《2026 ᠳᠤᠮᠳᠠᠳᠤ ᠤᠯᠤᠰ ᠪᠤᠯᠤᠨ ᠳᠤᠮᠳᠠ ᠵᠡᠭᠦᠨ ᠡᠸᠦ᠋ᠷᠣᠫᠠ᠎ᠶᠢᠨ ᠵᠠᠯᠠᠭᠤ ᠤᠯᠤᠰ ᠲᠦᠷᠦᠴᠢᠨ᠎ᠦ ᠶᠠᠷᠢᠶᠠᠨ᠎ᠤ ᠲᠠᠪᠴᠠᠩ》 ᠡᠬᠢᠯᠡᠪᠡ
2026-06-16 10:10:53
ᠵᠣᠬᠢᠶᠠᠭ᠍ᠴᠢ᠄
ᠡᠾᠸᠦ ᠸᠸᠨ ᠺᠦᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 14 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠭᠠᠳᠠᠭᠠᠳᠤ᠎ᠲᠠᠶ ᠬᠣᠯᠪᠣᠭ᠎ᠠ ᠠᠪᠬᠤ ᠬᠡᠯᠲᠡᠰ ᠪᠣᠯᠤᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠬᠤᠪᠸᠢ ᠮᠤᠵᠢ᠎ᠶᠢᠨ ᠬᠣᠷᠢᠶ᠎ᠠ ᠬᠠᠮᠲᠤᠷᠠᠨ ᠡᠷᠬᠢᠯᠡᠭᠰᠡᠨ 《2026 ᠳᠤᠮᠳᠠᠳᠤ ᠤᠯᠤᠰ ᠬᠢᠬᠡᠳ ᠳᠤᠮᠳᠠ ᠵᠡᠭᠦᠨ ᠡᠸᠦ᠋ᠷᠣᠫᠠ᠎ᠶᠢᠨ ᠵᠠᠯᠠᠭᠤ ᠤᠯᠤᠰ ᠲᠦᠷᠦᠴᠢᠨ᠎ᠦ ᠶᠠᠷᠢᠶᠠᠨ᠎ᠤ ᠲᠠᠪᠴᠠᠩ》 ᠬᠤᠪᠸᠢ ᠵᠢᠨ ᠦᠬᠠᠨ᠎ᠳᠤ ᠡᠬᠢᠯᠡᠪᠡ᠂ 《ᠰᠢᠨ᠎ᠡ ᠪᠠᠶ᠋ᠢᠳᠠᠯ ᠳᠣᠣᠷᠠᠬᠢ ᠳᠤᠮᠳᠠᠳᠤ ᠤᠯᠤᠰ ᠪᠣᠯᠤᠨ ᠳᠤᠮᠳᠠ ᠵᠡᠭᠦᠨ ᠡᠸᠦ᠋ᠷᠣᠫᠠ᠎ᠶᠢᠨ ᠤᠯᠤᠰ᠎ᠤᠳ᠎ᠤᠨ ᠬᠠᠮᠲᠤ ᠵᠢᠨ ᠣᠳᠣᠬᠢᠴᠢᠯᠠᠯᠲᠠ᠎ᠶᠢᠨ ᠵᠠᠮ᠄ ᠵᠠᠯᠠᠭᠤᠴᠤᠳ᠎ᠤᠨ ᠠᠵᠢᠯᠯᠠᠭ᠎ᠠ ᠪᠣᠯᠤᠨ ᠬᠤᠪᠢ ᠨᠡᠮᠡᠷᠢ》 ᠬᠡᠬᠦ ᠭᠤᠤᠯ ᠰᠡᠳᠦᠪ ᠎ᠢᠶᠡᠷ ᠶᠠᠪᠤᠬᠳᠠᠪᠠ᠃ ᠳᠤᠮᠳᠠ ᠵᠡᠭᠦᠨ ᠧᠦ᠋ᠷᠣᠫᠠ᠎ᠶᠢᠨ 14 