ᠵᠤᠨ ᠤ᠋ ᠡᠬᠢᠨ ᠳ᠋ᠤ᠂ ᠣᠷᠳᠣᠰ ᠬᠤᠳᠠ ᠵᠢᠨ ᠦᠦᠰᠢᠨ ᠬᠣᠰᠢᠭᠤᠨ ᠤ᠋ ᠭᠠᠯᠠᠭᠤᠲᠤ ᠪᠠᠯᠭᠠᠰᠤᠨᠳᠤ ᠬᠦᠷ ᠬᠥᠭᠵᠢᠶᠡᠨ ᠶ᠋ᠢᠡᠷ ᠪᠢᠯᠬᠠᠵᠤ᠂ 《520 ᠬᠠᠮᠲᠤ ᠪᠡᠷ ᠪᠠᠶᠠᠵᠢᠵᠤ ᠬᠠᠮᠲᠤ ᠪᠡᠷ ᠡᠳ᠋ᠯᠡᠬᠦ》 ᠬᠥᠷᠰᠢ ᠵᠡᠷᠭᠡᠯᠡᠳᠡᠭᠡ ᠵᠢᠨ ᠰᠣᠶᠣᠯ ᠤ᠋ᠨ ᠠᠵᠢᠯᠯᠠᠭ᠎ᠠ ᠭᠣᠢᠳᠠ ᠰᠠᠢᠬᠠᠨ ᠶᠠᠪᠤᠭᠳᠠᠪᠠ᠃
ᠨᠤᠮᠢᠨ ᠨᠤᠭᠤᠭᠠᠨ ᠵᠦᠯᠭᠡᠨ ᠳᠡᠭᠡᠷᠡᠬᠢ 《ᠰᠠᠭᠠᠯᠢ ᠶ᠋ᠢᠨ ᠵᠢᠵᠢᠭ ᠪᠠᠯᠭᠠᠰᠤ》 ᠬᠡᠮᠡᠬᠦ ᠪᠡᠶᠡᠴᠢᠯᠡᠨ ᠤᠢᠯᠠᠭᠠᠬᠤ ᠳᠤᠭᠤᠷᠢᠭ ᠲᠤ᠌ ᠰᠠᠭᠤᠭᠠᠯᠢ ᠠᠷᠠᠳ ᠤ᠋ᠳ ᠤᠯᠠᠮᠵᠢᠯᠠᠯᠳᠤ ᠴᠠᠭᠠᠨ ᠢᠳᠡᠭᠡᠨ ᠬᠢᠬᠦ ᠵᠢ ᠪᠡᠶᠡᠴᠢᠯᠡᠨ ᠤᠢᠯᠠᠭᠠᠵᠤ ᠰᠡᠬᠦᠳᠡᠷ ᠳᠠᠳᠠᠵᠠᠭᠠᠬᠤᠳᠤ ᠬᠦᠷᠰᠢ ᠵᠡᠷᠭᠡᠯᠡᠳᠡᠭᠡ ᠶ᠋ᠢᠨ ᠳᠤᠭᠤᠷᠢᠭ ᠲᠤ᠌ ᠬᠦᠮᠦᠰ ᠬᠡᠦᠬᠡᠳ ᠶ᠋ᠢᠡᠨ ᠳᠠᠭᠠᠭᠤᠯᠳ ᠳᠠᠪᠠᠭ᠎ᠠ ᠳᠠᠪᠠᠬᠤ ᠳᠤᠭᠯᠠᠭᠠᠮ ᠳ᠋ᠤ ᠤᠷᠤᠯᠴᠠᠵᠠᠭᠠᠨᠠ᠃ ᠬᠤᠳᠠ ᠶ᠋ᠢᠨ ᠳᠠᠭᠤᠤ ᠬᠦᠭᠵᠢᠮ ᠤ᠋ᠨ ᠨᠠᠢᠷ ᠳᠡᠭᠡᠷ᠎ᠡ ᠰᠠᠭᠤᠭᠠᠯᠢ ᠠᠷᠠᠳᠤᠳ ᠰᠠᠢᠨ ᠳᠤᠷ᠎ᠠ ᠡᠴᠡ ᠪᠡᠨ ᠠᠶ᠎ᠠ ᠳᠠᠭᠤᠤ ᠪᠡᠨ ᠡᠷᠬᠦᠨ᠂ ᠪᠠᠶᠠᠷ ᠵᠢᠷᠭᠠᠯᠲᠤ ᠠᠮᠢᠳᠤᠷᠠᠯ ᠵᠢᠡᠨ ᠮᠠᠭᠲᠠᠨ ᠳᠠᠭᠤᠯᠠᠨ᠎ᠠ᠃ ᠴᠦᠬᠡᠨ ᠪᠤᠰᠤ ᠰᠠᠭᠤᠭᠠᠯᠢ ᠠᠷᠠᠳ ᠭᠡᠷ ᠤ᠋ᠨ ᠬᠦᠮᠦᠰ ᠳᠠᠢ ᠪᠡᠨ ᠬᠠᠮᠳᠤ ᠵᠤᠭᠠᠴᠠᠨ ᠲᠤᠭᠤᠷᠢᠵᠦ᠂ ᠦᠵᠡᠮᠵᠢ ᠰᠤᠨᠢᠷᠬᠠᠨ ᠠᠮᠳᠠᠳᠤ ᠢᠳᠡᠭᠡᠨ ᠠᠮᠳᠠᠯᠠᠵᠤ᠂ ᠰᠤᠯᠠ ᠵᠤᠭᠤᠭ ᠳᠡᠯᠭᠡᠨ ᠰᠡᠯᠡᠬᠦᠦ ᠴᠠᠭ ᠵᠢᠡᠨ ᠦᠩᠬᠡᠷᠡᠭᠦᠯᠦᠨᠡ᠃
