ᠵᠤᠨ ᠤ᠋ ᠡᠬᠢ ᠪᠠᠷ᠂ ᠬᠠᠷᠠᠴᠢᠨ ᠬᠤᠱᠢᠭᠤᠨ ᠤ᠋ ᠪᠠᠭ᠎ᠠ ᠨᠡᠬᠦᠴᠡ ᠪᠠᠯᠭᠠᠰᠤᠨ᠎ᠤ᠋ ᠠᠭᠤᠯᠠᠷᠬᠠᠭ ᠭᠠᠵᠠᠷ ᠤ᠋ᠨ ᠵᠢᠮᠢᠰ ᠤ᠋ᠨ ᠮᠤᠳᠤᠨ ᠤ᠋ ᠬᠤᠭᠤᠷᠤᠨᠳᠤ᠂ ᠲᠣᠰᠭᠤᠨ᠎ᠤ ᠠᠷᠠᠳ ᠭᠠᠷ ᠠᠨᠵᠢᠰᠤᠨ ᠮᠠᠱᠢᠨ ᠢ᠋ ᠲᠦᠯᠬᠢᠨ ᠨᠠᠭᠠᠰᠢ ᠴᠠᠭᠠᠰᠢ ᠶᠠᠪᠤᠵᠤ᠂ ᠬᠥᠳᠡᠯᠭᠡᠭᠦᠷ ᠮᠠᠱᠢᠨ ᠤ᠋ ᠬᠦᠩᠬᠢᠨᠡᠬᠦ ᠲᠠᠭᠤᠨ ᠤ᠋ ᠲᠤᠮᠳᠠ ᠬᠡᠰᠡᠭ ᠬᠡᠰᠡᠭ ᠬᠠᠲᠠᠭᠤ ᠬᠥᠷᠥᠰᠥ᠍ ᠵᠢ ᠲᠡᠭᠰᠢᠬᠡᠨ ᠤᠷᠪᠠᠭᠤᠯᠬᠤ ᠳ᠋ᠤ᠂ ᠴᠢᠬᠢᠭᠯᠢᠭ ᠬᠦᠷᠦᠰᠦ ᠬᠢᠭᠡᠳ ᠬᠦᠬᠡ ᠡᠪᠡᠰᠦᠨ ᠤ᠋ ᠠᠭᠤᠰᠤᠯᠴᠠᠭᠰᠠᠨ ᠭᠤᠶᠤ ᠰᠠᠢᠬᠠᠨ ᠦᠨᠦᠷ ᠬᠠᠩᠬᠤᠯᠤᠨ᠎ᠠ᠃
《ᠲᠤᠰ ᠬᠦᠷᠢᠶᠡᠯᠡᠩ ᠢ 2020 ᠣᠨ᠎ᠡᠴᠡ ᠡᠬᠢᠯᠡᠨ ᠪᠠᠢᠭᠤᠯᠵᠤ᠂ ᠡᠨᠡ ᠵᠢᠯ ᠲᠣᠭ᠍ᠲᠠᠭᠤᠨ ᠦᠢᠯᠡᠳᠪᠦᠷᠢᠯᠡᠯ ᠤᠨ ᠬᠤᠭᠤᠴᠠᠭᠠᠨ᠎ᠳᠤ ᠣᠷᠣᠵᠠᠢ᠃ ᠬᠡᠳᠦᠢᠪᠡᠷ ᠨᠡᠯᠢᠶᠡᠳ ᠶᠠᠭᠠᠷᠠᠯᠲᠠᠢ ᠪᠠᠢᠬᠤ ᠪᠣᠯᠪᠠᠴᠤ᠌ ᠣᠯᠠᠨ ᠵᠢᠡᠷ ᠵᠢᠡᠨᠮᠠᠰᠢ ᠪᠠᠶᠠᠷᠯᠠᠵᠤ ᠪᠠᠢᠨ᠎ᠠ 》 ᠭᠡᠵᠤ ᠪᠠᠢ ᠱ᠌ᠢᠲᠡᠢ ᠭᠸᠦ ᠲᠣᠰᠭᠣᠨ ᠤ᠋ ᠲᠠᠪᠤᠳᠤᠭᠠᠷ ᠳᠤᠭᠤᠢᠯᠠᠩ ᠤ᠋ᠨ ᠠᠷᠠᠳ ᠵᠠᠩ ᠭᠦᠸᠧ ᠷᠦᠢ ᠶᠠᠷᠢᠨ᠎ᠠ᠃ ᠵᠠᠩ ᠭᠦᠸᠧ ᠷᠦᠢ ᠵᠢᠨ ᠶᠠᠷᠢᠵᠤ ᠪᠠᠢᠭ᠎ᠠ 《 ᠬᠦᠷᠢᠶᠡᠯᠡᠩ 》 ᠨᠢ ᠪᠠᠭ᠎ᠠ ᠨᠡᠭᠦᠴᠡ ᠪᠠᠯᠭᠠᠰᠤᠨ᠎ᠤ ᠪᠠᠢ ᠱᠢ᠎ᠲᠠᠢ ᠭᠸᠤ ᠲᠣᠰᠭᠤᠨ᠎ᠤ ᠬᠠᠢᠳᠠᠩ ᠵᠢᠮᠢᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠢ᠋ ᠵᠢᠭᠠᠵᠤ᠂ ᠲᠡᠷᠡ ᠨᠢ ᠬᠠᠷᠠᠴᠢᠨ ᠬᠤᠱᠢᠭᠤᠨ᠎ᠤ ᠠᠵᠤ ᠦᠢᠯᠡᠰ᠎ᠢᠶᠠᠷ ᠠᠵᠢᠯ ᠣᠯᠭᠤᠯᠳᠠ ᠳ᠋ᠦ ᠬᠦᠴᠦᠨ ᠴᠢᠳᠠᠪᠤᠷᠢ ᠤᠯᠭᠤᠵᠤ᠂ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠢ ᠰᠠᠢᠵᠢᠷᠠᠭᠤᠯᠤᠬᠰᠠᠨ ᠨᠡᠢᠲᠡᠯᠢᠭ ᠦᠢᠯᠡᠳᠦᠯᠭᠡ ᠪᠣᠯᠤᠨ᠎ᠠ᠃ ᠡᠨᠡ ᠬᠦ᠌ 500 ᠮᠦ᠍ ᠲᠠᠯᠠᠪᠠᠢ ᠲᠠᠢ ᠵᠢᠱ᠌ᠢᠶ᠎ᠡ ᠦᠵᠡᠭᠦᠯᠬᠦ᠌ ᠬᠦᠷᠢᠶᠡᠯᠡᠩ ᠢ᠋ ᠠᠭᠤᠯᠠᠷᠬᠠᠭ ᠭᠠᠵᠠᠷ ᠤ᠋ᠨ ᠪᠠᠢᠳᠠᠯ ᠢ᠋ ᠦᠨᠳᠦᠰᠦᠯᠡᠨ ᠪᠠᠢᠭᠤᠯᠵᠤ᠂ ᠬᠦᠢᠲᠡᠨ ᠳ᠋ᠦ ᠲᠡᠰᠪᠦᠷᠢᠲᠡᠢ ᠤᠯᠠᠭᠠᠨ ᠠᠯᠢᠮ᠎ᠠ᠂ ᠹᠦ ᠱ᠌ᠢ ᠠᠯᠮᠤᠷᠠᠳ᠂ ᠬᠠᠢᠲᠠᠩ ᠵᠢᠮᠢᠰ ᠵᠡᠷᠭᠡ ᠱᠢᠯᠢᠳᠡᠭ ᠡᠬᠦᠯᠲᠡᠷ ᠤ᠋ᠨ ᠵᠢᠮᠢᠰ᠎ᠤᠨ ᠮᠣᠳᠣ ᠲᠠᠷᠢᠵᠤ᠂ ᠡᠭᠦᠨ᠎ᠤ ᠳᠣᠲᠣᠷ᠎ᠠ ᠬᠠᠢᠲᠠᠩ ᠵᠢᠮᠢᠰ ᠲᠠᠷᠢᠭ᠍ᠰᠠᠨ ᠲᠠᠯᠠᠪᠠᠢ ᠨᠢ 100 ᠮᠦ᠍᠎ᠳᠤ ᠬᠦᠷᠴᠤ ᠪᠤᠢ᠃ ᠵᠠᠩ ᠭᠦᠸᠧ ᠷᠦᠢ ᠄ 《 ᠬᠠᠪᠤᠷ᠎ᠤᠨ ᠤᠯᠠᠷᠢᠯ᠎ᠳᠤ ᠰᠠᠯᠠᠭ᠎ᠠ ᠵᠢ ᠨᠢ ᠵᠠᠰᠠᠬᠤ᠎ᠡᠴᠡ ᠡᠬᠢᠯᠡᠨ᠂ ᠡᠮ ᠰᠦᠷᠴᠢᠬᠦ᠂ ᠤᠰᠤᠯᠠᠬᠤ᠂ ᠪᠣᠷᠳᠣᠭᠤᠷ ᠣᠷᠣᠭᠤᠯᠬᠤ᠂ ᠲᠠᠷᠢᠶ᠎ᠠ ᠠᠷᠴᠢᠬᠤ᠂ ᠡᠪᠡᠰᠦ ᠠᠷᠢᠯᠭᠠᠬᠤ ᠡᠴᠡ ᠨᠠᠮᠤᠷ ᠤ᠋ᠨ ᠤᠯᠠᠷᠢᠯ ᠳ᠋ᠤ ᠵᠢᠮᠢᠰ ᠲᠡᠭᠦᠬᠦ ᠬᠦᠷᠳᠡᠯ᠎ᠡ᠂ ᠶᠠᠭᠠᠷᠠᠤ ᠦᠶ᠎ᠡ᠎ᠳᠤ ᠨᠢᠭᠡ ᠡᠳᠦᠷ ᠲᠤ᠌ 50 ᠭᠠᠷᠤᠶ ᠬᠥᠮᠦᠨ ᠬᠡᠷᠡᠭ᠌ᠯᠡᠵᠦ᠍ ᠪᠠᠢᠨ᠎ᠠ᠃ ᠨᠠᠮᠤᠷ ᠤ᠋ᠨ ᠤᠯᠠᠷᠢᠯ ᠵᠢᠮᠢᠰ ᠲᠡᠭᠦᠬᠦ ᠬᠠᠮᠤᠭ ᠤ᠋ᠨ ᠶᠠᠭᠠᠷᠠᠤ ᠦᠶᠡᠰ ᠲᠤ᠌ ᠨᠢᠭᠡ ᠡᠳᠦᠷ ᠵᠠᠭᠤ ᠭᠠᠷᠤᠢ ᠬᠥᠮᠥᠨ ᠬᠡᠷᠡᠭ᠌ᠯᠡᠨ᠎ᠡ 》 ᠬᠡᠵᠤ ᠰᠤᠷᠪᠤᠯᠵᠢᠯᠠᠭᠴᠢ ᠳ᠋ᠦ ᠶᠠᠷᠢᠵᠠᠢ᠃
ᠬᠥᠳᠡᠭᠡ ᠲᠣᠰᠭᠣᠨ᠎ᠤ ᠤᠯᠠᠩᠬᠢ ᠳᠤᠮᠳᠠ ᠨᠠᠰᠤᠨ ᠤ᠋ ᠬᠦᠮᠦᠨ ᠳ᠋ᠤ ᠠᠪᠴᠤ᠌ ᠬᠡᠯᠡᠪᠡᠯ᠂ ᠭᠠᠳᠠᠭ᠍ᠰᠢ ᠭᠠᠷᠴᠤ᠌ ᠬᠦᠯᠦᠰᠦᠨ ᠠᠵᠢᠯ ᠬᠢᠬᠦ ᠨᠢ ᠭᠡᠷ ᠪᠦᠯᠢ ᠳ᠋ᠡᠭᠡᠨ ᠲᠠᠳᠠᠭᠳᠠᠬᠤ ᠪᠡᠷ ᠪᠠᠷᠠᠬᠤ ᠦᠭᠡᠢ ᠨᠠᠰᠤ ᠵᠢᠯ᠎ᠦᠨ ᠬᠢᠨᠢ ᠤᠨᠴᠠᠯᠢᠭ ᠲᠤ᠌ ᠲᠤᠬᠢᠷᠠᠬᠤ ᠦᠭᠡᠢ ᠪᠤᠯᠤᠭᠰᠠᠨ ᠤᠴᠢᠷ ᠡᠴᠡ ᠣᠢᠷ᠎ᠠ ᠬᠠᠪᠢ᠎ᠳᠠᠭᠠᠨ ᠠᠵᠢᠯ ᠤᠯᠬᠤ ᠨᠢ ᠬᠠᠮᠤᠭ᠎ᠤᠨ ᠰᠠᠢᠨ ᠶᠤᠮ᠃ ᠭᠤᠷᠪᠠᠳᠤᠭᠠᠷ ᠳᠤᠭᠤᠢᠯᠠᠩ᠎ᠤᠨ ᠲᠣᠰᠭᠤᠨ᠎ᠤ ᠠᠷᠠᠳ ᠯᠢ ᠭᠦᠸᠧ ᠶᠢᠩ ᠪᠣᠯ ᠳᠠᠷᠤᠢ ᠲᠡᠭᠦᠨ᠎ᠤ ᠳᠣᠲᠣᠷᠠᠬᠢ ᠨᠢᠭᠡ ᠭᠡᠱᠢᠭᠦᠨ ᠪᠠᠢᠵᠤ᠂ ᠲᠡᠷᠡ ᠪᠡᠷ ᠭᠡᠷ ᠲᠡᠭᠡᠨ ᠨᠠᠰᠤᠲᠠᠨ ᠵᠢᠡᠨ ᠠᠰᠠᠷᠠᠨ ᠬᠠᠷᠠᠭᠠᠯᠵᠠᠵᠤ᠂ ᠡᠳᠦᠷ ᠪᠦᠷᠢ ᠬᠡᠦᠬᠡᠳ᠎ᠢᠶᠠᠨ ᠲᠤᠰᠴᠤ᠌ ᠬᠦᠷᠭᠡᠬᠦ᠌ ᠴᠢᠬᠤᠯᠠᠲᠠᠢ ᠪᠤᠯᠬᠤᠷ ᠭᠠᠳᠠᠭ᠍ᠰᠢ ᠭᠠᠷᠴᠤ᠌ ᠬᠦᠴᠦ᠍ ᠶᠠᠪᠤᠬᠤ᠎ᠶ᠋ᠢᠨ ᠠᠷᠭ᠎ᠠ ᠦᠭᠡᠢ ᠶᠤᠮ᠃ 《ᠭᠡᠷ᠎ᠤᠨ ᠵᠢᠡᠨ ᠤᠢᠷᠠᠯᠴᠠᠭ᠎ᠠ ᠠᠵᠢᠯ ᠬᠢᠵᠤ ᠡᠳᠦᠷ᠎ᠲᠤ 100 ᠭᠠᠷᠤᠢ ᠲᠥᠭᠦᠷᠢᠭ ᠣᠯᠵᠤ ᠪᠤᠢ᠂ ᠭᠡᠷ ᠪᠦᠯᠢ ᠵᠢᠨ ᠤᠴᠢᠷ ᠶᠠᠪᠤᠳᠠᠯ᠎ᠢ ᠰᠠᠭᠠᠲᠠᠭᠠᠬᠤ ᠦᠭᠡᠢ ᠮᠥᠷᠲᠡᠭᠡᠨ ᠪᠡᠶ᠎ᠡ᠎ᠪᠠᠨ ᠪᠣᠯᠪᠠᠰᠤᠷᠠᠴᠢᠬᠠᠨᠠ 》 ᠭᠡᠵᠦ ᠲᠡᠷᠡ ᠠᠷᠴᠢᠭᠤᠷ᠎ᠢᠶᠠᠷ ᠬᠦᠷᠦᠰᠦ ᠱᠢᠷᠣᠢ ᠵᠢ ᠲᠠᠯᠬᠠᠳᠠᠬᠤ ᠵᠢᠨ ᠲᠠᠭᠠᠦ ᠪᠠᠶᠠᠷᠳᠠᠢᠬᠠᠨ ᠬᠡᠯᠡᠪᠡ᠃ ᠬᠦᠷᠢᠶᠡᠯᠡᠩ᠎ᠳᠤ ᠬᠥᠯᠥᠰᠥᠨ ᠠᠵᠢᠯ ᠬᠢᠵᠦ᠍ ᠪᠠᠢᠭ᠎ᠠ ᠯᠢ ᠭᠦᠸᠧ ᠶᠢᠩ ᠮᠡᠳᠤ ᠲᠣᠰᠭᠤᠨ᠎ᠤ ᠠᠷᠠᠳ ᠵᠢᠯ ᠲᠤᠷᠰᠢ 40 ᠬᠦᠮᠤᠨ ᠤᠷᠴᠢᠮ ᠪᠠᠢᠵᠤ᠂ ᠵᠢᠮᠢᠰ ᠤᠨ ᠬᠦᠷᠢᠶᠡᠯᠡᠩ᠎ᠨᠢ ᠲᠡᠳᠡᠨᠤᠰ ᠤ᠋ᠨ《ᠭᠡᠷ ᠢᠶᠠᠨ ᠬᠠᠷᠠᠭᠠᠯᠵᠠᠨ᠂ ᠠᠵᠢᠯ ᠬᠢᠵᠦ᠍᠂ ᠤᠷᠤᠯᠭ᠎ᠠ ᠪᠠᠨ ᠨᠡᠮᠡᠭᠳᠡᠬᠦᠯᠬᠦ 》 ᠬᠠᠷᠠᠯᠳᠠ ᠵᠢ ᠪᠡᠶᠡᠯᠡᠬᠦᠯᠦᠭᠰᠡᠨ ᠪᠠᠢᠨ᠎ᠠ᠃
