2026 ᠣᠨ᠎ᠤ ᠬᠥᠬᠡᠬᠣᠲᠠ᠎ᠶ᠋ᠢᠨ ᠵᠠᠯᠠᠭᠤᠴᠤᠳ ᠪᠠᠭᠠᠴᠤᠳ (ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ) ᠤ᠋ᠨ ᠥᠳᠥᠨ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠡᠬᠢᠯᠡᠪᠡ
2026-06-16 11:26:00
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

2026 ᠣᠨ᠎ᠤ ᠬᠥᠬᠡᠬᠣᠲᠠ᠎ᠶ᠋ᠢᠨ ᠵᠠᠯᠠᠭᠤᠴᠤᠳ ᠪᠠᠭᠠᠴᠤᠳ (ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ) ᠤ᠋ᠨ ᠥᠳᠥᠨ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠲᠦᠷᠦᠬᠦᠬᠡᠨ  ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠥᠪ᠎ᠦᠨ ᠶᠡᠷᠦᠩᠬᠡᠢᠯᠡᠭ᠌ᠰᠡᠨ ᠣᠷᠳᠣᠨ᠎ᠳᠤ ᠡᠬᠢᠯᠡᠪᠡ᠃

ᠲᠣᠰ ᠤᠳᠠᠭᠠᠨ᠎ᠤ ᠤᠷᠤᠯᠳᠤᠭᠠᠨ᠎ᠢ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠬᠥᠬᠡᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ ᠬᠠᠮᠲᠤᠷᠠᠨ ᠭᠤᠤᠯᠯᠠᠨ ᠡᠷᠭᠢᠯᠡᠵᠦ᠍᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠥᠪ ᠬᠠᠮᠵᠢᠯᠴᠠᠨ ᠡᠷᠭᠢᠯᠡᠵᠦ᠍᠂ ᠬᠥᠬᠡᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠣᠷᠣᠭ᠍ᠴᠢ᠎ᠶ᠋ᠢ ᠬᠠᠮᠤᠷᠤᠭ᠍ᠰᠠᠨ ᠬᠡᠪᠴᠢᠶ᠎ᠡ᠎ᠪᠡᠷ ᠥᠷᠭᠡᠨ᠂ ᠲᠤᠰᠭᠠᠶ ᠮᠡᠷᠭᠡᠵᠢᠯ᠎ᠦᠨ ᠴᠢᠨᠠᠷ᠎ᠢᠶᠠᠷ ᠴᠢᠩᠭ᠎ᠠ ᠵᠠᠯᠠᠭᠤᠴᠤᠳ ᠪᠠᠭᠠᠴᠤᠳ᠎ᠤᠨ ᠥᠲᠥᠨ ᠪᠥᠮᠪᠥᠭᠡ᠎ᠶ᠋ᠢᠨ ᠲᠤᠰᠭᠠᠶ ᠤᠷᠤᠯᠳᠤᠭᠠᠨ ᠪᠣᠯᠤᠨ᠎ᠠ᠃ ᠪᠥᠬᠥ᠌ ᠬᠣᠲᠠ᠎ᠶ᠋ᠢᠨ 110 ᠳᠤᠮᠳᠠᠳᠤ ᠪᠠᠭ᠎ᠠ ᠰᠤᠷᠭᠠᠭᠤᠯᠢ᠎ᠶ᠋ᠢᠨ 779 ᠵᠠᠯᠠᠭᠤᠴᠤᠳ ᠪᠠᠭᠠᠴᠤᠳ ᠤᠷᠤᠯᠳᠤᠭᠠᠨ᠎ᠳᠦ ᠤᠷᠤᠯᠴᠠᠪᠠ᠃

