ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
36 ᠳ᠋ᠤᠭᠠᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ 7 ᠰᠠᠷ᠎ᠠ᠎ᠶᠢᠨ 18 ᠡᠴᠡ 20᠎ᠤ ᠡᠳᠦᠷ ᠪᠣᠯᠲᠠᠯ᠎ᠠ ᠰᠢᠯᠢ᠎ᠶᠢᠨ ᠭᠣᠣᠯ ᠠᠢᠮᠠᠭ᠎ᠤᠨ ᠰᠢᠯᠢᠨᠭᠬᠤᠲᠠᠳᠦ
ᠶᠠᠪᠤᠭᠳᠠᠨ᠎ᠠ᠃

ᠡᠬᠢᠯᠡᠯᠲᠡ᠎ᠶᠢᠨ ᠶᠣᠰᠣᠯᠠᠯ᠎ᠢ 7 ᠰᠠᠷ᠎ᠠ᠎ᠶᠢᠨ 18᠎ᠤ
ᠦᠳᠡ᠎ᠶᠢᠨ ᠡᠮᠦᠨᠡᠬᠢ 9:30᠎ᠲᠦ ᠶᠠᠪᠤᠭᠳᠠᠭᠤᠯᠬᠤ᠎ᠪᠡᠷ ᠲᠣᠭᠲᠠᠵᠦ᠂ ᠭᠣᠣᠯ ᠨᠠᠭᠠᠳᠤᠮ᠎ᠤᠨ ᠲᠠᠯᠠᠪᠠᠢ᠎ᠶᠢ ᠰᠢᠯᠢᠩᠬᠣᠲᠠ᠎ᠶᠢᠨ ᠨᠠᠭᠠᠳᠤᠮ ᠤᠨ ᠵᠠᠩ ᠦᠢᠯᠡ᠎ᠶᠢᠨ ᠬᠦᠷᠢᠶᠡᠯᠡᠩ᠎ᠳᠦ ᠲᠣᠬᠢᠷᠠᠭᠤᠯᠪᠠ᠃
ᠲᠤᠰ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ᠎ᠳᠦ ᠮᠣᠷᠢ ᠤᠷᠤᠯᠳᠤᠬᠤ᠂ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠨᠠᠭᠠᠳᠤᠮ ᠶᠠᠪᠤᠭᠳᠠᠬᠤ᠎ᠶᠢᠨ
ᠬᠠᠮᠲᠤ 《ᠳᠡᠯᠭᠡᠷ ᠨᠠᠭᠠᠳᠤᠮ》 ᠠᠵᠢᠯᠯᠠᠭ᠎ᠠ ᠡᠯ᠎ᠡ ᠬᠣᠰᠢᠭᠤ
ᠰᠢᠶᠠᠨ᠎ᠳᠤ ᠦᠷᠭᠦᠯᠵᠢᠯᠡᠨ ᠨᠢᠭᠡ ᠰᠠᠷ᠎ᠠ ᠶᠠᠪᠤᠭᠳᠠᠬᠤ ᠪᠣᠯᠣᠨ᠎ᠠ᠃

ᠡᠨᠡ ᠵᠢᠯ᠂ ᠰᠢᠯᠢ᠎ᠶᠢᠨ ᠭᠣᠣᠯ ᠠᠢᠮᠠᠭ ᠠᠳᠤᠭᠤᠨ ᠰᠣᠶᠣᠯ᠎ᠤᠨ ᠨᠠᠭᠠᠳᠤᠮ᠂ ᠥᠪᠡᠰᠦᠪᠡᠨ ᠲᠡᠷᠭᠡ ᠵᠢᠯᠣᠭᠣᠳᠴᠤ ᠵᠢᠭᠤᠯᠴᠢᠯᠠᠬᠤ ᠵᠡᠷᠭᠡ ᠬᠦᠷᠢᠶ᠎ᠡ ᠴᠠᠷᠠᠭᠠᠨ᠎ᠳᠤ 80 ᠭᠠᠷᠤᠢ
ᠵᠦᠢᠯ᠎ᠦᠨ ᠤᠨᠴᠠᠯᠢᠭᠲᠦ ᠰᠣᠶᠣᠯ ᠵᠢᠭᠤᠯᠴᠢᠯᠠᠯ᠎ᠤᠨ ᠠᠵᠢᠯᠯᠠᠭ᠎ᠠ ᠦᠷᠨᠢᠭᠦᠯᠦᠨ᠎ᠡ᠃
ᠢᠷᠡᠯᠲᠡ᠄ ᠰᠢᠯᠢ ᠵᠢᠨ ᠭᠤᠤᠯ ᠬᠠᠮ ᠵᠠᠭᠤᠴᠢᠯᠠᠭᠤᠷ ᠲᠡᠪᠴᠡᠨᠭ