ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠪᠠ
2026-06-16 09:59:06
ᠵᠣᠬᠢᠶᠠᠭ᠍ᠴᠢ᠄
​ᠰᠦᠩ ᠱᠤᠸᠠᠩ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠪᠥᠬᠥ᠌ ᠣᠷᠣᠨ᠎ᠤ ᠲᠣᠨᠣᠭᠯᠠᠯ ᠦᠢᠯᠡᠳᠬᠦ ᠪᠠ ᠮᠠᠲ᠋ᠧᠷᠢᠶᠠᠯ᠎ᠤᠨ ᠠᠵᠤ ᠦᠢᠯᠡᠳᠪᠦᠷᠢ᠂ ᠮᠠᠯ ᠠᠵᠤ ᠠᠬᠤᠶ᠎ᠲᠠᠷᠢᠶᠠᠯᠠᠩ᠎ᠤᠨ ᠠᠵᠤ ᠦᠢᠯᠡᠰ ᠵᠢᠴᠢ ᠲᠥᠷᠥᠯ ᠲᠡᠮᠳᠡᠭ ᠤ᠋ᠨ ᠪᠠᠶ᠋ᠢᠭᠤᠯᠤᠯᠲᠠ ᠵᠡᠷᠭᠡ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠲᠠᠷᠠᠭᠠᠴᠢ᠎ᠶᠢᠨ ᠠᠯᠬᠤᠮ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠦᠢᠯᠡᠳᠬᠦ᠌ ᠦᠢᠯᠡᠰ᠎ᠦᠨ ᠬᠦᠴᠦᠷᠬᠡᠭ ᠤᠯᠤᠰ᠎ᠤᠨ ᠲᠤᠬᠠᠢ ᠴᠢᠬᠤᠯᠠ ᠥᠭᠦᠯᠡᠯᠲᠡ ᠪᠣᠯᠤᠨ ᠨᠠᠮ᠎ᠤᠨ ᠲᠥᠪ ᠬᠣᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠤᠶᠤᠨᠴᠢᠯᠠᠬᠤ᠂ ᠪᠣᠬᠢᠷᠲᠤᠯ ᠦᠭᠡᠢᠵᠢᠭᠦᠯᠬᠦ᠂ ᠠᠭᠤᠰᠤᠯᠴᠠᠭᠤᠯᠬᠤ ᠴᠢᠭᠯᠡᠯ᠎ᠢ ᠪᠠᠳᠤ ᠡᠵᠡᠮᠳᠡᠵᠤ᠂ ᠮᠠᠨ᠎ᠤ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ ᠪᠣᠯᠤᠨ ᠠᠵᠤ ᠦᠢᠯᠡᠰ᠎ᠦᠨ ᠣᠨᠴᠠᠯᠢᠭ᠎ᠲᠤ᠌ ᠰᠠᠭᠤᠷᠢᠯᠠᠵᠤ᠂ ᠲᠡᠷᠢᠭᠦᠨ᠎ᠦ ᠦᠢᠯᠡᠳᠬᠦ᠌ ᠦᠢᠯᠡᠰ᠎ᠢᠶᠡᠷ ᠭᠣᠣᠯᠯᠠᠭᠴᠢ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ ᠤᠯᠠᠮᠵᠢᠯᠠᠯᠲᠤ᠌ ᠦᠢᠯᠡᠳᠬᠦ᠌ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ᠌᠎ᠶᠢ ᠠᠬᠢᠭᠤᠯᠵᠤ᠂ 《ᠤᠶᠤᠨᠴᠢᠯᠠᠯᠳᠠ ᠲᠡᠢᠰᠢ ᠥᠭᠡᠷᠡᠴᠢᠯᠡᠵᠤ ᠲᠤᠭᠠᠴᠢᠯᠠᠯᠳᠠ ᠲᠡᠢᠰᠢ ᠬᠤᠪᠢᠷᠠᠭᠤᠯᠬᠤ》 ᠵᠢ ᠭᠦᠨᠵᠡᠭᠡᠶ᠋ᠢᠷᠡᠭᠦᠯᠦᠨ᠂ ᠬᠣᠪᠣᠷ ᠰᠢᠷᠣᠢ᠂ ᠤᠳᠤ ᠦᠶ᠎ᠡ᠎ᠶᠢᠨ ᠨᠡᠭᠦᠷᠡᠰᠦᠨ᠎ᠤ ᠬᠢᠮᠢ᠎ᠶᠢᠨ ᠠᠵᠤ ᠦᠢᠯᠡᠳᠪᠦᠷᠢ᠂ ᠥᠩᠭᠡᠲᠦ᠍ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠰᠠᠯᠬᠢ ᠭᠡᠷᠡᠯ ᠢ᠋ ᠤᠰᠤᠲᠦ᠋ᠷᠤᠭ᠌ᠴᠢᠵᠢᠬᠥᠯᠤᠨ ᠬᠠᠳᠠᠭᠠᠯᠠᠬᠤ᠂ ᠴᠠᠬᠢᠯᠭᠠᠨ ᠬᠦᠴᠦᠨ᠎ᠦ ᠲᠥᠬᠥᠭᠡᠷᠦᠮᠵᠢ᠂ ᠠᠭᠤᠷᠬᠠᠢ᠎ᠶᠢᠨ ᠮᠧᠬᠠᠨᠢᠭ ᠵᠡᠷᠭᠡ ᠲᠣᠨᠣᠭᠯᠠᠯ ᠦᠢᠯᠡᠳᠬᠦ᠌ ᠦᠢᠯᠡᠰ᠎ᠦᠨ ᠬᠡᠪᠴᠢᠶ᠎ᠡ᠎ᠶᠢ ᠥᠷᠭᠡᠳᠬᠡᠬᠦ᠌ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠢ᠎ᠶᠢᠨ ᠠᠵᠤ ᠦᠢᠯᠡᠰ᠎ᠢ ᠬᠥᠭᠵᠢᠭᠦᠯᠵᠦ᠍᠂ ᠵᠣᠬᠢᠶᠠᠮᠠᠯ ᠤᠶᠤᠨ ᠴᠢᠳᠠᠪᠤᠷᠢ᠂ ᠤᠢᠷ᠎ᠠ ᠣᠭᠲᠠᠷᠭᠤᠢ᠎ᠶᠢᠨ ᠠᠵᠤ ᠠᠬᠤᠢ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠠᠮᠢᠳᠤ ᠪᠣᠳᠠᠰ᠎ᠤᠨ ᠦᠢᠯᠡᠳᠬᠡᠯ ᠵᠡᠷᠭᠡ ᠬᠦᠷᠢᠶᠡᠨ᠎ᠦ ᠲᠣᠭᠣᠷᠢᠨ᠎ᠳᠤ᠂ ᠨᠢᠭᠡ ᠪᠦᠯᠦᠭ ᠴᠢᠬᠤᠯᠠ ᠶᠡᠬᠡ ᠲᠦᠷᠦᠯ ᠵᠦᠢᠯ ᠢ᠋ ᠤᠬᠠᠭᠠᠯᠠᠨ ᠲᠦᠯᠦᠪᠯᠡᠵᠦ ᠬᠡᠷᠡᠭᠵᠢᠭᠦᠯᠦᠨ᠂ ᠭᠣᠣᠯ ᠠᠵᠤ ᠠᠬᠤᠶ᠋ᠢᠯᠠᠯ ᠪᠣᠯᠤᠨ ᠲᠤᠰᠬᠠᠢ  ᠨᠠᠷᠢᠯᠢᠭ ᠣᠨᠴᠠ ᠰᠢᠨ᠎ᠡ ᠠᠵᠤ ᠠᠬᠤᠶ᠋ᠢᠯᠠᠯ᠎ᠢ ᠱᠠᠳᠤᠯᠢᠭ ᠵᠢᠡᠷ ᠪᠣᠶ᠋ᠢᠵᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠦᠷᠢᠯᠳᠦᠭᠦᠯᠬᠦ᠌ ᠬᠡᠷᠡᠭᠲᠡᠢ ᠭᠡᠵᠤ ᠴᠢᠬᠤᠯᠠᠴᠢᠯᠠᠵᠠᠢ᠃

ᠬᠤᠷᠠᠯ ᠡᠴᠡ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠲᠠᠶ ᠨᠢᠭᠲᠠ ᠤᠶᠠᠯᠳᠤᠭᠤᠯᠵᠤ᠂ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰ᠎ᠦᠨ ᠪᠠᠶ᠋ᠢᠷᠢᠰᠢᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠵᠦ᠍᠂ 《ᠦᠷ᠎ᠡ ᠵᠢᠨ ᠢᠯᠳᠡᠰᠦ》᠂ ᠦᠢᠯᠡᠳᠪᠦᠷᠢᠯᠡᠯ ᠤ᠋ᠨ ᠴᠢᠳᠠᠪᠤᠷᠢ᠎ᠶᠢ ᠳᠡᠭᠡᠭᠰᠢᠯᠡᠭᠦᠯᠬᠦ᠌᠂ ᠨᠠᠷᠢᠯᠢᠭ ᠭᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ 《ᠠᠷᠪᠠᠨ ᠶᠡᠬᠡ ᠢᠨᠵᠧᠨᠧᠷᠢᠩ》 ᠢ᠋ ᠭᠦᠨᠵᠡᠭᠡᠶ ᠬᠡᠷᠡᠭᠵᠢᠭᠦᠯᠵᠦ᠍᠂ ᠠᠮᠤ ᠪᠤᠳᠠᠭ᠎ᠠ ᠮᠢᠬ᠎ᠠ ᠰᠦ᠋ ᠵᠡᠷᠭᠡ ᠭᠤᠤᠯ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠲᠣᠭᠲᠠᠪᠤᠷᠢᠵᠢᠭᠤᠯᠵᠤ᠂ ᠶᠠᠰᠤ ᠴᠢᠨᠠᠷ᠎ᠤᠨ ᠪᠠᠲᠤᠯᠠᠭ᠎ᠠ᠂ ᠢᠳᠡᠭᠡᠨ᠎ᠦ ᠠᠮᠤᠷ ᠲᠦᠪᠰᠢᠨ᠎ᠦ ᠡᠬᠢ ᠰᠤᠷᠪᠤᠯᠵᠢ᠎ᠶᠢ ᠮᠥᠷᠳᠡᠬᠦ᠌᠂ ᠭᠠᠷᠤᠯᠲᠠ᠎ᠶᠢᠨ ᠣᠷᠣᠨ᠎ᠤ ᠠᠮᠢ ᠠᠬᠤᠶ᠎ᠶᠢᠨ ᠬᠠᠮᠠᠭᠠᠯᠠᠯᠲᠠ᠎ᠶᠢᠨ ᠠᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠍᠂ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠌ ᠬᠡᠷᠡᠭᠲᠡᠶ᠃ ᠦᠬᠡᠷ ᠬᠣᠨᠢᠨ᠎ᠦ ᠮᠢᠬ᠎ᠠ᠂ ᠴᠠᠭᠠᠨ ᠢᠳᠡᠭᠡ᠂ ᠲᠥᠮᠥᠰᠥ᠍᠂ ᠨᠡᠷᠡᠨ ᠬᠤᠸᠠᠷ᠎ᠤᠨ ᠦᠷ᠎ᠡ᠂ ᠵᠢᠮᠢᠰ ᠢᠳᠡᠰᠢᠨ ᠨᠣᠭᠣᠭ᠎ᠠ ᠵᠡᠷᠭᠡ ᠴᠢᠨᠠᠷ ᠰᠠᠶ᠋ᠢᠲᠠᠶ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭ᠂ ᠠᠵᠤ ᠠᠬᠤᠶ᠋ᠢᠯᠠᠯ᠎ᠤᠨ ᠲᠥᠷᠥᠯ ᠲᠡᠮᠳᠡᠭ᠂ ᠪᠦᠲᠦᠭᠡᠭᠳᠡᠬᠦᠨ᠎ᠦ ᠲᠥᠷᠥᠯ ᠲᠡᠮᠳᠡᠭ᠎ᠢ ᠨᠢᠭᠡᠳᠦᠯᠲᠡᠶ ᠲᠥᠯᠥᠪᠵᠢᠭᠦᠯᠦᠨ ᠪᠠᠶ᠋ᠢᠭᠤᠯᠵᠤ᠂ ᠤᠬᠠᠭᠤᠯᠤᠨ ᠳᠡᠯᠭᠡᠷᠡᠭᠦᠯᠬᠦ᠌ ᠡᠷᠴᠢᠮ᠎ᠢᠶᠡᠨ ᠴᠢᠩᠭᠠᠷᠠᠭᠤᠯᠤᠨ᠂ ᠥᠪᠥᠷ ᠮᠣᠩᠭᠣᠯ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠥᠷᠥᠯ ᠲᠡᠮᠳᠡᠭ᠎ᠦᠨ ᠳᠦᠷᠢ ᠲᠥᠷᠬᠦ᠌᠎ᠶᠢ ᠰᠠᠶ᠋ᠢᠲᠤᠷ ᠱᠤᠭᠤᠬᠤ ᠬᠡᠷᠡᠭᠲᠡᠶ ᠭᠡᠵᠤ ᠱᠠᠭᠠᠷᠳᠠᠵᠠᠢ᠃

ᠬᠤᠷᠠᠯ ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌ ᠲᠤᠬᠠᠢ ᠬᠡᠷᠡᠭᠵᠢᠭᠦᠯᠬᠦ᠌ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠬᠡ ᠵᠠᠰᠠᠭ ᠵᠠᠬᠢᠷᠭᠠᠨ᠎ᠤ ᠰᠢᠢᠳᠪᠦᠷᠢᠲᠦ᠍ ᠪᠣᠳᠣᠯᠭ᠎ᠠ᠎ᠶᠢᠨ ᠵᠦᠢᠯᠡᠰ᠎ᠦᠨ ᠭᠠᠷᠴᠠᠭ ( ᠲᠥᠰᠦᠯ) ᠢ᠋ ᠰᠤᠳᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号