ᠤᠯᠤᠰ᠎ᠤᠨ ᠲᠦᠷᠦ᠎ᠶᠢᠨ ᠨᠠᠮ᠂ ᠤᠶᠤᠨ᠎ᠤ ᠬᠥᠮᠥᠷᠭᠡ᠂ ᠠᠷᠠᠳ᠎ᠤᠨ ᠵᠣᠬᠢᠶᠠᠨ ᠪᠠᠶ᠋ᠢᠭᠤᠯᠤᠯᠲᠠ᠎ᠶᠢᠨ ᠲᠥᠯᠥᠭᠡᠯᠡᠭᠴᠢ ᠵᠢᠴᠢ ᠳᠤᠮᠳᠠᠳᠤ ᠤᠯᠤᠰ᠎ᠤᠨ ᠶᠠᠮᠤᠨ ᠵᠥᠪᠯᠡᠯ᠂ ᠣᠷᠣᠨ ᠨᠤᠲᠤᠭ᠂ ᠠᠵᠤ ᠠᠬᠤᠶ᠋ᠢᠯᠠᠯ ᠪᠣᠯᠤᠨ ᠤᠶᠤᠨ᠎ᠤ ᠬᠥᠮᠥᠷᠭᠡ᠎ᠶᠢᠨ ᠡᠷᠳᠡᠮᠲᠡᠳ᠎ᠦᠨ ᠲᠥᠯᠥᠭᠡᠯᠡᠭᠴᠢ ᠵᠡᠷᠭᠡ 100 ᠭᠠᠷᠤᠢ ᠬᠥᠮᠦᠨ ᠣᠷᠣᠯᠴᠠᠵᠠᠢ᠃

ᠲᠥᠪ᠎ᠦᠨ ᠭᠠᠳᠠᠭᠠᠳᠤ᠎ᠲᠠᠶ ᠬᠣᠯᠪᠣᠭ᠎ᠠ ᠠᠪᠬᠤ ᠬᠡᠯᠲᠡᠰ᠎ᠦᠨ ᠳᠠᠷᠤᠭ᠎ᠠ ᠯᠢᠦ ᠬᠠᠢ ᠰᠢᠩ᠂ ᠲᠡᠷᠢᠭᠦᠯᠡᠭᠴᠢ ᠰᠢ ᠵᠢᠨ ᠫᠢᠩ ᠪᠣᠯᠤᠨ ᠭᠠᠵᠠᠷ ᠣᠷᠣᠨ᠎ᠤ ᠤᠯᠤᠰ᠎ᠤᠳ᠎ᠤᠨ ᠤᠳᠤᠷᠢᠳᠬᠤ ᠬᠥᠮᠦᠰ᠎ᠦᠨ ᠪᠠᠶ᠋ᠢᠯᠳᠤᠬᠤ ᠪᠤᠳᠤᠯᠭ᠎ᠠ᠎ᠶᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ — ᠳᠤᠮᠳᠠ ᠵᠡᠭᠦᠨ ᠡᠸᠦ᠋ᠷᠣᠫᠠ᠎ᠶᠢᠨ ᠤᠯᠤᠰ᠎ᠤᠳ᠎ᠤᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠤᠯᠪᠠ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠳᠤᠷᠠᠲᠠᠶ᠎ᠠ ᠳᠤᠮᠳᠠ ᠵᠡᠭᠦᠨ ᠧᠦ᠋ᠷᠣᠫᠠ᠎ᠶᠢᠨ ᠤᠯᠤᠰ᠎ᠤᠳ᠎ᠤᠨ ᠡᠯ᠎ᠡ ᠲᠦᠷᠦ᠎ᠶᠢᠨ ᠨᠠᠮ᠎ᠯᠤᠭ᠎ᠠ ᠰᠣᠯᠢᠯᠴᠠᠭ᠎ᠠ ᠬᠠᠷᠢᠯᠴᠠᠨ ᠲᠤᠯᠢ ᠪᠤᠯᠭᠠᠬᠤ ᠪᠠᠨ ᠴᠢᠩᠭᠠᠳᠬᠠᠨ᠎ᠠ᠃ ᠦᠷᠬᠡᠨ ᠤᠯᠠᠨ ᠵᠠᠯᠠᠭᠤᠴᠤᠳ ᠳᠤᠮᠳᠠᠳᠤ ᠤᠯᠤᠰ ᠪᠣᠯᠤᠨ ᠳᠤᠮᠳᠠ ᠵᠡᠭᠦᠨ ᠡᠸᠦ᠋ᠷᠣᠫᠠ᠎ᠶᠢᠨ ᠤᠯᠤᠰ᠎ᠤᠳ᠎ᠤᠨ ᠬᠠᠮᠲᠤ᠎ᠶᠢᠨ ᠬᠥᠭᠵᠢᠯ ᠴᠡᠴᠡᠭᠯᠡᠯ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭᠲᠡᠢ ᠭᠡᠵᠤ ᠢᠯᠡᠳᠭᠡᠪᠡ᠃

ᠬᠤᠷᠠᠯ᠎ᠳᠤ ᠣᠷᠣᠯᠴᠠᠭᠰᠠᠨ ᠳᠤᠮᠳᠠ ᠵᠡᠭᠦᠨ ᠧᠦ᠋ᠷᠣᠫᠠ᠎ᠶᠢᠨ ᠲᠥᠯᠥᠭᠡᠯᠡᠭᠴᠢᠳ ᠳᠤᠮᠳᠠᠳᠤ ᠤᠯᠤᠰ ᠪᠣᠯᠤᠨ ᠳᠤᠮᠳᠠ ᠵᠡᠭᠦᠨ ᠡᠸᠦ᠋ᠷᠣᠫᠠ᠎ᠶᠢᠨ ᠵᠠᠯᠠᠭᠤ ᠤᠯᠤᠰ ᠲᠥᠷᠥᠴᠢᠨ ᠤ᠋ ᠶᠠᠷᠢᠶᠠᠨ᠎ᠤ ᠲᠠᠪᠴᠠᠩ᠎ᠤᠨ ᠢᠳᠡᠪᠬᠢᠲᠡᠶ ᠦᠢᠯᠡᠳᠦᠯ᠎ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠴᠢᠩ ᠦᠨᠡᠨᠴᠢ᠂ ᠪᠦᠲᠦᠭᠡᠯᠴᠢ ᠴᠢᠨᠠᠷᠲᠠᠶ ᠶᠠᠷᠢᠯᠴᠠᠭ᠎ᠠ ᠥᠷᠨᠢᠭᠦᠯᠵᠦ᠍᠂ ᠳᠤᠮᠳᠠ ᠵᠡᠭᠦᠨ ᠧᠦ᠋ᠷᠣᠫᠠ᠎ᠶᠢᠨ ᠤᠯᠤᠰ᠎ᠤᠳ᠎ᠤᠨ ᠳᠤᠮᠳᠠᠳᠤ ᠤᠯᠤᠰ᠎ᠯᠤᠭ᠎ᠠ ᠬᠠᠷᠢᠯᠴᠠᠨ ᠠᠰᠢᠭᠲᠠᠶ ᠬᠠᠮᠲᠤ᠎ᠪᠠᠷ ᠠᠰᠢᠭ ᠭᠥᠷᠳᠡᠬᠦ᠌ ᠬᠠᠮᠲᠤᠷᠠᠯᠴᠠᠭ᠎ᠠ ᠪᠣᠯᠤᠨ ᠳᠡᠯᠡᠬᠡᠶ᠎ᠶᠢᠨ ᠬᠥᠭᠵᠢᠯ ᠴᠡᠴᠡᠭᠯᠡᠯ᠎ᠢ ᠠᠬᠢᠭᠤᠯᠤᠨ᠎ᠠ ᠭᠡᠵᠦ᠍ ᠢᠯᠡᠳᠬᠡᠵᠡᠭᠡᠪᠡ᠃

 (ᠰᠢᠨᠬᠤᠸᠠ ᠬᠤᠷᠢᠶ᠎ᠠ ᠵᠢᠨ ᠦᠬᠠᠨ᠎ᠤ 6 ᠰᠠᠷ᠎ᠠ ᠵᠢᠨ 14᠎ᠤ᠋ ᠴᠠᠬᠢᠯᠭᠠᠨ ᠮᠡᠳᠡᠬᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号