6 ᠰᠠᠷ᠎ᠠ᠎ᠶᠢᠨ 15᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠬᠤᠷᠢᠶ᠎ᠠ ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠡᠴᠡ ᠳᠠᠭᠠᠭᠠᠴᠢᠯᠠᠨ ᠡᠷᠭᠢᠯᠡᠭᠰᠡᠨ 《〈ᠠᠷᠪᠠᠨ ᠲᠠᠪᠤᠳᠤᠭᠠᠷ ᠲᠠᠪᠤᠨ ᠵᠢᠯ〉 ᠳ᠋ᠤ ᠡᠷᠡᠯᠬᠡᠭᠯᠡᠨ ᠤᠷᠤᠭᠰᠢᠯᠠᠵᠤ ᠵᠠᠯᠠᠭᠤᠴᠤᠳ ᠳᠤᠮᠳᠠᠳᠤ ᠤᠯᠤᠰ᠎ᠵᠢᠡᠨ ᠶᠠᠷᠢᠬᠤᠢ》 ᠶᠡᠬᠡ ᠳᠡᠭᠡᠳᠦ ᠰᠤᠷᠭᠠᠭᠤᠯᠢ᠎ᠶᠢᠨ ᠵᠠᠯᠠᠭᠤ ᠪᠠᠭ᠍ᠰᠢ ᠰᠤᠷᠤᠭ᠍ᠴᠢᠳ᠎ᠤᠨ ᠤᠨᠤᠯ᠎ᠤᠨ ᠤᠬᠠᠭᠤᠯᠤᠨ ᠲᠠᠢᠯᠪᠤᠷᠢᠯᠠᠯᠳᠠ ᠵᠢᠨ ᠰᠢᠢᠳᠪᠦᠷᠢᠲᠦ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ᠃
ᠤᠷᠤᠯᠳᠤᠭᠠᠨ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠪᠠᠷ ᠭᠣᠣᠯ ᠰᠢᠵᠢᠮ ᠪᠣᠯᠭᠠᠵᠤ᠂ ᠥᠷᠭᠡᠨ ᠤᠯᠠᠨ ᠵᠠᠯᠠᠭᠤ ᠪᠠᠭ᠍ᠰᠢ ᠰᠤᠷᠤᠭ᠍ᠴᠢᠳ᠎ᠤᠨ 《ᠨᠠᠮ᠎ᠤᠨ ᠠᠴᠢ᠎ᠳ᠋ᠤ ᠳᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ》 ᠵᠢ ᠬᠥᠲᠥᠯᠥᠨ ᠳᠠᠭᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ᠎ᠶᠢ ᠬᠥᠲᠥᠯᠥᠨ ᠵᠢᠯᠣᠭᠣᠳᠪᠠ᠃
ᠡᠯ᠎ᠡ ᠶᠡᠬᠡ ᠳᠡᠭᠡᠳᠦ ᠰᠤᠷᠭᠠᠭᠤᠯᠢ᠎ᠨᠤᠭᠤᠳ ᠠᠩᠬᠠᠨ᠎ᠤ ᠤᠷᠤᠯᠳᠤᠭᠠᠨ ᠢ᠋ ᠨᠠᠷᠢᠨ ᠨᠢᠮᠪᠠᠢ ᠵᠣᠬᠢᠶᠠᠨ ᠪᠠᠢᠭᠤᠯᠵᠤ᠂ ᠪᠠᠭ᠍ᠰᠢ ᠰᠤᠷᠤᠭ᠍ᠴᠢᠳ ᠢ᠋ ᠥᠷᠭᠡᠨ ᠢ᠋ᠶ᠋ᠡᠷ ᠳᠠᠶ᠋ᠢᠴᠢᠯᠠᠨ ᠤᠷᠤᠯᠴᠠᠭᠤᠯᠵᠤ᠂ ᠱᠠᠲᠤ ᠱᠠᠲᠤ᠎ᠪᠠᠷ ᠰᠢᠯᠢᠨ ᠰᠣᠩᠭᠣᠬᠤ᠎ᠪᠠᠷ ᠳᠡᠮᠵᠢᠨ᠂ ᠨᠡᠶ᠋ᠢᠲᠡ 20 ᠳᠤᠭᠤᠢᠯᠠᠩ ᠤᠷᠤᠯᠴᠠᠭᠴᠢ ᠴᠣᠯᠭᠣᠷᠠᠨ ᠭᠠᠷᠴᠤ ᠰᠢᠢᠳᠪᠦᠷᠢᠲᠦ ᠤᠷᠤᠯᠳᠤᠭᠠᠨ᠎ᠳᠤ ᠣᠷᠣᠪᠠ᠃ ᠰᠢᠢᠳᠪᠦᠷᠢᠲᠦ ᠤᠷᠤᠯᠳᠤᠭᠠᠨ᠎ᠳᠤ ᠤᠷᠤᠯᠴᠠᠭᠰᠠᠳ ᠰᠤᠷᠤᠯᠭ᠎ᠠ ᠠᠮᠢᠳᠤᠷᠠᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠦᠵᠡᠭᠳᠡᠯᠲᠦ ᠵᠦᠴᠦᠭᠡ᠂ ᠴᠠᠷᠭᠢᠯ ᠬᠣᠯᠪᠣᠭ᠎ᠠ ᠵᠡᠷᠭᠡ ᠣᠯᠠᠨ ᠵᠦᠢᠯ᠎ᠦᠨ ᠬᠡᠯᠪᠡᠷᠢ᠎ᠪᠡᠷ ᠤᠨᠤᠯ ᠲᠦᠷᠦ ᠵᠢᠨ ᠪᠤᠳᠤᠯᠭ᠎ᠠ᠂ ᠡᠯ᠎ᠡ ᠵᠦᠢᠯ᠎ᠦᠨ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠢᠳᠠᠯ᠎ᠢ ᠨᠡᠭᠡᠭᠡᠭᠰᠡᠨ ᠠᠮᠢᠳᠤᠯᠢᠭ᠋ ᠦᠢᠯᠡᠳᠦᠯᠭᠡ᠎ᠶᠢ ᠤᠯᠠᠨ ᠬᠠᠷᠠᠭᠠᠰᠤ᠎ᠠᠴᠠ ᠢᠯᠡᠷᠡᠭᠦᠯᠵᠦ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠵᠠᠯᠠᠭᠤ ᠰᠤᠷᠤᠭ᠍ᠴᠢᠳ᠎ᠤᠨ ᠬᠠᠷᠢᠭᠤᠴᠠᠯᠭ᠎ᠠ ᠡᠭᠦᠷᠭᠡᠯᠡᠬᠦ ᠴᠤᠭ ᠪᠠᠳᠠᠷᠠᠩᠭᠤᠢ ᠳᠦᠷᠰᠦ ᠪᠠᠢᠳᠠᠯ᠎ᠢ ᠲᠥᠪᠯᠡᠷᠡᠩᠭᠦᠢ ᠢᠯᠡᠷᠡᠬᠦᠯᠵᠡᠢ᠃ ᠥᠷᠢᠰᠦᠯᠳᠦᠭᠡᠨ᠎ᠢᠶᠡᠷ ᠲᠠᠮᠵᠢᠨ᠂ ᠤᠷᠤᠯᠳᠤᠭᠠᠨ᠎ᠳᠤ 4 ᠣᠨᠴᠠ ᠲᠡᠰ᠎ᠤᠨ ᠱᠠᠩᠨᠠᠯ᠂ 6 ᠨᠢᠭᠡᠳᠦᠭᠡᠷ ᠳᠡᠰ᠎ᠤᠨ ᠱᠠᠩᠨᠠᠯ᠂ 10 ᠬᠣᠶᠠᠳᠤᠭᠠᠷ ᠳᠡᠰ᠎ᠤᠨ ᠱᠠᠩᠨᠠᠯ ᠢ᠋ ᠰᠢᠯᠭᠠᠷᠠᠭᠤᠯᠵᠤ᠂ 10 ᠶᠡᠬᠡ ᠳᠡᠭᠡᠳᠦ ᠰᠤᠷᠭᠠᠭᠤᠯᠢ ᠳ᠋ᠤ ᠰᠢᠯᠢᠳᠡᠭ ᠵᠣᠬᠢᠶᠠᠨ ᠪᠠᠢᠭᠤᠯᠤᠯᠲᠠ᠎ᠶᠢᠨ ᠱᠠᠩᠨᠠᠯᠬᠦᠷᠳᠡᠬᠡᠪᠡ᠃
ᠣᠢᠷ᠎ᠠ᠎ᠶᠢᠨ ᠵᠢᠯ᠎ᠳᠦ᠂ ᠮᠠᠨ᠎ᠤ ᠤᠷᠤᠨ ᠢᠮᠠᠭᠲᠠ ᠣᠨᠣᠯ᠎ᠢ ᠤᠬᠠᠭᠤᠯᠤᠨ ᠲᠠᠢᠯᠪᠤᠷᠢᠯᠠᠬᠤ᠎ᠶᠢ ᠶᠣᠰᠣ᠌ ᠰᠤᠷᠳᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠬᠤ ᠴᠢᠬᠤᠯᠠ ᠭᠠᠷᠳᠠᠴᠠ ᠪᠣᠯᠭᠠᠬᠤ᠎ᠶᠢ ᠪᠠᠷᠢᠮᠲᠠᠯᠠᠵᠤ᠂ ᠪᠠᠭ᠍ᠰᠢ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠂ ᠣᠶᠤᠲᠠᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠯᠠᠭᠠᠨ ᠪᠦᠴᠡᠲᠡᠨᠦ ᠤᠬᠠᠭᠤᠯᠤᠨ ᠲᠠᠢᠯᠪᠤᠷᠢᠯᠠᠬᠤ ᠪᠦᠯᠬᠦᠮ ᠵᠡᠷᠭᠡ ᠤᠯᠠᠨ ᠲᠡᠰ ᠳᠠᠪᠬᠤᠷᠭ᠎ᠠ᠎ᠶᠢᠨ ᠤᠬᠠᠭᠤᠯᠤᠨ ᠲᠠᠢᠯᠪᠤᠷᠢᠯᠠᠬᠤ ᠡᠩᠨᠡᠭᠡ᠎ᠶᠢ ᠨᠢᠭᠡᠳᠦᠯᠲᠡᠢ ᠲᠥᠯᠥᠪᠵᠢᠭᠦᠯᠦᠨ ᠪᠠᠢᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠪᠦᠯᠬᠦᠮ ᠵᠣᠬᠢᠶᠠᠨ ᠪᠠᠢᠭᠤᠯᠤᠨ ᠪᠤᠯᠪᠠᠰᠤᠷᠠᠭᠤᠯᠬᠤ ᠪᠡᠷ ᠳᠠᠮᠵᠢᠨ᠂ ᠨᠠᠮ᠎ᠤᠨ ᠰᠢᠨ᠎ᠡ᠎ᠡᠭᠦᠳᠦᠯᠳᠡ ᠵᠢᠨ ᠤᠨᠤᠯ᠎ᠢ ᠰᠤᠷᠭᠠᠭᠤᠯᠢ᠎ᠶᠢᠨ ᠬᠦᠷᠢᠶᠡᠨ᠎ᠳᠦ ᠦᠨᠳᠦᠰᠦᠯᠡᠭᠦᠯᠵᠦ᠂ ᠤᠶᠤᠨ ᠰᠠᠨᠠᠭᠠᠨ᠎ᠳᠤ ᠬᠠᠳᠠᠩᠰᠢᠭᠤᠯᠬᠤ᠎ᠶᠢ ᠠᠬᠢᠭᠤᠯᠪᠠ᠃