《ᠭᠤᠷᠮᠤᠰᠤᠨ ᠵᠠᠰᠠᠯᠲᠠ》᠄ ᠰᠠᠭᠤᠭᠠᠯᠢ ᠠᠷᠠᠳ᠎ᠤᠨ ᠵᠣᠯ ᠵᠢᠷᠭᠠᠯᠲᠦ ᠲᠥᠷᠥᠭ᠌ᠳᠡᠯ᠎ᠢ ᠨᠡᠮᠡᠭᠳᠡᠬᠦᠯᠦᠨ᠎ᠡ
2026-06-15 10:06:14
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠡᠴᠡ ᠨᠠᠭᠠᠰᠢ᠂ ᠤᠯᠠᠭᠠᠨᠬᠠᠳᠠ ᠬᠣᠲᠠ《ᠨᠡᠢᠭᠡᠮ ᠲᠣᠭᠣᠷᠢᠭ᠂ ᠠᠳᠠᠯ ᠠᠬᠤᠶ᠂ ᠰᠠᠭᠤᠭᠠᠯᠢ ᠠᠷᠠᠳ》 ᠬᠠᠮᠲᠤ᠎ᠪᠠᠷ ᠵᠠᠰᠠᠬᠤ ᠵᠠᠭ᠍ᠪᠤᠷ᠎ᠤᠨ ᠱᠢᠨ᠎ᠡ ᠵᠢ ᠡᠬᠦᠳᠴᠦ᠂ ᠵᠣᠬᠢᠶᠠᠨ ᠪᠠᠢᠭᠤᠯᠵᠤ ᠬᠤᠯᠪᠤᠭᠠᠯᠠᠬᠤ᠂ ᠪᠠᠢᠭᠤᠯᠤᠮᠵᠢ ᠲᠣᠭ᠍ᠲᠠᠴᠠ ᠬᠠᠮᠲᠤᠷᠠᠨ ᠬᠥᠳᠡᠯᠦᠯᠴᠡᠬᠦ᠌᠂ ᠦᠶ᠋ᠯᠡᠴᠢᠯᠡᠭᠡ᠎ᠵᠢ ᠬᠠᠮᠲᠤᠷᠠᠨ ᠡᠷᠭᠢᠯᠡᠬᠦ᠌᠎ᠪᠡᠷ ᠳᠡᠮᠵᠢᠨ᠂ ᠠᠳᠠᠯ ᠠᠬᠤᠶ᠎ᠶ᠋ᠢᠨ ᠠᠵᠤ ᠠᠬᠤᠢᠯᠠᠯ᠎ᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠣᠯᠠᠨ ᠲᠦᠮᠡᠨ᠎ᠲᠡᠶ ᠬᠠᠷᠢᠯᠴᠠᠵᠤ᠂ ᠣᠯᠠᠨ ᠲᠦᠮᠡᠨ᠎ᠳᠦ ᠦᠶ᠋ᠯᠡᠴᠢᠯᠡᠬᠦ᠌ ᠴᠢᠬᠤᠯᠠ ᠲᠠᠪᠴᠠᠩ ᠪᠣᠯᠭᠠᠨ ᠪᠠᠢᠭᠤᠯᠵᠤ᠂ 《ᠭᠠᠭ᠍ᠴᠠᠭᠠᠷ ᠲᠡᠮᠡᠴᠡᠵᠦ᠍》 ᠪᠠᠢᠭ᠍ᠰᠠᠨ᠎ᠠᠴᠠ 《ᠪᠦᠯᠬᠦᠮ᠎ᠢᠶᠡᠷ᠎ᠢᠶᠡᠨ ᠬᠦᠴᠦᠯᠡᠬᠦ᠌》᠂ 《ᠰᠠᠨᠠᠭᠠᠴᠢᠯᠠᠭᠠᠲᠤ ᠪᠤᠰᠤ᠎ᠪᠠᠷ ᠬᠠᠮᠢᠶᠠᠷᠴᠤ᠌》 ᠪᠠᠢᠭ᠍ᠰᠠᠨ᠎ᠠᠴᠠ 《ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠬᠦ᠌》 ᠭᠦᠨᠵᠡᠭᠡᠶ ᠬᠤᠪᠢᠷᠠᠯᠲᠠ᠎ᠶ᠋ᠢ ᠪᠡᠶᠡᠯᠡᠭᠦᠯᠵᠦ᠍᠂ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ᠌ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠱᠢᠨ᠎ᠡ ᠪᠠᠢᠷᠢᠱᠢᠯ᠎ᠢ ᠪᠣᠶ ᠪᠣᠯᠭᠠᠪᠠ᠃

ᠤᠯᠠᠭᠠᠨᠬᠠᠳᠠ ᠬᠣᠲᠠ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠪᠠᠷᠢᠮᠲᠠᠯᠠᠵᠤ᠂ 《ᠬᠣᠲᠠ᠎ᠶ᠋ᠢᠨ ᠠᠳᠠᠯ ᠠᠬᠤᠶ᠎ᠶ᠋ᠢᠨ ᠠᠵᠢᠯ ᠲᠥᠷᠥᠯ᠎ᠦᠨ ᠨᠠᠮ᠎ᠤᠨ ᠬᠣᠷᠢᠶ᠎ᠠ — ᠬᠣᠱᠢᠭᠤ ᠱᠢᠶᠠᠨ ᠲᠣᠭᠣᠷᠢᠭ᠎ᠤᠨ ᠠᠵᠢᠯ ᠲᠥᠷᠥᠯ᠎ᠦᠨ ᠨᠠᠮ᠎ᠤᠨ ᠵᠣᠬᠢᠶᠠᠨ ᠪᠠᠢᠭᠤᠯᠤᠯᠲᠠ — ᠵᠡᠭᠡᠯᠢ ᠭᠤᠳᠤᠮᠵᠢ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ — ᠠᠳᠠᠯ ᠠᠬᠤᠶ᠎ᠶ᠋ᠢᠨ ᠠᠵᠤ ᠠᠬᠤᠢᠯᠠᠯ᠎ᠤᠨ ᠨᠠᠮ᠎ᠤᠨ ᠡᠭᠦᠷ》ᠳᠥᠷᠪᠡᠨ ᠱᠠᠲᠤᠨ᠎ᠤ ᠬᠣᠯᠪᠣᠭᠠᠯᠠᠨ ᠬᠥᠳᠡᠯᠦᠯᠴᠡᠬᠦ᠌ ᠱᠢᠰᠲ᠋ᠧᠮ᠎ᠢ ᠪᠠᠢᠭᠤᠯᠵᠤ᠂ ᠨᠠᠮ᠎ᠤᠨ ᠪᠠᠢᠭᠤᠯᠤᠯᠲᠠ ᠬᠢᠭᠡᠳ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠪᠠ᠃ ᠬᠣᠲᠠ᠎ᠶ᠋ᠢᠨ ᠱᠠᠲᠤᠨ᠎ᠳᠤ᠂ ᠠᠳᠠᠯ ᠠᠬᠤᠶ᠎ᠶ᠋ᠢᠨ ᠠᠵᠢᠯ ᠲᠥᠷᠥᠯ᠎ᠦᠨ ᠨᠠᠮ᠎ᠤᠨ ᠬᠣᠷᠢᠶ᠎ᠠ᠎ᠶ᠋ᠢ ᠪᠠᠢᠭᠤᠯᠵᠤ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠰᠠᠯᠠᠭ᠎ᠠ ᠮᠥᠴᠢᠷ᠎ᠲᠦ ᠲᠦᠱᠢᠭ᠌ᠯᠡᠨ ᠨᠠᠮ᠎ᠤᠨ ᠪᠠᠢᠭᠤᠯᠤᠯᠲᠠ᠎ᠶ᠋ᠢᠨ ᠠᠯᠪᠠᠨ ᠬᠡᠷ ᠪᠠᠢᠭᠤᠯᠵᠤ᠂ ᠠᠳᠠᠯ ᠠᠬᠤᠶ᠎ᠶ᠋ᠢᠨ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠢ ᠪᠠᠢᠭᠤᠯᠵᠤ᠂ ᠨᠠᠮ᠎ᠤᠨ ᠪᠠᠢᠭᠤᠯᠤᠯᠲᠠ᠎ᠪᠠᠷ ᠠᠳᠠᠯ ᠠᠬᠤᠶ᠎ᠶ᠋ᠢᠨ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢ ᠬᠥᠲᠥᠯᠥᠨ ᠳᠠᠭᠠᠭᠤᠯᠬᠤ 19 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ 《ᠨᠠᠮ᠎ᠤᠨ ᠪᠠᠢᠭᠤᠯᠤᠯᠲᠠ᠎ᠶ᠋ᠢ ᠠᠳᠭᠤᠬᠤ》 ᠪᠠ 《ᠠᠵᠢᠯ ᠲᠥᠷᠥᠯ᠎ᠢ ᠬᠠᠮᠢᠶᠠᠷᠬᠤ》 ᠶ᠋ᠢ ᠨᠢᠭᠡ ᠴᠤᠭ᠍ᠴᠠᠵᠢᠭᠤᠯᠤᠨ ᠠᠬᠢᠭᠤᠯᠪᠠ᠃

ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠣᠯᠠᠨ ᠵᠦᠶ᠋ᠯ᠎ᠦᠨ ᠠᠳᠠᠯ ᠠᠬᠤᠶ᠎ᠶ᠋ᠢᠨ ᠬᠠᠮᠲᠤᠷᠠᠨ ᠪᠠᠢᠭᠤᠯᠬᠤ ᠵᠠᠭ᠍ᠪᠤᠷ᠎ᠢ ᠰᠦᠪᠡᠭ᠌ᠴᠢᠯᠡᠵᠦ᠍᠂ 《ᠨᠢᠭᠡ ᠨᠡᠢᠭᠡᠮ ᠲᠣᠭᠣᠷᠢᠭ ᠨᠢ ᠨᠢᠭᠡ ᠣᠨᠴᠠᠯᠢᠭ ᠲᠠᠢ᠂ ᠨᠢᠭᠡ ᠰᠠᠭᠤᠭᠠᠯᠢ ᠠᠷᠠᠳ᠎ᠤᠨ ᠲᠤᠭᠤᠷᠢᠭ ᠨᠢ ᠨᠢᠭᠡ ᠲᠥᠰᠦᠯ ᠲᠠᠢ》 ᠲᠠᠢ ᠪᠠᠢᠬᠤ᠎ᠶ᠋ᠢ ᠪᠡᠶᠡᠯᠡᠭᠦᠯᠵᠦ᠍᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠵᠠᠰᠠᠯᠲᠠ᠎ᠵᠢᠨ ᠬᠦᠴᠢᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠠ᠃ ᠬᠤᠩᠱᠠᠨ ᠲᠣᠭᠣᠷᠢᠭ᠎ᠤᠨ ᠴᠠᠩ ᠴᠢᠩ ᠵᠡᠭᠡᠯᠢ ᠭᠤᠳᠤᠮᠵᠢ᠎ᠶ᠋ᠢᠨ ᠾᠦᠸᠸ ᠬᠤᠸᠠ ᠨᠡᠢᠭᠡᠮ ᠲᠣᠭᠣᠷᠢᠭ ᠤᠯᠠᠭᠠᠨᠬᠠᠳᠠ ᠬᠤᠲᠠ᠎ᠶ᠋ᠢᠨ ᠠᠩᠬᠠᠳᠠᠭ᠍ᠴᠢ ᠨᠡᠢᠭᠡᠮ ᠲᠣᠭᠣᠷᠢᠭ᠎ᠤᠨ ᠨᠡᠢᠭᠡᠮ᠎ᠦᠨ ᠠᠵᠤ ᠠᠬᠤᠢᠯᠠᠯ — ᠾᠧ ᠵᠦᠩ ᠨᠡᠢᠭᠡᠮ ᠲᠣᠭᠣᠷᠢᠭ᠎ᠤᠨ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ᠎ᠶ᠋ᠢ ᠪᠠᠢᠭᠤᠯᠵᠤ᠂ 《ᠨᠡᠢᠭᠡᠮ ᠲᠣᠭᠣᠷᠢᠭ᠎ᠤᠨ ᠠᠵᠤ ᠠᠬᠤᠢᠯᠠᠯ + ᠠᠳᠠᠯ ᠠᠬᠤᠢ᠎ᠶ᠋ᠢᠨ ᠦᠢᠯᠡᠴᠢᠯᠡᠭᠡ》 ᠵᠢᠨ ᠵᠠᠭ᠍ᠪᠤᠷ᠎ᠢ ᠬᠡᠷᠡᠭ᠌ᠵᠢᠭᠦᠯᠵᠦ᠍᠂ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠠᠴᠠ ᠬᠠᠮᠢᠶᠠᠷᠤᠯᠲᠠ᠎ᠲᠤᠲᠠᠬᠳᠠᠬᠰᠠᠨ ᠠᠰᠠᠷ᠎ᠤᠨ ᠠᠳᠠᠯ ᠠᠬᠤᠢ᠎ᠶ᠋ᠢᠨ ᠦᠢᠯᠡᠴᠢᠯᠡᠭᠡ᠎ᠶ᠋ᠢ ᠬᠠᠷᠢᠭᠤᠴᠠᠨ ᠭᠦᠢᠴᠡᠳᠭᠡᠪᠡ᠃ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠬᠡᠪᠴᠢᠶ᠎ᠡ ᠨᠢ ᠪᠠᠭ᠎ᠠ᠂ ᠲᠥᠬᠥᠭᠡᠷᠦᠮᠵᠢ ᠨᠢ ᠠᠨᠠᠢ᠂ ᠬᠠᠮᠢᠶᠠᠷᠤᠯᠲᠠ ᠨᠢ ᠬᠦᠴᠢᠷᠲᠡᠢ ᠠᠰᠠᠭᠤᠳᠠᠯ᠎ᠳᠤ ᠴᠢᠭ᠌ᠯᠡᠭᠦᠯᠦᠨ᠂ ᠬᠤᠩᠱᠠᠨ ᠲᠣᠭᠣᠷᠢᠭ 《ᠬᠦᠷᠢᠶ᠎ᠡ᠎ᠶ᠋ᠢ ᠨᠡᠢᠯᠡᠭᠦᠯᠬᠦ᠌ + ᠨᠡᠢᠳᠭᠡᠨ ᠬᠠᠮᠢᠶᠠᠷᠬᠤ》 ᠡᠷᠴᠢᠮᠵᠢᠭᠦᠯᠦᠭ᠌ᠰᠡᠨ ᠵᠠᠭ᠍ᠪᠤᠷ᠎ᠢ ᠬᠡᠷᠡᠭ᠌ᠵᠢᠭᠦᠯᠵᠦ᠍᠂ 22 ᠠᠰᠠᠷ ᠪᠠ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ 4 ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢᠨ ᠣᠷᠣᠨ᠎ᠳᠤ ᠬᠤᠪᠢᠶᠠᠷᠢᠯᠠᠵᠦ᠂ ᠨᠢᠭᠡᠳᠦᠯᠲᠡᠢ ᠲᠥᠯᠥᠪᠵᠢᠭᠦᠯᠵᠦ᠍ ᠨᠢᠭᠡᠳᠦᠯᠲᠡᠢ ᠦᠢᠯᠡᠴᠢᠯᠡᠪᠡ᠃ ᠡᠬᠦᠨ᠎ᠳᠤ᠂ ᠪᠥᠬᠥ᠌ ᠬᠣᠲᠠ᠎ᠵᠢᠨ ᠨᠡᠢᠲᠡ 287 ᠲᠤᠰᠠᠭᠠᠷ ᠠᠰᠠᠷ᠂ ᠲᠠᠷᠠᠬᠠᠢ ᠪᠤᠲᠠᠷᠬᠠᠢ ᠬᠦᠷᠢᠶ᠎ᠡ᠎ᠶ᠋ᠢ ᠡᠮᠬᠢᠯᠡᠨ ᠨᠡᠢᠯᠡᠭᠦᠯᠵᠦ᠍᠂ ᠬᠠᠮᠢᠶᠠᠷᠤᠯᠲᠠ᠎ᠶ᠋ᠢᠨ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠦᠶ᠋ᠯᠡᠴᠢᠯᠡᠭᠡᠨ᠎ᠦ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃

ᠬᠤᠩᠱᠠᠨ ᠲᠣᠭᠣᠷᠢᠭ᠎ᠤᠨ ᠰᠢ ᠳᠦᠨ ᠵᠡᠭᠡᠯᠢ ᠭᠤᠳᠤᠮᠵᠢ᠎ᠶ᠋ᠢᠨ ᠯᠢᠦ ᠰᠢ ᠨᠡᠢᠭᠡᠮ ᠲᠣᠭᠣᠷᠢᠭ 《ᠬᠠᠮᠲᠤ᠎ᠪᠠᠷ ᠡᠳ᠋ᠯᠡᠬᠦ᠌ ᠠᠳᠠᠯ ᠠᠬᠤᠶ》 ᠶ᠋ᠢ ᠣᠷᠣᠭᠤᠯᠤᠨ ᠠᠪᠴᠢᠷᠠᠵᠤ᠂ ᠦᠶ᠋ᠯᠡᠴᠢᠯᠡᠭᠡᠨ᠎ᠦ ᠲᠥᠷᠥᠯ ᠵᠦᠶ᠋ᠯ᠂ ᠰᠦᠶ᠋ᠳᠭᠡᠯ ᠬᠤᠷᠢᠶᠠᠬᠤ ᠪᠠᠷᠢᠮᠵᠢᠶ᠎ᠠ᠎ᠶ᠋ᠢ ᠵᠠᠷᠯᠠᠨ ᠨᠡᠢᠲᠡᠯᠡᠵᠦ᠍᠂ ᠰᠠᠭᠤᠭᠠᠯᠢ ᠠᠷᠠᠳ《ᠲᠤᠭ᠎ᠠ ᠶᠤᠰᠤᠭᠠᠷ ᠰᠦᠶ᠋ᠳᠭᠡᠯ ᠲᠤᠱᠢᠶᠠᠬᠤ᠂ ᠲᠦᠷᠦᠯ ᠵᠦᠢᠯ᠎ᠢ ᠰᠣᠩᠭᠣᠬᠤ᠂ ᠦᠶ᠋ᠯᠡᠴᠢᠯᠡᠭᠡ ᠲᠣᠭ᠍ᠲᠠᠭᠠᠬᠤ》ᠣᠯᠠᠨ ᠡᠱᠢᠵᠢᠭ᠌ᠰᠡᠨ ᠦᠢᠯᠡᠴᠢᠯᠡᠭᠡ ᠬᠦᠷᠲᠡᠪᠡ᠃ ᠰᠦᠩᠱᠠᠨ ᠲᠣᠭᠣᠷᠢᠭ᠎ᠤᠨ ᠢᠦᠶ ᠯᠦᠩ ᠵᠡᠭᠡᠯᠢ ᠭᠤᠳᠤᠮᠵᠢ 16 ᠠᠳᠠᠯ ᠠᠬᠤᠶ᠎ᠶ᠋ᠢᠨ ᠺᠣᠮᠫᠠᠨᠢ᠎ᠶ᠋ᠢ ᠡᠮᠬᠢᠯᠡᠨ ᠨᠡᠢᠯᠡᠭᠦᠯᠵᠦ᠍ 《ᠠᠳᠠᠯ ᠠᠬᠤᠶ᠎ᠶ᠋ᠢᠨ ᠬᠣᠯᠪᠣᠭ᠎ᠠ》 ᠪᠠᠢᠭᠤᠯᠵᠤ᠂ 《ᠲᠠᠪᠤᠨ ᠨᠢᠭᠡ》 ᠵᠢᠨ ᠠᠵᠢᠯᠯᠠᠭᠠᠨ᠎ᠤ ᠲᠣᠭ᠍ᠲᠠᠴᠠ᠎ᠶ᠋ᠢ ᠬᠡᠷᠡᠭ᠌ᠵᠢᠭᠦᠯᠪᠡ᠃ ᠡᠭᠦᠨ᠎ᠦ ᠬᠠᠮᠲᠤ᠂ ᠲᠦᠷᠭᠡᠨ ᠬᠦᠷᠭᠡᠭᠴᠢ᠂ ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠳ᠂ ᠠᠬᠠᠮᠠᠳ ᠺᠠᠳ᠋ᠷ ᠵᠡᠷᠭᠡ ᠬᠥᠮᠦᠰ᠎ᠢ ᠣᠷᠣᠭᠤᠯᠤᠨ ᠠᠪᠴᠤ᠌ ᠵᠠᠰᠠᠯᠲᠠ᠎ᠳᠤ ᠣᠷᠣᠯᠴᠠᠭᠤᠯᠵᠤ᠂ ᠣᠯᠠᠨ ᠡᠱᠢᠲᠦ ᠬᠠᠮᠲᠤ᠎ᠪᠠᠷ ᠵᠠᠰᠠᠬᠤ ᠪᠠᠢᠷᠢᠱᠢᠯ᠎ᠢ ᠪᠣᠶ ᠪᠣᠯᠭᠠᠪᠠ᠃