ᠠᠵᠤ ᠦᠢᠯᠡᠰ ᠬᠦᠭᠵᠢᠪᠡᠯ ᠠᠷᠠᠳ ᠤᠯᠠᠨ ᠤ᠋ ᠤᠷᠤᠯᠭ᠎ᠠ ᠠᠶᠠᠨ᠎ᠳᠠᠭᠠᠨ ᠨᠡᠮᠡᠭᠳᠡᠳᠡᠭ᠃ ᠬᠤᠷᠰᠢᠶ᠎ᠠ ᠵᠢᠨ ᠬᠠᠷᠢᠭᠤᠴᠠᠯᠭᠠᠲᠠᠨ ᠤ᠋ ᠲᠠᠨᠢᠯᠴᠠᠭᠤᠯᠤᠭᠰᠠᠨ ᠵᠢᠡᠷ᠂ ᠶ᠋ᠢᠨ ᠱᠢᠦ ᠬᠠᠢᠲᠠᠩ ᠵᠢᠮᠢᠰ ᠨᠢ ᠭᠠᠩ ᠬᠠᠭ᠍ᠰᠠᠷᠠᠭᠠᠨ ᠳ᠋ᠤ ᠲᠡᠰᠪᠦᠷᠢᠳᠡᠢ ᠬᠦᠢᠳᠡᠨ᠎ᠳᠤ ᠲᠠᠭᠠᠭᠠᠮᠠᠭᠠᠢ᠂ ᠵᠢᠮᠢᠰ ᠤ᠋ᠨ ᠬᠡᠯᠪᠡᠷᠢ ᠨᠢ ᠭᠤᠶᠤ ᠰᠠᠢᠬᠠᠨ᠂ ᠠᠮᠲᠠ᠎ᠨᠢ ᠰᠢᠬᠢᠷᠯᠢᠭ᠂ ᠬᠠᠳᠠᠭᠠᠯᠠᠬᠤ ᠬᠤᠭᠤᠴᠠᠭ᠎ᠠ ᠨᠢ ᠤᠷᠳᠤ ᠪᠤᠯᠬᠤᠷ ᠵᠠᠬ᠎ᠠ ᠳᠡᠯᠭᠡᠭᠦᠷ᠎ᠤᠨ ᠮᠡᠳᠡᠷᠡᠮᠵᠢ᠎ᠶ᠋ᠢᠨ ᠬᠡᠮᠵᠢᠶ᠎ᠡ ᠥᠨᠳᠥᠷ᠂ ᠵᠠᠬ᠎ᠠ ᠳᠡᠯᠭᠡᠭᠦᠷ᠎ᠤᠨ ᠦᠨ᠎ᠡ ᠨᠢ ᠵᠢᠩ ᠪᠦᠷᠢ ᠳ᠋ᠡᠬᠡᠨ ᠲᠠᠪᠤ ᠵᠢᠷᠭᠤᠭᠠᠨ ᠲᠥᠭᠦᠷᠢᠭ᠎ᠲᠤ ᠬᠦᠷᠴᠦ᠍᠂ ᠴᠢᠨᠠᠷ ᠰᠠᠢᠲᠠᠢ ᠵᠢᠮᠢᠰ᠎ᠢ ᠬᠠᠮᠤᠭ᠎ᠤᠨ ᠥᠨᠳᠥᠷ᠎ᠲᠡᠭᠡᠨ ᠨᠢᠬᠡ ᠵᠢᠩ ᠢ᠋ ᠨᠢ 8 ᠲᠥᠭᠦᠷᠢᠭ ᠵᠢᠡᠷ ᠬᠤᠳᠠᠯᠳᠤᠵᠤ ᠪᠠᠢᠨ᠎ᠠ᠃ ᠣᠳᠣᠬᠠᠨ᠎ᠳᠤ ᠵᠢᠮᠢᠰ᠎ᠤᠨ ᠬᠦᠷᠢᠶᠡᠯᠡᠩ ᠵᠢᠯ᠎ᠳᠤ 20 ᠲᠦᠮᠡᠨ ᠵᠢᠩ ᠱᠢᠨ᠎ᠡ ᠰᠣᠷᠭᠤᠭ ᠵᠢᠮᠢᠰ ᠬᠤᠷᠢᠶᠠᠵᠤ᠂ ᠵᠢᠯ᠎ᠤᠨ ᠣᠷᠣᠯᠭ᠎ᠠ 100 ᠭᠠᠷᠤᠢ ᠲᠦᠮᠡᠨ ᠲᠥᠭᠦᠷᠢᠭ᠎ᠲᠤ ᠬᠦᠷᠴᠦ᠍᠂ ᠡᠯᠪᠡᠭ ᠬᠤᠷᠢᠶᠠᠯᠲᠠ᠎ᠶ᠋ᠢᠨ ᠬᠤᠭᠤᠴᠠᠭᠠᠨ᠎ᠳᠤ ᠣᠷᠣᠭᠰᠠᠨ ᠤ᠋ ᠲᠠᠷᠠᠭ᠎ᠠ ᠠᠵᠤ ᠦᠢᠯᠡᠰ᠎ᠤᠨ ᠦᠷ᠎ᠡ ᠠᠱᠢᠭ ᠪᠠᠰᠠ ᠶᠡᠭᠡ ᠬᠡᠮᠵᠢᠶ᠎ᠡ᠎ᠪᠠᠷ ᠳᠡᠭᠡᠭ᠌ᠰᠢᠯᠡᠬᠦ᠌ ᠪᠣᠯᠤᠨ᠎ᠠ᠃ ᠤᠳᠤᠬᠠᠨ᠎ᠳᠤ᠂ ᠡᠨᠡ ᠬᠦ᠌ 《ᠬᠠᠢᠲᠠᠩ ᠵᠢᠮᠢᠰ ᠤ᠋ᠨ ᠬᠦᠷᠢᠶᠡᠯᠡᠩ 》 ᠨᠢ ᠬᠠᠷᠠᠴᠢᠨ ᠬᠤᠱᠢᠭᠤᠨ᠎ᠤ ᠠᠭᠤᠯᠠᠷᠬᠠᠭ ᠭᠠᠵᠠᠷ ᠤᠨ ᠣᠶ ᠵᠢᠨ ᠵᠢᠮᠢᠰ ᠤᠨ ᠪᠠᠷᠢᠮᠵᠢᠶᠠᠵᠢᠭᠤᠯᠤᠭ᠍ᠰᠠᠨ ᠲᠠᠷᠢᠵᠤ ᠤᠷᠭᠤᠭᠤᠯᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ ᠪᠤᠯᠤᠬᠰᠠᠨ᠎ᠢᠶᠡᠷ ᠪᠠᠷᠠᠬᠤ ᠥᠬᠡᠶ᠂ ᠮᠦᠨ ᠴᠤ᠌ ᠲᠣᠰᠭᠤᠨ᠎ᠤ ᠠᠷᠠᠳ᠎ᠢ ᠳᠠᠢᠴᠢᠯᠠᠨ ᠣᠢᠷ᠎ᠠ ᠬᠠᠪᠢ᠎ᠳᠠᠭᠠᠨ ᠠᠵᠢᠯ ᠣᠯᠭᠤᠵᠤ᠂ ᠣᠷᠣᠯᠭ᠎ᠠ᠎ᠪᠠᠨ ᠲᠣᠭ᠍ᠲᠠᠭᠤᠨ᠎ᠢᠶᠠᠷ ᠨᠡᠮᠡᠭ᠌ᠳᠡᠭᠦᠯᠬᠦ᠌ ᠠᠷᠠᠳ᠎ᠤᠨ ᠠᠮᠢᠳᠤᠷᠠᠯ᠎ᠤᠨ ᠲᠠᠪᠴᠠᠩ ᠪᠣᠯᠤᠭᠰᠠᠨ ᠪᠠᠢᠨ᠎ᠠ᠃