ᠦᠦᠰᠢᠨ ᠬᠣᠰᠢᠭᠤᠨ ᠤ᠋ ᠭᠠᠯᠠᠭᠤᠲᠤ ᠪᠠᠯᠭᠠᠰᠤᠨ ᠤ᠋ ᠰᠠᠭᠤᠭᠠᠯᠢ ᠠᠷᠠᠳ ᠯᠢ ᠴᠢᠩ ᠰᠢᠶᠠ᠄ 《 ᠪᠠᠶᠠᠯᠢᠭ᠋ ᠰᠠᠢᠬᠠᠨ ᠰᠣᠶᠣᠯ ᠲᠠᠮᠢᠷ ᠤ᠋ᠨ ᠠᠵᠢᠯᠯᠠᠭ᠎ᠠ ᠮᠠᠨ ᠤ᠋ ᠠᠵᠢᠯ ᠤ᠋ᠨ ᠴᠢᠯᠦᠭᠡᠨ ᠤ᠋ ᠠᠮᠢᠳᠤᠷᠠᠯ ᠢ᠋ ᠪᠠᠶᠠᠯᠢᠭᠵᠢᠭᠤᠯᠵᠤ᠂ ᠬᠥᠷᠰᠢ ᠵᠡᠷᠭᠡᠯᠡᠳᠡᠭᠡ ᠵᠢᠨ ᠡᠶ᠎ᠡ ᠨᠠᠢᠷᠢ ᠵᠤᠵᠠᠭᠠᠳᠬᠠᠵᠠᠢ᠂ ᠡᠢᠮᠦ ᠠᠵᠢᠯᠯᠠᠭ᠎ᠠ ᠵᠢ ᠪᠠᠢᠩᠭᠤ ᠦᠷᠨᠢᠬᠦᠯᠵᠦ᠂ ᠬᠥᠷᠰᠢ ᠵᠡᠷᠭᠡᠯᠡᠳᠡᠭᠡ ᠨᠠᠢᠵᠠ ᠨᠥᠬᠥᠳ ᠦᠷᠭᠦᠯᠵᠢ ᠬᠠᠮᠲᠤ ᠪᠡᠷ ᠪᠠᠶᠠᠷ ᠬᠥᠷ ᠲᠠᠢ ᠪᠠᠢᠬᠤ ᠵᠢ ᠬᠦᠰᠡᠵᠦ ᠪᠠᠢᠨ᠎ᠠ》 ᠭᠡᠵᠦ ᠰᠤᠷᠪᠤᠯᠵᠢᠯᠠᠭᠴᠢᠳᠤ ᠪᠠᠶᠠᠷᠯᠠᠨ ᠬᠡᠯᠡᠭᠰᠡᠨ ᠪᠠᠢᠨ᠎ᠠ᠃
ᠠᠭᠤᠯᠭ᠎ᠠ ᠪᠠᠶᠠᠯᠢᠭ ᠤᠳᠬ᠎ᠠ ᠳᠡᠬᠦᠯᠳᠡᠷ ᠣᠯᠠᠨ ᠲᠦᠮᠡᠨ ᠤ᠋ ᠰᠣᠶᠣᠯ ᠤ᠋ᠨ ᠠᠮᠢᠳᠤᠷᠠᠯ ᠪᠣᠯ ᠦᠦᠰᠢᠨ ᠬᠣᠰᠢᠭᠤᠨ ᠤ᠋ ᠪᠣᠯᠪᠠᠰᠤᠨ ᠬᠣᠲᠠ ᠵᠢᠨ ᠪᠠᠢᠭᠤᠯᠤᠯᠲᠠ ᠵᠢ ᠭᠦᠨᠵᠡᠭᠡᠢᠷᠡᠭᠦᠯᠦᠭᠰᠡᠨ ᠠᠮᠢᠳᠤᠯᠢᠭ᠋ ᠬᠤᠷᠢᠶᠠᠩᠭᠤᠢ ᠳᠦᠷᠰᠦ ᠪᠤᠯᠬᠤ ᠶᠤᠮ᠃ ᠨᠠᠷᠢᠯᠢᠭ᠋ ᠤᠨᠤᠴᠠᠲᠠᠢ ᠪᠥᠭᠡᠳ ᠡᠮᠬᠢ ᠲᠢᠭᠯᠢᠮ ᠲᠠᠢ ᠦᠨᠳᠦᠰᠦᠨ ᠱᠠᠲᠤᠨ ᠤ᠋ ᠦᠢᠯᠡᠴᠢᠯᠡᠭᠡ ᠨᠢ ᠠᠷᠠᠳ ᠤ᠋ᠨ ᠰᠡᠳᠬᠢᠯ ᠢ᠋ ᠨᠢᠭᠳᠠᠷᠠᠭᠤᠯᠵᠤ᠂ ᠠᠷᠠᠳᠤᠨ ᠠᠮᠢᠳᠤᠷᠠᠯᠳᠤ ᠠᠰᠢᠭ ᠬᠦᠷᠳᠡᠭᠡᠵᠠᠢ᠃
