ᠬᠦᠷᠡᠡᠭ ᠪᠦᠷᠬᠦᠳ᠎ᠤᠨ ᠢᠯᠡᠷᠡᠬᠦᠯᠤᠯᠳᠠ
2026-06-15 11:38:03
ᠵᠣᠬᠢᠶᠠᠭ᠍ᠴᠢ᠄
​ ᠭᠤᠸ᠎ᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠬᠠᠨ ᠠᠭᠤᠯᠠ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳ᠋ᠤ᠌ ᠤᠯᠤᠰ ᠤ᠋ᠨ ᠨᠢᠭᠡᠳᠦᠭᠡᠷ ᠳᠡᠰ ᠤ᠋ᠨ ᠬᠠᠮᠠᠭᠠᠯᠠᠯᠲᠠ ᠵᠢᠨ ᠠᠮᠢᠲᠠᠨ ᠬᠦᠷᠡᠩ ᠪᠦᠷᠭᠦᠳ ᠨᠤᠳᠤᠭᠰᠢᠨ ᠦᠷᠡᠵᠢᠨ ᠲᠦᠯᠵᠢᠵᠤ ᠪᠠᠢᠬᠤ ᠵᠢ ᠠᠩᠬ᠎ᠠ ᠤᠳᠠᠭ᠎ᠠ ᠢᠯᠡᠷᠡᠭᠦᠯᠪᠡ᠃ ᠣᠢᠷ᠎ᠠ ᠵᠢᠨ ᠵᠢᠯ᠎ᠡᠴᠡ ᠨᠠᠭᠠᠰᠢ᠂ ᠠᠮᠢ ᠠᠬᠤᠢ ᠵᠢᠨ ᠬᠠᠮᠠᠭᠠᠯᠠᠯᠲᠠ ᠵᠢᠨ ᠡᠷᠴᠢᠮ ᠦᠷᠭᠦᠯᠵᠢᠯᠡᠨ ᠴᠢᠩᠭᠠᠷᠠᠬᠤ ᠵᠢ ᠳᠠᠭᠠᠯᠳᠤᠨ᠂ ᠬᠠᠨ ᠠᠭᠤᠯᠠ ᠤᠯᠤᠰ᠎ᠤᠨ ᠲᠠᠰ᠎ᠤᠨ ᠬᠠᠮᠠᠭᠠᠯᠠᠯᠲᠠ ᠵᠢᠨ ᠣᠷᠣᠨ ᠤ᠋ ᠠᠮᠢ ᠠᠬᠤᠢ ᠵᠢᠨ ᠰᠢᠰᠲ᠋ᠧᠮ ᠤ᠋ᠨ ᠴᠢᠳᠠᠮᠵᠢ ᠢᠯᠡᠳᠳᠡ ᠳᠡᠭᠡᠭᠰᠢᠯᠡᠵᠦ᠂ ᠨᠢᠭᠡᠨᠲᠡ ᠬᠣᠪᠣᠷ ᠴᠤᠬᠠᠭ ᠬᠡᠭᠡᠷ᠎ᠡ ᠵᠢᠨ ᠠᠮᠢᠲᠠᠨ ᠵᠢᠬᠦᠷᠳᠡᠨ ᠤ᠋ ᠲᠣᠭᠲᠠᠭᠤᠨ ᠵᠢᠠᠷ ᠦᠷᠡᠵᠢᠨ ᠠᠮᠢᠳᠤᠷᠠᠬᠤ ᠭᠡᠷ ᠣᠷᠣᠨ ᠪᠣᠯᠵᠤ᠂ ᠣᠳᠣᠬᠠᠨ ᠳ᠋ᠤ᠌ ᠨᠢᠭᠡᠨᠲᠡ 160 ᠵᠦᠢᠯ ᠤ᠋ᠨ ᠬᠡᠭᠡᠷ᠎ᠡ ᠵᠢᠨ ᠠᠮᠢᠲᠠᠨ ᠵᠢᠭᠦᠷᠳᠡᠨ ᠤ᠋ ᠲᠡᠮᠳᠡᠭᠯᠡᠯ ᠲᠠᠢ ᠪᠤᠯᠪᠠ᠃

ᠬᠠᠨ ᠠᠭᠤᠯᠠ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠳᠠ ᠵᠢᠨ ᠤᠷᠤᠨ ᠪᠣᠯ ᠲᠦᠩᠯᠢᠶᠣᠣ ᠬᠣᠲᠠ ᠵᠢᠨ ᠴᠢᠬᠤᠯᠠ ᠤᠰᠤᠨ ᠤ᠋ ᠡᠬᠢ ᠰᠤᠷᠪᠤᠯᠵᠢ ᠵᠢ ᠬᠠᠳᠠᠭᠠᠯᠠᠵᠤ ᠪᠠᠢᠭ᠎ᠠ ᠭᠠᠵᠠᠷ᠂ ᠠᠮᠢᠳᠤ ᠪᠤᠳᠠᠰ ᠤ᠋ᠨ ᠭᠧᠨ᠎ᠤ ᠬᠦᠮᠦᠷᠭᠡ ᠪᠣᠯᠤᠨ ᠪᠠᠢᠭᠠᠯᠢ ᠵᠢᠨ ᠠᠮᠢ ᠠᠬᠤᠢ ᠵᠢᠨ ᠬᠠᠯᠬᠠᠪᠴᠢ ᠪᠤᠯᠬᠤ ᠶᠤᠮ᠃ ᠣᠢᠯᠠᠭᠠᠭᠰᠠᠨ ᠵᠢᠠᠷ᠂ ᠬᠡᠳᠦ ᠤᠯᠠᠭᠠᠨ ᠰᠠᠴᠤᠷᠠᠭ ᠤ᠋ᠨ ᠭᠡᠷᠡᠯ ᠵᠢᠷᠤᠭ ᠤ᠋ᠨ ᠮᠠᠰᠢᠨ᠎ᠵᠢᠡᠷ ᠬᠠᠮᠠᠭᠠᠯᠠᠯᠳᠠ᠎ᠵᠢᠨ ᠤᠷᠤᠨ ᠡᠴᠡ ᠠᠩᠬ᠎ᠠ ᠤᠳᠠᠭ᠎ᠠ ᠬᠦᠷᠡᠩ ᠪᠦᠷᠭᠦᠳ ᠤ᠋ᠨ ᠠᠵᠢᠯᠯᠠᠭ᠎ᠠ ᠵᠢ ᠢᠯᠡᠷᠡᠭᠦᠯᠦᠭᠰᠡᠨ ᠪᠦᠭᠡᠳ ᠤᠢᠷ᠎ᠠ᠎ᠳᠤ ᠪᠠᠰᠠ ᠬᠦᠷᠡᠡᠭ ᠪᠦᠷᠬᠦᠳ᠎ᠤᠨ ᠡᠬᠦᠷ᠎ᠢ ᠢᠯᠡᠷᠡᠬᠦᠯᠦᠭᠰᠡᠨ ᠪᠠᠢᠨ᠎ᠠ᠃ ᠤᠳᠤ 24 ᠴᠠᠭ ᠵᠢᠡᠷ ᠲᠠᠰᠤᠷᠠᠯᠲᠠ ᠦᠭᠡᠢ ᠪᠡᠷ ᠬᠢᠨᠠᠨ ᠬᠡᠮᠵᠢᠯᠲᠡ ᠬᠢᠵᠦ ᠲᠣᠭ᠎ᠠ ᠪᠠᠷᠢᠮᠲᠠ ᠵᠢ ᠴᠤᠭᠯᠠᠭᠤᠯᠤᠨ᠂ ᠳᠦᠷᠰᠦ ᠵᠢᠨ ᠰᠦᠷᠦᠭ ᠤ᠋ᠨ ᠰᠤᠳᠤᠯᠭᠠᠨ ᠳ᠋ᠤ᠌ ᠠᠩᠬᠠᠳᠠᠭᠴᠢ ᠬᠣᠪᠣᠷ ᠨᠠᠨᠳᠢᠨ ᠮᠠᠲ᠋ᠧᠷᠢᠶᠠᠯ ᠬᠤᠷᠠᠮᠳᠤᠭᠤᠯᠵᠤ ᠥᠭᠴᠦ ᠪᠠᠢᠯ᠎ᠠ᠃ ᠡᠨᠡ ᠬᠦ᠌ ᠢᠯᠡᠷᠡᠭᠦᠯᠦᠯᠲᠡ ᠨᠢ ᠬᠠᠮᠠᠭᠠᠯᠠᠯᠲᠠ ᠵᠢᠨ ᠣᠷᠣᠨ ᠤ᠋ ᠬᠦᠷᠡᠩ ᠪᠦᠷᠭᠦᠳ ᠤ᠋ᠨ ᠳᠦᠷᠰᠦ ᠵᠢᠨ ᠰᠦᠷᠦᠭ ᠤ᠋ᠨ ᠦᠷᠡᠵᠢᠯ ᠤ᠋ᠨ ᠰᠤᠳᠤᠯᠭᠠᠨ ᠤ᠋ ᠬᠣᠭᠣᠰᠣᠨ ᠢ᠋ ᠨᠦᠭᠦᠪᠦᠷᠢᠯᠡᠭᠰᠡᠨ ᠵᠢᠡᠷ ᠪᠠᠷᠠᠬᠤ ᠦᠭᠡᠢ ᠂ ᠪᠠᠰᠠ ᠲᠤᠬᠠᠢ ᠵᠢᠨ ᠭᠠᠵᠠᠷ ᠤ᠋ᠨ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠵᠤ ᠪᠠᠢᠬᠤ ᠪᠤᠳᠠᠳᠠᠢ ᠬᠦᠴᠦᠲᠡᠢ ᠭᠡᠷᠡᠴᠢ ᠪᠣᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号