ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠤᠢᠷᠠ ᠳ᠋ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨᠡ ᠢ᠋ᠢ ᠡᠭᠦᠳᠬᠦ᠌ ᠬᠥᠭ᠌ᠵᠢᠯᠲᠡ ᠢ᠋ᠢᠨ ᠶᠡᠬᠡ ᠬᠤᠷᠠᠯ ᠬᠢᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ ᠳ᠋ᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨᠡ ᠢ᠋ᠢ ᠡᠭᠦᠳᠦᠭ᠌ᠰᠡᠨ ᠦᠷᠡ ᠪᠦᠲᠦᠭᠡᠯ ᠵᠢᠡᠨ ᠳ᠋ᠦᠩᠨᠡᠵᠦ᠍᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠢᠭᠡᠳ ᠲᠣᠭᠠᠴᠢᠯᠠᠯᠲᠠ ᠢ᠋ᠢ ᠠᠭᠤᠰᠤᠯᠴᠠᠭᠤᠯᠤᠨ ᠬᠦᠭᠵᠢᠬᠦᠯᠬᠦ ᠠᠵᠢᠯ ᠢ᠋ ᠪᠦᠬᠦ ᠲᠠᠯᠠ ᠪᠡᠷ ᠪᠠᠢᠷᠢᠯᠠᠭᠤᠯᠪᠠ᠃
《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨᠡ ᠢ᠋ᠢ ᠡᠭᠦᠳᠬᠦ᠌ ᠢ᠋ᠢ ᠭᠤᠤᠯ ᠪᠠᠢᠷᠢᠨ ᠳ᠋ᠤ ᠲᠠᠯᠪᠢᠵᠤ᠂ ᠮᠤᠵᠢ ᠶᠠᠮᠤᠨ ᠤ᠋ ᠲᠠᠰ ᠤ᠋ᠨ ᠰᠤᠳᠤᠯᠭᠠᠨ ᠤ᠋ ᠰᠡᠳᠦᠪ ᠢ᠋ ᠨᠡᠢᠲᠡ 57 ᠡᠭᠦᠷᠭᠡᠯᠡᠨ᠂ ᠣᠯᠠᠨ ᠤᠯᠤᠰ ᠪᠠ ᠤᠯᠤᠰ ᠤ᠋ᠨ ᠡᠭᠦᠳᠦᠨ ᠪᠦᠲᠦᠭᠡᠯᠲᠡ ᠢ᠋ᠢᠨ ᠲᠤᠰᠭᠠᠶ ᠠᠱᠢᠭ ᠢ᠋ ᠱᠢᠨᠡ ᠪᠡᠷ 48 ᠤᠯᠵᠤ᠂ ᠮᠤᠵᠢ ᠶᠠᠮᠤᠨ ᠤ᠋ ᠲᠠᠰ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠨᠢᠭᠡᠳᠦᠭᠡᠷ ᠳᠡᠰ ᠤ᠋ᠨ ᠱᠠᠩᠨᠠᠯ ᠢ᠋ 9 ᠭᠥᠷᠳᠡᠪᠡ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠰ ᠡᠴᠡ ᠳᠡᠭᠡᠭ᠌ᠰᠢᠬᠢ ᠱᠢᠨᠡ ᠢ᠋ᠢ ᠡᠭᠦᠳᠬᠦ᠌ ᠲᠠᠪᠴᠠᠩ ᠢ᠋ 10 ᠭᠠᠷᠤᠶ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠢ᠋ᠢᠨ ᠠᠵᠤ ᠠᠬᠤᠢᠯᠠᠯ ᠢ᠋ 26 ᠪᠣᠢᠵᠢᠭᠤᠯᠤᠨ᠂ ᠳᠡᠭᠡᠳᠦ ᠲᠠᠰ ᠳᠠᠪᠬᠤᠷᠭᠠ ᠢ᠋ᠢᠨ 34 ᠴᠢᠳᠠᠪᠤᠷᠢᠲᠠᠨ ᠢ᠋ ᠪᠡᠶᠡ ᠪᠡᠨ ᠳᠠᠭᠠᠭᠠᠨ ᠬᠥᠮᠦᠵᠢᠭᠦᠯᠵᠦ᠍᠂ ᠳᠤᠮᠳᠠᠳᠤ ᠤᠯᠤᠰ ᠤ᠋ᠨ ᠢᠨᠵᠧᠨᠧᠷᠢᠩ ᠤ᠋ᠨ ᠬᠦᠷᠢᠶᠡᠯᠡᠩ ᠤ᠋ᠨ ᠠᠺᠠᠳᠧᠮᠢᠴᠢ ᠵᠡᠷᠭᠡ 13 ᠣᠷᠣᠢᠯᠠᠭ᠍ᠰᠠᠨ ᠲᠤᠰᠭᠠᠶ ᠮᠡᠷᠭᠡᠵᠢᠯᠲᠡᠨ ᠢ᠋ ᠤᠷᠢᠨ ᠠᠪᠴᠢᠷᠠᠵᠠᠶ᠃
《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠤᠢᠷᠠ ᠤᠭᠳᠠᠷᠭᠤᠢ ᠵᠢᠨ ᠠᠵᠤ ᠠᠬᠤᠶ᠂ ᠱᠢᠨᠡ ᠡᠨᠧᠷᠭᠢ ᠢ᠋ᠢᠨ ᠬᠦᠨᠳᠦ ᠬᠡᠯᠪᠡᠷᠢ ᠢ᠋ᠢᠨ ᠠᠴᠢᠶᠠᠨ ᠤ᠋ ᠮᠠᠱᠢᠨ᠂ ᠤᠶᠤᠨᠲᠤ ᠵᠠᠮ ᠬᠠᠷᠢᠯᠴᠠᠭᠠ᠂ ᠤᠰᠤᠲᠥ᠋ᠷᠥᠭ᠌ᠴᠢ ᠡᠨᠧᠷᠭᠢ ᠢ᠋ᠢᠨ ᠬᠡᠷᠡᠭ᠌ᠯᠡᠯᠲᠡ ᠵᠡᠷᠭᠡ ᠬᠦᠷᠢᠶᠡᠨ ᠳ᠋ᠡᠬᠢ ᠭᠤᠤᠯᠯᠠᠬᠤ ᠮᠡᠷᠭᠡᠵᠢᠯ ᠤ᠋ᠨ ᠪᠣᠭᠣᠮᠲᠠ ᠱᠢᠪᠲᠤᠯᠬᠤᠠᠵᠢᠯ ᠢ᠋ ᠭᠤᠤᠯᠳᠠᠯᠭᠠ ᠲᠠᠢ ᠠᠬᠢᠭᠤᠯᠵᠤ᠂ ᠪᠡᠶᠡ ᠪᠡᠨ ᠳᠠᠭᠠᠭᠠᠨ ᠡᠵᠡᠮᠳᠡᠵᠦ᠍ ᠪᠣᠯᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷᠡ ᠪᠦᠲᠦᠭᠡᠯ ᠢ᠋ ᠲᠦᠷᠭᠡᠳᠭᠡᠨ ᠪᠣᠶ ᠪᠣᠯᠭᠠᠨᠠ᠃ ᠡᠭᠦᠨ ᠤ᠋ ᠬᠠᠮᠲᠤ᠂ ᠦᠢᠯᠡᠳᠪᠦᠷᠢᠯᠡᠯ ᠵᠢᠭᠠᠨ ᠰᠤᠷᠭᠠᠯᠲᠡ ᠰᠤᠳᠤᠯᠭᠠᠨ ᠪᠠ ᠬᠡᠷᠡᠭᠯᠡᠬᠡᠨ ᠢ᠋ ᠠᠭᠤᠰᠤᠯᠴᠠᠭᠤᠯᠤᠨ᠂《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨᠡ ᠢ᠋ᠢ ᠡᠭᠦᠳᠬᠦ᠌᠂ ᠠᠵᠤ ᠦᠶ᠋ᠯᠡᠰ ᠤ᠋ᠨ ᠱᠢᠨᠡ ᠢ᠋ᠢ ᠡᠭᠦᠳᠬᠦ᠌᠂ ᠲᠣᠭ᠍ᠲᠠᠴᠠ ᠢ᠋ᠢᠨ ᠰᠢᠨᠠ ᠢ᠋ᠢ ᠡᠭᠦᠳᠬᠦ᠂ ᠰᠡᠳᠭᠢᠬᠦᠶ ᠢ᠋ᠢᠨ ᠰᠢᠨᠠ ᠢ᠋ᠢ ᠡᠭᠦᠳᠬᠦ 》 ᠢ᠋ᠢ ᠨᠢᠭᠡ ᠴᠤᠭ᠍ᠴᠠᠵᠢᠭᠤᠯᠤᠭ᠍ᠰᠠᠨ ᠱᠢᠨᠡ ᠢ᠋ᠢ ᠡᠭᠦᠳᠬᠦ᠌ ᠬᠡᠯᠬᠢᠶᠡ ᠢ᠋ᠢ ᠬᠦᠴᠦᠯᠡᠨ ᠪᠠᠢᠭᠤᠯᠵᠤ᠂ 《 ᠨᠢᠭᠡ ᠴᠣᠭ᠍ᠴᠠ᠂ ᠬᠣᠶᠠᠷ ᠣᠷᠣᠨ ᠪᠦᠰᠡ᠂ ᠵᠢᠷᠭᠤᠭᠠᠨ ᠦᠶ᠋ᠯᠡᠰ 》 ᠤ᠋ᠨ ᠬᠥᠭ᠌ᠵᠢᠯᠲᠡ ᠢ᠋ᠢᠨ ᠪᠠᠢᠷᠢᠱᠢᠭᠤᠯᠤᠯᠲᠠ ᠢ᠋ᠢᠨ ᠲᠣᠭᠣᠷᠢᠨ ᠳ᠋ᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨᠡ ᠡᠬᠦᠳᠦᠯᠳᠡ ᠪᠡᠷ ᠡᠨ᠋ᠸᠷᠬᠢ ᠣᠯᠭᠣᠬᠤ ᠠᠵᠢᠯᠯᠠᠭᠠ 》 ᠪᠣᠯᠤᠨ《ᠲᠣᠭᠠᠴᠢᠯᠠᠯᠲᠠ ᠣᠶᠤᠨᠴᠢᠯᠠᠯᠲᠠ ᠲᠠᠢᠰᠢ ᠬᠡᠯᠪᠡᠷᠢ ᠪᠡᠨ ᠬᠤᠪᠢᠷᠠᠭᠤᠯᠬᠤ ᠠᠵᠢᠯᠯᠠᠭᠠ 》 ᠢ᠋ᠢ ᠪᠠᠢᠩᠭᠤᠵᠢᠭᠤᠯᠤᠨ ᠬᠡᠷᠡᠭ᠌ᠵᠢᠭᠦᠯᠵᠦ᠍᠂ ᠶᠡᠷᠦᠩᠬᠡᠢᠯᠡᠭ᠌ᠰᠡᠨ ᠵᠠᠮ ᠬᠠᠷᠢᠯᠴᠠᠭᠠᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨᠡ ᠢ᠋ᠢ ᠡᠭᠦᠳᠬᠦ᠌ ᠬᠡᠪ ᠳᠠᠭᠤᠷᠢᠶᠠᠯ ᠢ᠋ ᠲᠦᠷᠭᠡᠳᠭᠡᠨ ᠪᠣᠶ ᠪᠣᠯᠭᠠᠬᠤ ᠪᠤᠯᠤᠨᠠ᠃