ᠤᠷᠠᠨ ᠦᠰᠦᠷᠦᠯᠲᠡ ᠪᠤᠶᠤ ᠡᠷᠡᠬᠦᠯ ᠴᠢᠬᠢᠷᠠᠭ ᠦᠰᠦᠨ ᠪᠤᠢᠵᠢᠯᠳᠠ
2026-06-15 11:03:20
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠡᠭᠡᠰᠦ ᠦᠰᠦᠷᠬᠦ ᠨᠢ 《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠭᠦᠨᠵᠡᠭᠡᠢ ᠨᠠᠢᠳᠠᠪᠤᠷᠢᠵᠢᠭᠤᠯᠬᠤ᠂ ᠪᠡᠶ᠎ᠡ᠎ᠶᠢᠨ ᠲᠠᠮᠢᠷ ᠵᠢᠡᠷ ᠬᠥᠮᠥᠨ᠎ᠢ ᠬᠦᠮᠦᠵᠢᠬᠦᠯᠬᠦ᠂ ᠣᠨᠴᠠᠯᠢᠭ᠍ᠲᠤ ᠰᠤᠷᠭᠠᠭᠤᠯᠢ᠎ᠶᠢᠨ ᠬᠦᠷᠢᠶ᠎ᠡ᠎ᠶᠢ ᠴᠣᠭᠴᠠᠯᠠᠬᠤ ᠴᠢᠬᠤᠯᠠ ᠠᠴᠢᠶᠠᠯᠠᠪᠤᠷᠢ ᠪᠣᠯᠪᠠ

   

ᠤᠷᠠᠨ ᠦᠰᠦᠷᠦᠯᠳᠡ᠂ ᠬᠦᠯ ᠵᠢᠡᠨ ᠰᠤᠯᠪᠢᠴᠠᠨ ᠦᠰᠦᠷᠬᠦ᠂ ᠲᠦᠷᠪᠡᠨ ᠬᠦᠮᠦᠨ ᠡᠬᠡᠯᠵᠢᠯᠡᠨ ᠦᠰᠦᠷᠬᠦ᠂ ᠤᠷᠳᠤ ᠳᠡᠬᠡᠰᠤᠨ ᠳ᠋ᠤ ᠠᠷᠪᠠᠨ ᠬᠦᠮᠦᠨ ᠬᠠᠮᠳᠤ ᠪᠡᠷ ᠦᠰᠦᠷᠬᠦ ᠁ ᠬᠡᠬᠦ ᠮᠡᠳᠤ ᠪᠡᠷ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠪᠠᠶᠠᠨᠬᠤᠰᠢᠭᠤ ᠨᠢ᠋ᠮᠠᠳᠤᠭᠠᠷ ᠪᠠᠭ᠎ᠠ ᠰᠤᠷᠭᠠᠭᠤᠯᠢ ᠵᠢᠨ ᠬᠦᠷᠢᠶᠡᠨ ᠳ᠋ᠡᠬᠢ ᠰᠤᠷᠤᠭᠴᠢᠳ᠎ᠤᠨ ᠶᠠᠩᠵᠤ ᠪᠦᠷᠢ ᠵᠢᠨ ᠳᠡᠬᠡᠰᠤ ᠦᠰᠦᠷᠦᠯᠳᠡ ᠨᠢ ᠰᠤᠷᠭᠠᠭᠤᠯᠢ ᠵᠢᠨ ᠬᠦᠷᠢᠶᠡᠨ᠎ᠤ ᠭᠤᠶᠤ ᠦᠵᠡᠮᠵᠢ ᠪᠤᠯᠵᠤ ᠲᠡᠯᠭᠡᠭᠳᠡᠨ᠎ᠡ᠃

ᠪᠠᠶᠠᠨᠬᠤᠰᠢᠭᠤ ᠨᠠᠢ᠍ᠮᠠᠳᠤᠭᠠᠷ ᠪᠠᠭ᠎ᠠ ᠰᠤᠷᠭᠠᠭᠤᠯᠢ 《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠭᠦᠨᠵᠡᠭᠡᠢ ᠨᠠᠢᠳᠠᠪᠤᠷᠢᠵᠢᠭᠤᠯᠵᠤ᠂ ᠪᠡᠶ᠎ᠡ᠎ᠶᠢᠨ ᠲᠠᠮᠢᠷ ᠵᠢᠡᠷ ᠬᠥᠮᠥᠨ᠎ᠢ ᠬᠦᠮᠦᠵᠢᠬᠦᠯᠬᠦ᠂ ᠭᠤᠸ᠎ᠠ ᠰᠠᠢᠬᠠᠨ᠎ᠢᠶᠠᠷ ᠰᠡᠳᠬᠢᠯ᠎ᠢ ᠤᠮᠳᠠᠯᠠᠬᠤ ᠵᠢ ᠪᠠᠷᠢᠮᠳᠠᠯᠠᠵᠤ᠂ ᠳᠡᠭᠡᠰᠦ ᠦᠰᠦᠷᠬᠦ ᠬᠥᠳᠡᠯᠭᠡᠭᠡᠨ ᠵᠢᠡᠷ ᠨᠡᠷᠡᠨ ᠬᠡᠷᠡᠯᠳᠦ ᠪᠡᠶ᠎ᠡ᠎ᠶᠢᠨ ᠲᠠᠮᠢᠷ᠎ᠢ ᠭᠦᠨᠵᠡᠭᠡᠢᠷᠡᠭᠦᠯᠬᠦ ᠂ ᠣᠨᠴᠠᠯᠢᠭ᠍ᠲᠤ ᠰᠤᠷᠭᠠᠭᠤᠯᠢ᠎ᠶᠢᠨ ᠬᠦᠷᠢᠶ᠎ᠡ᠎ᠶᠢ ᠴᠣᠭᠴᠠᠯᠠᠬᠤ᠂ ᠡᠷᠡᠭᠦᠯ ᠮᠡᠨᠳᠦ ᠰᠤᠷᠭᠠᠭᠤᠯᠢ᠎ᠶᠢᠨ ᠬᠦᠷᠢᠶᠡᠨ᠎ᠤ ᠪᠠᠢᠭᠤᠯᠤᠯᠲᠠ᠎ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠳᠡᠭᠡᠰᠦ ᠦᠰᠦᠷᠬᠦ ᠬᠥᠳᠡᠯᠭᠡᠭᠡᠨ᠎ᠢ ᠶᠡᠬᠡ ᠬᠢᠴᠢᠶᠡᠯ᠎ᠦᠨ ᠵᠠᠪᠰᠠᠷᠯᠠᠭ᠎ᠠ᠎ᠶᠢᠨ ᠬᠥᠳᠡᠯᠭᠡᠭᠡᠨ᠂ ᠪᠡᠶ᠎ᠡ᠎ᠶᠢᠨ ᠲᠠᠮᠢᠷ᠎ᠤᠨ ᠬᠢᠴᠢᠶᠡᠯ᠎ᠦᠨ ᠵᠢᠭᠠᠨ ᠰᠤᠷᠭᠠᠯᠲᠠ᠂ ᠬᠢᠴᠢᠶᠡᠯ᠎ᠦᠨ ᠳᠠᠷᠠᠭᠠᠬᠢ ᠦᠢᠯᠡᠴᠢᠯᠡᠭᠡ ᠵᠢᠴᠢ ᠨᠡᠷᠡᠨ ᠬᠡᠷᠡᠯᠳᠦ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠪᠥᠬᠥ ᠬᠡᠯᠬᠢᠶ᠎ᠡ᠎ᠳᠦ ᠭᠦᠨᠵᠡᠭᠡᠢ ᠠᠭᠤᠰᠬᠠᠵᠤ᠂ 《ᠰᠤᠯᠤᠩᠭᠠᠨ ᠤᠷᠠᠨ ᠦᠰᠦᠷᠦᠯᠳᠡ》 ᠣᠨᠴᠠᠯᠢᠭ᠍ᠲᠤ ᠪᠡᠶ᠎ᠡ᠎ᠶᠢᠨ ᠲᠠᠮᠢᠷ᠎ᠤᠨ ᠬᠦᠳᠡᠯᠬᠡᠬᠡᠨ ᠵᠢᠡᠷ ᠬᠥᠮᠥᠨ᠎ᠢ ᠬᠥᠮᠥᠵᠢᠭᠦᠯᠬᠦ ᠲᠦᠷᠦᠯ ᠲᠡᠮᠳᠡᠭᠲᠦ᠎ᠶᠢ ᠬᠦᠴᠦᠯᠡᠨ ᠴᠤᠭᠴᠠᠯᠠᠵᠤ ᠪᠠᠢᠭ᠎ᠠ ᠶᠤᠮ᠃


QQ截图20260615110848.png


ᠤᠷᠠᠨ ᠦᠰᠦᠷᠦᠯᠳᠡ


ᠳᠡᠬᠡᠰᠤ ᠦᠰᠦᠷᠬᠦ ᠲᠠᠮᠢᠷ᠎ᠤᠨ ᠬᠦᠳᠡᠯᠬᠡᠬᠡᠨ 2022 ᠣᠨ᠎ᠤ 9 ᠰᠠᠷ᠎ᠠ ᠡᠴᠡ ᠪᠠᠶᠠᠨᠬᠤᠰᠢᠭᠤ ᠨᠢ᠋ᠮᠠᠳᠤᠭᠠᠷ ᠪᠠᠭ᠎ᠠ ᠰᠤᠷᠭᠠᠭᠤᠯᠢ᠎ᠶᠢᠨ ᠬᠦᠷᠢᠶᠡᠨ᠎ᠳᠦ ᠰᠡᠮᠬᠡᠨ ᠰᠣᠶᠣᠭᠠᠯᠠᠵᠤ ᠡᠬᠢᠯᠡᠵᠡᠢ᠃ ᠠᠩᠬ᠎ᠠ ᠡᠬᠢᠨ᠎ᠳᠡᠭᠡᠨ ᠵᠥᠪᠬᠡᠨ 8 ᠰᠣᠷᠣᠭ᠍ᠴᠢ ᠳᠠᠰᠬᠠᠯᠵᠢᠭᠤᠯᠤᠭ᠍ᠴᠢ ᠪᠠᠭ᠍ᠰᠢ ᠵᠢᠨ ᠵᠢᠡᠨ ᠵᠢᠯᠤᠭᠤᠳᠤᠯᠭ᠎ᠠ ᠪᠡᠷ ᠡᠳᠦᠷ ᠪᠦᠷᠢ᠎ᠶᠢᠨ ᠬᠢᠴᠢᠶᠡᠯ᠎ᠦᠨ ᠵᠠᠪᠰᠠᠷᠯᠠᠭ᠎ᠠ ᠵᠢ ᠠᠰᠢᠭ᠍ᠯᠠᠨ ᠬᠠᠳᠠᠭᠤᠵᠢᠯᠳᠠᠢ ᠪᠣᠯᠪᠠᠰᠤᠷᠠᠵᠤ᠂ ᠬᠥᠳᠡᠯᠭᠡᠭᠡᠨ᠎ᠦ ᠳᠤᠳᠠᠭᠤᠳᠠᠯ ᠵᠢᠡᠨ ᠳᠠᠰᠤᠷᠠᠯᠳᠠ ᠦᠬᠡᠢ ᠨᠥᠬᠥᠪᠦᠷᠢᠯᠡᠵᠦ᠂ ᠲᠤᠰᠬᠠᠢ ᠮᠡᠷᠭᠡᠵᠢᠯ᠎ᠦᠨ ᠰᠠᠭᠤᠷᠢ᠎ᠪᠠᠨ ᠪᠠᠳᠤᠳᠬᠠᠵᠤ ᠪᠠᠢᠪᠠ᠃ ᠡᠨᠡ ᠨᠢ ᠠᠭᠠᠵᠢᠮ ᠵᠢᠡᠷ ᠰᠤᠷᠤᠭᠴᠢᠳ᠎ᠤᠨ ᠪᠠᠬᠠᠷᠬᠠᠯ᠎ᠢ ᠳᠠᠳᠠᠵᠤ᠂ ᠨᠦᠯᠦᠬᠡᠯᠡᠬᠦ ᠬᠦᠴᠦᠨ ᠨᠢ ᠦᠷᠬᠡᠳᠬᠦ ᠵᠢ ᠳᠠᠭᠠᠯᠳᠤᠨ᠂ ᠳᠡᠬᠡᠰᠤ ᠦᠰᠦᠷᠬᠦ ᠡᠩᠨᠡᠬᠡᠨ ᠳ᠋ᠤ ᠤᠷᠤᠯᠴᠠᠬᠤ ᠬᠡᠦᠬᠡᠳ ᠴᠤ᠌ ᠤᠯᠠᠰᠢᠷᠠᠪᠠ᠃ 《ᠪᠢᠳᠡ ᠳᠡᠬᠡᠰᠤ ᠦᠰᠦᠷᠬᠦ ᠲᠠᠮᠢᠷ᠎ᠤᠨ ᠬᠦᠳᠡᠯᠬᠡᠬᠡᠨ᠎ᠤ ᠳᠠᠯ᠎ᠠ ᠪᠡᠷ ᠰᠢᠨ᠎ᠡ ᠵᠢ ᠰᠡᠳᠦᠵᠦ᠂ ᠬᠦᠳᠡᠯᠬᠡᠬᠡᠨᠳᠤ ᠬᠦᠭ ᠠᠢᠵᠠᠮᠳᠤ ᠠᠶᠠᠰ ᠲᠸ᠋ ᠵᠤᠬᠢᠴᠠᠭᠤᠯᠤᠨ ᠳᠡᠬᠡᠰᠤ ᠦᠬᠡᠢ ᠳᠠᠭᠤᠷᠢᠶᠠᠮᠠᠯ ᠬᠦᠳᠡᠯᠬᠡᠬᠡᠨ᠎ᠤ ᠪᠤᠯᠪᠠᠰᠤᠷᠠᠯ ᠬᠢᠵᠦ᠂ ᠡᠨᠡ ᠨᠢ ᠬᠤᠢᠰᠢᠳᠠ ᠵᠢᠨ ᠡᠨᠡ ᠬᠦ᠌ ᠬᠦᠳᠡᠯᠬᠡᠬᠡᠨ᠎ᠢ ᠪᠦᠬᠦ ᠳᠠᠯ᠎ᠠ ᠪᠡᠷ ᠳᠡᠯᠬᠡᠷᠡᠬᠦᠯᠬᠦ ᠳ᠋ᠤ ᠪᠠᠳᠤ ᠪᠡᠬᠢ ᠰᠠᠭᠤᠷᠢ ᠵᠢ ᠳᠠᠯᠪᠢᠵᠠᠢ》 ᠬᠡᠵᠦ ᠰᠤᠷᠭᠠᠭᠤᠯᠢ ᠵᠢᠨ ᠵᠠᠬᠢᠷᠤᠯ ᠭᠦᠸᠸ ᠵᠦᠩ ᠳᠠᠨᠢᠯᠴᠠᠭᠤᠯᠤᠯ᠎ᠠ᠃ 2022 ᠣᠨ᠎ᠤ 10 ᠰᠠᠷ᠎ᠠ᠎ᠳ᠋ᠤ ᠰᠤᠷᠭᠠᠭᠤᠯᠢ ᠵᠢᠨ ᠳᠡᠬᠡᠰᠤ ᠦᠰᠦᠷᠬᠦ  ᠪᠦᠯᠬᠦᠮ᠎ᠢ ᠪᠠᠢᠭᠤᠯᠵᠤ᠂ ᠭᠤᠷᠪᠠᠳᠤᠭᠠᠷ ᠣᠨ᠎ᠤ ᠰᠤᠷᠤᠭᠴᠢᠳ ᠲᠤ᠌ ᠭᠠᠷᠠᠭ ᠪᠦᠷᠢ ᠨᠢᠭᠡ ᠤᠳᠠᠭ᠎ᠠ ᠵᠢᠨ  ᠬᠢᠴᠢᠶᠡᠯ ᠤᠷᠤᠵᠤ᠂ ᠪᠥᠬᠥ ᠠᠩᠭᠢ ᠪᠡᠷ᠎ᠢᠶᠡᠨ ᠣᠷᠣᠯᠴᠠᠬᠤ ᠵᠢ ᠪᠡᠶᠡᠯᠡᠭᠦᠯᠵᠦ᠂ ᠰᠤᠷᠭᠠᠭᠤᠯᠢ᠎ᠶᠢᠨ ᠬᠦᠷᠢᠶᠡᠨ᠎ᠳᠦ 《ᠬᠥᠮᠥᠨ ᠪᠣᠯᠭᠠᠨ ᠳᠡᠭᠡᠰᠦ ᠦᠰᠦᠷᠬᠦ ᠳᠤᠷᠠᠲᠠᠢ᠂ ᠬᠦᠮᠦᠨ ᠪᠤᠯᠭᠠᠨ ᠬᠠᠳᠠᠭᠤᠵᠢᠯᠳᠠᠢ ᠪᠤᠯᠪᠠᠰᠤᠷᠠᠳᠠᠭ》 ᠰᠠᠢᠨ ᠰᠠᠢᠬᠠᠨ ᠠᠭᠤᠷ ᠠᠮᠢᠰᠬᠤᠯ ᠢᠳᠡᠭ ᠢᠳᠡᠭ᠎ᠢᠶᠡᠷ ᠪᠣᠶ ᠪᠣᠯᠪᠠ᠃

ᠬᠠᠳᠠᠭᠤᠵᠢᠯᠳᠠᠢ ᠪᠤᠯᠪᠠᠰᠤᠷᠠᠯ ᠪᠠᠷᠢᠮᠳᠠᠯᠠᠯ ᠡᠴᠡ ᠠᠮᠵᠢᠯᠳᠠ ᠵᠢᠨ ᠬᠡᠷᠡᠯ ᠬᠢᠯᠪᠠᠭ᠎ᠠ ᠰᠠᠴᠤᠷᠠᠨ᠎ᠠ᠃ ᠰᠤᠷᠤᠭᠴᠢᠳ ᠤᠷᠤᠯᠳᠤᠭᠠᠨ᠎ᠤ ᠳᠠᠢᠰᠠᠨ ᠳ᠋ᠤ ᠤᠷ᠎ᠠ ᠠᠪᠢᠶᠠᠰ ᠴᠤᠭ ᠵᠢᠪᠬᠤᠭ᠎ᠠ ᠪᠠᠨ ᠭᠠᠢᠬᠠᠭᠤᠯᠵᠤ ᠡᠬᠢᠯᠡᠯ᠎ᠡ᠃ 2023 ᠣᠨ᠎ᠤ 6 ᠰᠠᠷ᠎ᠠ᠎ᠶᠢᠨ 1᠎ᠤ᠋ ᠲᠡᠯᠡᠬᠡᠢ᠎ᠶᠢᠨ ᠬᠡᠦᠬᠡᠳ᠎ᠦᠨ ᠪᠠᠶᠠᠷ ᠢ᠋ ᠪᠡᠯᠬᠡᠯᠡᠬᠦ ᠰᠤᠷᠭᠠᠭᠤᠯᠢ᠎ᠶᠢᠨ ᠬᠦᠷᠢᠶᠡᠨ᠎ᠦ ᠠᠵᠢᠯᠯᠠᠭ᠎ᠠ᠎ᠳᠤ᠂ ᠳᠡᠭᠡᠰᠦ ᠦᠰᠦᠷᠬᠦ ᠪᠦᠯᠬᠦᠮ᠎ᠤᠨ ᠬᠡᠦᠬᠡᠳ᠎ᠦᠳ ᠢᠲᠡᠭᠡᠯ ᠲᠡᠭᠦᠯᠳᠡᠷ᠎ᠢᠶᠡᠷ ᠲᠠᠢᠰᠠᠨ᠎ᠳᠤ ᠭᠠᠷᠴᠤ᠂ ᠤᠶᠠᠨ ᠬᠠᠲᠠᠨ ᠦᠰᠦᠷᠦᠯᠲᠡ᠂ ᠪᠣᠯᠪᠠᠰᠤᠷᠠᠩᠭᠤᠢ ᠬᠠᠮᠵᠢᠯᠴᠠᠭ᠎ᠠ᠎ᠪᠠᠷ᠎ᠢᠶᠠᠨ ᠭᠣᠢᠳᠠ ᠰᠠᠢᠬᠠᠨ ᠤᠷᠠᠨ ᠦᠰᠦᠷᠦᠯᠳᠡ ᠵᠢᠨ ᠲᠣᠭᠯᠠᠯᠲᠠ ᠪᠠᠨ ᠭᠠᠢᠬᠠᠭᠤᠯᠵᠤ᠂ ᠪᠦᠯᠬᠦᠮ ᠨᠡᠶ᠋ᠢᠲᠡ᠎ᠶᠢᠨ ᠬᠠᠮᠵᠢᠯᠴᠠᠭ᠎ᠠ ᠪᠠ ᠥᠷᠨᠢᠭᠦᠨ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠪᠡ᠃ ᠡᠬᠦᠨ ᠡᠴᠡ ᠰᠡᠬᠦᠯᠡᠷ ᠰᠤᠷᠭᠠᠭᠤᠯᠢ ᠵᠢᠨ ᠳᠡᠬᠡᠰᠤ ᠦᠰᠦᠷᠬᠦ ᠪᠦᠯᠬᠦᠮ ᠨᠢ ᠤᠯᠠᠨ ᠤᠳᠠᠭ᠎ᠠ ᠵᠢᠨ ᠦᠵᠡᠬᠦᠯᠬᠡ ᠵᠢᠨ ᠳᠤᠭᠯᠠᠯᠳᠠ ᠳ᠋ᠤ ᠤᠷᠤᠯᠴᠠᠬᠤ ᠵᠠᠪᠰᠢᠶᠠᠨ ᠲᠤᠬᠢᠶᠠᠯᠳᠤᠯ᠎ᠠ᠃ ᠳᠡᠳᠡ ᠤᠷᠢᠳ ᠬᠤᠵᠢᠳ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠣᠷᠢᠨ ᠬᠣᠶᠠᠳᠤᠭᠠᠷ ᠬᠤᠭᠤᠴᠠᠭᠠᠨ᠎ᠤ 《ᠵᠠᠮ ᠬᠠᠷᠢᠯᠴᠠᠭᠠᠨ᠎ᠤ ᠠᠮᠤᠷ ᠲᠦᠪᠰᠢᠨ ᠬᠤᠨᠳᠠᠭᠠᠲᠤ》 ᠵᠠᠰᠠᠮᠠᠯ ᠵᠠᠮ᠎ᠤᠨ ᠬᠡᠭᠡᠷᠡᠯᠡᠨ ᠭᠦᠶᠦᠬᠦ ᠤᠷᠤᠯᠳᠤᠭᠠᠨ ᠵᠢᠴᠢ 2024 ᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ᠎ᠤᠨ ᠲᠤᠬᠠᠢ᠎ᠶᠢᠨ ᠲᠠᠯᠠᠪᠤᠷ᠎ᠲᠤ ᠳᠡᠭᠡᠰᠦ ᠦᠰᠦᠷᠬᠦ ᠭᠣᠢᠳᠠ ᠰᠠᠢᠬᠠᠨ ᠦᠵᠡᠭᠦᠯᠭᠡ᠎ᠶᠢᠨ ᠲᠣᠭᠯᠠᠯᠲᠠ ᠭᠠᠷᠭᠠᠪᠠ; ᠡᠪᠦᠯ ᠵᠤᠨ᠎ᠤ ᠠᠮᠠᠷᠠᠯᠲᠠ᠎ᠪᠤᠯᠤᠭᠰᠠᠨ ᠴᠤ᠌ ᠬᠡᠦᠬᠡᠳ᠎ᠦᠳ ᠪᠣᠯᠪᠠᠰᠤᠷᠠᠯ᠎ᠢᠶᠠᠨ ᠰᠤᠯᠠᠷᠠᠭᠤᠯᠬᠤ ᠦᠭᠡᠢ ᠪᠠᠢᠵᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠪᠦᠳᠦᠬᠦᠨᠬᠤᠸᠠ ᠨᠡᠢᠭᠡᠮ ᠲᠣᠭᠣᠷᠢᠭ᠋᠎ᠤᠨ ᠵᠠᠭᠤᠨ ᠡᠷᠦᠬᠡ᠎ᠶᠢᠨ ᠳᠠᠶ᠋ᠢᠯᠠᠯᠭ᠎ᠠ᠎ᠶᠢᠨ ᠠᠵᠢᠯᠯᠠᠭ᠎ᠠ᠎ᠳᠤ ᠣᠷᠣᠯᠴᠠᠵᠤ᠂ ᠳᠡᠭᠡᠰᠦ ᠦᠰᠦᠷᠬᠦ ᠠᠮᠢᠵᠢᠷᠠᠯ᠎ᠤᠨ ᠬᠦᠴᠦᠨ᠎ᠢ ᠨᠡᠢᠭᠡᠮ ᠲᠣᠭᠣᠷᠢᠭ᠋᠎ᠲᠤ ᠳᠠᠮᠵᠢᠭᠤᠯᠪᠠ; ᠳᠡᠳᠡ ᠪᠠᠰᠠ ᠤᠷᠢᠯᠭ᠎ᠠ ᠪᠡᠷ 《ᠨᠠᠮ᠎ᠤᠨ ᠠᠴᠢ᠎ᠳ᠋ᠤ ᠳᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠨ᠎ᠠ — 〈ᠴᠠᠭᠠᠨ ᠰᠠᠷ᠎ᠠ〉 ᠳᠡᠯᠡᠬᠡᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠷᠡᠰ᠎ᠲᠤ᠌ ᠵᠢᠭᠰᠠᠭᠠᠭᠳᠠᠭᠰᠠᠨ᠎ᠢ ᠪᠡᠯᠭᠡᠯᠡᠬᠦ ᠬᠢᠩᠭᠠᠨ᠎ᠤ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠠᠨᠢᠯᠴᠠᠭᠤᠯᠬᠤ ᠳᠡᠯᠭᠡᠨ ᠪᠣᠷᠣᠯᠠᠭᠤᠯᠬᠤ ᠴᠤᠭᠯᠠᠭᠠᠨ》 ᠤ᠋ ᠤᠷᠠᠨ ᠰᠠᠢᠬᠠᠨ᠎ᠤ ᠲᠣᠭᠯᠠᠯᠲᠠ᠎ᠳᠤ ᠣᠷᠣᠯᠴᠠᠵᠤ᠂ ᠳᠡᠭᠡᠰᠦ᠎ᠪᠡᠷ ᠵᠠᠭᠤᠴᠢ ᠪᠣᠯᠭᠠᠨ ᠪᠠᠭᠠᠴᠤᠳ᠎ᠤᠨ ᠴᠤᠪᠤᠭᠤᠯᠢᠭ ᠦᠭᠡᠳᠡᠷᠬᠡᠭ ᠬᠦᠴᠦᠨ᠎ᠢ ᠳᠠᠮᠵᠢᠭᠤᠯᠪᠠ᠃


QQ截图20260615110927.png


ᠳᠡᠬᠡᠰᠤ ᠦᠰᠦᠷᠦᠨ᠎ᠡ


ᠳᠡᠭᠡᠰᠦ ᠦᠰᠦᠷᠬᠦ ᠪᠦᠯᠬᠦᠮ᠎ᠤᠨ ᠵᠢᠱ᠌ᠢᠶ᠎ᠡ ᠦᠵᠡᠭᠦᠯᠦᠨ ᠳᠠᠭᠠᠭᠤᠯᠬᠤ ᠪᠠ ᠢᠳᠡᠪᠬᠢᠲᠡᠢ ᠳᠡᠯᠭᠡᠷᠡᠭᠦᠯᠦᠯ ᠳᠤᠤᠷ᠎ᠠ᠂ ᠰᠤᠷᠭᠠᠭᠤᠯᠢ ᠡᠴᠡ ᠳᠡᠬᠡᠰᠤ ᠦᠰᠦᠷᠬᠦ ᠪᠡᠶ᠎ᠠ ᠵᠢᠨ ᠳᠠᠮᠢᠷ᠎ᠢ ᠶᠡᠬᠡ ᠬᠢᠴᠢᠶᠡᠯ᠎ᠦᠨ ᠵᠠᠪᠰᠠᠷᠯᠠᠭ᠎ᠠ᠎ᠳ᠋ᠤ ᠵᠢᠩᠬᠢᠨᠢ᠎ᠪᠡᠷ ᠬᠡᠷᠡᠭᠵᠢᠭᠦᠯᠵᠦ᠂ ᠪᠥᠬᠥ ᠰᠤᠷᠭᠠᠭᠤᠯᠢ᠎ᠶᠢᠨ ᠰᠤᠷᠤᠭ᠍ᠴᠢᠳ᠎ᠤᠨ 《ᠬᠥᠮᠥᠨ ᠪᠦᠷᠢ ᠳᠡᠭᠡᠰᠦ᠎ᠲᠠᠢ᠂ ᠰᠤᠷᠤᠭᠴᠢ ᠪᠤᠯᠭᠠᠨ ᠳᠡᠬᠡᠰᠤ ᠦᠰᠦᠷᠬᠦ》 ᠶ᠋ᠢ ᠪᠡᠶᠡᠯᠡᠭᠦᠯᠦᠨ᠂ ᠳᠡᠭᠡᠰᠦ ᠦᠰᠦᠷᠬᠦ᠎ᠶᠢ ᠦᠨᠡᠨ ᠬᠦ᠌ ᠰᠤᠷᠭᠠᠭᠤᠯᠢ᠎ᠶᠢᠨ ᠬᠦᠷᠢᠶᠡᠨ᠎ᠦ ᠣᠨᠴᠠᠯᠢᠭ᠍ᠲᠤ ᠪᠡᠶ᠎ᠡ᠎ᠶᠢᠨ ᠲᠠᠮᠢᠷ᠎ᠤᠨ ᠲᠦᠷᠦᠯ ᠵᠦᠢᠯ ᠪᠣᠯᠭᠠᠵᠤ᠂ ᠨᠠᠩ ᠣᠯᠠᠨ ᠰᠤᠷᠤᠭ᠍ᠴᠢᠳ᠎ᠢ ᠳᠠᠶ᠋ᠢᠴᠢᠯᠠᠨ ᠲᠠᠮᠢᠷ᠎ᠤᠨ ᠬᠥᠳᠡᠯᠭᠡᠭᠡᠨ᠎ᠳᠦ ᠪᠠᠬᠠᠲᠠᠢ ᠪᠣᠯᠭᠠᠵᠤ᠂ ᠪᠡᠶ᠎ᠡ ᠮᠠᠬᠠᠪᠤᠳ᠎ᠢ ᠨᠢ ᠴᠢᠭᠢᠷᠠᠭᠵᠢᠭᠤᠯᠪᠠ᠃ ᠰᠤᠷᠭᠠᠭᠤᠯᠢ ᠵᠢᠨ ᠳᠡᠬᠡᠰᠤ ᠦᠰᠦᠷᠬᠦ ᠪᠦᠯᠬᠦᠮ ᠨᠢ ᠨᠢᠳᠤᠨᠤᠨ ᠪᠦᠬᠦ ᠠᠢᠮᠠᠭ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠳᠡᠭᠡᠰᠦ ᠦᠰᠦᠷᠬᠦ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ 《ᠳᠡᠬᠦᠯᠢᠬᠡᠷᠡᠢ ᠪᠠᠭᠠᠴᠤᠳ᠎ᠮᠢᠨᠢ》 U ᠰᠢᠷᠢᠰ ᠳᠡᠭᠡᠰᠦ ᠦᠰᠦᠷᠬᠦ ᠤᠷᠤᠯᠳᠤᠭᠠᠨ᠎ᠳᠤ ᠣᠷᠣᠯᠴᠠᠵᠤ᠂ ᠯᠠᠪᠳᠠᠭᠤᠨ ᠪᠠᠲᠤᠲᠠᠢ ᠦᠨᠳᠦᠰᠦᠨ ᠪᠣᠯᠪᠠᠰᠤᠷᠠᠯ ᠪᠣᠯᠣᠨ ᠬᠠᠮᠵᠢᠯᠴᠠᠭ᠎ᠠ᠎ᠪᠠᠷ᠎ᠢᠶᠠᠨ 《ᠠᠷᠪᠠᠨ ᠬᠣᠶᠠᠷ ᠵᠢᠯ》 ᠤ᠋ᠨ ᠳᠤᠭᠳᠠᠮᠠᠯ ᠬᠦᠳᠡᠯᠬᠡᠬᠡᠨ᠎ᠤ ᠪᠦᠯᠬᠦᠮ᠎ᠨᠢᠬᠡᠴᠢ ᠵᠢᠨ ᠬᠣᠶᠠᠳᠤᠭᠠᠷ᠎ᠲᠤ ᠳᠤᠳᠤᠷᠠᠵᠤ᠂ 30 ᠰᠧᠺᠦ᠋ᠨ᠋ᠳ᠋᠎ᠦᠨ ᠠᠯᠤᠰᠯᠠᠯ᠎ᠢᠶᠠᠷ ᠰᠣᠯᠪᠢᠴᠠᠨ ᠦᠰᠦᠷᠬᠦ ᠬᠤᠪᠢ ᠬᠥᠮᠥᠨ᠎ᠦ ᠭᠤᠷᠪᠠᠳᠤᠭᠠᠷ᠂ ᠲᠠᠪᠤᠳᠤᠭᠠᠷ᠎ᠲᠤ ᠤᠷᠤᠭᠰᠠᠨ ᠰᠢᠯᠢᠳᠡᠭ ᠬᠢᠷᠢ ᠪᠦᠲᠦᠮᠵᠢ᠎ᠶᠢ ᠣᠯᠵᠠᠢ᠃ ᠡᠨᠡ ᠵᠢᠯ᠎ᠤᠨ 5 ᠰᠠᠷ᠎ᠠ ᠳ᠋ᠤ ᠪᠤᠯᠤᠭᠰᠠᠨ ᠬᠢᠩᠭᠠᠨ ᠠᠢᠮᠠᠭ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠲᠠᠮᠢᠷ᠎ᠤᠨ ᠴᠤᠭᠯᠠᠭᠠᠨ᠎ᠤ ᠳᠡᠭᠡᠰᠦ ᠦᠰᠦᠷᠬᠦ ᠤᠷᠤᠯᠳᠤᠭᠠᠨ᠎ᠳᠤ ᠰᠤᠷᠤᠭᠴᠢᠳ ᠨᠢ 30 ᠰᠧᠺᠦ᠋ᠨ᠋ᠳ᠋᠎ᠦᠨ ᠠᠯᠤᠰᠯᠠᠯ᠎ᠢᠶᠡᠷ ᠰᠤᠯᠪᠢᠴᠠᠨ ᠦᠰᠦᠷᠬᠦ ᠲᠦᠷᠦᠯ ᠵᠦᠢᠯ᠎ᠤᠨ ᠭᠤᠷᠪᠠᠳᠤᠭᠠᠷ᠂ ᠳᠥᠷᠪᠡᠳᠦᠭᠡᠷ ᠨᠡᠷᠡᠰ ᠲᠤ᠌ ᠳᠤᠳᠤᠷᠠᠵᠤ᠂ ᠰᠤᠷᠭᠠᠭᠤᠯᠢ᠎ᠶᠢᠨ ᠬᠦᠷᠢᠶᠡᠨ᠎ᠦ ᠳᠡᠭᠡᠰᠦ ᠦᠰᠦᠷᠬᠦ ᠪᠡᠶ᠎ᠠ ᠵᠢᠨ ᠳᠠᠮᠢᠷ᠎ᠤᠨ ᠰᠢᠯᠢᠳᠡᠭ ᠬᠢᠷᠢ ᠪᠦᠳᠦᠮᠵᠢ ᠵᠢ ᠦᠷᠬᠦᠯᠵᠢᠯᠡᠨ ᠡᠬᠦᠳᠴᠦ ᠪᠢᠯᠠ᠃

 ᠬᠠᠮᠤᠭ ᠠᠩᠬᠠᠨ᠎ᠤ 8 ᠬᠥᠮᠥᠨ᠎ᠤ ᠪᠦᠯᠬᠦᠮ᠎ᠤᠨ ᠪᠣᠯᠪᠠᠰᠤᠷᠠᠯ᠎ᠠᠴᠠ ᠥᠨᠥᠳᠥᠷ᠎ᠦᠨ ᠪᠦᠬᠦ ᠰᠤᠷᠭᠠᠭᠤᠯᠢ᠎ᠶᠢᠨ ᠰᠤᠷᠤᠭᠴᠢᠳ ᠣᠷᠣᠯᠴᠠᠬᠤ ᠬᠦᠷᠲᠡᠯ᠎ᠡ᠂ ᠬᠢᠴᠢᠶᠡᠯ᠎ᠦᠨ ᠵᠠᠪᠰᠠᠷᠯᠠᠭ᠎ᠠ ᠵᠢᠨ ᠳᠠᠮᠢᠷ᠎ᠤᠨ ᠬᠦᠳᠡᠯᠬᠡᠬᠡᠨ ᠡᠴᠡ ᠤᠷᠤᠯᠳᠤᠭᠠᠨ᠎ᠤ ᠲᠠᠯᠠᠪᠤᠷ᠎ᠲᠤ ᠦᠷᠢᠰᠦᠯᠳᠦᠬᠦ ᠬᠦᠷᠲᠡᠯ᠎ᠡ᠂ ᠪᠠᠶᠠᠨᠬᠤᠰᠢᠭᠤ ᠨᠠᠢ᠍ᠮᠠᠳᠤᠭᠠᠷ ᠪᠠᠭ᠎ᠠ ᠰᠤᠷᠭᠠᠭᠤᠯᠢ᠎ᠶᠢᠨ ᠳᠡᠭᠡᠰᠦ ᠦᠰᠦᠷᠬᠦ ᠲᠠᠮᠢᠷ᠎ᠤᠨ ᠬᠥᠳᠡᠯᠭᠡᠭᠡᠨ ᠨᠢ 《ᠴᠡᠭ᠎ᠢᠶᠡᠷ ᠨᠡᠢᠳᠡᠮ᠎ᠢ ᠳᠠᠢᠴᠢᠯᠠᠬᠤ᠂ ᠪᠦᠬᠦ ᠰᠤᠷᠤᠭᠴᠢᠳ ᠲᠤ᠌ ᠲᠦᠭᠡᠮᠡᠯᠵᠢᠭᠦᠯᠬᠦ᠂ ᠣᠨᠴᠠᠯᠢᠭ᠋᠎ᠲᠠᠢ ᠬᠥᠭᠵᠢᠭᠦᠯᠬᠦ》 ᠵᠠᠮ ᠵᠢᠡᠷ ᠵᠠᠮᠨᠠᠵᠤ᠂ ᠤᠳᠤᠬᠠᠨ ᠳ᠋ᠤ  ᠳᠡᠭᠡᠰᠦ ᠦᠰᠦᠷᠬᠦ ᠨᠢ ᠳᠠᠩ ᠭᠠᠭᠴᠠ ᠪᠡᠶ᠎ᠡ᠎ᠶᠢᠨ ᠲᠠᠮᠢᠷ᠎ᠤᠨ ᠲᠦᠷᠦᠯ ᠵᠦᠢᠯ ᠪᠢᠰᠢ ᠪᠣᠯᠵᠤ᠂ ᠰᠤᠷᠭᠠᠭᠤᠯᠢ᠎ᠶᠢᠨ ᠲᠠᠪᠤᠨ ᠬᠥᠮᠦᠵᠢᠯ᠎ᠢ ᠵᠡᠷᠭᠡ᠎ᠪᠡᠷ ᠴᠢᠬᠤᠯᠠᠴᠢᠯᠠᠬᠤ᠂ ᠴᠠᠭ ᠦᠶ᠎ᠡ᠎ᠶᠢᠨ ᠰᠢᠨ᠎ᠡ ᠬᠥᠮᠥᠨ᠎ᠢ ᠬᠥᠮᠥᠵᠢᠭᠦᠯᠬᠦ ᠴᠢᠬᠤᠯᠠ ᠠᠴᠢᠶᠠᠯᠠᠪᠤᠷᠢ ᠪᠣᠯᠵᠤ᠂ ᠰᠤᠷᠭᠠᠭᠤᠯᠢ᠎ᠶᠢᠨ ᠬᠦᠷᠢᠶᠡᠨ᠎ᠦ ᠠᠮᠢᠳᠤᠷᠠᠯ᠎ᠤᠨ ᠥᠨᠴᠥᠭ ᠪᠤᠯᠤᠩ ᠪᠦᠷᠢ᠎ᠳᠦ ᠠᠭᠤᠰᠤᠭᠰᠠᠨ ᠪᠠᠢᠨ᠎ᠠ᠃ 《ᠳᠡᠬᠡᠰᠤ ᠦᠰᠦᠷᠬᠦ ᠬᠦᠳᠡᠯᠬᠡᠬᠡᠨ ᠳ᠋ᠤ ᠦᠷᠬᠦᠯᠵᠢ ᠤᠷᠤᠯᠴᠠᠬᠤ ᠨᠢ ᠰᠤᠷᠤᠭᠴᠢᠳ᠎ᠤᠨ ᠵᠢᠷᠦᠬᠡ ᠠᠭᠤᠰᠬᠢᠨ᠎ᠤ ᠠᠵᠢᠯᠯᠠᠭ᠎ᠠ ᠵᠢᠨ ᠴᠢᠳᠠᠪᠤᠷᠢ ᠵᠢ ᠳᠡᠬᠡᠭᠰᠢᠯᠡᠬᠦᠯᠬᠦ᠂ ᠪᠤᠯᠴᠢᠩ᠎ᠰᠢᠷᠪᠤᠰᠤ ᠵᠢ ᠴᠢᠩᠭᠠᠷᠠᠭᠤᠯᠤᠨ ᠬᠦᠴᠦ ᠪᠢᠷ᠎ᠠ ᠵᠢ ᠨᠡᠮᠡᠭᠳᠡᠬᠦᠯᠬᠦ᠂ ᠪᠡᠶ᠎ᠠ ᠵᠢᠨ ᠳᠡᠩᠴᠡᠬᠦᠷᠢ ᠪᠠ ᠤᠶᠠᠨ ᠬᠠᠳᠠᠨ ᠴᠢᠨᠠᠷ᠎ᠢ ᠰᠠᠢᠵᠢᠷᠠᠭᠤᠯᠬᠤ᠂ ᠪᠡᠶ᠎ᠠ ᠮᠠᠬᠠᠪᠤᠳ᠎ᠤᠨ ᠦᠰᠦᠨ ᠪᠤᠢᠵᠢᠯᠳᠠ᠂ ᠰᠡᠳᠬᠢᠯ ᠰᠠᠨᠠᠭ᠎ᠠ ᠵᠢᠨ ᠳᠠᠷᠤᠭᠠᠰᠤ ᠪᠠᠨ ᠬᠦᠩᠬᠡᠷᠡᠬᠦᠯᠵᠦ ᠤᠷᠮ᠎ᠠ ᠰᠡᠳᠬᠢᠯᠬᠡ ᠪᠠᠨ ᠵᠤᠬᠢᠴᠠᠭᠤᠯᠬᠤ ᠵᠢᠴᠢ ᠪᠦᠯᠬᠦᠮ ᠨᠡᠢᠳᠡ ᠵᠢᠨ ᠤᠬᠠᠮᠰᠠᠷ᠎ᠢ ᠬᠦᠮᠦᠵᠢᠬᠦᠯᠬᠦ ᠳᠠᠯ᠎ᠠ ᠪᠡᠷ ᠪᠦᠷ ᠶᠡᠬᠡ ᠠᠴᠢ ᠲᠤᠰᠠ ᠳᠠᠢ》 ᠬᠡᠵᠦ ᠲᠠᠮᠢᠷ᠎ᠤᠨ ᠪᠠᠭᠰᠢ ᠬᠤ᠌ ᠮᠧᠢ  ᠳᠠᠨᠢᠯᠴᠠᠭᠤᠯᠤᠯ᠎ᠠ᠃

ᠤᠶᠠᠩᠭ᠎ᠠ ᠲᠠᠭᠤᠨ ᠴᠤᠤᠷᠢᠶᠠᠲᠤᠵᠤ ᠤᠷᠠᠨ ᠦᠰᠦᠷᠦᠯᠳᠡ ᠦᠷᠬᠦᠯᠵᠢᠯᠡᠨ᠎ᠡ᠃ ᠦᠰᠪᠦᠷᠢ᠎ᠶᠢᠨ ᠬᠡᠤᠬᠡᠳ ᠳᠡᠬᠡᠰᠤ ᠦᠰᠦᠷᠬᠦ ᠬᠦᠳᠡᠯᠬᠡᠬᠡᠨ ᠡᠴᠡ ᠪᠠᠶᠠᠷ ᠪᠠᠶᠠᠰᠤᠯ ᠬᠦᠷᠳᠡᠨ᠂ ᠢᠳᠡᠬᠡᠯ ᠵᠤᠷᠢᠭ ᠨᠢ ᠨᠡᠮᠡᠭᠳᠡᠵᠦ᠂ ᠪᠦᠯᠬᠦᠮᠳᠡᠯ ᠨᠦᠬᠦᠷᠯᠡᠯ ᠨᠢ ᠨᠡᠩ ᠪᠠᠳᠤᠵᠢᠨ᠎ᠠ᠃ ᠵᠠᠷᠢᠮ ᠰᠤᠷᠤᠭᠴᠢᠳ ᠬᠡᠷ᠎ᠤᠨ ᠠᠬᠠᠮᠠᠳ ᠵᠢᠡᠨ ᠳᠠᠭᠠᠭᠤᠯᠵᠤ ᠳᠡᠬᠡᠰᠤ ᠦᠰᠦᠷᠬᠦ ᠬᠦᠳᠡᠯᠬᠡᠬᠡᠨ ᠳ᠋ᠤ ᠬᠠᠮᠳᠤ ᠪᠡᠷ ᠤᠷᠤᠯᠴᠠᠵᠤ᠂ 《ᠭᠡᠷ ᠪᠦᠯᠢ ᠰᠤᠷᠭᠠᠭᠤᠯᠢ ᠬᠣᠯᠪᠤᠭᠠᠯᠠᠨ ᠬᠥᠳᠡᠯᠦᠯᠴᠡᠵᠦ᠂ ᠡᠷᠡᠭᠦᠯ ᠮᠡᠨᠳᠦ᠎ᠶᠢ ᠬᠠᠮᠲᠤ᠎ᠪᠠᠷ ᠠᠬᠢᠭᠤᠯᠬᠤ》 ᠰᠠᠢᠨ ᠰᠠᠢᠬᠠᠨ ᠠᠭᠤᠷ ᠠᠮᠢᠰᠬᠤᠯ ᠨᠡᠩ ᠦᠳᠭᠡᠷᠡᠵᠦ ᠪᠠᠢᠯ᠎ᠠ᠃

(ᠭᠡᠷᠡᠯ ᠵᠢᠷᠤᠭ᠎ᠦᠳ᠎ᠢ ᠤᠯᠠᠭᠠᠨ ᠬᠠᠨᠭᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号