ᠤᠷᠤᠯᠳᠤᠭᠠᠨ᠎ᠢ ᠪᠠᠭ᠎ᠠ ᠰᠤᠷᠭᠠᠭᠤᠯᠢ᠎ᠶ᠋ᠢᠨ ᠡᠷᠡᠭ᠌ᠲᠡᠶ (ᠡᠮᠡᠭ᠌ᠲᠡᠶ) ᠶ᠋ᠢᠨ ᠳᠤᠭᠤᠢᠯᠠᠩ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠡᠷᠡᠭ᠌ᠲᠡᠶ (ᠡᠮᠡᠭ᠌ᠲᠡᠶ)᠎ᠶ᠋ᠢᠨ ᠳᠤᠭᠤᠢᠯᠠᠩ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠡᠷᠡᠭ᠌ᠲᠡᠶ (ᠡᠮᠡᠭ᠌ᠲᠡᠶ)᠎ᠶ᠋ᠢᠨ ᠳᠤᠭᠤᠢᠯᠠᠩ ᠭᠡᠵᠦ᠍ ᠬᠤᠪᠢᠶᠠᠨ᠂ ᠬᠠᠮᠲᠤ᠎ᠶ᠋ᠢᠨ ᠤᠷᠤᠯᠳᠤᠭᠠᠨ ᠪᠠ ᠳᠠᠩ ᠲᠦᠷᠦᠯ᠎ᠦᠨ ᠤᠷᠤᠯᠳᠤᠭᠠᠨ ᠭᠡᠵᠦ᠍ ᠬᠤᠪᠢᠶᠠᠪᠠ᠃ ᠲᠤᠰ ᠤᠷᠤᠯᠳᠤᠭᠠᠨ᠎ᠨᠢ 《ᠡᠷᠡᠭᠦᠯ ᠴᠢᠭᠢᠷᠠᠭ᠎ᠢ ᠲᠡᠷᠢᠭᠦᠨ᠎ᠳᠦ ᠲᠠᠯᠪᠢᠬᠤ》  ᠰᠤᠷᠭᠠᠨ ᠬᠥᠮᠦᠵᠢᠯ᠎ᠦᠨ ᠣᠢᠯᠠᠭᠠᠭ᠍ᠳᠠᠬᠤᠨ᠎ᠢ ᠨᠠᠢᠳᠠᠪᠤᠷᠢᠵᠢᠭᠤᠯᠵᠤ᠂ ᠬᠦᠬᠡᠬᠤᠲᠠ᠎ᠶᠢᠨ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠥᠲᠥᠨ ᠪᠥᠮᠪᠥᠭᠡ᠎ᠶ᠋ᠢᠨ ᠤᠷᠤᠯᠳᠤᠭᠠᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠪᠡᠷ ᠵᠣᠷᠢᠯᠭ᠎ᠠ᠎ᠪᠠᠨ ᠪᠣᠯᠭᠠᠵᠠᠢ᠃ ᠤᠷᠤᠯᠳᠤᠭᠠᠨ᠎ᠨᠢ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠳᠡᠭᠡᠭ᠌ᠰᠢᠯᠡᠭᠦᠯᠬᠦ᠌ ᠪᠠ ᠪᠡᠶ᠎ᠡ᠎ᠶ᠋ᠢᠨ ᠲᠠᠮᠢᠷ᠎ᠤᠨ ᠣᠨᠴᠠ ᠴᠢᠳᠠᠪᠤᠷᠢ᠎ᠶ᠋ᠢ ᠬᠥᠮᠦᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠬᠣᠲᠠ᠎ᠶ᠋ᠢᠨ ᠥᠳᠥᠨ ᠪᠥᠮᠪᠥᠭᠡ᠎ᠶ᠋ᠢᠨ ᠬᠥᠳᠡᠯᠭᠡᠭᠡᠨ᠎ᠳᠦ ᠳᠤᠷᠠᠲᠠᠶ ᠵᠠᠯᠠᠭᠤᠴᠤᠳ ᠪᠠᠭᠠᠴᠤᠳ᠎ᠲᠤ ᠲᠤᠰᠭᠠᠶ ᠮᠡᠷᠭᠡᠵᠢᠯ᠎ᠦᠨ᠂ ᠲᠥᠪ ᠭᠤᠤᠯᠴᠢ᠂ ᠴᠢᠨᠠᠷ ᠰᠠᠢᠲᠠᠶ ᠤᠷᠤᠯᠳᠤᠭᠠᠨ ᠰᠣᠯᠢᠯᠴᠠᠭᠠᠨ᠎ᠤ ᠲᠠᠪᠴᠠᠩ ᠬᠠᠩᠭᠠᠵᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠥᠳᠥᠨ ᠪᠥᠮᠪᠥᠭᠡ᠎ᠶ᠋ᠢᠨ ᠬᠥᠳᠡᠯᠭᠡᠭᠡᠨ᠎ᠳᠦ ᠣᠷᠣᠯᠴᠠᠬᠤ ᠬᠠᠯᠠᠭᠤᠨ ᠤᠷᠮ᠎ᠠ᠎ᠶ᠋ᠢ ᠪᠦᠲᠦᠮᠵᠢᠲᠡᠶ ᠬᠥᠭ᠌ᠵᠢᠭᠡᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠢᠯᠠᠭᠠᠬᠳᠠᠬᠤᠨ᠎ᠢ ᠲᠦᠭᠡᠮᠡᠯᠵᠢᠭᠦᠯᠬᠦ᠌᠎ᠪᠡᠷ ᠪᠠᠷᠠᠬᠤ ᠥᠬᠡᠶ᠂ ᠨᠠᠩ ᠴᠤ᠌ ᠰᠤᠷᠭᠠᠭᠤᠯᠢ᠎ᠶ᠋ᠢᠨ ᠬᠦᠷᠢᠶᠡᠨ᠎ᠦ ᠥᠳᠥᠨ ᠪᠥᠮᠪᠥᠭᠡ᠎ᠶ᠋ᠢᠨ ᠬᠥᠳᠡᠯᠭᠡᠭᠡᠨ᠎ᠢ ᠲᠦᠭᠡᠮᠡᠯᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠬᠦ᠌᠎ᠳᠦ ᠬᠦᠴᠦᠨ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号