ᠤᠯᠠᠭᠠᠨᠬᠠᠳᠠ ᠬᠣᠲᠠ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ 《ᠪᠠᠢᠬᠤ ᠡᠰᠡᠬᠦ᠌》 ᠡᠴᠡ 《ᠰᠠᠢᠨ ᠡᠰᠡᠬᠦ᠌》 ᠳᠠᠢᠰᠢ ᠰᠢᠯᠵᠢᠬᠦ᠎ᠶ᠋ᠢ ᠠᠬᠢᠭᠤᠯᠪᠠ᠃ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠲᠦ ᠲᠦᠱᠢᠭ᠌ᠯᠡᠨ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠴᠣᠩᠬᠤᠪᠴᠢ ᠪᠠᠢᠭᠤᠯᠵᠤ᠂ 《ᠨᠢᠭᠡ ᠴᠣᠩᠬᠤᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠨ᠂ ᠲᠥᠪᠯᠡᠷᠡᠭᠦᠯᠦᠨ ᠦᠶ᠋ᠯᠡᠴᠢᠯᠡᠬᠦ᠌》 ᠶ᠋ᠢ ᠪᠡᠶᠡᠯᠡᠭᠦᠯᠦᠨ᠂ ᠠᠳᠠᠯ ᠠᠬᠤᠶ᠎ᠶ᠋ᠢᠨ ᠠᠰᠠᠭᠤᠳᠠᠯ᠎ᠢ 《ᠲᠥᠪ᠎ᠡᠴᠡ ᠱᠦᠭ᠌ᠯᠦ ᠦᠯᠢᠶᠡᠬᠦ᠌᠂ ᠰᠠᠯᠠᠭ᠎ᠠ ᠮᠥᠴᠢᠷ ᠨᠡᠷ᠎ᠡ ᠮᠡᠳᠡᠭᠦᠯᠬᠦ᠌》 ᠲᠣᠭ᠍ᠲᠠᠴᠠ᠎ᠳᠤ ᠣᠷᠣᠭᠤᠯᠵᠤ᠂ 《ᠠᠰᠠᠭᠤᠳᠠᠯ᠎ᠢ ᠬᠠᠮᠲᠤᠷᠠᠨ ᠵᠠᠰᠠᠬᠤ᠂ ᠠᠵᠢᠯ᠎ᠳ᠋ᠤ ᠬᠠᠮᠲᠤᠷᠠᠨ ᠬᠥᠳᠡᠯᠦᠯᠴᠡᠬᠦ᠌᠂ ᠠᠮᠤᠷ ᠠᠮᠤᠭᠤᠯᠠᠩ᠎ᠢ ᠬᠠᠮᠲᠤᠷᠠᠨ ᠡᠭᠦᠳᠬᠦ᠌》 ᠪᠢᠲᠡᠭᠦᠦ ᠴᠠᠭᠠᠷᠢᠭᠲᠦ ᠱᠢᠰᠲ᠋ᠧᠮ᠎ᠢ᠎ᠪᠦᠷᠢᠯᠳᠦᠭᠦᠯᠪᠡ᠃

ᠡᠬᠦᠨ᠎ᠤ ᠬᠠᠮᠳᠦ᠂ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ ᠬᠢᠭᠡᠳ ᠵᠣᠷᠢᠭ᠍ᠵᠢᠭᠤᠯᠤᠯ᠎ᠢ ᠵᠡᠷᠭᠡ᠎ᠪᠡᠷ ᠴᠢᠬᠤᠯᠠᠴᠢᠯᠠᠵᠤ᠂ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ ᠬᠣᠲᠠ᠎ᠶ᠋ᠢᠨ ᠱᠠᠲᠤᠨ᠎ᠤ ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ᠎ᠳᠤ ᠲᠦᠱᠢᠭ᠌ᠯᠡᠨ᠂ 《ᠤᠯᠠᠭᠠᠨ ᠬᠠᠷ᠎ᠠ ᠰᠠᠮᠪᠠᠷ᠎ᠠ》 ᠶ᠋ᠢᠨ ᠦᠨᠡᠯᠡᠯᠲᠡ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠵᠡᠭᠡᠯᠢ ᠭᠤᠳᠤᠮᠵᠢ᠂ ᠨᠡᠢᠭᠡᠮ ᠲᠣᠭᠣᠷᠢᠭ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠰᠠᠯᠠᠭ᠎ᠠ ᠮᠥᠴᠢᠷ᠂ ᠥᠮᠴᠢᠲᠡᠨ᠎ᠦ ᠲᠥᠯᠥᠭᠡᠯᠡᠭ᠌ᠴᠢ ᠳᠥᠷᠪᠡᠨ ᠲᠠᠯ᠎ᠠ᠎ᠠᠴᠠ ᠤᠯᠠᠷᠢᠯ᠎ᠢᠶᠠᠷ ᠬᠤᠪᠢ ᠲᠣᠭ᠍ᠲᠠᠭᠠᠵᠤ᠂ ᠦᠷ᠎ᠡ ᠳ᠋ᠦᠩ᠎ᠢ ᠨᠡᠢᠭᠡᠮ᠎ᠳᠦ ᠢᠯᠡ ᠪᠣᠯᠭᠠᠵᠤ᠂ ᠠᠳᠠᠯ ᠠᠬᠤᠶ᠎ᠶ᠋ᠢᠨ ᠠᠵᠤ ᠠᠬᠤᠢᠯᠠᠯ᠎ᠤᠨ ᠦᠶ᠋ᠯᠡᠴᠢᠯᠡᠭᠡ᠎ᠪᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃

ᠨᠡᠢᠭᠡᠮ ᠲᠣᠭᠣᠷᠢᠭ᠎ᠤᠨ ᠪᠠᠭ᠎ᠠ ᠠᠰᠠᠭᠤᠳᠠᠯ ᠨᠢ ᠵᠠᠰᠠᠯᠲᠠ᠎ᠶ᠋ᠢᠨ ᠶᠡᠬᠡ ᠶᠠᠪᠤᠳᠠᠯ ᠪᠤᠯᠤᠨ᠎ᠠ᠃ ᠨᠠᠮ᠎ᠤᠨ ᠪᠠᠢᠭᠤᠯᠤᠯᠲᠠ᠎ᠵᠢᠨ ᠬᠦᠲᠦᠯᠦᠨ ᠳᠠᠭᠠᠭᠤᠯᠭ᠎ᠠ ᠳᠤᠤᠷ᠎ᠠ᠂ ᠤᠯᠠᠭᠠᠨᠬᠠᠳᠠ ᠬᠣᠲᠠ《ᠭᠤᠷᠮᠤᠰᠤᠨ ᠵᠠᠰᠠᠯᠳᠠ》ᠵᠢᠨ ᠵᠠᠬᠪᠤᠷ ᠎ᠢᠶᠡᠷ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ《ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠬᠦ᠌》 ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠦ᠂ ᠥᠩᠭᠡᠷᠡᠭ᠌ᠰᠡᠨ᠎ᠦ ᠵᠠᠰᠠᠯᠲᠠ᠎ᠶ᠋ᠢᠨ 《ᠬᠦᠴᠢᠷᠳᠡᠯ》 ᠢ᠋ ᠰᠢᠢᠳᠪᠦᠷᠢᠯᠡᠵᠦ᠂ ᠰᠠᠭᠤᠭᠠᠯᠢ ᠠᠷᠠᠳ᠎ᠤᠨ ᠵᠣᠯ ᠵᠢᠷᠭᠠᠯᠲᠦ ᠲᠦᠷᠦᠭᠳᠡᠯ᠎ᠢ ᠨᠡᠮᠡᠭᠳᠡᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号