ᠥᠷᠯᠥᠭᠡ ᠡᠷᠲᠡ ᠳᠤᠭᠤᠢᠯᠠᠩ ᠨᠡᠢᠭᠡᠮ ᠲᠣᠭᠣᠷᠢᠭ᠋ ᠤᠨ ᠬᠥᠷᠰᠢ ᠵᠡᠷᠭᠡᠯᠡᠳᠡᠭᠡ ᠵᠢᠨ ᠬᠠᠮᠢᠶᠠᠷᠤᠭ᠍ᠴᠢ ᠬᠤᠤ ᡁᠢ ᠮᠢᠩ ᠠᠵᠢᠯ ᠤ᠋ᠨ ᠪᠠᠢᠷᠢᠨ ᠳ᠋ᠠᠭᠠᠨ ᠭᠠᠷᠤᠭᠰᠠᠨ ᠤ᠋ ᠳᠠᠷᠠᠭ᠎ᠠ᠂ ᠭᠠᠭᠴᠠᠭᠠᠷ ᠰᠠᠭᠤᠭ᠎ᠠ ᠱᠠᠩ ᠨᠠᠰᠤᠲᠠᠨᠤ ᠬᠢᠨᠳᠤ ᠬᠦᠷᠴᠦ᠂ ᠨᠠᠰᠤᠲᠠᠨ ᠢ᠋ ᠬᠠᠪᠰᠤᠷᠤᠨ ᠤᠰᠤ ᠴᠠᠬᠢᠯᠭᠠᠨ ᠤ᠋ ᠰᠦᠢᠳᠬᠡᠯ ᠢ᠋ ᠨᠢ ᠲᠤᠰᠢᠶᠠᠨ᠂ ᠳᠤᠤᠷ ᠬᠣᠭᠣᠯᠠᠢ ᠵᠢᠨ ᠬᠡᠮ ᠰᠣᠭᠣᠭ ᠢ᠋ ᠨᠢ ᠪᠠᠢᠴᠠᠭᠠᠵᠤ ᠥᠭᠴᠡᠢ᠃
ᠡᠨᠡ ᠬᠦ᠌ ᠪᠠᠢᠩᠭᠤ ᠵᠢᠨ ᠴᠢᠨᠠᠷᠲᠠᠢ ᠦᠢᠯᠡᠴᠢᠯᠡᠭᠡ ᠨᠢ 2024 ᠣᠨ ᠤ᠋ 8 ᠰᠠᠷ᠎ᠠ ᠡᠴᠠ ᠡᠬᠢᠯᠡᠭᠰᠡᠨ ᠪᠠᠢᠳᠠᠭ᠃ ᠬᠠᠷᠢᠶ᠎ᠠ ᠣᠷᠣᠨ ᠤ᠋ ᠥᠨᠳᠥᠷ ᠨᠠᠰᠤᠲᠠᠢᠴᠤᠳ᠂ ᠭᠡᠷ ᠲᠡᠬᠡᠨ ᠬᠣᠴᠣᠷᠤᠭᠰᠠᠨ ᠨᠠᠰᠤᠲᠠᠢᠴᠤᠳ ᠤ᠋ᠨ ᠶᠠᠪᠤᠵᠤ ᠰᠠᠭᠤᠬᠤ ᠳ᠋ᠤ ᠳᠥᠭᠥᠮ ᠦᠭᠡᠢ᠂ ᠰᠦᠯᠵᠢᠶᠡᠨ ᠳᠡᠭᠡᠷ᠎ᠡ ᠤᠰᠤ ᠴᠠᠬᠢᠯᠭᠠᠨ ᠤ᠋ ᠰᠦᠢᠳᠬᠡᠯ ᠵᠢᠨᠨ ᠬᠡᠷᠬᠢᠨ ᠲᠤᠰᠢᠶᠠᠬᠤ ᠪᠡᠨ ᠰᠠᠢᠲᠤᠷ ᠤᠢᠯᠠᠭᠠᠬᠤ ᠦᠭᠡᠢ ᠵᠡᠷᠭᠡ ᠠᠮᠢᠳᠤᠷᠠᠯ ᠤ᠋ᠨ ᠬᠦᠴᠢᠷ ᠠᠰᠠᠭᠤᠳᠠᠯ ᠳ᠋ᠤ ᠴᠢᠭᠯᠡᠭᠦᠯᠦᠨ᠂ ᠨᠡᠢᠭᠡᠮ ᠲᠣᠭᠣᠷᠢᠭ᠋ ᠤᠨ ᠬᠢᠨ ᠠᠷᠠᠳ ᠲᠤ᠌ ᠲᠥᠬᠥᠮ ᠦᠵᠡᠭᠦᠯᠬᠦ ᠦᠢᠯᠡᠴᠢᠯᠡᠭᠡᠨ ᠤ᠋ ᠬᠠᠯᠠᠮᠰᠢᠯ ᠤᠲᠠᠰᠤᠨ ᠤ᠋ ᠺᠠᠷᠲ ᠵᠣᠬᠢᠶᠠᠬᠤ ᠵᠢᠨ ᠬᠠᠮᠲᠤ ᠨᠢᠭᠡ ᠨᠢᠭᠡ ᠪᠡᠷ ᠨᠠᠰᠤᠲᠠᠢᠴᠤᠳ ᠤ᠋ᠨ ᠭᠡᠷ ᠲᠤ᠌ ᠬᠦᠷᠭᠡᠨ ᠦᠭᠴᠦ᠂ ᠨᠠᠰᠤᠲᠠᠢᠴᠤᠳ 《ᠤᠳᠠᠰᠤᠳᠠᠮᠠᠭᠴᠠ ᠢᠷᠡᠵᠦ ᠦᠢᠯᠡᠴᠢᠯᠡᠭᠦ》 ᠶ᠋ᠢ ᠪᠡᠶᠡᠯᠡᠭᠦᠯᠵᠡᠢ᠃
