ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 2026 ᠣᠨ᠎ᠤ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠰᠡᠳᠦᠪ ᠲᠣᠭᠲᠠᠭᠠᠭᠰᠠᠨ ᠲᠦᠷᠦᠯ ᠵᠦᠢᠯ ᠰᠢᠨ᠎ᠡ ᠲᠡᠮᠳᠡᠭᠯᠡᠯ᠎ᠢ ᠡᠭᠦᠳᠪᠡ
2026-06-17 10:03:19
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠰᠡᠳᠦᠪ ᠲᠣᠭᠲᠠᠭᠠᠭᠰᠠᠨ ᠦᠷ᠎ᠡ ᠳ᠋ᠦᠩ᠎ᠢ ᠨᠡᠢᠳᠡᠯᠡᠵᠦ᠂ ᠦᠪᠦᠷ ᠮᠤᠩᠭᠤᠯ᠎ᠤᠨ ᠶᠡᠬᠡ ᠰᠤᠷᠭᠠᠭᠤᠯᠢ᠎ᠶᠢᠨ ᠲᠤᠰᠠᠯᠠᠮᠵᠢ᠎ᠶᠢᠨ ᠵᠠᠷᠤᠳᠠᠯ ᠬᠢᠭᠡᠳ ᠲᠥᠷᠥᠯ ᠵᠦᠢᠯ᠎ᠦᠨ ᠶᠠᠰᠤ ᠴᠢᠨᠠᠷ ᠨᠢ ᠪᠥᠬᠥ ᠣᠷᠣᠨ᠎ᠳᠤ ᠲᠡᠷᠢᠭᠦᠯᠡᠵᠦ᠂ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠭᠣᠣᠯᠳᠠᠯᠭ᠎ᠠ᠎ᠲᠠᠢ ᠲᠥᠷᠥᠯ ᠵᠦᠢᠯ᠂ ᠵᠠᠯᠠᠭᠤᠴᠤᠳ᠎ᠤᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠲᠥᠷᠥᠯ ᠵᠦᠢᠯ᠎ᠦᠨ A ᠲᠥᠷᠥᠯ B ᠲᠥᠷᠥᠯ᠎ᠦᠨ ᠰᠡᠳᠦᠪ ᠲᠣᠭᠲᠠᠭᠠᠭᠰᠠᠨ ᠲᠣᠭ᠎ᠠ ᠰᠢᠨ᠎ᠡ ᠲᠡᠮᠳᠡᠭᠯᠡᠯ᠎ᠢ ᠡᠭᠦᠳᠪᠡ᠃

2026 ᠣᠨ᠎ᠳᠤ᠂ ᠦᠪᠦᠷ ᠮᠤᠩᠭᠤᠯ᠎ᠤᠨ ᠶᠡᠬᠡ ᠰᠤᠷᠭᠠᠭᠤᠯᠢ ᠵᠢᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠲᠤᠰᠠᠯᠠᠮᠵᠢ᠎ᠶᠢᠨ ᠵᠠᠷᠤᠳᠠᠯ 4062 ᠲᠦᠮᠡᠨ ᠲᠥᠭᠥᠷᠢᠭ᠎ᠲᠦ ᠬᠦᠷᠴᠦ᠂ ᠠᠩᠬ᠎ᠠ ᠤᠳᠠᠭ᠎ᠠ 4000 ᠲᠦᠮᠡᠨ ᠲᠥᠭᠥᠷᠢᠭ᠎ᠦᠨ ᠪᠣᠭᠣᠮᠲᠠ᠎ᠶᠢ ᠳᠠᠪᠠᠪᠠ᠃ ᠡᠭᠦᠨ᠎ᠳᠦ ᠭᠣᠣᠯᠳᠠᠯᠭ᠎ᠠ᠎ᠲᠠᠢ ᠲᠥᠷᠥᠯ ᠵᠦᠢᠯ 10  ᠵᠥᠪᠰᠢᠶᠡᠷᠡᠭᠳᠡᠵᠦ᠂ ᠪᠥᠬᠥ ᠣᠷᠣᠨ᠎ᠤ 20%᠎ᠶᠢ ᠡᠵᠡᠯᠡᠪᠡ; ᠵᠠᠯᠠᠭᠤᠴᠤᠳ᠎ᠤᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥᠨ᠎ᠦ ᠲᠦᠷᠦᠯ ᠵᠦᠢᠯ A ᠲᠦᠷᠦᠯ16 ᠵᠥᠪᠰᠢᠶᠡᠷᠡᠭᠳᠡᠵᠦ᠂ ᠪᠦᠬᠦ ᠣᠷᠣᠨ᠎ᠤ 40%᠎ᠵᠢ ᠡᠵᠡᠯᠡᠨ᠂ B ᠲᠦᠷᠦᠯ 21 ᠵᠥᠪᠰᠢᠶᠡᠷᠡᠭᠳᠡᠵᠦ᠂ ᠪᠦᠬᠦ ᠣᠷᠣᠨ᠎ᠤ 42%᠎ᠢ ᠡᠵᠡᠯᠡᠵᠦ᠂ A/B/C ᠲᠦᠷᠦᠯ ᠳ᠋ᠤ ᠨᠡᠢ᠍ᠢᠳᠡ 139 