ᠰᠢᠨᠬᠤᠸᠠ ᠬᠣᠷᠢᠶᠠᠨ᠎ᠤ ᠮᠡᠳᠡᠭᠡ᠎ᠶᠢ
ᠦᠨᠳᠦᠰᠦᠯᠡᠪᠡᠯ᠂ ᠰᠢᠨ᠎ᠡ᠎ᠪᠡᠷ ᠨᠡᠢᠲᠡᠯᠡᠭᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠤᠯᠤᠰ᠎ᠤᠨ ᠭᠠᠵᠠᠷ ᠰᠢᠷᠣᠢ᠎ᠶᠢᠨ ᠬᠤᠪᠢᠷᠠᠯᠲᠠ᠎ᠶᠢᠨ ᠪᠠᠢᠴᠠᠭᠠᠯᠲᠠ᠎ᠶᠢᠨ ᠦᠷ᠎ᠡ ᠪᠦᠲᠦᠭᠡᠯ᠎ᠡᠴᠡ ᠦᠵᠡᠪᠡᠯ᠄ ᠥᠪᠥᠷ ᠮᠣᠩᠭᠣᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠴᠡᠪᠡᠷ ᠨᠡᠮᠡᠭᠳᠡᠯ᠎ᠤᠨ
ᠬᠡᠮᠵᠢᠶ᠎ᠡ 206 ᠲᠦᠮᠡᠨ ᠮᠦ᠍ ᠬᠦᠷᠴᠦ᠂ ᠲᠡᠦᠬᠡᠨ᠎ᠳᠤ ᠠᠩᠬ᠎ᠠ ᠤᠳᠠᠭ᠎ᠠ ᠣᠶ ᠰᠢᠭᠤᠢ
ᠨᠤᠲᠤᠭ ᠪᠡᠯᠴᠢᠭᠡᠷ᠎ᠦᠨ ᠲᠥᠷᠥᠯ᠎ᠦᠨ ᠪᠤᠴᠠᠯᠲᠠᠨᠡᠮᠡᠭᠳᠡᠯᠢ ᠪᠡᠶᠡᠯᠡᠭᠦᠯᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ ᠮᠠᠨ᠎ᠤ ᠤᠯᠤᠰ᠎ᠤᠨ ᠵᠡᠭᠦᠨ ᠬᠣᠢᠲᠤ ᠣᠷᠣᠨ᠂ ᠤᠮᠠᠷᠠᠲᠤ ᠣᠷᠣᠨ ᠪᠣᠯᠣᠨ ᠪᠠᠷᠠᠭᠤᠨ ᠬᠣᠢᠲᠤ ᠣᠷᠣᠨ᠎ᠢ ᠰᠤᠨᠳᠠᠯᠠᠵᠤ᠂
ᠣᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ᠎ᠤᠨ ᠲᠠᠯᠠᠪᠠᠶ ᠨᠢ ᠪᠠᠷᠤᠭ ᠪᠦᠬᠦ ᠨᠤᠲᠤᠭ
ᠳᠡᠪᠢᠰᠭᠡᠷ᠎ᠤᠨ ᠲᠠᠯᠠᠪᠠᠶ᠎ᠶᠢᠨ 74%᠎ᠶᠢ ᠡᠵᠡᠯᠡᠵᠦ᠂ ᠣᠶ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ
ᠬᠠᠮᠠᠭᠠᠯᠠᠬᠤ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠶᠤᠮ᠃ ᠣᠷᠳᠣ᠌ ᠬᠤᠭᠤᠴᠠᠭᠠᠨ᠎ᠤ ᠲᠤᠷᠰᠢ
ᠣᠶ ᠰᠢᠭᠤᠢ ᠨᠤᠲᠤᠭ ᠪᠡᠯᠴᠢᠭᠡᠷ᠎ᠢ ᠡᠪᠳᠡᠭᠰᠡᠨ ᠠᠰᠠᠭᠤᠳᠠᠯ᠎ᠢ ᠰᠢᠰᠲᠧᠮ᠎ᠲᠠᠢ᠎ᠪᠡᠷ ᠦᠨᠳᠦᠰᠦᠨ᠎ᠡᠴᠡ ᠨᠢ ᠵᠠᠰᠠᠬᠤ᠎ᠶᠢᠨ
ᠲᠥᠯᠥᠭᠡ᠂ ᠥᠪᠥᠷ ᠮᠣᠩᠭᠣᠯ 2025 ᠣᠨ᠎ᠳᠤ ᠣᠶ ᠰᠢᠭᠤᠢ ᠨᠤᠲᠤᠭ ᠪᠡᠯᠴᠢᠭᠡᠷ᠎ᠢ ᠡᠪᠳᠡᠵᠦ ᠬᠠᠤᠯᠢ ᠲᠣᠭᠲᠠᠭᠠᠯᠡᠴᠠ
ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂
ᠴᠣᠬᠢᠯᠲᠠ ᠥᠭᠬᠦ ᠪᠠ ᠵᠠᠰᠠᠬᠤ ᠬᠣᠣᠰ ᠬᠠᠷᠢᠭᠤᠴᠠᠯᠭ᠎ᠠ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠨᠡᠮᠡᠭᠳᠡᠬᠦ
ᠵᠢ ᠬᠣᠷᠢᠭ᠍ᠯᠠᠬᠤ ᠪᠠ ᠤᠳᠤ ᠪᠠᠢᠭ᠎ᠠ᠎ᠶᠢ ᠪᠠᠭᠠᠰᠬᠠᠬᠤ᠎ᠶᠢ ᠵᠡᠷᠭᠡ᠎ᠪᠡᠷ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶᠢᠨ
ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ᠌ ᠴᠠᠭᠠᠨ ᠬᠡᠷᠡᠮ᠎ᠢ ᠦᠨᠡᠨ ᠬᠦ᠌ ᠰᠠᠢᠲᠤᠷ ᠰᠠᠬᠢᠨ ᠬᠠᠮᠠᠭᠠᠯᠠᠪᠠ᠃

ᠥᠪᠥᠷ ᠮᠣᠩᠭᠣᠯ 《ᠣᠭᠲᠣ᠌ ᠠᠭᠤᠴᠢᠯᠠᠬᠤ ᠦᠭᠡᠢ》 ᠣᠪᠣᠷ᠎ᠢᠶᠠᠷ ᠣᠶ
ᠰᠢᠭᠤᠢ ᠨᠤᠲᠤᠭ ᠪᠡᠯᠴᠢᠭᠡᠷ᠎ᠢ ᠡᠪᠳᠡᠬᠦ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ 《ᠰᠠᠨᠰᠠᠷ᠂ ᠣᠭᠲᠠᠷᠭᠤᠢ᠂ ᠭᠠᠵᠠᠷ》᠎ᠢ ᠨᠢᠭᠡ
ᠴᠣᠭᠴᠠᠵᠢᠭᠤᠯᠤᠭᠰᠠᠨ᠂ 《ᠬᠥᠮᠥᠨ᠎ᠤ ᠬᠠᠮᠠᠭᠠᠯᠠᠯᠲᠠ᠂ ᠪᠣᠳᠠᠰ᠎ᠤᠨ
ᠬᠠᠮᠠᠭᠠᠯᠠᠯᠲᠠ᠂ ᠮᠡᠷᠭᠡᠵᠢᠯ᠎ᠤᠨ ᠬᠠᠮᠠᠭᠠᠯᠠᠯᠲᠠ》 ᠵᠢ ᠬᠠᠷᠢᠯᠴᠠᠨ
ᠠᠭᠤᠰᠤᠯᠴᠠᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠰᠢᠰᠲᠧᠮ᠎ᠢ ᠪᠠᠢᠭᠤᠯᠵᠤ᠂ ᠠᠯᠤᠰ ᠰᠡᠷᠡᠯ᠎ᠤᠨ ᠵᠢᠷᠤᠭ
ᠳᠦᠷᠰᠦ ᠵᠢ ᠬᠠᠮᠢᠶ᠎ᠠ ᠪᠦᠬᠦᠢ ᠨᠢᠭᠡᠴᠢ᠎ᠳᠤ ᠲᠦᠷᠭᠡᠨ ᠰᠢᠯᠵᠢᠭᠦᠯᠦᠨ ᠬᠦᠷᠭᠡᠬᠦ᠂ ᠠᠰᠠᠭᠤᠳᠠᠯ᠎ᠢ ᠣᠨᠣᠪᠴᠢᠲᠠᠶ
ᠬᠠᠷᠭᠤᠭᠤᠯᠤᠨ ᠪᠠᠢᠴᠠᠭᠠᠬᠤ᠂ ᠬᠡᠷᠡᠭ᠎ᠢ ᠲᠦᠷᠭᠡᠨ ᠰᠢᠢᠳᠪᠦᠷᠢᠯᠡᠬᠦ ᠲᠣᠭᠲᠠᠴᠠ᠎ᠶᠢ ᠲᠡᠭᠦᠯᠳᠡᠷᠵᠢᠭᠦᠯᠵᠦ᠂
2025 ᠣᠨ᠎ᠳᠤ ᠨᠡᠶ᠋ᠢᠲᠡ 2.76 ᠲᠦᠮᠡᠨ ᠠᠰᠠᠭᠤᠳᠠᠯ᠎ᠢ ᠴᠡᠭᠴᠡᠯᠡᠨ ᠵᠠᠰᠠᠵᠤ᠂ 33.08 ᠲᠦᠮᠡᠨ ᠮᠦ᠍ ᠣᠶ ᠰᠢᠭᠤᠢ
ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠵᠦ᠂ ᠣᠶ ᠰᠢᠭᠤᠢ᠎ᠶᠢ ᠰᠦᠢᠳᠬᠡᠵᠦ ᠨᠤᠲᠤᠭ
ᠪᠡᠯᠴᠢᠭᠡᠷ᠎ᠢ ᠡᠪᠳᠡᠭᠰᠡᠨ ᠠᠰᠠᠭᠤᠳᠠᠯ ᠣᠯᠠᠨ ᠡᠭᠦᠰᠬᠦ ᠪᠠᠢᠳᠠᠯ᠎ᠢ ᠪᠦᠲᠦᠮᠵᠢᠲᠡᠶ ᠬᠣᠷᠢᠭ᠍ᠯᠠᠪᠠ᠃

ᠥᠪᠥᠷ ᠮᠣᠩᠭᠣᠯ ᠣᠶ ᠰᠢᠭᠤᠢ ᠨᠤᠲᠤᠭ ᠪᠡᠯᠴᠢᠭᠡᠷ᠎ᠢ
ᠡᠪᠳᠡᠭᠰᠡᠨ ᠠᠰᠠᠭᠤᠳᠠᠯ᠎ᠤᠨ ᠣᠷᠳᠣ᠌ ᠬᠤᠭᠤᠴᠠᠭᠠᠨ᠎ᠤ ᠪᠦᠲᠦᠮᠵᠢᠲᠡᠶ ᠵᠠᠰᠠᠯᠲᠠ᠎ᠶᠢᠨ ᠲᠣᠭᠲᠠᠴᠠ᠎ᠶᠢ ᠭᠦᠨᠵᠡᠭᠡᠢᠷᠡᠭᠦᠯᠵᠦ᠂
ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ᠂ ᠰᠤᠮᠤ ᠰᠢᠶᠠᠩ ᠪᠠᠯᠭᠠᠰᠤ ᠳᠥᠷᠪᠡᠨ ᠱᠠᠲᠤ᠎ᠪᠠᠷ
ᠨᠡᠪᠲᠡᠷᠡᠯᠴᠡᠭᠰᠡᠨ ᠣᠶ ᠰᠢᠭᠤᠢ ᠨᠤᠲᠤᠭ ᠪᠡᠯᠴᠢᠭᠡᠷ᠎ᠦᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ᠎ᠶᠢᠨ
ᠰᠢᠰᠲᠧᠮ᠎ᠢ ᠪᠠᠢᠭᠤᠯᠵᠤ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠤ ᠳᠦᠷᠢᠮ ᠵᠡᠷᠭᠡ ᠠᠯᠢ ᠣᠯᠠᠨ
ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠎ᠢ ᠨᠡᠢᠲᠡᠯᠡᠬᠦ ᠪᠠ ᠵᠠᠰᠠᠪᠤᠷᠢ ᠣᠷᠣᠭᠤᠯᠵᠤ᠂ 《ᠡᠬᠢᠯᠡᠬᠦ ᠳ᠋ᠤᠨᠢ ᠴᠤᠬᠢᠯᠲᠠ ᠦᠭᠴᠦ᠂ ᠳᠦᠷᠢᠮ᠎ᠢᠶᠡᠷ ᠰᠠᠭᠤᠷᠢ ᠵᠢ ᠪᠠᠲᠤᠯᠠᠬᠤ》 ᠰᠢᠰᠲᠧᠮᠲᠦ ᠵᠠᠰᠠᠯᠲᠠ᠎ᠶᠢᠨ ᠪᠠᠢᠷᠢᠰᠢᠯ᠎ᠢ ᠪᠣᠶ ᠪᠣᠯᠭᠠᠪᠠ᠃

ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ
ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ 21.98%᠎ᠳᠤ ᠬᠦᠷᠴᠦ᠂ 2021 ᠣᠨ᠎ᠤ ᠬᠢ᠎ᠡᠴᠡ ᠵᠠᠭᠤᠨ᠎ᠤ
ᠬᠠᠷᠢᠴᠠᠯ ᠵᠢᠡᠷ 1.19 ᠬᠤᠪᠢ ᠳᠡᠭᠡᠭᠰᠢᠯᠡᠪᠡ︔ᠨᠤᠲᠤᠭ ᠪᠡᠯᠴᠢᠭᠡᠷ᠎ᠦᠨ ᠶᠡᠷᠦᠩᠬᠡᠢᠯᠡᠭᠰᠡᠨ ᠤᠷᠭᠤᠮᠠᠯ᠎ᠤᠨ ᠬᠤᠴᠢᠯᠭ᠎ᠠ᠎ᠶᠢᠨ
ᠪᠦᠷᠬᠦᠴᠡ 46.48%᠎ᠳᠤ ᠬᠦᠷᠴᠦ᠂ ᠲᠣᠰ ᠵᠠᠭᠤᠨ᠎ᠠᠴᠠ ᠨᠠᠭᠠᠰᠢᠬᠢ ᠬᠠᠮᠤᠭ᠎ᠤᠨ ᠰᠠᠢᠨ ᠬᠢᠷᠢ ᠲᠦᠪᠰᠢᠨ᠎ᠢ ᠡᠭᠦᠳᠪᠡ᠃
ᠢᠷᠡᠯᠲᠡ᠄ ᠰᠢᠨᠬᠤᠸᠠ ᠬᠤᠷᠢᠶ᠎ᠠ