ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠶᠢᠨ ᠵᠢᠯᠣᠭᠣᠳᠤᠯᠭ᠎ᠠ ᠳᠣᠣᠷ᠎ᠠ᠂ ᠵᠠᠮ
ᠬᠠᠷᠢᠯᠴᠠᠭᠠᠨ᠎ᠤ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠲᠦᠷᠦᠭᠦᠬᠡᠨ
ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ᠎ᠳ᠋ᠡᠬᠢ ᠬᠤᠪᠢᠶᠠᠷᠢ
ᠤᠷᠤᠨ᠎ᠤ ᠠᠵᠤ ᠠᠬᠤᠢᠯᠠᠯ ᠳ᠋ᠤ ᠪᠥᠬᠥ ᠣᠷᠣᠨ᠎ᠤ ᠠᠩᠬᠠᠳᠠᠭ᠍ᠴᠢ ᠣᠯᠠᠨ ᠲᠠᠯᠠᠲᠤ ᠲᠥᠪ ᠪᠠᠩᠬᠢ᠎ᠶᠢᠨ ᠲᠣᠭᠠᠴᠢᠯᠠᠭᠰᠠᠨ
ᠵᠣᠭᠣᠰᠤᠨ᠎ᠤ ᠬᠥᠭᠥᠷᠭᠡ ( ᠳᠣᠷᠣᠭ᠍ᠰᠢ 《ᠵᠣᠭᠣᠰᠤᠨ᠎ᠤ
ᠬᠥᠭᠥᠷᠭᠡ》 ᠭᠡᠵᠦ ᠲᠣᠪᠴᠢᠯᠠᠨ᠎ᠠ ) ᠵᠢᠨ ᠬᠢᠯᠢ ᠠᠯᠤᠰᠯᠠᠨ ᠠᠷᠠᠳ᠎ᠤᠨ ᠵᠣᠭᠣᠰ
ᠭᠤᠪᠢᠭᠤᠯᠬᠤ ᠲᠤᠬᠠᠢᠯᠠᠭᠰᠠᠨ ᠠᠵᠢᠯ᠎ᠢ ᠠᠮᠵᠢᠯᠲᠠ᠎ᠲᠠᠢ ᠭᠦᠢᠴᠡᠳᠬᠡᠪᠡ᠃ ᠲᠣᠰ ᠲᠤᠬᠠᠢᠯᠠᠭᠰᠠᠨ ᠠᠵᠢᠯ ᠨᠢ ᠲᠣᠭᠠᠴᠢᠯᠠᠭᠰᠠᠨ
ᠠᠷᠠᠳ᠎ᠤᠨ ᠵᠣᠭᠣᠰ᠎ᠤᠨ ᠲᠤᠷᠰᠢᠯᠲᠠ᠎ᠶᠢᠨ ᠴᠡᠭ᠎ᠢ ᠥᠪᠥᠷ ᠮᠣᠩᠭᠣᠯ᠎ᠳᠤ ᠠᠩᠬ᠎ᠠ ᠤᠳᠠᠭ᠎ᠠ ᠨᠠᠢᠳᠠᠪᠤᠷᠢᠵᠢᠭᠤᠯᠤᠭᠰᠠᠨ
ᠲᠤᠷᠰᠢᠯᠲᠠ ᠪᠣᠯᠤᠬᠰᠠᠨ ᠵᠢᠨᠷ ᠪᠠᠷᠠᠬᠤ ᠦᠭᠡᠢ᠂ ᠪᠠᠰᠠ ᠴᠤ᠌ ᠥᠪᠥᠷ ᠮᠣᠩᠭᠣᠯ᠎ᠤᠨ 《ᠵᠣᠭᠣᠰᠤᠨ᠎ᠤ ᠬᠥᠭᠥᠷᠭᠡ》 ᠮᠥᠩᠭᠥᠨ
ᠭᠦᠢᠯᠭᠡᠭᠡᠨ᠎ᠦ ᠰᠠᠭᠤᠷᠢ ᠳᠦᠬᠦᠭᠡᠷᠦᠮᠵᠢ᠎ᠶᠢ ᠠᠰᠢᠭ᠍ᠯᠠᠨ ᠠᠷᠠᠳ᠎ᠤᠨ ᠵᠣᠭᠣᠰ᠎ᠤᠨ ᠬᠢᠯᠢ ᠠᠯᠤᠰᠯᠠᠨ
ᠲᠡᠰᠦᠯᠦᠨ ᠪᠤᠳᠤᠬᠤ ᠲᠤᠬᠠᠢᠯᠠᠭᠰᠠᠨ ᠠᠵᠢᠯ᠎ᠢ ᠭᠦᠢᠴᠡᠳᠬᠡᠭᠰᠡᠨ ᠢᠳᠡᠪᠬᠢᠲᠡᠢ ᠰᠦᠪᠡᠭᠴᠢᠯᠡᠯ ᠪᠣᠯᠬᠤ ᠪᠥᠭᠡᠳ
ᠮᠦᠩᠭᠦᠨ ᠭᠦᠢᠯᠭᠡᠭᠡ ᠵᠢᠨ ᠦᠢᠯᠡᠴᠢᠯᠡᠭᠡ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ
ᠣᠷᠣᠨ᠎ᠤ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ ᠰᠢᠨ᠎ᠡ᠎ᠶᠢ ᠡᠭᠦᠳᠦᠭᠰᠡᠨ ᠠᠷᠭ᠎ᠠ ᠬᠡᠮᠵᠢᠶ᠎ᠡ
ᠪᠣᠯᠣᠨ᠎ᠠ᠃
《ᠵᠣᠭᠣᠰᠤᠨ᠎ᠤ ᠬᠥᠭᠥᠷᠭᠡ》
ᠨᠢ ᠰᠢᠨ᠎ᠡ ᠬᠡᠯᠪᠡᠷᠢ᠎ᠶᠢᠨ ᠬᠢᠯᠢ ᠠᠯᠤᠰᠯᠠᠭᠰᠠᠨ ᠮᠥᠩᠭᠥᠨ ᠭᠦᠢᠯᠭᠡᠭᠡᠨ᠎ᠦ
ᠰᠠᠭᠤᠷᠢ ᠲᠥᠬᠦᠭᠡᠷᠦᠮᠵᠢ ᠪᠣᠯᠤᠭᠰᠠᠨ᠎ᠤ ᠬᠤᠪᠢ᠎ᠳᠤ᠂ ᠣᠳᠣᠬᠠᠨ᠎ᠳᠤ ᠨᠢᠭᠡᠨᠲᠡ᠎ᠲᠠᠢ ᠤᠯᠤᠰ᠂ ᠠᠷᠠᠪ᠎ᠤᠨ
ᠬᠣᠯᠪᠣᠭᠠᠲᠤ ᠠᠬᠠᠮᠠᠳ᠎ᠲᠤ ᠤᠯᠤᠰ᠂ ᠰᠠᠦ᠋ᠳᠢ ᠠᠷᠠᠪ᠂ ᠳᠤᠮᠳᠠᠳᠤ ᠤᠯᠤᠰ᠎ᠤᠨ ᠰᠢᠶᠠᠩᠭᠠᠩ᠂ ᠳᠤᠮᠳᠠᠳᠤ ᠤᠯᠤᠰ᠎ᠤᠨ
ᠣᠣᠮᠧᠨ᠎ᠲᠠᠢ ᠠᠷᠠᠯᠵᠢᠶᠠᠨ᠎ᠤ ᠵᠠᠩᠭᠢᠯᠠᠭ᠎ᠠ᠎ᠶᠢᠨ ᠴᠡᠭ ᠪᠠᠢᠭᠤᠯᠵᠤ᠂ ᠠᠷᠠᠳ᠎ᠤᠨ ᠵᠣᠭᠣᠰ᠂ ᠰᠢᠶᠠᠩᠭᠠᠩ ᠵᠣᠭᠣᠰ᠂