ᠳᠤᠭᠤᠢᠯᠠᠩ ᠨᠡᠢᠭᠡᠮ ᠲᠣᠭᠣᠷᠢᠭ᠋ ᠲᠤ᠌ ᠬᠤᠤ ᡁᠢ ᠮᠢᠩ ᠮᠡᠲᠦ ᠵᠢᠨ ᠬᠥᠷᠰᠢ ᠵᠡᠷᠭᠡᠯᠡᠳᠡᠭᠡ ᠵᠢᠨ ᠬᠠᠮᠢᠶᠠᠷᠤᠭ᠍ᠴᠢ ᠨᠡᠢᠳᠡ 257 ᠬᠦᠮᠦᠨ ᠪᠤᠢ᠃ ᠲᠠᠳᠠ ᠦᠨᠳᠦᠰᠦᠨ ᠱᠠᠲᠤᠨ ᠤ᠋ ᠡᠮᠦᠨ᠎ᠡ ᠹᠷᠣᠨᠲ ᠲᠤ᠌ ᠭᠦᠨᠵᠡᠭᠡᠢᠷᠡᠨ ᠠᠵᠢᠯᠯᠠᠵᠤ᠂ ᠰᠠᠭᠤᠭᠠᠯᠢ ᠠᠷᠠᠳ ᠤ᠋ᠨ ᠴᠢᠰᠤᠨ ᠳᠠᠷᠤᠯᠲᠠ ᠵᠢ ᠬᠢᠨᠠᠨ ᠬᠡᠮᠵᠢᠬᠦ᠂ ᠡᠮ ᠤ᠋ᠨ ᠵᠦᠢᠯᠡᠰ ᠢ᠋ ᠬᠤᠳᠠᠯᠳᠤᠨ ᠠᠪᠴᠤ ᠦᠭᠬᠦ᠂ ᠠᠮᠤᠷ ᠲᠦᠪᠰᠢᠨ ᠤ᠋ ᠬᠡᠮ ᠰᠣᠭᠣᠭ ᠢ᠋ ᠲᠣᠭᠣᠷᠢᠨ ᠪᠠᠢᠴᠠᠭᠠᠬᠤ᠂ ᠠᠷᠠᠳ ᠲᠤ᠌ ᠲᠥᠬᠥᠮ ᠦᠵᠡᠭᠦᠯᠦᠨ ᠣᠷᠣᠯᠠᠨ ᠭᠦᠢᠴᠡᠳᠬᠡᠬᠦ ᠵᠡᠷᠭᠡ ᠰᠠᠢᠨ ᠳᠤᠷ᠎ᠠ ᠵᠢᠨ ᠦᠢᠯᠡᠴᠢᠯᠡᠭᠡ ᠬᠠᠩᠭᠠᠬᠤ ᠵᠢ ᠪᠠᠢᠩᠭᠤᠵᠢᠭᠤᠯᠤᠨ᠂ ᠭᠠᠭᠴᠠᠭᠠᠷ ᠰᠠᠭᠤᠭ᠎ᠠ ᠨᠠᠰᠤᠲᠠᠨ ᠵᠡᠷᠭᠡ ᠣᠨᠴᠠᠭᠠᠢ ᠬᠥᠮᠥᠰ ᠤᠨ ᠠᠮᠢᠳᠤᠷᠠᠯ ᠤ᠋ᠨ ᠬᠦᠴᠢᠷ ᠠᠰᠠᠭᠤᠳᠠᠯ ᠢ᠋ ᠨᠢ ᠰᠢᠢᠳᠪᠦᠷᠢᠯᠡᠨ ᠦᠭᠴᠦ ᠪᠠᠢᠨ᠎ᠠ᠃ 《ᠬᠣᠯᠠ ᠵᠢᠨ ᠰᠠᠳᠤᠨ ᠡᠴᠠ ᠤᠢᠷ᠎ᠠ ᠶ᠋ᠢᠨ ᠰᠠᠭᠠᠬᠠᠯᠳᠠ ᠳᠡᠭᠡᠷ᠎ᠡ ᠭᠡᠳᠡᠭ᠂ ᠡᠳᠡᠭᠡᠷ ᠳᠣᠲᠣᠨᠣ᠌ ᠬᠠᠮᠢᠶᠠᠷᠤᠭ᠍ᠴᠢᠳ ᠦᠷᠬᠦᠯᠵᠢ ᠮᠠᠨ ᠢ᠋ ᠬᠠᠪᠰᠤᠷᠴᠤ᠂ ᠪᠢᠳᠠᠡ ᠰᠢᠭ ᠭᠠᠭᠴᠠᠭᠠᠷ ᠰᠠᠭᠤᠵᠤ ᠪᠠᠢᠭ᠎ᠠ ᠨᠠᠰᠤᠲᠠᠨ ᠰᠠᠨᠠᠭ᠎ᠠ ᠠᠮᠤᠷ ᠪᠤᠯᠵᠠᠢ》 ᠭᠡᠰᠡᠨ ᠱᠠᠩ ᠨᠠᠰᠤᠲᠠᠨᠤ ᠦᠭᠡᠨ ᠡᠴᠡ ᠪᠠᠶᠠᠷᠯᠠᠭᠰᠠᠨ ᠰᠡᠳᠬᠢᠯ ᠨᠢ ᠮᠡᠳᠡᠭᠳᠡᠨ᠎ᠡ᠃
ᠡᠲᠡᠭᠡᠷ ᠵᠢᠯ ᠤ᠋ᠳ ᠲᠤ᠌᠂ ᠦᠦᠰᠢᠨ ᠬᠣᠰᠢᠭᠤ ᠦᠨᠳᠦᠰᠦᠨ ᠱᠠᠲᠤᠨ ᠤ᠋ ᠵᠠᠰᠠᠯᠲᠠ ᠵᠢᠨ ᠰᠢᠨ᠎ᠡ ᠵᠢ ᠡᠭᠦᠳᠬᠦ ᠵᠢ ᠦᠷᠭᠦᠯᠵᠢᠯᠡᠨ ᠭᠦᠨᠵᠡᠭᠡᠢᠷᠡᠭᠦᠯᠵᠦ᠂ 《ᠨᠠᠮ ᠤ᠋ᠨ ᠵᠣᠬᠢᠶᠠᠨ ᠪᠠᠢᠭᠤᠯᠤᠯᠲᠠ + ᠰᠠᠭᠤᠭᠠᠯᠢ ᠠᠷᠠᠳ ᠤ᠋ᠨ ᠵᠦᠪᠯᠡᠯ + ᠠᠳᠠᠯ ᠠᠬᠤᠢ》 ᠭᠡᠬᠦ ᠭᠤᠷᠪᠠᠨ ᠲᠠᠯ᠎ᠠ ᠵᠢᠨ ᠬᠣᠯᠪᠤᠭᠠᠯᠠᠨ ᠬᠥᠳᠡᠯᠦᠯᠴᠡᠬᠦ ᠵᠠᠰᠠᠯᠲᠠ ᠵᠢᠨ ᠵᠠᠭᠪᠤᠷ ᠢ᠋ ᠬᠡᠷᠡᠭᠵᠢᠭᠦᠯᠦᠨ᠂ ᠡᠯ᠎ᠡ ᠲᠠᠯ᠎ᠠ ᠵᠢᠨ ᠡᠬᠢ ᠪᠠᠶᠠᠯᠢᠭ᠋ ᠢ᠋ ᠡᠮᠬᠢᠯᠡᠨ ᠨᠡᠢᠯᠡᠭᠦᠯᠵᠦ᠂ ᠠᠷᠠᠳ ᠤ᠋ᠨ ᠠᠮᠢᠳᠤᠷᠠᠯ ᠤ᠋ᠨ ᠬᠦᠴᠢᠷ ᠠᠰᠠᠭᠤᠳᠠᠯ ᠢ᠋ ᠨᠠᠷᠢᠯᠢᠭ᠋ ᠣᠨᠣᠴᠠᠲᠠᠢ ᠰᠢᠢᠳᠪᠦᠷᠢᠯᠡᠨ᠂ ᠦᠨᠳᠦᠰᠦᠨ ᠱᠠᠲᠤᠨ ᠤ᠋ ᠦᠢᠯᠡᠴᠢᠯᠡᠭᠡᠨ ᠤ᠋ 《ᠡᠴᠦᠰ ᠤ᠋ᠨ ᠨᠢᠭᠡ ᠺᠢᠯᠤᠮᠧᠲᠷ》 ᠢ᠋ ᠨᠡᠪᠲᠡᠷᠡᠭᠦᠯᠪᠡ᠃ ᠡᠭᠦᠨ ᠤ᠋ ᠬᠠᠮᠲᠤ ᠪᠥᠬᠥ ᠬᠣᠰᠢᠭᠤᠨ ᠤ᠋ ᠬᠡᠪᠴᠢᠶᠠᠨ ᠳ᠋ᠤ ᠪᠣᠯᠪᠠᠰᠤᠨ ᠶ᠋ᠢᠡᠷ ᠬᠤᠪᠢ ᠳᠡᠮᠳᠡᠭᠯᠡᠬᠦ ᠳᠦᠷᠢᠮ ᠢ᠋ ᠬᠡᠷᠡᠭᠵᠢᠭᠦᠯᠵᠦ᠂ ᠰᠠᠢᠨ ᠳᠤᠷ᠎ᠠ ᠵᠢᠨ ᠦᠢᠯᠡᠴᠢᠯᠡᠭᠡ᠂ ᠪᠣᠯᠪᠠᠰᠤᠨ ᠢ᠋ ᠦᠢᠯᠡᠳᠦᠯᠭᠡᠵᠢᠭᠦᠯᠬᠦ ᠵᠡᠷᠭᠡ ᠦᠢᠯᠡ ᠠᠵᠢᠯᠯᠠᠭ᠎ᠠ ᠵᠢ ᠬᠤᠪᠢ ᠳᠡᠮᠳᠡᠭᠯᠡᠬᠦ ᠬᠢᠨᠠᠨ ᠰᠢᠯᠭᠠᠯᠲᠠ ᠳ᠋ᠤ ᠣᠷᠣᠭᠤᠯᠤᠨ᠂ ᠰᠠᠭᠤᠭᠠᠯᠢ ᠠᠷᠠᠳ ᠳᠡᠮᠳᠡᠭᠯᠡᠭᠰᠡᠨ ᠬᠤᠪᠢ ᠪᠡᠷ ᠶ᠋ᠢᠡᠨ ᠠᠮᠢᠳᠤᠷᠠᠯ ᠤ᠋ᠨ ᠬᠡᠷᠡᠭᠰᠡᠯ ᠰᠣᠯᠢᠬᠤ ᠳᠦᠷᠢᠮ ᠢ᠋ ᠬᠡᠷᠡᠭᠵᠢᠬᠦᠯᠵᠦ᠂ ᠣᠯᠠᠨ ᠲᠦᠮᠡᠨ ᠢ᠋ ᠵᠥᠪ ᠴᠢᠭᠯᠡᠯ ᠶ᠋ᠢᠡᠷ ᠬᠦᠳᠦᠯᠦᠨ᠂ ᠦᠨᠳᠦᠰᠦᠨ ᠱᠠᠲᠤᠨ ᠤ᠋ ᠵᠠᠰᠠᠯᠲᠠ ᠳ᠋ᠤ ᠰᠠᠨᠠᠭᠠᠴᠢᠯᠠᠭ᠎ᠠ ᠡᠴᠠ ᠪᠡᠨ ᠣᠷᠣᠯᠴᠠᠬᠤ ᠵᠢ ᠵᠣᠷᠢᠭ᠍ᠵᠢᠭᠤᠯᠤᠭᠰᠠᠨ ᠪᠠᠢᠨ᠎ᠠ᠃
ᠭᠣᠣᠯ ᠦᠳᠡᠳᠤ᠂ ᠰᠢᠷᠠᠤ᠋ᠰᠤ ᠨᠡᠢᠭᠡᠮ ᠲᠣᠭᠣᠷᠢᠭ᠋ ᠤ᠋ᠨ ᠬᠠᠮᠲᠤ ᠪᠡᠷ ᠡᠳ᠋ᠯᠡᠬᠦ ᠬᠣᠭᠣᠯᠠᠨ ᠲᠢᠩᠬᠢᠮ ᠳ᠋ᠤ ᠨᠠᠰᠤᠳᠠᠢᠴᠤᠳ ᠡᠮᠬᠢ ᠳᠢᠭ᠌ᠯᠢᠮ ᠲᠠᠢ ᠬᠤᠭᠤᠯᠠ ᠠᠪᠬᠤ ᠪᠡᠷ ᠮᠥᠷᠯᠡᠵᠡᠭᠡᠨᠡ᠃ 78 ᠨᠠᠰᠤᠲᠠᠢ ᠵᠠᠩ ᠬᠦᠭᠰᠢᠨ ᠪᠣᠯ ᠡᠨᠳᠡᠬᠢ ᠪᠠᠢᠩᠭᠤ ᠵᠢᠨ ᠵᠣᠴᠢᠨ ᠪᠤᠯᠤᠨ᠎ᠠ᠃ 《ᠦᠳᠡ ᠵᠢᠨ ᠬᠣᠭᠣᠯᠠ᠂ ᠣᠷᠣᠢ ᠵᠢᠨ ᠬᠣᠭᠣᠯᠠᠨ ᠳ᠋ᠤ ᠵᠠᠰᠠᠭ ᠤ᠋ᠨ ᠣᠷᠳᠣᠨ ᠤ᠋ ᠨᠥᠬᠥᠪᠦᠷᠢ ᠲᠠᠢ᠂ ᠬᠣᠭᠣᠯᠠ ᠪᠤᠳᠠᠭ᠎ᠠ ᠨᠢ ᠬᠢᠮᠳᠠ ᠪᠥᠭᠡᠳ ᠰᠠᠢᠨ᠂ ᠰᠢᠮ᠎ᠡ ᠲᠡᠵᠢᠭᠡᠯ ᠲᠠᠢ ᠪᠦᠭᠡᠳ ᠰᠠᠨᠠᠭ᠎ᠠ ᠠᠮᠤᠷ ᠡ》 ᠭᠡᠵᠦ ᠵᠠᠩ ᠬᠦᠭᠰᠢᠨ ᠬᠡᠯᠡᠵᠦ ᠪᠠᠢᠯ᠎ᠠ᠃
ᠣᠳᠣᠬᠠᠨ ᠳ᠋ᠤ᠂ ᠪᠥᠬᠥ ᠬᠣᠰᠢᠭᠤᠨ ᠳ᠋ᠤ ᠨᠢᠭᠡᠨᠳᠡ 13 ᠬᠠᠮᠲᠤ ᠪᠡᠷ ᠡᠳ᠋ᠯᠡᠬᠦ ᠬᠣᠭᠣᠯᠠᠨ ᠭᠡᠷ᠂ 25 ᠬᠤᠭᠤᠯᠠᠨ ᠴᠡᠭ ᠭᠠᠷᠭᠠᠨ᠂ ᠦᠢᠯᠡᠴᠢᠯᠡᠭᠡᠨ ᠤ᠋ ᠪᠦᠷᠬᠦᠴᠡ ᠨᠢ ᠡᠯ᠎ᠡ ᠰᠤᠮᠤ ᠪᠠᠯᠭᠠᠰᠤ ᠵᠢ ᠬᠠᠮᠤᠷᠴᠡᠢ᠃
ᠮᠣᠷᠢᠨ ᠤᠷᠤᠯᠳᠤᠭᠠᠨ ᠤ᠋ ᠴᠡᠴᠡᠷᠯᠢᠭ ᠪᠣᠯ ᠦᠦᠰᠢᠨ ᠬᠣᠰᠢᠭᠤᠨ ᠤ᠋ ᠬᠥᠮᠥᠰ ᠤ᠋ᠨ ᠳᠤᠷᠠᠳᠬᠤ ᠳᠤᠷ᠎ᠠ ᠦᠭᠡᠢ ᠪᠠᠢᠭᠰᠠᠨ ᠭᠠᠵᠠᠷ ᠪᠣᠯᠣᠨ᠎ᠠ᠃ 《ᠥᠩᠭᠡᠷᠡᠭᠰᠡᠨ ᠳ᠋ᠤ ᠡᠯᠳᠡᠪᠤᠨ ᠬᠣᠭ ᠨᠣᠪᠰᠢ ᠤᠪᠤᠭᠠᠷᠠᠵᠤ᠂ ᠵᠤᠨ ᠪᠣᠯᠣᠮᠠᠭᠴᠠ ᠦᠮᠡᠬᠡᠢ ᠦᠨᠦᠷ ᠭᠠᠷᠴᠤ᠂ ᠪᠦᠷ ᠭᠠᠳᠠᠭᠤᠷ ᠨᠢ ᠳᠤᠭᠤᠷᠢᠵᠤ ᠶᠠᠪᠤᠳᠠᠭ》ᠭᠡᠵᠦ ᠡᠨᠳᠡ ᠦᠷᠯᠦᠭᠡ ᠪᠦᠷᠢ ᠪᠡᠶ᠎ᠡ ᠪᠤᠯᠪᠠᠰᠤᠷᠠᠳᠠᠭ ᠠᠵᠢᠯ ᠤ᠋ᠨ ᠠᠮᠠᠷᠠᠯᠲᠠ ᠪᠡᠨ ᠠᠪᠤᠭᠰᠠᠨ ᠪᠠᠭ᠍ᠰᠢ ᠰᠦᠬᠡ ᠶᠠᠷᠢᠨ᠎ᠠ᠃ ᠣᠳᠣᠬᠠᠨ ᠳ᠋ᠤ᠂ ᠳᠤᠰ ᠴᠡᠴᠡᠷᠯᠢᠭ ᠲᠤ᠌ ᠣᠶᠤᠨᠴᠢ ᠰᠠᠨᠳᠠᠯᠢ᠂ ᠣᠶᠤᠨᠴᠢ ᠭᠦᠶᠦᠬᠦ ᠵᠠᠮ᠂ ᠬᠡᠦᠬᠡᠳ ᠤ᠋ᠨ ᠵᠤᠭ᠎ᠠ ᠨᠠᠭᠠᠳᠤᠮ ᠤ᠋ᠨ ᠳᠤᠨᠤᠭ ᠲᠥᠬᠦᠭᠡᠷᠦᠮᠵᠢ᠂ ᠡᠭᠦᠳᠡᠨ ᠪᠥᠮᠪᠥᠭᠡᠨ ᠲᠠᠯᠠᠪᠠᠢ ᠵᠡᠷᠭᠡ ᠣᠳᠣᠬᠢᠴᠢᠯᠠᠭᠰᠠᠨ ᠠᠷᠠᠳ ᠲᠤ᠌ ᠲᠥᠬᠥᠮ ᠦᠵᠡᠭᠦᠯᠬᠦ ᠲᠥᠬᠦᠭᠡᠷᠦᠮᠵᠢ ᠵᠢ ᠵᠠᠰᠠᠵᠤ ᠤᠭᠰᠷᠠᠨ᠂ ᠨᠢᠭᠡᠨᠲᠡ ᠣᠯᠠᠨ ᠲᠦᠮᠡᠨ ᠤ᠋ ᠵᠤᠭ᠎ᠠ ᠰᠡᠯᠡᠭᠦᠴᠡᠯ ᠪᠡᠶ᠎ᠡ ᠪᠤᠯᠪᠠᠰᠤᠷᠠᠬᠤ ᠰᠠᠢᠬᠠᠨ ᠭᠠᠵᠠᠷ ᠪᠣᠯᠵᠠᠢ᠃
ᠣᠳᠣ ᠪᠣᠯᠲᠠᠯ᠎ᠠ᠂ ᠪᠦᠬᠦ ᠬᠣᠰᠢᠭᠤᠨ ᠳ᠋ᠤ ᠨᠢᠭᠡᠨᠲᠡ 38 ᠪᠠᠭ᠎ᠠ ᠴᠡᠴᠡᠷᠯᠢᠭ᠂ 40 ᠭᠠᠷᠤᠢ ᠬᠥᠷᠰᠢ ᠵᠡᠷᠭᠡᠯᠡᠳᠡᠭᠡ ᠵᠢᠨ ᠲᠥᠪ ᠪᠠᠢᠭᠤᠯᠵᠤ᠂ ᠪᠦᠬᠦ ᠣᠷᠣᠨ ᠪᠦᠰᠡ ᠪᠡᠷ ᠶ᠋ᠢᠡᠨ ᠳᠥᠭᠥᠮ ᠲᠠᠭᠠᠯᠠᠮᠵᠢᠲᠠᠢ 《15 ᠮᠢᠨᠦ᠋ᠲ ᠤ᠋ᠨ ᠠᠮᠢᠳᠤᠷᠠᠯ ᠤ᠋ᠨ ᠳᠤᠭᠤᠷᠢᠭ》 ᠢ᠋ ᠪᠦᠷᠬᠦᠬᠦᠯᠦᠨ᠂ ᠪᠣᠯᠪᠠᠰᠤᠨ ᠤ᠋ ᠨᠠᠷᠢᠨ ᠵᠦᠢᠯᠡᠰ ᠢ᠋ ᠬᠤᠳᠠ ᠵᠢᠨ ᠡᠯ᠎ᠡ ᠦᠨᠴᠦᠭ ᠪᠤᠯᠦᠩ᠂ ᠠᠷᠠᠳ ᠢᠷᠭᠡᠳ ᠤ᠋ᠨ ᠠᠮᠢᠳᠤᠷᠠᠯ ᠳ᠋ᠤ ᠠᠭᠤᠰᠬᠠᠭᠰᠠᠨ ᠪᠠᠢᠨ᠎ᠠ᠃
[ᠰᠤᠷᠪᠤᠯᠵᠢᠯᠠᠭ᠍ᠴᠢ ᠵᠢᠨ ᠡᠪᠦᠷ ᠲᠡᠮᠳᠡᠭᠯᠡᠯ]
