ᠬᠦᠬᠡᠬᠤᠳᠠ 《 ᠱᠢᠨᠵᠢᠯᠡᠬᠦ᠌ ᠤᠬᠠᠭᠠᠨᠲᠠᠨ ᠱᠢᠨᠵᠢᠯᠡᠬᠦ᠌ ᠤᠬᠠᠭᠠᠨ᠎ᠢ ᠲᠦᠭᠡᠮᠡᠯᠵᠢᠬᠦᠯᠬᠦ》 ᠠᠵᠢᠯᠯᠠᠭ᠎ᠠ ᠪᠡᠷ 1.5 ᠲᠦᠮᠡᠨ ᠬᠥᠮᠦᠨ ᠤᠳᠠᠭ᠎ᠠ ᠳ᠋ᠤ ᠠᠱᠢᠭ ᠬᠦᠷᠲᠡᠭᠡᠪᠡ
2026-06-15 11:34:42
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠎ᠡᠴᠡ ᠭᠤᠤᠯᠯᠠᠨ ᠡᠷᠭᠢᠯᠡᠭ᠌ᠰᠡᠨ 《 ᠱᠢᠨᠵᠢᠯᠡᠬᠦ᠌ ᠤᠬᠠᠭᠠᠨᠲᠠᠨ ᠱᠢᠨᠵᠢᠯᠡᠬᠦ᠌ ᠤᠬᠠᠭᠠᠨ᠎ᠢ ᠲᠦᠭᠡᠮᠡᠯᠵᠢᠬᠦᠯᠬᠦ 》 ᠱᠢᠷᠢᠰ ᠠᠵᠢᠯᠯᠠᠭ᠎ᠠ ᠶᠠᠪᠤᠭᠳᠠᠪᠠ᠃ ᠲᠤᠰ ᠤᠳᠠᠭᠠᠨ᠎ᠤ ᠠᠵᠢᠯᠯᠠᠭ᠎ᠠ ᠨᠢ ᠳᠤᠮᠳᠠᠳᠤ ᠤᠯᠤᠰ ᠎ᠤᠨ ᠱᠢᠨᠵᠢᠯᠡᠬᠦ᠌ ᠤᠬᠠᠭᠠᠨ ᠎ᠤ ᠬᠦᠷᠢᠶᠡᠯᠡᠩ᠎ᠦᠨ ᠠᠬᠠᠮᠠᠳ ᠱᠢᠨᠵᠢᠯᠡᠬᠦ᠌ ᠤᠬᠠᠭᠠᠨ᠎ᠤ ᠨᠡᠢᠭᠡᠮᠯᠢᠭ᠎ᠦᠨ ᠱᠢᠨᠵᠢᠯᠡᠬᠦ᠌ ᠤᠬᠠᠭᠠᠨ ᠎ᠢ ᠲᠦᠭᠡᠮᠡᠯᠵᠢᠭᠦᠯᠬᠦ᠌ ᠯᠧᠺᠲ᠋ᠣᠷ᠎ᠤᠨ ᠪᠦᠯᠬᠦᠮ᠎ᠦᠨ ᠲᠤᠰᠭᠠᠶ ᠮᠡᠷᠭᠡᠵᠢᠯᠲᠡᠨ᠎ᠢ ᠤᠷᠢᠵᠤ᠂ ᠬᠥᠬᠡᠬᠣᠲᠠ ᠎ᠶ᠋ᠢᠨ 8 ᠬᠣᠱᠢᠭᠤ ᠱᠢᠶᠠᠨ ᠲᠣᠭᠣᠷᠢᠭ᠎ᠲᠤ ᠭᠦᠨᠵᠡᠭᠡᠢᠷᠡᠨ᠂ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢ 38 ᠲᠠᠯᠠᠪᠠᠶ ᠥᠷᠨᠢᠭᠦᠯᠪᠡ᠃

ᠤᠢᠯᠠᠭᠠᠭᠰᠠᠨ᠎ᠢᠶᠡᠷ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠯᠧᠺᠲ᠋ᠣᠷ᠎ᠤᠨ ᠪᠦᠯᠬᠦᠮ᠎ᠦᠨ ᠲᠤᠰᠭᠠᠶ ᠮᠡᠷᠭᠡᠵᠢᠯᠲᠡᠨ ᠡᠴᠡ ᠰᠠᠨᠰᠠᠷ᠎ᠤᠨ ᠮᠡᠳᠡᠯᠭᠡ᠂ ᠱᠢᠨᠵᠢᠯᠡᠬᠦ᠌ ᠤᠬᠠᠭᠠᠨᠲᠠᠳ᠎ᠤᠨ ᠵᠣᠷᠢᠭ ᠰᠠᠨᠠᠭ᠎ᠠ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ ᠵᠡᠷᠭᠡ ᠭᠤᠤᠯ ᠰᠡᠳᠦᠪ ᠎ᠦᠨ ᠲᠣᠭᠣᠷᠢᠨ᠎ᠳᠤ᠂ ᠥᠪᠥᠷ ᠮᠣᠩᠭᠣᠯ ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠂ ᠬᠥᠬᠡᠬᠣᠲᠠ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠰᠠᠯᠪᠤᠷᠢ ᠠᠩᠭᠢ᠂ ᠥᠪᠥᠷ ᠮᠣᠩᠭᠣᠯ᠎ᠤᠨ ᠨᠣᠮ᠎ᠤᠨ ᠰᠠᠩ ᠵᠢᠴᠢ ᠬᠥᠬᠡᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ᠎ᠤᠨ ᠳᠤᠮᠳᠠᠳᠤ ᠪᠠᠭ᠎ᠠ ᠰᠤᠷᠭᠠᠭᠤᠯᠢ᠎ᠳᠤ ᠬᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠨᠡᠢᠲᠡ 1.5 ᠲᠦᠮᠡᠨ ᠬᠥᠮᠦᠨ ᠤᠳᠠᠭ᠎ᠠ ᠳ᠋ᠤ ᠠᠱᠢᠭ ᠬᠦᠷᠲᠡᠭᠡᠪᠡ᠃ ᠲᠤᠰᠭᠠᠶ ᠮᠡᠷᠭᠡᠵᠢᠯᠲᠡᠨ ᠡᠴᠡ ᠲᠣᠰ ᠪᠡᠶ᠎ᠡ᠎ᠶ᠋ᠢᠨ ᠲᠤᠰᠭᠠᠶ ᠮᠡᠷᠭᠡᠵᠢᠯ᠎ᠲᠡᠶ᠎ᠪᠡᠨ ᠤᠶᠠᠯᠳᠤᠭᠤᠯᠤᠨ᠂ ᠵᠦᠷᠢᠶᠡᠴᠢᠯᠡᠭ᠌ᠰᠡᠨ ᠱᠢᠨᠵᠢᠯᠡᠬᠦ᠌ ᠤᠬᠠᠭᠠᠨ ᠲᠦᠭᠡᠮᠡᠯᠵᠢᠭᠦᠯᠬᠦ᠌ ᠬᠢᠴᠢᠶᠡᠯ ᠎ᠢ ᠵᠣᠬᠢᠶᠠᠨ ᠪᠠᠢᠭᠤᠯᠵᠤ᠂ ᠰᠣᠨᠢᠷᠬᠠᠯᠲᠤ ᠴᠢᠨᠠᠷ᠂ ᠮᠡᠳᠡᠯᠭᠡᠲᠦ ᠴᠢᠨᠠᠷ ᠪᠠ ᠦᠵᠡᠯ ᠰᠠᠨᠠᠭᠠᠴᠢ ᠴᠢᠨᠠᠷ ᠎ᠢ ᠬᠠᠪᠰᠤᠷᠭᠠᠪᠠ᠃ ᠪᠠᠭ᠎ᠠ ᠰᠤᠷᠭᠠᠭᠤᠯᠢ ᠵᠢᠨ ᠨᠠᠰᠤᠨ᠎ᠤ ᠰᠤᠷᠤᠭ᠍ᠴᠢᠳ᠎ᠲᠤ ᠬᠠᠨᠳᠤᠭᠤᠯᠤᠨ ᠰᠣᠨᠢᠷᠬᠠᠯ᠎ᠢ ᠨᠢ ᠰᠡᠩᠬᠡᠷᠡᠭᠦᠯᠵᠦ᠍᠂ ᠰᠣᠨᠢᠭᠤᠴᠢ ᠰᠡᠳᠭᠢᠯ᠎ᠢ ᠨᠢ ᠬᠥᠭ᠌ᠵᠢᠭᠡᠪᠠ; ᠠᠩᠬ᠎ᠠ ᠵᠡᠷᠭᠡ ᠪᠠ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠲᠤ ᠬᠠᠨᠳᠤᠭᠤᠯᠤᠨ ᠱᠢᠨᠵᠢᠯᠡᠬᠦ᠌ ᠤᠬᠠᠭᠠᠨ᠎ᠤ ᠤᠭ ᠶᠣᠰᠣ᠎ᠶ᠋ᠢ ᠭᠦᠨ ᠠᠭᠤᠳᠠᠯᠵᠤ ᠂ ᠱᠢᠨᠵᠢᠯᠡᠭᠡᠨ᠎ᠦ ᠬᠠᠷᠠᠭ᠎ᠠ ᠵᠢ ᠨᠢ ᠥᠷᠭᠡᠳᠭᠡᠪᠠ; ᠶᠡᠬᠡ ᠳᠡᠭᠡᠳᠦ ᠰᠤᠷᠭᠠᠭᠤᠯᠢ᠎ᠶ᠋ᠢᠨ ᠤᠶᠤᠳᠠᠳ᠎ᠲᠤ ᠬᠠᠨᠳᠤᠭᠤᠯᠤᠨ᠂ ᠬᠣᠱᠢᠭᠤᠷᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠡᠳᠡᠯᠭᠡ ᠵᠢ ᠭᠤᠤᠯᠳᠠᠯᠭ᠎ᠠ ᠲᠠᠢ ᠲᠠᠢᠯᠪᠤᠷᠢᠯᠠᠵᠤ᠂ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ᠌ ᠬᠦᠰᠡᠯ ᠵᠤᠷᠢᠭ᠎ᠢ ᠨᠢ ᠬᠦᠪᠴᠢᠯᠡᠪᠠ; ᠠᠯᠪᠠᠨ ᠲᠤᠱᠢᠶᠠᠯᠳᠠᠨ ᠬᠢᠭᠡᠳ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠵᠢᠯᠲᠠᠳ᠎ᠲᠤ ᠬᠠᠨᠳᠤᠭᠤᠯᠤᠨ᠂ ᠨᠠᠮ᠎ᠤᠨ ᠲᠡᠦᠬᠡ᠂ ᠠᠮᠤᠷ ᠲᠦᠪᠱᠢᠨ ᠵᠡᠷᠭᠡ ᠪᠣᠳᠠᠲᠤ ᠬᠡᠷᠡᠭ᠌ᠯᠡᠭᠡᠨ᠎ᠦ ᠠᠭᠤᠯᠭ᠎ᠠ᠎ᠶ᠋ᠢ ᠠᠭᠤᠰᠤᠯᠴᠠᠭᠤᠯᠵᠤ᠂ ᠪᠤᠳᠠᠳᠠᠢ ᠠᠵᠢᠯᠯᠠᠬᠤ᠎ᠳᠤ ᠬᠦᠴᠦᠨ ᠨᠡᠮᠡᠷᠢᠯᠡᠪᠠ᠃

ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠡᠴᠡ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠢ ᠰᠤᠷᠭᠠᠭᠤᠯᠢ᠂ ᠪᠠᠢᠭᠤᠯᠭ᠎ᠠ᠂ ᠨᠡᠢᠭᠡᠮ ᠲᠣᠭᠣᠷᠢᠭ ᠎ᠲᠤ ᠣᠷᠣᠭᠤᠯᠬᠤ᠎ᠶ᠋ᠢ ᠪᠠᠢᠩᠭᠤᠵᠢᠭᠤᠯᠤᠨ ᠠᠬᠢᠭᠤᠯᠵᠤ᠂ ᠬᠢᠴᠢᠶᠡᠯ ᠎ᠦᠨ ᠠᠭᠤᠯᠭ᠎ᠠ ᠪᠠ ᠥᠷᠨᠢᠭᠦᠯᠬᠦ᠌ ᠬᠡᠯᠪᠡᠷᠢ᠎ᠶ᠋ᠢ ᠱᠢᠯᠢᠳᠡᠭ᠌ᠵᠢᠭᠦᠯᠦᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠤᠨ ᠴᠢᠨᠠᠷ ᠰᠠᠢᠲᠠᠶ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ  ᠠᠬᠢᠭᠤᠯᠵᠤ᠂ ᠪᠥᠬᠥ᠌ ᠠᠷᠠᠳ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠵᠦ᠍᠂ ᠣᠯᠠᠨ ᠨᠡᠢᠲᠡ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠡᠪ ᠪᠣᠯᠪᠠᠰᠤᠷᠠᠯ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号