ᠵᠦᠪᠰᠢᠶᠡᠷᠡᠭᠳᠡᠵᠦ᠂ ᠵᠠᠯᠠᠭᠤ ᠴᠢᠳᠠᠪᠤᠷᠢᠲᠠᠨ᠎ᠤ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠵᠦ᠂ 《ᠶᠠᠰᠤ ᠴᠢᠨᠠᠷ᠎ᠢ ᠴᠢᠬᠤᠯᠠᠴᠢᠯᠠᠬᠤ᠂ ᠪᠦᠲᠦᠴᠡ᠎ᠶᠢ ᠰᠢᠯᠢᠳᠡᠭᠵᠢᠭᠦᠯᠬᠦ》 ᠢᠯᠡ ᠲᠣᠳᠣ᠌ ᠲᠦᠷᠦᠯ ᠵᠦᠢᠯ ᠲᠣᠭᠲᠠᠭᠠᠬᠤ ᠪᠠᠢᠷᠢᠰᠢᠯ᠎ᠢ ᠪᠦᠷᠢᠯᠳᠦᠭᠦᠯᠵᠡᠢ᠃

ᠣᠢᠷ᠎ᠠ᠎ᠶᠢᠨ ᠵᠢᠯ᠎ᠳᠦ᠂ ᠳᠤᠰ ᠰᠤᠷᠭᠠᠭᠤᠯᠢ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠠᠵᠢᠨᠠᠢ ᠬᠦᠯᠦᠭ ᠲᠥᠯᠥᠪᠯᠡᠭᠡ》 ᠳ᠋ᠤ᠌ ᠲᠦᠰᠢᠭᠯᠡᠨ ᠳᠡᠭᠡᠳᠦ ᠲᠡᠰ ᠳᠠᠪᠬᠤᠷᠭ᠎ᠠ᠎ᠶᠢᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠵᠤ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠭᠰᠡᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠴᠢᠳᠠᠪᠤᠷᠢᠲᠠᠨ᠎ᠤ ᠡᠩᠨᠡᠭᠡ᠎ᠶᠢ ᠪᠠᠢᠭᠤᠯᠪᠠ᠃ ᠳᠠᠷᠠᠭᠠᠴᠢ᠎ᠪᠡᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠳ᠋ᠤ ᠬᠠᠨᠳᠤᠨ᠂ ᠨᠤᠲᠤᠭ ᠪᠡᠯᠴᠢᠭᠡᠷ᠎ᠦᠨ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢ ᠵᠠᠰᠠᠬᠤ᠂ ᠬᠣᠪᠣᠷ ᠰᠢᠷᠣᠢ ᠬᠢᠭᠡᠳ ᠰᠢᠨ᠎ᠡ ᠡᠨᠧᠷᠭᠢ ᠵᠡᠷᠭᠡ ᠭᠣᠣᠯᠳᠠᠯᠭ᠎ᠠ᠎ᠲᠠᠢ ᠣᠨᠴᠠᠯᠢᠭ᠍ᠲᠤ ᠰᠤᠳᠤᠯᠭᠠᠨ᠎ᠤ ᠬᠦᠷᠢᠶᠡᠨ᠎ᠳᠦ ᠰᠠᠭᠤᠷᠢᠯᠠᠨ᠂ ᠵᠣᠬᠢᠶᠠᠨ ᠪᠠᠢᠭᠤᠯᠤᠯᠲᠠ᠎ᠲᠠᠢ  ᠪᠡᠷ ᠰᠢᠨᠵᠢᠯᠡᠬᠦ ᠤᠬᠠᠭᠠᠨ᠎ᠤ ᠰᠤᠳᠤᠯᠭᠠᠨ᠎ᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠲᠥᠷᠥᠯ ᠵᠦᠢᠯ᠎ᠦᠨ ᠬᠠᠮᠢᠶᠠᠷᠤᠯᠲᠠ᠎ᠶᠢ ᠲᠡᠭᠦᠯᠳᠡᠷᠵᠢᠭᠦᠯᠦᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠪᠣᠢᠵᠢᠭᠤᠯᠬᠤ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠪᠠᠲᠤ ᠪᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号