ᠲᠠᠢ ᠤᠯᠤᠰ᠎ᠤᠨ ᠵᠣᠭᠣᠰ᠂ ᠠᠷᠠᠪ᠎ᠤᠨ ᠬᠣᠯᠪᠣᠭᠠᠲᠤ ᠠᠬᠠᠮᠠᠳ᠎ᠲᠤ ᠤᠯᠤᠰ᠎ᠤᠨ ᠳ᠋ᠢᠯᠠᠮᠦ᠋᠂ ᠰᠠᠦ᠋ᠳᠢ ᠠᠷᠠᠪ᠎ᠤᠨ
ᠰᠠᠦ᠋ᠳᠢᠷᠢᠶᠠ ᠵᠡᠷᠭᠡ ᠣᠯᠠᠨ ᠲᠥᠷᠥᠯ᠎ᠦᠨ ᠵᠣᠭᠣᠰ᠎ᠤᠨ ᠬᠢᠯᠢ ᠠᠯᠤᠰᠯᠠᠭᠰᠠᠨ ᠳ᠋ᠦᠩᠨᠡᠨ ᠪᠣᠳᠣᠯᠲᠠ᠎ᠶᠢ
ᠳᠡᠮᠵᠢᠨ᠎ᠡ᠃ ᠤᠯᠠᠮᠵᠢᠯᠠᠯᠲᠤ ᠬᠢᠯᠢ ᠠᠯᠤᠰᠯᠠᠨ ᠲᠡᠰᠦᠯᠦᠨ ᠪᠤᠳᠤᠬᠤ ᠵᠠᠭᠪᠤᠷ᠎ᠲᠠᠢ ᠬᠠᠷᠢᠴᠠᠭᠤᠯᠪᠠᠯ᠂ 《ᠵᠣᠭᠣᠰᠤᠨ᠎ᠤ ᠬᠥᠭᠥᠷᠭᠡ》 ᠨᠢ ᠲᠥᠪ
ᠪᠠᠩᠬᠢ᠎ᠶᠢᠨ ᠴᠡᠭ᠎ᠡᠴᠡ ᠴᠡᠭ ᠬᠦᠷᠬᠦ ᠰᠢᠭᠤᠳ ᠬᠣᠯᠪᠣᠯᠳᠤᠬᠤ ᠪᠦᠲᠦᠴᠡ᠎ᠳᠦ ᠲᠦᠰᠢᠭᠯᠡᠨ᠂ ᠤᠯᠠᠮᠵᠢᠯᠠᠯᠲᠤ
ᠣᠷᠣᠯᠠᠨ ᠭᠦᠢᠴᠡᠳᠬᠡᠬᠦ ᠪᠠᠩᠬᠢ᠎ᠶᠢᠨ ᠭᠣᠭᠴᠣᠭ᠎ᠠ᠎ᠶᠢ ᠴᠣᠮᠬᠠᠳᠬᠠᠵᠤ᠂ ᠪᠡᠯᠡ ᠮᠥᠩᠭᠥ᠎ᠶᠢᠨ ᠠᠮᠤᠷ ᠲᠦᠪᠰᠢᠨ᠎ᠢ
ᠡᠵᠡᠮᠳᠡᠵᠦ ᠪᠣᠯᠬᠤ᠂ ᠪᠤᠴᠠᠭᠠᠵᠤ ᠪᠣᠯᠬᠤ ᠰᠠᠭᠤᠷᠢᠨ ᠳᠡᠭᠡᠷ᠎ᠡ᠂ ᠬᠢᠯᠢ ᠠᠯᠤᠰᠯᠠᠭᠰᠠᠨ ᠪᠡᠯᠡ ᠮᠥᠩᠭᠥ᠎ᠶᠢᠨ ᠭᠤᠪᠢᠭᠤᠯᠤᠨ
ᠬᠤᠪᠢᠶᠠᠷᠢᠯᠠᠬᠤ ᠬᠦᠴᠦᠨ᠎ᠲᠠᠢ ᠬᠤᠭᠤᠴᠠᠭ᠎ᠠ ᠶᠢ 《ᠡᠳᠦᠷ᠎ᠤᠨ ᠲᠠᠰ》 ᠪᠠᠢᠭᠰᠠᠨ᠎ᠢ 《ᠰᠧᠺᠦ᠋ᠨ᠋ᠳ᠋᠎ᠦᠨ ᠲᠠᠰ》 ᠪᠣᠯᠭᠠᠨ
ᠪᠠᠭᠠᠰᠬᠠᠵᠤ᠂ ᠠᠵᠤ ᠠᠬᠤᠢᠯᠠᠯ᠎ᠳᠤ ᠥᠨᠳᠥᠷ ᠪᠦᠲᠦᠮᠵᠢᠲᠡᠶ ᠳᠥᠭᠥᠮ ᠳᠥᠲᠡ᠂ ᠥᠪᠡᠷ᠎ᠦᠨ ᠥᠷᠲᠡᠭ᠎ᠢᠶᠡᠷ
ᠳᠣᠣᠷ᠎ᠠ ᠬᠢᠯᠢ ᠠᠯᠤᠰᠯᠠᠨ ᠲᠡᠰᠦᠯᠦᠨ ᠪᠤᠳᠤᠬᠤ ᠦᠢᠯᠡᠴᠢᠯᠡᠭᠡ ᠬᠠᠩᠭᠠᠵᠤ ᠳᠡᠢᠯᠦᠨ᠎ᠠ᠃
ᠲᠣᠰ ᠤᠳᠠᠭᠠᠨ᠎ᠤ
ᠠᠷᠠᠯᠵᠢᠶ᠎ᠠ ᠨᠢ ᠢᠯᠢ ᠠᠵᠤ ᠦᠢᠯᠡᠰ᠎ᠦᠨ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ
ᠵᠢᠨ ᠰᠢᠶᠠᠩᠭᠠᠩ ᠳ᠋ᠡᠬᠢ ᠬᠤᠪᠢᠶᠠᠷᠢ ᠺᠣᠮᠫᠠᠨᠢ᠎ᠳᠠᠭᠠᠨ ᠬᠢᠯᠢ ᠠᠯᠤᠰᠯᠠᠨ ᠵᠣᠭᠣᠰ ᠭᠤᠪᠢᠭᠤᠯᠵᠤ᠂ 《ᠵᠣᠭᠣᠰᠤᠨ᠎ᠤ ᠬᠥᠭᠥᠷᠭᠡ》 ᠵᠢ ᠬᠡᠷᠡᠭᠯᠡᠨ ᠬᠢᠯᠢ
ᠠᠯᠤᠰᠯᠠᠨ ᠲᠡᠰᠦᠯᠦᠨ ᠪᠤᠳᠤᠵᠤ᠂ ᠬᠢᠯᠢ ᠠᠯᠤᠰᠯᠠᠨ ᠠᠷᠠᠯᠵᠢᠶᠠᠯᠠᠬᠤ ᠥᠪᠡᠷ᠎ᠦᠨ ᠥᠷᠲᠡᠭ᠎ᠢ ᠨᠠᠭᠠᠲᠤ
ᠵᠠᠬ᠎ᠠ᠎ᠳᠠᠭᠠᠨ 50%᠎ᠪᠠᠷ ᠪᠠᠭᠤᠷᠠᠭᠤᠯᠵᠤ᠂ ᠪᠡᠯᠡ ᠮᠥᠩᠭᠥ᠎ᠶᠢ ᠲᠠᠩᠰᠠᠨ᠎ᠳᠤ ᠣᠷᠣᠭᠤᠯᠬᠤ ᠳ᠋ᠤ ᠬᠡᠷᠡᠭᠰᠡᠬᠦ ᠴᠠᠬ᠎ᠢ 6 ᠴᠠᠭ ᠪᠠᠢᠭᠰᠠᠨ᠎ᠠᠴᠠ
8 ᠮᠢᠨᠦ᠋ᠲ ᠪᠣᠯᠭᠠᠨ ᠪᠠᠭᠠᠰᠬᠠᠵᠤ᠂ ᠠᠵᠤ ᠠᠬᠤᠢᠯᠠᠯ᠎ᠤᠨ ᠬᠢᠯᠢ ᠠᠯᠤᠰᠯᠠᠬᠤ ᠠᠵᠢᠯᠯᠠᠭ᠎ᠠ ᠵᠢᠨ ᠳᠥᠭᠥᠮ
ᠲᠦᠳᠡ ᠪᠠᠢᠬᠤ ᠬᠦᠷᠲᠡᠮᠵᠢ᠎ᠶᠢᠨ ᠲᠥᠷᠥᠭᠳᠡᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