ᠣᠢᠷ᠎ᠠ᠎ᠳᠤ᠂ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠪᠡᠭᠡᠵᠢᠩ᠎ᠦᠨ ᠠᠭᠠᠷ᠎ᠤᠨ ᠠᠶᠠᠯᠠᠯ
ᠰᠠᠨᠰᠠᠷ᠎ᠤᠨ ᠠᠶᠠᠯᠠᠯ᠎ᠤᠨ ᠶᠡᠬᠡ ᠰᠤᠷᠭᠠᠭᠤᠯᠢ᠂ ᠨᠠᠨᠵᠢᠩ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ
ᠶᠡᠬᠡ ᠰᠤᠷᠭᠠᠭᠤᠯᠢ᠂ ᠲᠥᠪ᠎ᠦᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠂ ᠨᠠᠨᠺᠠᠢ ᠶᠡᠬᠡ ᠰᠤᠷᠭᠠᠭᠤᠯᠢ᠂
ᠵᠥᠩᠱᠠᠨ ᠶᠡᠬᠡ ᠰᠤᠷᠭᠠᠭᠤᠯᠢ᠂ ᠱᠠᠨᠳᠦ᠋ᠩ ᠶᠡᠬᠡ ᠰᠤᠷᠭᠠᠭᠤᠯᠢ ᠵᠡᠷᠭᠡ 《ᠬᠣᠣᠰ ᠲᠡᠷᠢᠭᠦᠨ ᠵᠡᠷᠭᠡ》
ᠵᠢᠨ ᠣᠯᠠᠨ ᠶᠡᠬᠡ ᠳᠡᠭᠡᠳᠦ ᠰᠤᠷᠭᠠᠭᠤᠯᠢ ᠵᠢᠩᠬᠢᠨᠢ ᠠᠩᠭᠢ᠎ᠶᠢᠨ ᠰᠣᠷᠣᠭ᠍ᠴᠢ ᠥᠷᠭᠡᠳᠬᠡᠨ ᠡᠯᠰᠡᠬᠦ ᠲᠥᠯᠥᠪᠯᠡᠭᠡ᠎ᠪᠡᠨ
ᠨᠡᠢᠲᠡᠯᠡᠵᠡᠢ᠃
ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ
ᠡᠨᠡ ᠵᠢᠯ᠎ᠦᠨ ᠵᠢᠩᠬᠢᠨᠢ ᠠᠩᠭᠢ᠎ᠶᠢᠨ ᠰᠣᠷᠣᠭ᠍ᠴᠢ ᠡᠯᠰᠡᠬᠦ ᠲᠥᠯᠥᠪᠯᠡᠭᠡ ᠶᠡᠬᠡᠪᠡᠷ ᠨᠡᠮᠡᠭᠳᠡᠭᠰᠡᠨ
ᠪᠥᠭᠡᠳ ᠰᠡᠳᠬᠢᠴᠡ ᠵᠦᠢ᠂ ᠮᠠᠰᠢᠨ ᠬᠥᠮᠥᠨ᠎ᠦ ᠢᠨᠵᠧᠨᠧᠷᠢᠩ᠂ ᠳ᠋ᠠᠢᠲ᠋ᠠ ᠵᠢᠨ ᠰᠢᠨᠵᠢᠯᠡᠬᠦ ᠤᠬᠠᠭᠠᠨ ᠪᠠ ᠲᠤᠮᠤ
ᠳ᠋ᠠᠢᠲ᠋ᠠ᠎ᠶᠢᠨ ᠮᠡᠷᠭᠡᠵᠢᠯ ᠵᠡᠷᠭᠡ 5 ᠲᠤᠰᠬᠠᠢ ᠮᠡᠷᠭᠡᠵᠢᠯ᠎ᠳᠡᠭᠡᠨ ᠡᠨᠡ ᠵᠢᠯ᠎ᠡᠴᠡ ᠰᠣᠷᠣᠭ᠍ᠴᠢ ᠡᠯᠰᠡᠬᠦ ᠪᠣᠯᠣᠨ᠎ᠠ᠃
ᠪᠡᠭᠡᠵᠢᠩ᠎ᠦᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠶᠡᠬᠡ ᠰᠤᠷᠭᠠᠭᠤᠯᠢ
ᠡᠨᠡ ᠵᠢᠯ᠎ᠦᠨ ᠰᠣᠷᠣᠭ᠍ᠴᠢ ᠡᠯᠰᠡᠬᠦ ᠶᠡᠷᠦᠩᠬᠡᠢ ᠬᠡᠮᠵᠢᠶ᠎ᠡ ᠪᠠᠨ ᠳᠡᠭᠡᠭᠰᠢᠯᠡᠬᠦ᠎ᠶᠢᠨ ᠬᠠᠮᠲᠤ ᠡᠨᠡ
ᠵᠢᠯ᠎ᠤᠨ ᠰᠠᠭᠤᠷᠢ ᠵᠢ ᠪᠡᠬᠢᠵᠢᠭᠦᠯᠬᠦ ᠲᠥᠯᠥᠪᠯᠡᠭᠡ᠎ᠳᠦ 30 ᠬᠥᠮᠥᠨ ᠨᠡᠮᠡᠵᠦ ᠡᠯᠰᠡᠬᠦ ᠮᠦᠷᠲᠡᠭᠡᠨ 《ᠨᠢᠰᠦᠭᠦᠷ ᠤ᠋ᠨ ᠠᠶᠠᠯᠠᠯ᠎ᠳᠤ ᠵᠣᠬᠢᠴᠠᠬᠤ ᠮᠡᠷᠭᠡᠵᠢᠯ》 ᠬᠡᠭᠦ ᠲᠤᠰᠬᠠᠢ ᠮᠡᠷᠭᠡᠵᠢᠯ᠎ᠢ ᠰᠢᠨ᠎ᠡ᠎ᠪᠡᠷ ᠨᠡᠮᠡᠪᠡ᠃
ᠨᠠᠨᠵᠢᠩ ᠶᠡᠬᠡ ᠰᠤᠷᠭᠠᠭᠤᠯᠢ
ᠡᠨᠡ ᠵᠢᠯ ᠵᠢᠩᠬᠢᠨᠢ ᠠᠩᠭᠢ᠎ᠳᠠᠭᠠᠨ 300 ᠬᠥᠮᠥᠨ ᠥᠷᠭᠡᠳᠬᠡᠨ ᠡᠯᠰᠡᠨ᠎ᠠ᠃ ᠡᠨᠡ ᠵᠢᠯ᠂ ᠢᠷᠡᠭᠡᠳᠦᠢ
ᠵᠢᠨ ᠮᠡᠷᠭᠡᠵᠢᠯ᠎ᠦᠨ ᠳᠡᠭᠡᠳᠦ ᠰᠤᠷᠭᠠᠭᠤᠯᠢ᠎ᠨᠢ ᠡᠬᠢᠯᠡᠵᠦ ᠰᠣᠷᠣᠭ᠍ᠴᠢ ᠡᠯᠰᠡᠨ᠎ᠡ᠃
ᠲᠥᠪ᠎ᠦᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ
2026 ᠤᠨ ᠳ᠋ᠦ ᠵᠢᠩᠬᠢᠨᠢ ᠠᠩᠬᠢ ᠳ᠋ᠦ ᠡᠯᠰᠡᠭᠦ
ᠰᠤᠷᠤᠬᠴᠢ ᠵᠢᠨ ᠶᠡᠷᠦᠩᠬᠡᠢ ᠬᠡᠪᠴᠢᠢᠠ ᠵᠢ 2730 ᠬᠦᠮᠦᠨ ᠤᠷᠴᠢᠮ ᠬᠢᠵᠠᠭᠠᠷᠯᠠᠵᠤ᠂ ᠡᠨᠡ ᠵᠢᠯ 100 ᠬᠥᠮᠥᠨ
ᠥᠷᠭᠡᠳᠬᠡᠨ ᠡᠯᠰᠡᠨ᠎ᠡ᠃
ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ
2025 ᠣᠨ᠎ᠤ 500 ᠬᠥᠮᠥᠨ ᠥᠷᠭᠡᠳᠬᠡᠨ ᠡᠯᠰᠡᠬᠦ ᠲᠦᠯᠦᠪᠯᠡᠭᠡ ᠵᠢᠨ ᠰᠠᠭᠤᠷᠢᠨ ᠳᠡᠭᠡᠷ᠎ᠡ᠂ ᠡᠨᠡ ᠵᠢᠯ
ᠦᠷᠭᠦᠯᠵᠢᠯᠡᠨ 100 ᠬᠥᠮᠥᠨ᠎ᠡᠴᠡ ᠳᠡᠭᠡᠭᠰᠢ ᠥᠷᠭᠡᠳᠬᠡᠨ ᠡᠯᠰᠡᠬᠦ᠎ᠪᠡᠷ ᠲᠥᠯᠥᠪᠯᠡᠵᠦ ᠪᠣᠶ᠃
ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠶᠡᠬᠡ ᠰᠤᠷᠭᠠᠭᠤᠯᠢ
ᠡᠨᠡ ᠵᠢᠯ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠶᠡᠬᠡ ᠰᠤᠷᠭᠠᠭᠤᠯᠢ(ᠪᠡᠭᠡᠵᠢᠩ)ᠪᠠ ᠺᠠᠷᠠᠮᠠᠢ ᠵᠢᠨ
ᠰᠤᠷᠭᠠᠭᠤᠯᠢ᠎ᠶᠢᠨ ᠲᠣᠭᠣᠷᠢᠭ᠋᠎ᠲᠦ ᠲᠣᠰ ᠲᠣᠰ 120 ᠬᠥᠮᠥᠨ᠂ 140 ᠬᠥᠮᠥᠨ ᠦᠷᠭᠡᠳᠭᠡᠨ ᠡᠯᠰᠡᠨ᠎ᠠ᠃
ᠨᠠᠨᠺᠠᠢ ᠶᠡᠬᠡ ᠰᠤᠷᠭᠠᠭᠤᠯᠢ
ᠡᠨᠡ ᠵᠢᠯ 4325 ᠵᠢᠩᠬᠢᠨᠢ ᠠᠩᠭᠢ᠎ᠶᠢᠨ ᠰᠣᠷᠣᠭ᠍ᠴᠢ ᠡᠯᠰᠡᠬᠦ᠎ᠪᠡᠷ ᠲᠥᠯᠥᠪᠯᠡᠵᠦ ᠪᠠᠢᠨ᠎ᠠ ᠂ ᠡᠨᠡ ᠨᠢ
ᠨᠢᠳᠤᠨᠤᠨ ᠡᠴᠡ 100 ᠬᠥᠮᠥᠨ ᠨᠡᠮᠡᠭᠳᠡᠵᠡᠢ᠃
ᠪᠡᠭᠡᠵᠢᠩ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ
ᠰᠢᠨ᠎ᠡ ᠮᠠᠲᠧᠷᠢᠶᠠᠯ᠂ ᠬᠤᠷᠠᠮᠠᠯ ᠴᠠᠬᠢᠯᠭᠠᠨ ᠬᠡᠯᠬᠢᠶ᠎ᠡ᠂ ᠺᠣᠮᠫᠢᠦ᠋ᠲᠧᠷ᠂ ᠵᠣᠬᠢᠶᠠᠮᠠᠯ ᠣᠶᠤᠨ
ᠴᠢᠳᠠᠪᠤᠷᠢ ᠵᠡᠷᠭᠡ ᠰᠢᠨ᠎ᠡ ᠲᠤᠰᠬᠠᠢ ᠮᠡᠷᠭᠡᠵᠢᠯ᠎ᠳᠡᠭᠡᠨ 90 ᠬᠥᠮᠥᠨ ᠦᠷᠭᠡᠳᠭᠡᠨ ᠡᠯᠰᠡᠨ᠎ᠡ᠃
ᠪᠡᠭᠡᠵᠢᠩ᠎ᠦᠨ ᠰᠢᠤᠳᠠᠨ ᠬᠣᠯᠪᠣᠭᠠᠨ᠎ᠤ ᠶᠡᠬᠡ ᠰᠤᠷᠭᠠᠭᠤᠯᠢ
180 ᠬᠥᠮᠥᠨ ᠦᠷᠭᠡᠳᠭᠡᠨ ᠡᠯᠰᠡᠨ᠎ᠡ᠃ ᠵᠢᠩᠬᠢᠨᠢ
ᠠᠩᠬᠢ ᠳ᠋ᠠᠭᠠᠨ 4300 ᠬᠦᠮᠦᠨ ᠡᠯᠰᠡᠭᠦ ᠪᠡᠷ ᠲᠦᠯᠦᠪᠯᠡᠵᠤ ᠪᠤᠢ᠃
ᠲᠦᠩ ᠵᠢᠢ ᠶᠡᠬᠡ ᠰᠤᠷᠭᠠᠭᠤᠯᠢ
100 ᠬᠥᠮᠥᠨ ᠥᠷᠭᠡᠳᠬᠡᠨ ᠡᠯᠰᠡᠨ᠎ᠡ᠂ 《ᠢᠷᠡᠭᠡᠳᠦᠢ᠎ᠶᠢᠨ ᠮᠠᠰᠢᠨ ᠬᠥᠮᠥᠨ》᠂ 《ᠢᠨᠵᠧᠨᠧᠷᠢᠩ᠎ᠦᠨ ᠢᠨᠲᠧᠷ ᠰᠦᠯᠵᠢᠶ᠎ᠡ》 ᠭᠡᠬᠦ ᠬᠣᠶᠠᠷ
ᠶᠡᠬᠡ ᠰᠣᠯᠪᠢᠴᠠᠯ ᠲᠤᠰᠬᠠᠢ ᠮᠡᠷᠭᠡᠵᠢᠯ᠎ᠢ ᠰᠢᠨ᠎ᠡ᠎ᠪᠡᠷ ᠨᠡᠮᠡᠵᠡᠢ᠃
ᠬᠤᠸᠠᠳᠦ᠋ᠩ᠎ᠦᠨ ᠪᠠᠭ᠍ᠰᠢ᠎ᠶᠢᠨ ᠶᠡᠬᠡ ᠰᠤᠷᠭᠠᠭᠤᠯᠢ
ᠲᠥᠰᠥᠪᠯᠡᠨ ᠪᠤᠳᠤᠬᠤ ᠬᠡᠯᠡᠨ᠎ᠦ ᠰᠢᠨᠵᠢᠯᠡᠯ᠂ ᠲᠣᠮᠣ᠌ ᠳ᠋ᠠᠢᠲ᠋ᠠ᠎ᠶᠢᠨ ᠬᠠᠮᠢᠶᠠᠷᠤᠯᠲᠠ ᠪᠠ ᠬᠡᠷᠡᠭᠯᠡᠭᠡ᠂
ᠵᠣᠬᠢᠶᠠᠮᠠᠯ ᠣᠶᠤᠨ ᠴᠢᠳᠠᠪᠤᠷᠢ᠂ ᠨᠢᠭᠤᠴᠠ ᠲᠡᠮᠳᠡᠭ᠎ᠦᠨ ᠰᠢᠨᠵᠢᠯᠡᠬᠦ ᠤᠬᠠᠭᠠᠨ ᠪᠠ ᠮᠡᠷᠭᠡᠵᠢᠯ᠂ ᠡᠮ᠎ᠦᠨ ᠤᠬᠠᠭᠠᠨ᠂
ᠠᠯᠤᠰ ᠰᠡᠷᠡᠯ᠎ᠦᠨ ᠰᠢᠨᠵᠢᠯᠡᠬᠦ ᠤᠬᠠᠭᠠᠨ ᠪᠠ ᠮᠡᠷᠭᠡᠵᠢᠯ ᠵᠡᠷᠭᠡ 6 ᠰᠢᠨ᠎ᠡ ᠲᠤᠰᠬᠠᠢ ᠮᠡᠷᠭᠡᠵᠢᠯ᠎ᠳᠡᠭᠡᠨ ᠰᠤᠷᠤᠭᠴᠢ ᠦᠷᠭᠡᠳᠭᠡᠨ
ᠡᠯᠰᠡᠨ᠎ᠡ᠃
ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ
ᠡᠨᠡ ᠵᠢᠯ ᠨᠢᠳᠤᠨᠤᠨ᠎ᠤ ᠬᠢ᠎ᠡᠴᠡ 360 ᠬᠥᠮᠥᠨ ᠨᠡᠮᠡᠵᠦ ᠡᠯᠰᠡᠨ᠎ᠡ᠂ ᠭᠣᠣᠯᠳᠠᠭᠤ ᠣᠶᠤᠨᠲᠤ ᠦᠢᠯᠡᠳᠬᠦ
ᠦᠢᠯᠡᠰ᠂ ᠡᠨᠧᠷᠭᠢ᠂ ᠨᠥᠭᠡᠴᠡ᠂ ᠴᠠᠬᠢᠯᠭᠠᠨ ᠵᠡᠷᠭᠡ ᠤᠯᠤᠰ᠎ᠤᠨ ᠪᠠᠴᠢᠮ ᠬᠡᠷᠡᠭᠰᠡᠬᠦ ᠬᠦᠷᠢᠶᠡᠨ᠎ᠳᠦ ᠲᠥᠪᠯᠡᠷᠡᠵᠡᠢ᠃
ᠲᠤᠰ ᠰᠤᠷᠭᠠᠭᠤᠯᠢ᠎ᠶᠢᠨ ᠴᠢᠶᠠᠨ ᠰᠢᠤᠸᠠᠢ ᠰᠧᠨ ᠠᠩᠭᠢ᠂ ᠰᠠᠭᠤᠷᠢ ᠵᠢ ᠪᠡᠬᠢᠵᠢᠭᠦᠯᠬᠦ ᠲᠥᠯᠥᠪᠯᠡᠭᠡ᠂ ᠤᠯᠤᠰ᠎ᠤᠨ
ᠰᠢᠯᠭᠠᠷᠠᠭᠰᠠᠨ ᠠᠩᠭᠢ᠂ ᠰᠢᠯᠢᠳᠡᠭ ᠠᠩᠭᠢ ᠵᠡᠷᠭᠡ ᠣᠷᠣᠢᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ ᠠᠩᠭᠢ᠎ᠶᠢᠨ
ᠰᠤᠷᠤᠭ᠍ᠴᠢ ᠡᠯᠰᠡᠬᠦ ᠬᠡᠪᠴᠢᠶ᠎ᠡ ᠨᠢ ᠪᠦᠷ ᠥᠷᠭᠡᠳᠬᠦ ᠪᠣᠯᠣᠨ᠎ᠠ᠃
ᠰᠢ ᠠᠨ᠎ᠤ ᠡᠯᠧᠺᠲᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ
ᠡᠨᠡ ᠵᠢᠯ ᠨᠢᠳᠤᠨᠤᠨ᠎ᠤ ᠦᠷᠭᠡᠳᠭᠡᠨ ᠡᠯᠰᠡᠬᠦ ᠲᠦᠯᠦᠪᠯᠡᠭᠡ ᠵᠢᠨ ᠰᠠᠭᠤᠷᠢᠨ ᠳᠡᠭᠡᠷ᠎ᠡ ᠦᠷᠭᠦᠯᠵᠢᠯᠡᠨ
400 ᠬᠥᠮᠥᠨ ᠥᠷᠭᠡᠳᠬᠡᠨ ᠡᠯᠰᠡᠵᠦ᠂ ᠭᠣᠣᠯᠳᠠᠭᠤ ᠤᠯᠤᠰ᠎ᠤᠨ ᠪᠠᠴᠢᠮ ᠬᠡᠷᠡᠭᠰᠡᠬᠦ ᠴᠢᠳᠠᠪᠤᠷᠢᠲᠠᠨ᠎ᠤ ᠲᠤᠰᠬᠠᠢ
ᠮᠡᠷᠭᠡᠵᠢᠯ᠎ᠳᠡᠭᠡᠨ ᠡᠯᠰᠡᠨ᠎ᠡ᠃
ᠵᠡᠭᠦᠨ ᠡᠮᠦᠨᠡᠲᠦ᠎ᠶᠢᠨ ᠶᠡᠬᠡ ᠰᠤᠷᠭᠠᠭᠤᠯᠢ