ᠰᠤᠷᠪᠤᠯᠵᠢᠯᠠᠭᠴᠢ ᠦᠦᠰᠢᠨ ᠬᠣᠰᠢᠭᠤ ᠪᠡᠷ ᠰᠤᠷᠪᠤᠯᠵᠢᠯᠠᠬᠤ ᠶᠠᠪᠤᠬᠤ ᠳ᠋ᠠᠭᠠᠨ ᠰᠤᠶᠤᠯ ᠪᠤᠯᠪᠠᠰᠤᠷᠠᠯ ᠳᠠᠢ ᠪᠠᠢᠬᠤ ᠨᠢ ᠬᠤᠳᠠ ᠵᠢᠨ ᠠᠷᠠᠳ ᠤ᠋ᠨ ᠠᠮᠢᠳᠤᠷᠠᠯ ᠪᠤᠯᠤᠨ ᠵᠠᠰᠠᠯᠲᠠ ᠵᠢᠨ ᠨᠠᠷᠢᠯᠢᠭ ᠵᠦᠢᠯᠡᠰ ᠲᠤ᠌ ᠢᠯᠡᠷᠡᠵᠦ ᠪᠠᠢᠨ᠎ᠠ ᠭᠡᠳᠡᠭ ᠢ᠋ ᠣᠢᠯᠠᠭᠠᠯ᠎ᠠ᠃ ᠠᠭᠤᠯᠭ᠎ᠠ ᠪᠠᠶᠠᠯᠢᠭ ᠤᠳᠬ᠎ᠠ ᠳᠡᠬᠦᠯᠳᠡᠷ ᠠᠵᠢᠯᠯᠠᠭ᠎ᠠ ᠨᠢ ᠬᠥᠷᠰᠢ ᠵᠡᠷᠭᠡᠯᠡᠳᠡᠭᠡ ᠵᠢᠨ ᠬᠣᠭᠣᠷᠣᠨᠳᠣᠬᠢ ᠡᠶ᠎ᠡ ᠨᠠᠢᠷᠢ ᠵᠤᠵᠠᠭᠠᠳᠬᠠᠵᠤ᠂ ᠬᠥᠷᠰᠢ ᠵᠡᠷᠭᠡᠯᠡᠳᠡᠭᠡ ᠵᠢᠨ ᠬᠠᠮᠢᠶᠠᠷᠤᠭ᠍ᠴᠢᠳ ᠤ᠋ᠨ ᠬᠠᠯᠠᠭᠤᠨ ᠬᠠᠪᠰᠤᠷᠤᠯᠭ᠎ᠠ ᠨᠠᠰᠤᠲᠠᠢᠴᠤᠳ ᠢ᠋ ᠪᠠᠶᠠᠰᠬᠠᠨ᠂ ᠬᠠᠮᠲᠤ ᠪᠡᠷ ᠡᠳ᠋ᠯᠡᠬᠦ ᠬᠣᠭᠣᠯᠠᠨ ᠭᠡᠷ ᠨᠠᠰᠤᠲᠠᠢᠴᠤᠳ ᠲᠦ᠍ ᠡᠳᠦᠷ ᠤ᠋ᠨ ᠭᠤᠷᠪᠠᠨ ᠡᠷᠢᠨ ᠤ᠋ ᠬᠣᠭᠣᠯᠠ ᠬᠠᠩᠭᠠᠨ᠂ ᠬᠠᠶᠠᠭᠳᠠᠭᠰᠠᠨ ᠭᠠᠵᠠᠷ ᠰᠢᠷᠤᠢ ᠵᠢ ᠭᠤᠢᠳᠠ ᠰᠠᠢᠬᠠᠨ ᠴᠡᠴᠡᠷᠯᠢᠭ ᠪᠣᠯᠭᠠᠨ ᠪᠦᠲᠦᠭᠡᠨ ᠪᠠᠢᠭᠤᠯᠵᠤ᠂ 15 ᠮᠢᠨᠦ᠋ᠲ ᠤ᠋ᠨ ᠠᠷᠠᠳ ᠲᠤ᠌ ᠳᠦᠭᠦᠮ ᠦᠵᠡᠭᠦᠯᠬᠦ ᠠᠮᠢᠳᠤᠷᠠᠯ ᠤ᠋ᠨ ᠳᠤᠭᠤᠷᠢᠭ ᠨᠢ ᠪᠦᠬᠦ ᠣᠷᠣᠨ ᠪᠦᠰᠡ ᠵᠢ ᠪᠦᠷᠬᠦᠪᠡ᠃ ᠬᠠᠯᠠᠭᠤᠨ ᠲᠠᠭᠠᠲᠠᠢ ᠨᠠᠷᠢᠯᠢᠭ ᠦᠢᠯᠡᠴᠢᠯᠡᠭᠡ ᠨᠢ ᠦᠦᠰᠢᠨ ᠬᠣᠰᠢᠭᠤᠨ ᠤ᠋ ᠬᠠᠮᠤᠭᠤᠨ ᠠᠮᠢᠳᠤᠯᠢᠬ ᠪᠣᠯᠪᠠᠰᠤᠨ ᠤ᠋ ᠰᠠᠭᠤᠷᠢ ᠥᠩᠭᠡ ᠪᠤᠯᠵᠤ᠂ ᠦᠨᠳᠦᠰᠦᠨ ᠱᠠᠲᠤᠨ ᠤ᠋ ᠵᠠᠰᠠᠯᠲᠠ ᠵᠢ ᠡᠷᠴᠢᠮᠵᠢᠭᠦᠯᠦᠨ᠂ ᠠᠷᠠᠳ ᠤ᠋ᠨ ᠠᠮᠢᠳᠤᠷᠠᠯ ᠤ᠋ᠨ ᠦᠢᠯᠡᠴᠢᠯᠡᠭᠡ ᠵᠢ ᠬᠠᠯᠠᠭᠤᠨ ᠲᠠᠭᠠᠲᠠᠢ ᠪᠣᠯᠭᠠᠭᠰᠠᠨ ᠪᠠᠢᠨ᠎ᠠ᠃