ᠣᠢᠷ᠎ᠠ᠎ᠶ᠋ᠢᠨ ᠵᠢᠯ ᠡᠴᠡ ᠨᠠᠭᠠᠰᠢ᠂ ᠬᠠᠷᠠᠴᠢᠨ ᠬᠤᠰᠢᠭᠤ ᠠᠭᠤᠯᠠᠷᠬᠠᠭ ᠣᠷᠣᠨ᠎ᠤ ᠡᠬᠢ ᠪᠠᠶᠠᠯᠢᠭ᠎ᠤᠨ ᠥᠪᠡᠷᠮᠢᠴᠡ ᠳᠠᠪᠠᠭᠤᠯᠢᠭ᠎ᠲᠠᠭᠠᠨ ᠲᠦᠱᠢᠭ᠌ᠯᠡᠨ᠂ 《ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠨ᠂ ᠠᠵᠤ ᠦᠢᠯᠡᠰ ᠵᠢᠨᠷ ᠠᠷᠠᠳ ᠢ ᠪᠠᠶᠠᠵᠢᠭᠤᠯᠬᠤ》 ᠬᠥᠭ᠌ᠵᠢᠯᠲᠡ᠎ᠶ᠋ᠢᠨ ᠰᠡᠳᠭᠢᠮᠵᠢ᠎ᠶ᠋ᠢ ᠪᠠᠲᠤ ᠰᠠᠬᠢᠵᠤ᠂ ᠬᠠᠢᠳᠠᠩ ᠵᠢᠮᠢᠰ᠂ ᠲᠣᠮᠣ ᠬᠠᠪᠲᠠᠭᠠᠶ ᠭᠦᠢᠯᠡᠰᠦ᠂ ᠠᠯᠢᠮᠠᠨ ᠠᠯᠮᠤᠷᠠᠳ ᠵᠡᠷᠭᠡ ᠭᠠᠩ ᠬᠠᠭᠰᠠᠷᠠᠭᠠᠨ ᠳ᠋ᠤ ᠲᠡᠰᠪᠦᠷᠢᠳᠡᠢ ᠬᠦᠢᠲᠡᠨ᠎ᠳᠤ ᠲᠠᠭᠠᠭᠠᠮᠠᠭᠠᠢ ᠴᠢᠨᠠᠷ ᠰᠠᠢᠲᠠᠶ ᠣᠶ ᠵᠢᠨ ᠵᠢᠮᠢᠰ᠎ᠤᠨ ᠲᠥᠷᠥᠯ ᠡᠭᠦᠯᠲᠡᠷ ᠢ ᠶᠡᠬᠡ ᠪᠡᠷ ᠬᠥᠭ᠌ᠵᠢᠭᠦᠯᠵᠦ᠍᠂ 《ᠬᠤᠷᠱᠢᠶ᠎ᠠ + ᠰᠠᠭᠤᠷᠢᠨ + ᠲᠠᠷᠢᠶᠠᠴᠢᠨ ᠡᠷᠦᠬᠡ》 ᠵᠢᠨ ᠡᠵᠡᠩᠨᠡᠯᠲᠡ᠎ᠶ᠋ᠢᠨ ᠵᠠᠭ᠍ᠪᠤᠷ᠎ᠢ ᠳᠡᠯᠭᠡᠷᠡᠭᠦᠯᠦᠨ᠂ ᠭᠠᠵᠠᠷ ᠱᠢᠷᠣᠶ᠎ᠶ᠋ᠢ ᠡᠷᠭᠢᠯᠲᠡ᠎ᠳᠤ ᠣᠷᠣᠭᠤᠯᠬᠤ᠂ ᠰᠠᠭᠤᠷᠢᠨ ᠳ᠋ᠤ ᠬᠦᠴᠦ᠍ ᠶᠠᠪᠤᠬᠤ᠂ ᠬᠤᠪᠢ ᠣᠷᠣᠭᠤᠯᠵᠤ ᠠᠱᠢᠭ ᠬᠤᠪᠢᠶᠠᠬᠤ ᠵᠡᠷᠭᠡ ᠣᠯᠠᠨ ᠡᠱᠢᠲᠦ ᠠᠱᠢᠭ ᠲᠤᠰᠠ᠎ᠶ᠋ᠢᠨ ᠬᠤᠯᠪᠣᠭᠠᠨ᠎ᠤ ᠲᠣᠭ᠍ᠲᠡᠴᠡ᠎ᠪᠠᠷ ᠳᠠᠮᠵᠢᠭᠤᠯᠤᠨ᠂ 《ᠬᠡᠷ ᠤᠨ ᠵᠢᠡᠨ ᠡᠭᠦᠳᠡᠨ᠎ᠳᠤ ᠠᠵᠢᠯ ᠣᠯᠵᠤ᠂ ᠠᠵᠤ ᠦᠢᠯᠡᠰ᠎ᠤᠨ ᠬᠡᠯᠬᠢᠶ᠎ᠡ᠎ᠪᠠᠷ ᠣᠷᠣᠯᠭ᠎ᠠ ᠪᠠᠨ ᠨᠡᠮᠡᠭ᠌ᠳᠡᠭᠦᠯᠬᠦ᠌ 》 ᠠᠷᠠᠳ᠎ᠢ ᠪᠠᠶᠠᠵᠢᠭᠤᠯᠬᠤ ᠪᠠᠢᠷᠢᠱᠢᠯ ᠢ ᠪᠦᠷᠢᠯᠳᠦᠬᠦᠯᠵᠦ᠂ ᠠᠮᠢ ᠠᠬᠤᠶ ᠶ᠋ᠢᠨ ᠳᠠᠪᠠᠭᠤᠯᠢᠭ ᠢ ᠠᠷᠠᠳ᠎ᠢ ᠪᠠᠶᠠᠵᠢᠭᠤᠯᠤᠨ ᠲᠣᠰᠭᠤᠨ ᠢ ᠬᠥᠭ᠌ᠵᠢᠭᠦᠯᠬᠦ᠌ ᠬᠥᠭ᠌ᠵᠢᠯᠲᠡ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠪᠠ᠃
ᠬᠠᠷᠠᠴᠢᠨ ᠬᠤᠱᠢᠭᠤ ᠤᠢ ᠵᠢᠨ ᠵᠢᠮᠢᠰ᠎ᠤᠨ ᠤᠨᠴᠠᠯᠢᠬ᠍ᠳᠤ ᠠᠵᠤ ᠦᠢᠯᠡᠰ᠎ᠢ ᠦᠷᠭᠦᠯᠵᠢᠯᠡᠨ ᠭᠦᠨᠵᠡᠭᠡᠢ ᠬᠥᠭ᠌ᠵᠢᠭᠦᠯᠵᠦ᠍᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠤ᠂ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤᠨ᠎ᠤ ᠦᠡᠭ᠌ᠭᠡ ᠦᠵᠡᠮᠵᠢ᠎ᠶ᠋ᠢ ᠨᠡᠩ ᠭᠤᠶᠤᠵᠢᠭᠤᠯᠵᠤ᠂《ᠠᠯᠳᠠ ᠮᠥᠩᠭᠦᠨ ᠠᠭᠤᠯᠠ》 ᠶ᠋ᠢᠨ ᠶᠠᠰᠤ ᠴᠢᠨᠠᠷ ᠢ᠋ ᠨᠡᠩ ᠰᠠᠢᠵᠢᠷᠠᠭᠤᠯᠵᠤ᠂ ᠱᠢᠨ᠎ᠡ ᠴᠠᠭ ᠦᠶ᠎ᠡ᠎ᠶ᠋ᠢᠨ ᠬᠥᠳᠡᠭᠡ ᠲᠣᠰᠭᠤᠨ ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠪᠤᠯᠤᠨ᠎ᠠ᠃