦᠢᠴᠡᠳ ᠪᠠᠳᠠᠷᠠᠭᠤᠯᠪᠠ; ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ ᠲᠠᠪᠴᠠᠩ᠎ᠢ ᠪᠠᠢᠭᠤᠯᠵᠦ᠂ ᠲᠤᠰᠭᠠᠶ ᠲᠤᠱᠢᠶᠠᠯᠲᠤ ᠬᠠᠮᠢᠶᠠᠷᠤᠯᠲᠠ᠎ᠶ᠋ᠢᠨ ᠠᠵᠢᠯᠲᠠᠨ ᠪᠠ ᠲᠠᠪᠴᠠᠩ᠎ᠤᠨ ᠬᠠᠮᠢᠶᠠᠷᠤᠭ᠍ᠴᠢ ᠲᠣᠬᠢᠷᠠᠭᠤᠯᠵᠤ᠂ ᠰᠠᠷ᠎ᠠ ᠪᠦᠷᠢ ᠣᠯᠠᠨ ᠲᠦᠮᠡᠨ᠎ᠳᠤ ᠲᠤᠯᠭᠠᠷᠠᠬᠰᠠᠨ ᠠᠰᠠᠭᠤᠳᠠᠯ᠎ᠢ ᠴᠤᠭ᠍ᠯᠠᠭᠤᠯᠵᠤ᠂ ᠵᠥᠷᠢᠴᠡᠯ ᠵᠠᠭᠤᠷᠠᠯᠳᠤᠭᠠᠨ᠎ᠢ ᠴᠤᠬᠤᠢᠯᠳᠠ ᠵᠢᠨ ᠬᠤᠭᠤᠴᠠᠭᠠᠨ᠎ᠳᠤᠨᠢ ᠰᠢᠢᠳᠪᠦᠷᠢᠯᠡᠬᠦ᠎ᠶᠢ ᠠᠬᠢᠭᠤᠯᠪᠠ; 《ᠠᠨᠠᠷ᠎ᠤᠨ ᠦᠷ᠎ᠡ》 ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠣᠯᠪᠣᠭ᠎ᠠ᠎ᠶ᠋ᠢ ᠪᠠᠢᠭᠤᠯᠵᠦ᠂ ᠬᠠᠷᠢᠶ᠎ᠠ ᠣᠷᠣᠨ᠎ᠤ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠂ ᠵᠢᠯ ᠪᠦᠷᠢ 《ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠥᠷᠥᠯ ᠵᠦᠶ᠋ᠯ᠎ᠢ ᠲᠠᠨᠢᠵᠤ ᠠᠪᠬᠤ ᠶᠡᠬᠡ ᠬᠤᠷᠠᠯ》 ᠬᠢᠵᠦ᠂ ᠣᠯᠠᠨ ᠲᠦᠮᠡᠨ᠎ᠦ 1800 ᠭᠠᠷᠤᠶ ᠬᠤᠪᠢ ᠬᠦᠰᠡᠯ ᠱᠠᠭᠠᠷᠳᠠᠯᠭ᠎ᠠ᠎ᠶ᠋ᠢ ᠲᠠᠨᠢᠵᠤ ᠠᠪᠬᠤ ᠪᠠ ᠱᠢᠶ᠋ᠳᠪᠦᠷᠢᠯᠡᠬᠦ᠎ᠵᠢ ᠪᠡᠶᠡᠯᠡᠬᠦᠯᠪᠡ;ᠨᠡᠢᠲᠡ᠎ᠶ᠋ᠢᠨ ᠥᠮᠴᠢᠯᠡᠯ᠎ᠦᠨ ᠪᠤᠰᠤ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠢ ᠪᠠᠢᠭᠤᠯᠵᠤ᠂ 70 ᠭᠠᠷᠤᠢ ᠵᠣᠬᠢᠶᠠᠨ ᠪᠠᠢᠭᠤᠯᠤᠯᠲᠠ᠎ᠶ᠋ᠢ ᠳᠠᠭᠠᠭᠤᠯᠤᠨ ᠪᠣᠯᠪᠠᠰᠤᠨ᠎ᠤ ᠦᠢᠯᠡᠳᠦᠯᠭᠡ᠎ᠳᠦ ᠣᠷᠣᠯᠴᠠᠭᠤᠯᠵᠦ᠂ 3000 ᠭᠠᠷᠤᠢ ᠰᠠᠢ᠌ᠨ ᠲᠤᠷᠠᠴᠤᠳ᠎ᠢ ᠵᠤᠬᠢᠶᠠᠨ ᠪᠠᠢᠭᠤᠯᠵᠦ᠍᠂ ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢᠨ 《ᠬᠣᠶᠠᠷ᠎ᠢ ᠴᠡᠪᠡᠷᠯᠡᠬᠦ᠌ ᠠᠵᠢᠯᠯᠠᠭ᠎ᠠ》 ᠪᠠ ᠤᠯᠠᠨ᠎ᠢᠶᠠᠷ᠎ᠢᠶᠠᠨ ᠰᠡᠷᠭᠡᠢᠯᠡᠵᠦ᠍ ᠤᠯᠠᠨ᠎ᠢᠶᠠᠷ᠎ᠢᠶᠠᠨ ᠵᠠᠰᠠᠬᠤ 《ᠡᠭᠦᠳᠡ ᠲᠣᠭ᠍ᠰᠢᠬᠤ ᠠᠵᠢᠯᠯᠠᠭ᠎ᠠ》 ᠵᠢ ᠥᠷᠨᠢᠭᠦᠯᠵᠦ᠍᠂ ᠤᠯᠠᠨ ᠲᠦᠮᠡᠨ᠎ᠦ ᠤᠬᠠᠮᠰᠠᠷ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠬᠰᠢᠯᠠᠬᠤ᠎ᠶ᠋ᠢ ᠬᠦᠳᠦᠯᠦᠨ ᠵᠢᠯᠣᠭᠣᠳᠪᠠ᠃

ᠡᠬᠦᠨ ᠡᠴᠡ ᠭᠠᠳᠠᠨ᠎ᠠ᠂ ᠠᠳᠠᠯ ᠠᠬᠤᠢ᠎ᠶ᠋ᠢᠨ ᠦᠢᠯᠡᠴᠢᠯᠡᠭᠡᠨ᠎ᠦ ᠬᠣᠯᠪᠣᠭᠠᠲᠤ ᠴᠣᠭ᠍ᠴᠠ᠎ᠶ᠋ᠢ ᠪᠠᠢᠭᠤᠯᠵᠦ᠂《ᠠᠳᠠᠯ ᠠᠬᠤᠶ᠎ᠶ᠋ᠢᠨ ᠦᠶ᠋ᠯᠡᠴᠢᠯᠡᠭᠡ + ᠨᠠᠰᠤᠵᠢᠯ᠎ᠤᠨ ᠦᠶ᠋ᠯᠡᠴᠢᠯᠡᠭᠡ + ᠠᠵᠢᠯ ᠣᠯᠭᠣᠯᠲᠠ + ᠨᠡᠢᠭᠡᠮ ᠲᠣᠭᠣᠷᠢᠭ᠎ᠤᠨ ᠵᠠᠰᠠᠯᠲᠠ》 ᠶ᠋ᠢᠨ ᠠᠵᠢᠯ᠎ᠤᠨ ᠱᠢᠨ᠎ᠡ᠎ᠶ᠋ᠢ ᠡᠭᠦᠳᠴᠦ᠂ ᠠᠰᠠᠭᠤᠳᠠᠯ᠎ᠢ ᠬᠠᠮᠲᠤ ᠪᠠᠷ ᠱᠢᠶ᠋ᠳᠪᠦᠷᠢᠯᠡᠬᠦ᠌᠂ ᠠᠭᠤᠰᠤᠯᠴᠠᠨ ᠬᠠᠮᠲᠤ ᠪᠠᠷ ᠵᠠᠰᠠᠬᠤ᠂ ᠰᠠᠢᠨ ᠰᠠᠢᠬᠠᠨ᠎ᠢ ᠬᠠᠮᠲᠤ ᠪᠠᠷ ᠡᠳ᠋ᠯᠡᠬᠦ ᠠᠳᠠᠯ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢ ᠰᠦᠪᠡᠭᠴᠢᠯᠡᠪᠡ; ᠡᠶ᠎ᠡ ᠨᠠᠢᠷᠠᠮᠳᠠᠭᠤ ᠵᠡᠭᠡᠯᠢ ᠭᠤᠳᠤᠮᠵᠢ᠎ᠶ᠋ᠢ ᠪᠥᠲᠥᠭᠡᠨ ᠪᠠᠢᠭᠤᠯᠵᠦ᠂ ᠪᠦᠬᠦ᠌ ᠵᠢᠯ᠎ᠳᠦ ᠬᠥᠷᠰᠢ ᠵᠡᠷᠭᠡᠯᠡᠳᠡᠭᠡ᠎ᠶ᠋ᠢᠨ ᠰᠣᠶᠣᠯ᠎ᠤᠨ ᠠᠵᠢᠯᠯᠠᠭ᠎ᠠ᠎ᠶ᠋ᠢ ᠵᠠᠭᠤ ᠭᠠᠷᠤᠶ ᠲᠠᠯᠠᠪᠠᠢ ᠥᠷᠨᠢᠭᠦᠯᠵᠦ᠂ 《ᠠᠨᠠᠷ᠎ᠤᠨ ᠦᠷ᠎ᠡ》 ᠬᠥᠷᠰᠢ ᠵᠡᠷᠭᠡᠯᠡᠳᠡᠭᠡ᠎ᠶ᠋ᠢᠨ ᠰᠣᠶᠣᠯ᠎ᠤᠨ ᠠᠵᠢᠯᠯᠠᠭ᠎ᠠ᠎ᠶ᠋ᠢᠨ ᠨᠡᠷᠡᠲᠦ ᠲᠡᠮᠳᠡᠭ᠌ ᠲᠦ᠍ ᠲᠦᠱᠢᠭ᠌ᠯᠡᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠵᠣᠬᠢᠶᠠᠨ ᠪᠠᠢᠭᠤᠯᠵᠤ ᠡᠯ᠎ᠡ ᠵᠦᠢᠯ᠎ᠤᠨ ᠰᠤᠶᠤᠯ᠎ᠤᠨ ᠠᠵᠢᠯᠯᠠᠭ᠎ᠠ ᠦᠷᠨᠢᠬᠦᠯᠪᠡ᠃

ᠠᠵᠢᠯ᠎ᠤᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠦᠨ ᠵᠠᠰᠠᠯᠲᠠ᠎ᠶ᠋ᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠪᠡ

ᠾᠧ ᠫᠢᠩ ᠵᠡᠭᠡᠯᠢ ᠭᠤᠳᠤᠮᠵᠢ᠎ᠵᠢᠨ ᠬᠡᠷᠡᠭ ᠡᠷᠬᠢᠯᠡᠬᠦ ᠭᠠᠵᠠᠷ᠎ᠨᠢ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠪᠡᠷ ᠭᠠᠷᠳᠠᠴᠠ ᠪᠣᠯᠭᠠᠵᠤ᠂ ᠣᠷᠣᠨ ᠪᠦᠰᠡ᠎ᠶ᠋ᠢᠨ ᠣᠨᠴᠠᠯᠢᠭ᠎ᠲᠠᠶ 《ᠭᠤᠷᠪᠠ᠎ᠶ᠋ᠢ ᠰᠤᠷᠪᠤᠯᠵᠢᠯᠠᠬᠤ ᠭᠤᠷᠪᠠ᠎ᠶ᠋ᠢ ᠣᠷᠣᠯᠠᠨ ᠭᠦᠶ᠋ᠴᠡᠳᠭᠡᠬᠦ᠌》 ᠠᠵᠢᠯ᠎ᠤᠨ ᠠᠷᠭ᠎ᠠ᠎ᠶ᠋ᠢ ᠰᠦᠪᠡᠭ᠌ᠴᠢᠯᠡᠨ ᠬᠡᠷᠡᠭ᠌ᠵᠢᠭᠦᠯᠵᠦ᠍᠂ 《ᠠᠷᠠᠳ᠎ᠤᠨ ᠰᠠᠨᠠᠭ᠎ᠠ᠎ᠶ᠋ᠢ ᠰᠣᠨᠣᠰᠭᠤ᠂ ᠠᠷᠠᠳ᠎ᠤᠨ ᠪᠠᠢᠳᠠᠯ᠎ᠢ ᠰᠤᠷᠪᠤᠯᠵᠢᠯᠠᠬᠤ᠂ ᠠᠷᠠᠳ᠎ᠤᠨ ᠵᠣᠪᠠᠨᠢᠯ᠎ᠢ ᠱᠢᠶ᠋ᠳᠪᠦᠷᠢᠯᠡᠬᠦ᠌》 ᠲᠤᠰᠭᠠᠶ ᠠᠵᠢᠯᠯᠠᠭ᠎ᠠ᠎ᠶ᠋ᠢ ᠪᠠᠢᠩᠭᠤ ᠥᠷᠨᠢᠭᠦᠯᠬᠦ᠌᠎ᠪᠡᠷ ᠳᠠᠮᠵᠢᠨ᠂ ᠲᠤᠤᠷᠵᠢᠯ᠎ᠤᠨ ᠬᠠᠮᠢᠶᠠᠷᠤᠯᠲᠠ᠎ᠶ᠋ᠢᠨ ᠠᠵᠢᠯᠲᠠᠨ᠂ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠤᠨ ᠵᠡᠭᠡᠯᠢ ᠭᠤᠳᠤᠮᠵᠢ᠎ᠪᠠᠷ ᠭᠦᠨᠵᠡᠭᠡᠢᠷᠡᠭᠦᠯᠦᠨ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠴᠤᠭ᠍ᠯᠠᠭᠤᠯᠵᠤ᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ᠂ ᠵᠥᠷᠢᠴᠡᠯ᠎ᠢ ᠡᠶᠡᠳᠡᠭᠦᠯᠬᠦ᠌᠎ᠶ᠋ᠢ ᠬᠠᠮᠤᠷᠤᠭ᠍ᠰᠠᠨ 《ᠬᠡᠷᠡᠭ᠌ᠴᠡᠭᠡ ᠱᠠᠭᠠᠷᠳᠠᠯᠭ᠎ᠠ᠎ᠶ᠋ᠢᠨ ᠨᠠᠷᠢᠨ ᠲᠠᠩᠰᠠ》 ᠶ᠋ᠢ ᠪᠠᠢᠭᠤᠯᠪᠠ᠃ ᠡᠭᠦᠨ᠎ᠦ ᠬᠠᠮᠲᠤ᠂ 《ᠠᠷᠠᠳ᠎ᠤᠨ ᠠᠮᠢᠳᠤᠷᠠᠯ᠎ᠤᠨ ᠬᠠᠭᠠᠰ ᠰᠠᠷ᠎ᠠ᠎ᠶ᠋ᠢᠨ ᠶᠠᠷᠢᠯᠴᠠᠭ᠎ᠠ》 ᠶ᠋ᠢᠨ ᠬᠡᠷᠡᠭ ᠵᠥᠪᠯᠡᠬᠦ᠌ ᠲᠣᠭ᠍ᠲᠠᠴᠠ ᠵᠢᠨ ᠱᠢᠨ᠎ᠡ᠎ᠵᠢ ᠡᠭᠦᠳᠴᠦ᠍᠂ ᠬᠣᠶᠠᠷ ᠭᠠᠷᠠᠭ ᠪᠦᠷᠢ᠎ᠳᠦ ᠨᠡᠢᠭᠡᠮ ᠲᠣᠭᠣᠷᠢᠭ᠎ᠤᠨ ᠺᠠᠳ᠋ᠷ᠂ ᠰᠠᠭᠤᠭᠠᠯᠢ ᠠᠷᠠᠳ᠎ᠤᠨ ᠲᠥᠯᠥᠭᠡᠯᠡᠭ᠌ᠴᠢ᠂ ᠬᠠᠮᠲᠤ᠎ᠪᠠᠷ ᠪᠠᠢᠭᠤᠯᠬᠤ ᠨᠢᠭᠡᠴᠢ᠎ᠶ᠋ᠢ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠬᠤᠷᠠᠯ ᠬᠤᠷᠠᠯᠳᠤᠭᠤᠯᠵᠤ᠂ ᠴᠤᠭ᠍ᠯᠠᠭᠤᠯᠤᠭ᠍ᠰᠠᠨ ᠠᠰᠠᠭᠤᠳᠠᠯ᠎ᠢ ᠲᠥᠷᠥᠯ ᠬᠤᠪᠢᠶᠠᠨ ᠡᠮᠬᠢᠯᠡᠵᠦ᠍᠂ ᠬᠤᠭᠤᠴᠠᠭ᠎ᠠ ᠲᠣᠭ᠍ᠲᠠᠭᠠᠨ ᠱᠢᠶ᠋ᠳᠪᠦᠷᠢᠯᠡᠵᠦ᠍᠂ 《ᠴᠤᠭ᠍ᠯᠠᠭᠤᠯᠬᠤ — ᠰᠤᠳᠤᠯᠤᠨ ᠮᠠᠭᠠᠳᠯᠠᠬᠤ — ᠭᠦᠶ᠋ᠴᠡᠳᠭᠡᠬᠦ᠌ — ᠬᠠᠷᠢᠭᠤ ᠲᠤᠰᠭᠠᠬᠤ》 ᠪᠢᠲᠡᠭᠦᠦ ᠴᠠᠭᠠᠷᠢᠭᠲᠦ ᠬᠠᠮᠢᠶᠠᠷᠤᠯᠲᠠ᠎ᠶ᠋ᠢ ᠪᠦᠷᠢᠯᠳᠦᠭᠦᠯᠪᠡ᠃


04f719ba-fef3-43aa-ae47-3e1f785a7c62.png


ᠡᠭᠦᠨ᠎ᠡᠴᠡ ᠭᠠᠳᠠᠨ᠎ᠠ᠂ ᠵᠡᠭᠡᠯᠢ ᠭᠤᠳᠤᠮᠵᠢ᠎ᠵᠢᠨ ᠬᠡᠷᠡᠭ ᠡᠷᠬᠢᠯᠡᠬᠦ ᠭᠠᠵᠠᠷ᠎ᠨᠢ 《ᠬᠥᠷᠰᠢ ᠵᠡᠷᠭᠡᠯᠡᠳᠡᠭᠡ᠎ᠶ᠋ᠢᠨ ᠬᠡᠷᠡᠭ ᠵᠥᠪᠯᠡᠬᠦ᠌ ᠲᠢᠩᠬᠢᠮ》᠂ 《ᠠᠰᠠᠷ᠎ᠤᠨ ᠪᠢᠴᠢᠯ ᠵᠥᠪᠳᠡᠯᠴᠡᠭᠡ》 ᠵᠡᠷᠭᠡ ᠣᠨᠴᠠᠯᠢᠭ᠍ᠲᠤ ᠬᠡᠷᠡᠭ ᠵᠥᠪᠯᠡᠬᠦ᠌ ᠲᠠᠪᠴᠠᠩ᠎ᠢ ᠨᠠᠷᠢᠨ ᠨᠢᠮᠪᠠᠶ ᠪᠠᠢᠭᠤᠯᠵᠤ᠂ ᠰᠠᠭᠤᠭᠠᠯᠢ ᠠᠷᠠᠳ᠎ᠢ 《ᠵᠣᠭᠣᠭ ᠳᠡᠯᠭᠡᠬᠦ᠌》 ᠬᠡᠯᠪᠡᠷᠢ᠎ᠪᠡᠷ ᠰᠠᠭᠤᠭᠠᠯᠢ ᠲᠣᠭᠣᠷᠢᠭ᠎ᠤᠨ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠂ ᠲᠡᠷᠭᠡ ᠵᠣᠭ᠍ᠰᠣᠬᠤ ᠬᠠᠮᠢᠶᠠᠷᠤᠯᠲᠠ ᠵᠡᠷᠭᠡ ᠣᠯᠠᠨ ᠨᠡᠢᠲᠡ᠎ᠶ᠋ᠢᠨ ᠬᠡᠷᠡᠭ ᠶᠠᠪᠤᠳᠠᠯ᠎ᠢ ᠰᠢᠢᠳᠪᠦᠷᠢᠯᠡᠬᠦ᠎ᠳᠤ ᠣᠷᠣᠯᠴᠠᠭᠤᠯᠵᠦ᠂ ᠵᠠᠰᠠᠯᠲᠠ᠎ᠶ᠋ᠢᠨ ᠭᠤᠤᠯᠳᠠᠯᠭ᠎ᠠ᠎ᠶ᠋ᠢ ᠳᠣᠷᠣᠭ᠍ᠰᠢ ᠱᠢᠯᠵᠢᠭᠦᠯᠬᠦ᠌᠎ᠶ᠋ᠢ ᠠᠬᠢᠭᠤᠯᠪᠠ᠃ ᠣᠯᠠᠨ ᠡᠱᠢᠲᠦ ᠲᠣᠭ᠍ᠲᠠᠴᠠ᠎ᠪᠠᠷ ᠬᠠᠮᠵᠢᠯᠴᠠᠨ ᠬᠦᠴᠦᠯᠡᠵᠦ᠍᠂ ᠡᠾᠸ ᠫᠢᠩ ᠵᠡᠭᠡᠯᠢ ᠭᠤᠳᠤᠮᠵᠢ᠎ᠵᠢᠨ ᠬᠡᠷᠡᠭ ᠡᠷᠬᠢᠯᠡᠬᠦ ᠭᠠᠵᠠᠷ᠎ᠨᠢ 《ᠪᠠᠭ᠎ᠠ ᠶᠠᠪᠤᠳᠠᠯ᠎ᠢ ᠨᠡᠢᠭᠡᠮ ᠲᠣᠭᠣᠷᠢᠭ᠎ᠠᠴᠠ ᠭᠠᠷᠭᠠᠬᠤ ᠥᠬᠡᠶ᠂ ᠶᠡᠬᠡ ᠶᠠᠪᠤᠳᠠᠯ᠎ᠢ ᠵᠡᠭᠡᠯᠢ ᠭᠤᠳᠤᠮᠵᠢ᠎ᠠᠴᠠ ᠭᠠᠷᠭᠠᠬᠤ ᠥᠬᠡᠶ᠂ ᠵᠥᠷᠢᠴᠡᠯ᠎ᠢ ᠳᠡᠭᠡᠭᠰᠢ ᠲᠤᠱᠢᠶᠠᠬᠤ ᠥᠬᠡᠶ》 ᠪᠠᠢᠬᠤ ᠵᠠᠰᠠᠯᠲᠠ᠎ᠶ᠋ᠢᠨ ᠬᠠᠷᠠᠯᠲᠠ᠎ᠶ᠋ᠢ ᠪᠦᠲᠦᠮᠵᠢᠲᠡᠶ ᠪᠡᠶᠡᠯᠡᠭᠦᠯᠵᠦ᠂ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ ᠪᠠᠢᠷᠢᠱᠢᠯ᠎ᠢ ᠪᠠᠢᠭᠤᠯᠵᠤ᠂ ᠠᠷᠠᠳ᠎ᠤᠨ ᠠᠮᠢᠳᠤᠷᠠᠯ᠎ᠤᠨ ᠲᠤᠯᠠᠭᠠᠴᠠ᠎ᠵᠢ ᠦᠨᠡᠨ᠎ᠬᠦ ᠳᠡᠭᠡᠭ᠌ᠰᠢᠯᠡᠭᠦᠯᠪᠡ᠃

ᠡᠾᠸ ᠫᠢᠩ ᠬᠠᠷᠢᠶ᠎ᠠ ᠣᠷᠣᠨ᠎ᠤ ᠵᠠᠰᠠᠯᠲᠠ᠎ᠶ᠋ᠢᠨ ᠵᠠᠭ᠍ᠪᠤᠷ ᠨᠢ 《ᠭᠠᠭ᠍ᠴᠠᠭᠠᠷ ᠲᠡᠮᠡᠴᠡᠵᠦ᠍》 ᠪᠠᠢᠭ᠍ᠰᠠᠨ᠎ᠠᠴᠠ 《ᠬᠠᠮᠵᠢᠯᠴᠠᠨ ᠬᠠᠮᠲᠤ᠎ᠪᠠᠷ ᠵᠠᠰᠠᠬᠤ》 ᠲᠠᠢᠰᠢ ᠬᠤᠪᠢᠷᠠᠵᠦ᠂ ᠦᠶ᠋ᠯᠡᠴᠢᠯᠡᠭᠡᠨ᠎ᠦ ᠠᠷᠭ᠎ᠠ ᠮᠠᠶᠢᠭ ᠨᠢ 《ᠰᠠᠨᠠᠭᠠᠴᠢᠯᠠᠭ᠎ᠠ ᠥᠬᠡᠶ ᠳᠠᠭᠠᠬᠤ》 ᠡᠴᠡ 《ᠰᠠᠨᠠᠭᠠᠴᠢᠯᠠᠭ᠎ᠠ᠎ᠠᠴᠠ᠎ᠪᠠᠨ ᠢᠯᠡᠷᠡᠭᠦᠯᠬᠦ᠌》 ᠳᠠᠢᠰᠢ ᠰᠢᠯᠵᠢᠵᠦ᠂ ᠠᠵᠢᠯ᠎ᠤᠨ ᠬᠡᠯᠪᠡᠷᠢ ᠨᠢ 《ᠬᠠᠮᠢᠶᠠᠷᠤᠨ ᠡᠵᠡᠮᠳᠡᠬᠦ᠌》 ᠡᠴᠡ 《ᠦᠶ᠋ᠯᠡᠴᠢᠯᠡᠭᠡ᠎ᠪᠡᠷ ᠬᠦᠴᠦᠨ ᠣᠯᠭᠣᠬᠤ》 ᠲᠡᠢᠰᠢ ᠬᠤᠪᠢᠷᠠᠵᠦ᠂ ᠵᠡᠭᠡᠯᠢ ᠭᠤᠲᠤᠮᠵᠢ᠎ᠵᠢᠨ ᠬᠡᠷᠡᠭ ᠡᠷᠬᠢᠯᠡᠬᠦ ᠭᠠᠵᠠᠷ ᠨᠢ ᠤᠷᠢᠳ ᠬᠤᠵᠢᠳ 《ᠪᠦᠬᠦ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ》᠂ 《〈ᠪᠦᠬᠦ᠌ ᠣᠷᠣᠨ᠎ᠤ ᠱᠢᠨ᠎ᠡ ᠴᠠᠭ ᠦᠶ᠎ᠡ᠎ᠶ᠋ᠢᠨ ᠹᠸᠩ ᠴᠢᠶᠣᠤ᠎ᠶ᠋ᠢᠨ ᠲᠤᠷᠱᠢᠯᠭ᠎ᠠ〉 ᠵᠢᠨ ᠲᠡᠷᠢᠭᠦᠨ᠎ᠦ ᠨᠡᠢᠲᠡᠯᠢᠭ ᠵᠢᠱ᠌ᠢᠢ᠎ᠡ》᠂ 《ᠪᠦᠬᠦ᠌ ᠣᠷᠣᠨ᠎ᠤ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ》᠂ 《ᠪᠦᠬᠦ᠌ ᠣᠷᠣᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠵᠢᠨ 〈ᠬᠠᠮᠤᠭ᠎ᠤᠨ ᠰᠠᠢ᠌ᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠲᠦᠷᠦᠯ ᠵᠦᠢᠯ〉》 ᠵᠡᠷᠭᠡ ᠢᠷᠠᠭᠤ ᠠᠯᠳᠠᠷ᠎ᠢ ᠬᠦᠷᠲᠡᠵᠦ᠂ 《ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠣᠯᠠᠨ ᠡᠱᠢᠲᠦ ᠬᠠᠮᠲᠤ᠎ᠪᠠᠷ ᠵᠠᠰᠠᠬᠤ᠂ ᠳᠣᠲᠣᠨᠣᠰᠣᠭ ᠦᠶ᠋ᠯᠡᠴᠢᠯᠡᠬᠦ》 ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ᠌ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠬᠦᠯᠵᠦ᠂ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠦᠨᠡᠨ᠎ᠬᠦ ᠨᠡᠮᠡᠭᠳᠡᠬᠦᠯᠪᠡ᠃

(ᠭᠡᠷᠡᠯ ᠵᠢᠷᠤᠭ ᠤ᠋ᠳ ᠪᠤᠯ ᠰᠠᠢᠨ ᠲᠤᠷᠠᠴᠤᠳ᠎ᠤᠨ ᠦᠢᠯᠡᠴᠢᠯᠡᠬᠡ ᠦᠷᠨᠢᠬᠦᠯᠵᠦ ᠪᠠᠢᠭ᠎ᠠ ᠬᠡᠰᠡᠭ ᠦᠵᠡᠭᠳᠡᠯ ᠪᠤᠯᠤᠨ᠎ᠠ᠃ ᠬᠡᠷᠡᠯ ᠵᠢᠷᠤᠭ ᠤ᠋ᠳ᠎ᠢ ᠡᠾᠸ ᠫᠢᠩ ᠵᠡᠭᠡᠯᠢ ᠭᠤᠲᠤᠮᠵᠢ᠎ᠶᠢᠨ ᠬᠡᠷᠡᠭ ᠡᠷᠬᠢᠯᠡᠬᠦ ᠭᠠᠵᠠᠷ ᠡᠴᠡ ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号