ᠨᠢᠲᠤᠨᠤᠨ ᠡᠴᠡ 600 ᠬᠥᠮᠥᠨ ᠢᠯᠡᠭᠦᠦ ᠡᠯᠰᠡᠨ᠎ᠡ᠃
ᠵᠢᠶᠠᠩᠨᠠᠨ ᠶᠡᠬᠡ ᠰᠤᠷᠭᠠᠭᠤᠯᠢ
210 ᠬᠦᠮᠦᠨ ᠦᠷᠭᠡᠳᠭᠡᠨ ᠡᠯᠰᠡᠬᠦ ᠪᠡᠷ ᠲᠦᠯᠦᠪᠯᠡᠵᠤ ᠪᠤᠢ᠂ ᠶᠡᠷᠦᠩᠬᠡᠢ ᠬᠡᠪᠴᠢᠶ᠎ᠠ ᠨᠢ ᠰᠤᠷᠭᠠᠭᠤᠯᠢ
ᠵᠢᠨ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠦᠨ᠎ᠡ᠃
ᠱᠠᠨᠳᠦ᠋ᠩ ᠶᠡᠬᠡ ᠰᠤᠷᠭᠠᠭᠤᠯᠢ
100 ᠬᠥᠮᠥᠨ ᠥᠷᠭᠡᠳᠬᠡᠨ ᠡᠯᠰᠡᠵᠦ᠂ ᠰᠣᠷᠣᠭ᠍ᠴᠢ ᠡᠯᠰᠡᠬᠦ ᠬᠡᠪᠴᠢᠶ᠎ᠡ ᠨᠢ ᠵᠢᠱ᠌ᠢᠯᠲᠡ᠎ᠪᠡᠷ 10475 ᠬᠥᠮᠥᠨ᠎ᠳᠦ
ᠬᠦᠷᠬᠦ ᠪᠣᠯᠣᠨ᠎ᠠ᠃
ᠵᠦᠩᠱᠠᠨ ᠶᠡᠬᠡ ᠰᠤᠷᠭᠠᠭᠤᠯᠢ
100 ᠰᠣᠷᠣᠭ᠍ᠴᠢ ᠨᠡᠮᠡᠵᠦ ᠡᠯᠰᠡᠨ᠎ᠡ᠃
ᠯᠠᠨᠵᠧᠦ ᠶᠡᠬᠡ ᠰᠤᠷᠭᠠᠭᠤᠯᠢ
2025 ᠣᠨ᠎ᠤ 350 ᠬᠥᠮᠥᠨ ᠥᠷᠭᠡᠳᠬᠡᠨ ᠡᠯᠰᠡᠬᠦ ᠲᠦᠯᠦᠪᠯᠡᠭᠡ ᠵᠢᠨ ᠰᠠᠭᠤᠷᠢᠨ ᠳᠡᠭᠡᠷ᠎ᠡ᠂ ᠡᠨᠡ ᠵᠢᠯ
ᠦᠷᠭᠦᠯᠵᠢᠯᠡᠨ 300 ᠬᠥᠮᠥᠨ ᠥᠷᠭᠡᠳᠬᠡᠨ ᠡᠯᠰᠡᠵᠦ᠂ 《ᠳᠥᠷᠪᠡᠨ ᠰᠢᠨ᠎ᠡ》᠂ ᠤᠯᠤᠰ᠎ᠤᠨ ᠪᠠᠢᠯᠳᠤᠬᠤ ᠪᠣᠳᠣᠯᠭ᠎ᠠ᠎ᠳᠤ
ᠪᠠᠴᠢᠮ ᠱᠠᠭᠠᠷᠳᠠᠭᠳᠠᠵᠤ ᠪᠠᠢᠭ᠎ᠠ ᠰᠢᠨᠵᠢᠯᠡᠭᠡᠨ᠎ᠦ ᠲᠤᠰᠬᠠᠢ ᠮᠡᠷᠭᠡᠵᠢᠯ ᠪᠠ ᠲᠡᠷᠢᠭᠦᠨ ᠵᠡᠷᠭᠡ ᠵᠢᠨ ᠰᠢᠨᠵᠢᠯᠡᠭᠡᠨ᠎ᠦ
ᠰᠠᠯᠠᠭ᠎ᠠ᠂ ᠰᠠᠭᠤᠷᠢ ᠰᠢᠨᠵᠢᠯᠡᠭᠡᠨ᠎ᠦ ᠲᠤᠰᠬᠠᠢ ᠮᠡᠷᠭᠡᠵᠢᠯ᠎ᠳᠦ ᠡᠯᠰᠡᠨ᠎ᠡ᠃
ᠢᠷᠡᠯᠲᠡ᠄ ᠠᠷᠠᠳ᠎ᠤᠨ ᠡᠳᠦᠷ᠎ᠤᠨ ᠰᠤᠨᠢᠨ