ᠪᠡᠯᠡᠳᠭᠡᠯ ᠲᠠᠢ ᠪᠤᠯ ᠪᠠᠯᠢᠳᠠᠬᠤ ᠦᠭᠡᠢ
2026-06-15 11:33:39
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠪᠤᠷᠤᠭᠠᠨ ᠤ᠋ ᠤᠯᠠᠷᠢᠯ ᠳ᠋ᠤ ᠦᠶᠡᠷ ᠤᠰᠤᠳᠤᠯ ᠢ᠋ ᠤᠷᠢᠳᠴᠢᠯᠠᠨ ᠴᠢᠩᠭ᠎ᠠ ᠰᠡᠷᠭᠡᠢᠯᠡᠬᠦ ᠬᠡᠷᠡᠭᠳᠡᠢ


ᠵᠤᠨ ᠤ᠋ ᠤᠯᠠᠷᠢᠯ᠎ᠪᠤᠯᠬᠤᠯᠠᠷ ᠠᠭᠠᠷ ᠤ᠋ᠨ ᠲᠤᠯᠠᠭᠠᠨ ᠳᠡᠭᠡᠭᠰᠢᠯᠡᠨ ᠠᠭᠠᠬᠢᠮ᠎ᠠ ᠬᠠᠯᠠᠭᠤᠨ ᠦᠷᠬᠦᠯᠵᠢᠯᠡᠬᠦ ᠪᠡᠷ ᠬᠦᠮᠦᠨ ᠪᠦᠬᠦᠨ ᠪᠣᠷᠤᠭᠠᠨ ᠤᠷᠤᠭᠠᠰᠠᠢ ᠬᠡᠵᠦ ᠬᠦᠰᠡᠳᠡᠭ᠃ ᠪᠣᠷᠤᠭᠠᠨ ᠢ᠋ ᠬᠦᠰᠡᠨ ᠬᠦᠰᠡᠨ ᠬᠦᠯᠢᠶᠠᠨ ᠬᠦᠯᠢᠶᠠᠨ ᠰᠠᠭᠤᠬᠤ ᠳ᠋ᠠᠭᠠᠨ ᠪᠤᠷᠤᠭᠠᠨ ᠡᠴᠡ ᠡᠮᠦᠨᠡᠬᠢ ᠪᠡᠯᠡᠳᠭᠡᠯ ᠭᠦᠢᠴᠡᠳ ᠪᠤᠯᠤᠭᠰᠠᠨ ᠤ᠋ᠤ?ᠰᠢᠷᠦᠬᠦᠨ ᠪᠣᠷᠤᠭᠠᠨ ᠬᠡᠳᠦᠨ ᠡᠳᠦᠷ ᠦᠷᠬᠦᠯᠵᠢᠯᠡᠨ ᠲᠤᠨᠳᠠᠰᠤᠨ ᠤ᠋ ᠬᠡᠮᠵᠢᠶ᠎ᠠ ᠶᠡᠬᠡ ᠪᠡᠷ ᠳᠡᠭᠡᠭᠰᠢᠯᠡᠪᠡᠯ ᠦᠶᠡᠷ ᠤᠰᠤᠳᠤᠯ ᠪᠣᠯᠵᠦ ᠬᠦᠮᠦᠨ ᠤ᠋ ᠠᠮᠢ ᠨᠠᠰᠤ ᠡᠳ᠋ ᠬᠦᠷᠦᠩᠭᠡ ᠳ᠋ᠤ ᠬᠤᠬᠢᠷᠠᠯ ᠤᠴᠠᠷᠠᠭᠤᠯᠵᠤ ᠮᠠᠳᠠᠨ᠎ᠠ᠂ ᠡᠢᠮᠦ ᠡᠴᠡ ᠪᠣᠷᠤᠭᠠᠨ ᠤ᠋ ᠤᠯᠠᠷᠢᠯ ᠳ᠋ᠤ ᠦᠶᠡᠷ ᠤᠰᠤᠳᠤᠯ ᠢ᠋ ᠤᠷᠢᠳᠴᠢᠯᠡᠨ ᠴᠢᠩᠭ᠎ᠠ ᠰᠡᠷᠭᠡᠢᠯᠡᠬᠦ ᠴᠢᠬᠤᠯᠠᠳᠠᠢ᠃

ᠠᠮᠢ ᠠᠬᠤᠢ ᠰᠠᠢᠵᠢᠷᠠᠪᠠᠯ ᠦᠶᠡᠷ ᠤᠰᠤᠳᠤᠯ ᠢ᠋ ᠪᠠᠭᠠᠰᠬᠠᠨ᠂ ᠠᠮᠢ ᠠᠬᠤᠢ ᠡᠪᠳᠡᠭᠳᠡᠪᠡᠯ ᠦᠶᠡᠷ ᠤᠰᠤᠳᠤᠯ ᠤ᠋ᠨ ᠠᠶᠤᠯ ᠲᠦᠭᠰᠢᠭᠦᠷᠢ᠎ᠵᠢ ᠬᠦᠨᠳᠦᠷᠡᠭᠦᠯᠳᠡᠭ; ᠡᠬᠦᠨ ᠤ᠋ ᠡᠰᠡᠷᠬᠦ ᠪᠡᠷ᠂ ᠦᠶᠡᠷ ᠤᠰᠤᠳᠤᠯ ᠪᠠᠭᠠᠰᠪᠡᠯ ᠠᠮᠢ ᠠᠬᠤᠢ ᠨᠡᠡᠭ ᠰᠠᠢᠵᠢᠷᠠᠵᠦ᠂ ᠦᠶᠡᠷ ᠤᠰᠤᠳᠤᠯ ᠬᠡᠴᠠᠭᠦᠳᠡᠪᠡᠯ ᠠᠮᠢ ᠠᠬᠤᠢ ᠵᠢ ᠡᠪᠳᠡᠨ᠎ᠠ᠃ ᠤᠢᠷ᠎ᠠ᠎ᠶᠢᠨ ᠵᠢᠯ ᠡᠴᠡ ᠨᠠᠭᠠᠰᠢ᠂ ᠦᠪᠦᠷ ᠮᠤᠩᠭᠤᠯ ᠠᠮᠢ ᠠᠬᠤᠢ᠎ᠶᠢᠨ ᠬᠠᠮᠠᠭᠠᠯᠠᠯᠲᠠ ᠵᠢ ᠴᠢᠩᠭᠠᠳᠬᠠᠵᠤ᠂ ᠤᠢᠵᠢᠭᠤᠯᠤᠯᠳᠡ ᠨᠤᠭᠤᠭᠠᠷᠠᠭᠤᠯᠤᠯᠲᠡ᠎ᠵᠢ ᠴᠢᠨᠭᠭ᠎ᠠ ᠠᠳᠬᠤᠭᠰᠠᠨ ᠡᠴᠡ ᠬᠦᠷᠦᠰᠦ ᠰᠢᠷᠦᠢ ᠵᠢᠨ ᠢᠳᠡᠭᠳᠡᠯ ᠢ᠋ ᠪᠠᠭᠠᠰᠭᠠᠨ ᠦᠶᠡᠷ ᠤᠰᠤᠳᠤᠯ ᠢ᠋ ᠪᠦᠲᠦᠮᠵᠢᠳᠠᠢ ᠰᠡᠷᠭᠡᠢᠯᠡᠵᠦ ᠴᠢᠳᠠᠵᠠᠢ᠃ ᠬᠡᠳᠡᠯ᠎ᠠ᠂ ᠨᠢᠳᠤᠨᠤᠨ ᠵᠤᠨ ᠮᠠᠨ ᠤ᠋ ᠤᠷᠤᠨ ᠤ᠋ ᠶᠡᠬᠡᠨᠭᠬᠢ ᠭᠠᠵᠠᠷ ᠤᠷᠤᠨ ᠳ᠋ᠤ ᠦᠷᠭᠦᠯᠵᠢᠯᠡᠭᠰᠡᠨ ᠴᠢᠨᠠᠷᠲᠠᠢ ᠰᠢᠷᠦᠬᠦᠨ ᠪᠣᠷᠤᠭᠠᠨ ᠣᠷᠤᠵᠦ᠂ ᠤᠯᠠᠨ ᠭᠠᠵᠠᠷ᠎ᠲᠦ ᠦᠶᠡᠷ ᠤᠰᠤᠳᠤᠯ ᠵᠡᠷᠭᠡ ᠭᠠᠮᠰᠢᠭ ᠡᠬᠦᠰᠴᠤ᠂ ᠬᠡᠳᠦᠨ ᠠᠷᠪᠠᠨ ᠵᠢᠯ ᠤ᠋ᠨ ᠲᠤᠷᠰᠢᠬᠢ ᠳᠤᠨᠳᠠᠰᠤᠨ ᠤ᠋ ᠬᠡᠮᠵᠢᠶ᠎ᠠ ᠬᠠᠮᠤᠭ ᠤ᠋ᠨ ᠶᠡᠬᠡ᠂ ᠦᠶᠡᠷ ᠤᠰᠤᠳᠤᠯ ᠤ᠋ᠨ ᠭᠠᠮᠰᠢᠭ ᠬᠠᠮᠤᠭ ᠤ᠋ᠨ ᠬᠦᠨᠳᠦ ᠨᠤᠴᠢᠳᠠᠢ ᠵᠢᠯ ᠪᠤᠯᠤᠬᠰᠠᠨ ᠢ᠋ ᠠᠩᠬᠠᠷᠤᠭᠤᠰᠢᠳᠠᠢ᠃

ᠵᠢᠯ ᠪᠣᠯᠭᠠᠨ ᠤ᠋ 6 — 8 ᠰᠠᠷ᠎ᠠ᠎ᠳ᠋ᠦ᠂ ᠦᠪᠦᠷ ᠮᠤᠩᠭᠤᠯ ᠳ᠋ᠤ ᠪᠣᠷᠤᠭᠠᠨ ᠤ᠋ ᠤᠯᠠᠷᠢᠯ ᠦᠷᠬᠦᠯᠵᠢᠯᠡᠳᠡᠭ᠃ ᠤᠰᠤ ᠦᠵᠡᠪᠡᠯ ᠤᠢᠳᠬᠤ ᠦᠬᠡᠢ ᠭᠡᠵᠦ ᠪᠤᠷᠤᠭᠠᠨ ᠢ᠋ ᠬᠦᠰᠡᠬᠦ ᠳ᠋ᠡᠭᠡᠨ ᠡᠬᠦᠰᠴᠦ ᠮᠡᠳᠡᠬᠦ ᠭᠠᠢ ᠭᠠᠮᠰᠢᠭ ᠢ᠋ ᠬᠦᠢᠴᠡᠳ ᠪᠤᠳᠤᠯᠬᠢᠯᠡᠨ ᠤᠷᠢᠳᠴᠢᠯᠡᠨ ᠢᠳᠡᠪᠬᠢᠲᠠᠢ ᠠᠷᠭᠠᠴᠠᠭᠠᠬᠤ ᠠᠷᠭ᠎ᠠ ᠬᠡᠮᠵᠢᠶ᠎ᠠ ᠠᠪᠬᠤ ᠬᠡᠷᠡᠭᠳᠡᠢ᠃ ᠨᠢᠭᠡ᠎ᠳᠤ᠂ ᠦᠶᠡᠷ ᠤᠰᠤᠳᠤᠯ ᠢ᠋ ᠰᠡᠷᠭᠡᠢᠯᠡᠬᠦ᠌ ᠬᠠᠷᠢᠭᠤᠴᠠᠯᠭ᠎ᠠ ᠵᠢ ᠱᠠᠳᠤ ᠳᠠᠷᠠᠭᠠᠯᠠᠨ ᠪᠣᠳᠠᠲᠠᠢᠵᠢᠭᠤᠯᠬᠤ ᠵᠢᠨ ᠬᠠᠮᠳᠤ ᠤᠷᠢᠳᠴᠢᠯᠠᠨ ᠰᠡᠷᠡᠮᠵᠢᠯᠡᠭᠦᠯᠬᠦ᠌᠂ ᠵᠢᠯᠣᠭᠣᠳᠤᠨ ᠲᠤᠬᠢᠷᠠᠭᠤᠯᠬᠤ᠂ ᠵᠢᠭ᠍ᠰᠠᠭᠠᠨ ᠪᠠᠢᠴᠠᠭᠠᠬᠤ᠂ ᠠᠶᠤᠯ ᠡᠴᠡ ᠠᠪᠤᠷᠠᠨ ᠲᠤᠰᠠᠯᠠᠬᠤ ᠵᠡᠷᠭᠡ ᠠᠵᠢᠯ ᠢ᠋ ᠡᠯ᠎ᠡ ᠭᠣᠭ᠍ᠴᠣᠭ᠎ᠠ ᠳ᠋ᠤ ᠴᠢᠡᠭᠭ᠎ᠠ ᠨᠠᠢᠳᠠᠪᠤᠷᠢᠵᠢᠭᠤᠯᠬᠤ ᠭᠡᠷᠡᠭᠳᠡᠢ᠃ ᠬᠤᠶᠠᠷ ᠲᠦ᠍᠂ ᠠᠶᠤᠯ ᠲᠦᠭᠰᠢᠬᠦᠷᠢ ᠳᠠᠯᠳᠠ ᠭᠡᠮ ᠢ᠋ ᠤᠷᠢᠳᠴᠢᠯᠠᠨ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠵᠤ᠂ ᠠᠭᠤᠯᠠᠨ ᠦᠶᠡᠷ ᠤ᠋ᠨ ᠭᠤᠤ ᠰᠤᠪᠠᠭ ᠂ ᠢᠪᠴᠤᠤ ᠦᠶᠡᠷ ᠤ᠋ᠨ ᠭᠤᠤ ᠵᠢᠨ ᠵᠠᠮ ᠵᠡᠷᠭᠡ ᠠᠶᠤᠯ ᠲᠦᠭ᠌ᠰᠢᠭᠦᠷᠢ ᠶᠡᠬᠡᠲᠡᠢ ᠣᠷᠣᠨ ᠪᠦᠰᠡ ᠪᠣᠯᠤᠨ ᠠᠷᠠᠳ ᠤ᠋ᠨ ᠤᠷᠤᠨ ᠰᠠᠭᠤᠴᠠ᠂ ᠦᠵᠡᠮᠵᠢ ᠵᠢᠨ ᠣᠷᠣᠨ ᠵᠡᠷᠭᠡ ᠭᠣᠣᠯᠳᠠᠯᠭ᠎ᠠ᠎ᠲᠠᠶ ᠭᠠᠵᠠᠷ᠎ᠲᠤ ᠠᠩᠬᠠᠷᠤᠯ ᠵᠢᠠᠨ ᠲᠥᠪᠯᠡᠷᠡᠭᠦᠯᠵᠦ᠍᠂ ᠠᠶᠤᠯ ᠲᠦᠭ᠌ᠰᠢᠭᠦᠷᠢ ᠵᠢ ᠪᠦᠬᠦ᠌ ᠲᠠᠯ᠎ᠠ ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠵᠢ ᠴᠢᠩᠭᠠᠳᠭᠠᠵᠤ᠂ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠢ᠎ᠡ ᠵᠢ ᠴᠢᠡᠭᠭ᠎ᠠ ᠭᠡᠷᠡᠭᠵᠢᠬᠦᠯᠬᠦ ᠭᠡᠷᠡᠭᠳᠡᠢ᠃ ᠭᠤᠷᠪᠠ᠎ᠳᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ ᠪᠠᠨ ᠴᠢᠩᠭᠠᠳᠬᠠᠨ᠂ ᠪᠡᠯᠡᠳᠭᠡᠯ ᠲᠥᠰᠦᠯ ᠬᠢᠭᠡᠳ ᠪᠠᠴᠢᠮ ᠪᠠᠢᠳᠠᠯ ᠢ᠋ ᠠᠷᠭᠠᠴᠠᠭᠠᠬᠤ ᠠᠵᠢᠯ᠎ᠢ ᠲᠡᠭᠦᠯᠳᠡᠷᠵᠢᠭᠦᠯᠵᠤ᠂ ᠭᠠᠢ ᠭᠠᠮᠰᠢᠭ᠎ᠢ ᠡᠷᠡᠰ ᠰᠡᠷᠭᠡᠢᠯᠡᠬᠦ ᠭᠡᠷᠡᠭᠳᠡᠢ᠃ ᠲᠦᠷᠪᠡ᠎ᠳᠤ᠂ ᠦᠶᠡᠷ ᠤᠰᠤᠳᠤᠯ ᠢ᠋ ᠰᠡᠷᠭᠡᠢᠯᠡᠬᠦ ᠡᠳᠦᠷ ᠲᠤᠳᠤᠮ ᠤ᠋ᠨ ᠬᠠᠮᠢᠶᠠᠷᠤᠯᠲᠠ ᠬᠠᠮᠠᠭᠠᠯᠠᠯᠲᠠ ᠵᠢ ᠴᠢᠩᠭᠠᠳᠬᠠᠨ᠂ ᠬᠤᠪᠢ ᠬᠥᠮᠦᠨ ᠤ᠋ ᠤᠷᠢᠳᠴᠢᠯᠠᠨ ᠰᠡᠷᠡᠮᠵᠢᠯᠡᠬᠦ ᠪᠠ ᠪᠠᠴᠢᠮ ᠪᠠᠢᠳᠠᠯ ᠢ᠋ ᠠᠷᠭᠠᠴᠠᠭᠠᠬᠤ ᠮᠡᠳᠡᠯᠭᠡ ᠮᠡᠷᠭᠡᠵᠢᠯ ᠢ᠋ ᠡᠵᠡᠮᠰᠢᠬᠦ ᠵᠢ ᠠᠬᠢᠭᠤᠯᠬᠤ ᠭᠡᠷᠡᠭᠳᠡᠢ᠃ ᠲᠠᠪᠤ᠎ᠳᠤ᠂ ᠤᠰᠤᠨ ᠠᠱᠢᠭ᠍ᠯᠠᠯᠲᠠ᠂ ᠪᠠᠴᠢᠮ ᠪᠠᠢᠳᠠᠯ ᠢ᠋ ᠠᠷᠭᠠᠴᠠᠭᠠᠬᠤ᠂ ᠴᠠᠭ ᠠᠭᠤᠷ᠂ ᠵᠠᠮ ᠬᠠᠷᠢᠯᠴᠠᠭ᠎ᠠ ᠲᠡᠭᠡᠭᠡᠪᠤᠷᠢ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠲᠠᠢ ᠮᠡᠳᠡᠭᠡ ᠵᠠᠩᠭᠢ ᠵᠢ ᠬᠠᠮᠲᠤ ᠳ᠋ᠠᠭᠠᠨ ᠡᠳ᠋ᠯᠡᠵᠦ᠍ ᠬᠠᠮᠲᠤ ᠪᠡᠷ ᠬᠥᠳᠡᠯᠦᠯᠴᠡᠨ᠂ ᠮᠡᠳᠡᠭᠡ ᠵᠠᠩᠭᠢ ᠵᠢ ᠰᠠᠭᠠᠳ ᠦᠭᠡᠶ ᠨᠡᠪᠲᠡᠷᠡᠭᠦᠯᠤᠨ ᠬᠠᠮᠲᠤᠷᠠᠨ ᠵᠢᠵᠢᠭᠦᠷᠯᠡᠬᠦ ᠠᠵᠢᠯ᠎ᠢ ᠴᠢᠡᠭᠭᠠᠷᠠᠭᠤᠯᠬᠤ ᠭᠡᠷᠡᠭᠳᠡᠢ᠃

ᠵᠠᠩᠭᠢᠯᠠᠭ᠎ᠠ ᠵᠢᠨ ᠬᠤᠭᠤᠴᠠᠭᠠᠨ ᠳ᠋ᠤ᠂ ᠦᠶᠡᠷ ᠤᠰᠤᠳᠤᠯ ᠢ᠋ ᠰᠡᠷᠬᠡᠢᠯᠡᠬᠦ ᠬᠠᠷᠢᠭᠤᠴᠠᠯᠭ᠎ᠠ ᠵᠢ ᠲᠡᠷᠢᠬᠦᠨ ᠪᠠᠢᠷᠢᠨ ᠳ᠋ᠤ ᠲᠠᠯᠪᠢᠵᠦ᠂ ᠤᠯᠠᠨ ᠵᠦᠢᠯ ᠤ᠋ᠨ ᠠᠷᠭ᠎ᠠ ᠬᠡᠮᠵᠢᠶ᠎ᠠ ᠵᠢ ᠢᠳᠡᠪᠬᠢᠳᠡᠢ ᠬᠡᠷᠡᠭᠵᠢᠬᠦᠯᠤᠨ ᠦᠶᠡᠷ ᠤᠰᠤᠳᠤᠯ ᠢ᠋ ᠰᠡᠷᠬᠡᠢᠯᠡᠬᠦ ᠠᠵᠢᠯ ᠢ᠋ ᠢᠮᠠᠬᠳᠠ ᠰᠠᠢᠳᠤᠷ ᠬᠢᠪᠡᠯ᠂ ᠦᠶᠡᠷ ᠤᠰᠤᠳᠤᠯ ᠤ᠋ᠨ ᠬᠣᠬᠢᠷᠠᠯ ᠪᠠ ᠨᠥᠯᠥᠭᠡ ᠵᠢ ᠬᠠᠮᠤᠭ ᠤ᠋ᠨ ᠪᠠᠭ᠎ᠠ ᠬᠡᠮᠵᠢᠶᠡᠨ ᠳ᠋ᠦ ᠬᠦᠷᠲᠡᠯ᠎ᠡ ᠪᠠᠭᠤᠷᠠᠭᠤᠯᠵᠤ᠂ ᠤᠯᠠᠨ ᠲᠦᠮᠡᠨ ᠤ᠋ ᠠᠮᠢ ᠨᠠᠰᠤ ᠡᠳ᠋ ᠬᠦᠷᠦᠩᠭᠡ ᠵᠢ ᠦᠨᠡᠨ ᠬᠦ᠌ ᠬᠠᠮᠠᠭᠠᠯᠠᠵᠤ ᠲᠠᠢᠯᠬᠦ ᠪᠠᠷ ᠪᠠᠷᠠᠬᠤ ᠦᠭᠡᠢ ᠠᠮᠢ ᠠᠬᠤᠢ᠎ᠶᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭ᠍ᠴᠠᠯᠠᠵᠤ ᠴᠢᠳᠠᠬᠤ  ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号